ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ
ᠨᠡᠶᠢᠲᠡᠯᠡᠭᠰᠡᠨ ᠴᠠᠭ᠄
2018-11-04
           ᠪᠠᠶ᠋ᠬᠠᠣᠪᠤᠭ᠎ᠠ  ᠭᠡᠳᠡᠭ  ᠨᠡᠷᠡᠶᠢᠳᠦᠯ ᠨᠢ ᠪᠠᠶᠠᠯᠢᠭ ᠰᠠᠶᠢᠬᠠᠨ ᠠᠭᠤᠯᠠ ᠬᠠᠶᠢᠷᠬᠠᠨ ᠭᠡᠳᠡᠭ ᠠᠴᠠ ᠢᠷᠡᠯᠲᠡ ᠲᠠᠢ ᠶᠤᠮ᠃ ᠤᠯᠠᠭᠠᠨᠴᠠᠪ ᠲᠠᠯ᠎ᠠ ᠨᠤᠲᠤᠭ ᠤᠨ ᠪᠠᠷᠠᠭᠤᠨ ᠬᠤᠶᠢᠲᠦ ᠬᠡᠰᠡᠭ ᠲᠤ ᠪᠠᠶᠢᠷᠢᠰᠢᠨ᠂ 1958 ᠣᠨ ᠳᠤ ᠠᠭᠤᠷᠬᠠᠢ ᠶᠢᠨ ᠪᠠᠶᠢᠳᠠᠯ ᠎ ᠢᠶᠠᠷ ᠢᠶᠠᠨ ᠲᠣᠭᠤᠷᠢᠭ  ᠪᠠᠶᠢᠭᠤᠯᠵᠤ᠂ ᠲᠣᠭᠤᠷᠢᠭ ᠤᠨ ᠲᠠᠯᠠᠪᠠᠢ ᠨᠢ328.64 ᠺᠤᠸ᠋ᠲ ᠺᠢᠯᠣᠮᠧᠲᠷ ᠪᠠᠶᠢᠵᠤ᠂ ᠮᠦᠨ ᠴᠦ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ ᠶᠢᠨ ᠦᠢᠯᠡ ᠠᠵᠢᠯᠯᠠᠭ᠎ᠠ ᠶᠢᠨ ᠡᠭᠦᠰᠦᠭᠰᠡᠨ ᠭᠠᠵᠠᠷ  ᠶᠤᠮ᠃ ᠲᠣᠭᠤᠷᠢᠭ ᠨᠢ ᠬᠤᠶᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠦᠷᠪᠡᠨ ᠨᠡᠶᠢᠭᠡᠮ ᠲᠣᠭᠤᠷᠢᠭ  ᠪᠠ ᠮᠣᠩᠭᠤᠯ ᠦᠨᠳᠦᠰᠦᠲᠡᠨ᠂ ᠬᠢᠲᠠᠳ ᠦᠨᠳᠦᠰᠦᠲᠡᠨ᠂ ᠬᠤᠲᠤᠩ ᠦᠨᠳᠦᠰᠦᠲᠡᠨ ᠵᠡᠷᠭᠡ 11ᠦᠨᠳᠦᠰᠦᠲᠡᠨ᠂2.8 ᠲᠦᠮᠡᠨ ᠬᠦᠮᠦᠨ ᠠᠮᠠ ᠶᠢ ᠪᠠᠭᠲᠠᠭᠠᠭᠰᠠᠨ ᠪᠠᠶᠢᠨ᠎ᠠ᠃  ᠡᠮᠦᠨᠡᠰᠢ ᠪᠤᠭᠤᠲᠤ ᠬᠤᠲᠠ ᠶᠢᠨ ᠲᠣᠭᠤᠷᠢᠭ ᠠᠴᠠ149 ᠺᠢᠯᠣᠮᠧᠲᠷ ᠵᠠᠶᠢᠲᠠᠢ᠂ ᠵᠡᠭᠦᠨ ᠡᠮᠦᠨᠡᠰᠢ ᠬᠥᠬᠡᠬᠤᠲᠠ ᠠᠴᠠ212 ᠺᠢᠯᠣᠮᠧᠲᠷ ᠵᠠᠶᠢᠲᠠᠢ᠂ ᠬᠤᠶᠢᠰᠢ ᠮᠠᠨᠳᠦᠯ ᠬᠢᠯᠢ ᠶᠢᠨ ᠪᠣᠭᠤᠮᠲᠠ ᠠᠴᠠ120 ᠺᠢᠯᠣᠮᠧᠲᠷ ᠵᠠᠶᠢᠲᠠᠢ᠂ ᠳᠤᠮᠳᠠᠳᠤ ᠮᠣᠩᠭᠤᠯ ᠤᠯᠤᠰ ᠤᠨ ᠬᠢᠯᠢ ᠶᠢᠨ ᠵᠠᠭᠠᠭ ᠠᠴᠠ ᠬᠠᠮᠤᠭ ᠣᠶᠢᠷᠠᠬᠠᠨ ᠳᠤ ᠪᠠᠨ75 ᠺᠢᠯᠣᠮᠧᠲᠷ ᠤᠨ ᠵᠠᠶᠢᠲᠠᠢ ᠣᠷᠤᠰᠢᠵᠤ᠂  ᠲᠣᠭᠤᠷᠢᠭ ᠲᠤ  ᠬᠥᠬᠡᠬᠤᠲᠠ— ᠪᠠᠶ᠋ᠬᠠᠣᠪᠤᠭ᠎ᠠ᠂ ᠪᠣᠭᠤᠲᠤ—ᠪᠠᠶ᠋ᠬᠠᠣᠪᠤᠭ᠎ᠠ᠂ ᠪᠠᠶ᠋ᠬᠠᠣᠪᠤᠭ᠎ᠠ — ᠮᠠᠨᠳᠤᠯ ᠵᠡᠷᠭᠡ ᠵᠠᠰᠠᠮᠠᠯ ᠵᠠᠮ ᠲᠠᠢ ᠪᠠᠶᠢᠵᠦ᠂ ᠵᠠᠮ ᠬᠠᠷᠢᠯᠴᠠᠭ᠎ᠠ  ᠲᠤᠩ ᠳᠦᠭᠦᠮ ᠪᠠᠶᠢᠳᠠᠭ᠃         ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠠᠭᠤᠷᠬᠠᠢ ᠶᠢᠨ ᠭᠠᠷᠤᠯᠲᠠ ᠡᠯᠪᠡᠭ ᠪᠠᠶᠢᠵᠤ᠂ ᠳᠡᠯᠡᠬᠡᠢ ᠳᠤ ᠴᠦᠭᠡᠨ ᠲᠡᠮᠦᠷ᠂ ᠬᠤᠪᠤᠷ ᠰᠢᠷᠤᠢ᠂ ᠨᠢᠺᠧᠯ ᠵᠡᠷᠭᠡ ᠣᠯᠠᠨ ᠵᠦᠢᠯ ᠤᠨ ᠲᠡᠮᠦᠷᠯᠢᠭ ᠪᠤᠳᠠᠰ ᠤᠨ ᠬᠠᠮᠲᠤ ᠶᠢᠨ ᠭᠠᠷᠤᠯᠲᠠ ᠶᠢᠨ ᠨᠤᠲᠤᠭ ᠪᠠᠶᠢᠵᠤ᠂ ᠣᠳᠣᠬᠠᠨ ᠳᠤ ᠨᠢᠭᠡᠨᠲᠡ71 ᠵᠦᠢᠯ ᠤᠨ ᠡᠯᠧᠮᠧᠨ᠋ᠲ  ᠂175 ᠵᠦᠢᠯ ᠤᠨ ᠠᠭᠤᠷᠬᠠᠢ ᠶᠢᠨ ᠪᠤᠳᠠᠰ ᠢ ᠢᠯᠡᠷᠡᠭᠦᠯᠦᠨ᠂ ᠪᠠᠶᠢᠴᠠᠭᠠᠨ ᠲᠣᠳᠤᠷᠬᠠᠶᠢᠯᠠᠭᠰᠠᠨ ᠢᠶᠠᠷ  ᠪᠠᠷᠤᠭ ᠨᠢᠭᠡ ᠳ᠋ᠤᠩᠰᠢᠭᠤᠷ ᠳᠤᠨ ᠬᠤᠪᠤᠷ ᠰᠢᠷᠤᠢ ᠶᠢᠨ ᠬᠠᠳᠠᠭᠠᠯᠠᠭᠳᠠᠴᠠ ᠲᠠᠢ ᠪᠠᠶᠢᠵᠤ᠂ ᠳᠡᠯᠡᠬᠡᠢ ᠶᠢᠨ ᠶᠡᠷᠦᠩᠬᠡᠢ ᠬᠠᠳᠠᠭᠠᠯᠠᠭᠳᠠᠴᠠ ᠶᠢᠨ38%᠎ ᠶᠢ ᠡᠳ᠋ᠯᠡᠨ᠂《ᠬᠤᠪᠤᠷ ᠰᠢᠷᠤᠢ ᠶᠢᠨ ᠨᠤᠲᠤᠭ》 ᠭᠡᠮᠡᠨ ᠠᠯᠳᠠᠷᠰᠢᠭᠰᠠᠨ ᠪᠠᠶᠢᠨ᠎ᠠ᠃ ᠨᠢᠺᠧᠯ ᠤᠨ ᠬᠠᠳᠠᠭᠠᠯᠠᠭᠳᠠᠴᠠ660 ᠲᠦᠮᠡᠨ ᠲᠤᠨ ᠪᠠᠶᠢᠵᠤ᠂ ᠤᠯᠤᠰ ᠤᠨ ᠨᠢᠭᠡᠳᠦᠭᠡᠷ᠂ ᠳᠡᠯᠡᠬᠡᠢ ᠶᠢᠨ ᠬᠤᠶᠠᠳᠤᠭᠠᠷ ᠲᠤ ᠪᠠᠶᠢᠷᠢᠰᠢᠨ᠂ ᠲᠡᠮᠦᠷ ᠤᠨ ᠠᠭᠤᠷᠬᠠᠢ ᠶᠢᠨ ᠬᠠᠳᠠᠭᠠᠯᠠᠭᠳᠠᠴᠠ ᠪᠠᠷᠤᠭ14 ᠳ᠋ᠤᠩᠰᠢᠭᠤᠷ ᠲᠤᠨ ᠪᠠᠶᠢᠨ᠎ᠠ᠃       ᠪᠠᠶ᠋ᠬᠠᠣᠪᠤᠭ᠎ᠠ ᠶᠢᠨ ᠪᠠᠶᠢᠭᠠᠯᠢᠯᠢᠭ ᠡᠬᠢ ᠪᠠᠶᠠᠯᠢᠭ ᠠᠭᠤᠯᠤᠭᠳᠠᠴᠠ ᠪᠠ ᠰᠠᠯᠬᠢᠨ ᠤ ᠡᠨᠧᠷᠬᠢ᠂ ᠨᠠᠷᠠᠨ ᠤ ᠡᠨᠧᠷᠬᠢ ᠶᠢᠨ ᠠᠰᠢᠭᠯᠠᠯᠲᠠ ᠣᠯᠠᠨ ᠪᠠᠶᠢᠵᠤ᠂ ᠵᠢᠯ ᠤᠨ ᠳᠡᠭᠰᠢᠳᠬᠡᠭᠰᠡᠨ ᠰᠠᠨᠯᠬᠢᠨ ᠤ ᠬᠤᠷᠳᠤᠴᠠ5.5m/s᠂ ᠬᠠᠮᠤᠭ ᠶᠡᠭᠡ ᠰᠠᠯᠬᠢᠨ ᠤ ᠬᠤᠷᠳᠤᠴᠠ26m/s ᠮᠦᠷᠲᠡᠭᠡᠨ ᠦᠷᠭᠦᠯᠵᠢ ᠶᠢᠨ ᠴᠢᠨᠠᠷᠲᠠᠢ᠂ ᠲᠣᠭᠲᠠᠪᠤᠷᠢᠲᠤ ᠴᠢᠨᠠᠷᠲᠠᠢ ᠪᠠᠶᠢᠵᠤ᠂ ᠰᠠᠯᠬᠢᠨ ᠭᠦᠴᠦ ᠪᠠᠷ ᠴᠠᠬᠢᠯᠭᠠᠨ ᠡᠭᠦᠰᠬᠡᠵᠦ ᠪᠣᠯᠬᠤ ᠳᠣᠬᠢᠷᠠᠮᠵᠢᠲᠠᠢ ᠭᠠᠵᠠᠷ ᠤᠨ ᠲᠠᠯᠠᠪᠠᠢ 180 ᠺᠤᠸ᠋ᠲ ᠺᠢᠯᠣᠮᠧᠲᠷ ᠲᠤ ᠬᠦᠷᠦᠭᠰᠡᠨ ᠪᠠᠶᠢᠨ᠎ᠠ᠃        ᠪᠠᠶ᠋ᠬᠠᠣᠪᠤᠭ᠎ᠠ ᠶᠢᠨ ᠵᠤᠭᠠᠴᠠᠯ ᠤᠨ ᠦᠢᠯᠡᠰ ᠤᠨ ᠡᠬᠢ ᠪᠠᠶᠠᠯᠢᠭ ᠥᠷᠭᠡᠨ ᠬᠡᠪᠴᠢᠶᠡᠲᠠᠢ ᠶᠤᠮ᠃ ᠲᠣᠭᠤᠷᠢᠭ ᠤᠨ ᠣᠨᠴᠠᠯᠢᠭ ᠲᠠᠢ ᠰᠣᠶᠤᠯ ᠪᠤᠯᠪᠠᠰᠤᠨ ᠲᠤᠩ ᠣᠯᠠᠨ ᠪᠠᠶᠢᠵᠤ᠂ ᠴᠢᠯᠠᠭᠤᠨ ᠰᠤᠶᠤᠯ ᠨᠢ ᠡᠭᠦᠨ ᠤ ᠳᠣᠲᠤᠷᠠᠬᠢ ᠨᠢᠭᠡ ᠨᠢ ᠶᠤᠮ᠃ ᠴᠢᠯᠠᠭᠤᠨ ᠰᠤᠶᠤᠯ ᠤᠨ ᠦᠢᠯᠡᠰ ᠠᠭᠠᠵᠢᠮ ᠬᠦᠭᠵᠢᠬᠦ ᠶᠢ ᠳᠠᠭᠠᠯᠳᠤᠨ ᠤᠯᠤᠰ ᠤᠨ ᠳᠣᠲᠤᠭᠠᠳᠤ ᠭᠠᠳᠠᠭᠠᠳᠤ ᠶᠢᠨ ᠨᠡᠷ᠎ᠡ ᠲᠥᠷᠦ ᠲᠠᠢ ᠴᠢᠯᠠᠭᠤᠨ ᠠᠷᠠᠯᠵᠢᠶᠠᠴᠢᠳ ᠢ ᠳᠠᠲᠠᠵᠤ᠂ ᠨᠢᠭᠡᠨᠲᠡ ᠴᠢᠯᠠᠭᠤᠨ ᠰᠣᠶᠤᠯ ᠤᠨ ᠦᠵᠡᠮᠵᠢ ᠶᠢᠨ ᠳᠤᠲᠠᠭᠳᠠᠵᠤ ᠪᠣᠯᠤᠰᠢ ᠦᠭᠡᠢ ᠨᠢᠭᠡ ᠬᠤᠪᠢ ᠨᠢ ᠪᠣᠯᠤᠭᠰᠠᠨ ᠪᠠᠶᠢᠨ᠎ᠠ᠃  ᠡᠭᠦᠨ ᠠᠴᠠ ᠭᠠᠳᠠᠨ᠎ᠠ ᠡᠨᠡ ᠨᠤᠲᠤᠭ ᠲᠤ ᠪᠠᠰᠠ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ ᠬᠤᠶᠠᠷ ᠤᠨ ᠦᠢᠯᠡ ᠠᠵᠢᠯᠯᠠᠭᠠᠨ ᠤ ᠵᠤᠭᠠᠴᠠᠯ ᠤᠨ ᠭᠠᠵᠠᠷ᠂ ᠠᠭᠤᠷᠬᠠᠢ ᠶᠢᠨ ᠲᠡᠦᠬᠡ ᠶᠢᠨ ᠣᠷᠳᠤᠨ ᠪᠠ ᠬᠠᠳᠠᠨ ᠵᠢᠷᠤᠭ ᠵᠡᠷᠭᠡ ᠲᠤᠩ ᠣᠯᠠᠨ ᠥᠪᠡᠷ ᠤᠨ ᠣᠨᠴᠠᠯᠢᠭ ᠲᠠᠢ ᠦᠵᠡᠮᠵᠢ ᠶᠢᠨ ᠣᠷᠤᠨ ᠪᠠᠶᠢᠵᠤ᠂ ᠬᠠᠪᠢ ᠶᠢᠨ ᠭᠠᠵᠠᠷ ᠣᠷᠤᠨ ᠲᠠᠢ ᠬᠠᠮᠲᠤ ᠶᠢᠨ ᠵᠤᠭᠠᠴᠠᠯ ᠤᠨ ᠦᠢᠯᠡᠰ ᠢ ᠬᠠᠮᠲᠤᠷᠠᠨ ᠬᠥᠭᠵᠢᠭᠦᠯᠦᠨ᠂ ᠪᠠᠰᠠ ᠠᠯᠬᠤᠮ ᠠᠯᠬᠤᠮ ᠢᠶᠠᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠥᠪᠡᠷᠮᠢᠴᠡ ᠣᠨᠴᠠᠯᠢᠭ ᠲᠠᠢ ᠳᠤᠮᠳᠠᠳᠤ ᠮᠣᠩᠭᠤᠯ ᠤᠯᠤᠰ ᠤᠨ ᠵᠤᠭᠠᠴᠠᠯ ᠤᠨ ᠦᠢᠯᠡᠰ ᠤᠨ ᠲᠦᠪ ᠢ ᠪᠠᠶᠢᠭᠤᠯᠵᠤ ᠪᠠᠶᠢᠭ᠎ᠠ ᠶᠤᠮ᠃          ᠣᠶᠢᠷ᠎ᠠ ᠶᠢᠨ ᠵᠢᠯ ᠤᠳ ᠲᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠨᠠᠮ ᠲᠦᠷᠥ ᠶᠢᠨ ᠤᠳᠤᠷᠢᠳᠤᠯᠭ᠎ᠠ ᠶᠢ ᠭᠦᠨᠵᠡᠭᠡᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠪᠠᠶᠢᠷᠢᠰᠢᠯᠠᠭᠤᠯᠤᠯᠲᠠ ᠶᠢ ᠬᠢᠨᠠᠮᠠᠭᠠᠢ ᠭᠦᠢᠴᠡᠳᠬᠡᠵᠦ᠂ ᠪᠦᠬᠦ ᠲᠣᠭᠤᠷᠢᠭ ᠤᠨ ᠡᠯ᠎ᠡ ᠦᠨᠳᠦᠰᠦᠲᠡᠨ ᠤ ᠨᠢᠭᠲᠠᠷᠠᠯ ᠪᠦᠯᠬᠦᠮᠳᠡᠯ ᠢ ᠴᠢᠬᠤᠯᠠᠴᠢᠯᠠᠨ᠂ ᠠᠷᠠᠳ ᠲᠦᠮᠡᠨ ᠤ ᠪᠤᠳᠠᠲᠤ ᠠᠰᠢᠭ ᠲᠤᠰᠠ ᠳᠤ ᠤᠴᠠᠷᠠᠭᠰᠠᠨ ᠠᠰᠠᠭᠤᠳᠠᠯ ᠢ ᠰᠢᠢᠳᠪᠦᠷᠢᠯᠡᠨ᠂ ᠠᠷᠠᠳ ᠲᠦᠮᠡᠨ ᠢᠶᠠᠨ ᠨᠡᠩ ᠪᠠᠶᠠᠯᠢᠭ᠂ ᠨᠡᠩ ᠢᠲᠡᠭᠡᠯᠲᠠᠢ᠂ ᠨᠡᠩ ᠨᠡᠷ᠎ᠡ ᠬᠦᠨᠳᠦ ᠲᠠᠢ᠂ ᠨᠡᠩ ᠠᠵᠠ ᠵᠢᠷᠭᠠᠯᠲᠠᠢ ᠠᠮᠢᠳᠤᠷᠠᠯ ᠢ ᠡᠳ᠋ᠯᠡᠭᠦᠯᠦᠨ᠂ ᠡᠶ᠎ᠡ ᠨᠠᠶᠢᠷᠲᠠᠢ᠂ ᠪᠠᠭᠲᠠᠭᠠᠮᠵᠢᠲᠠᠢ ᠨᠡᠶᠢᠭᠡᠮ ᠤᠨ ᠪᠠᠶᠢᠳᠠᠯ ᠪᠠ ᠳᠣᠬᠢᠯᠠᠭ ᠰᠠᠶᠢᠬᠠᠨ ᠰᠢᠨ᠎ᠡ ᠮᠠᠶᠠᠭ ᠤᠨ ᠣᠷᠤᠨ ᠰᠠᠭᠤᠴᠠ᠂ ᠬᠤᠲᠠ ᠲᠣᠭᠤᠷᠢᠭ ᠢ ᠪᠠᠶᠢᠭᠤᠯᠬᠤ ᠳᠤ ᠬᠦᠴᠦ ᠪᠠᠨ ᠲᠠᠯᠪᠢᠨ᠂ ᠡᠬᠡ ᠤᠯᠤᠰ ᠤᠨ ᠢᠶᠠᠨ ᠠᠷᠤ ᠬᠢᠯᠢ ᠳᠠᠬᠢ ᠡᠨᠡᠬᠦ ᠨᠢᠭᠡᠨ ᠭᠢᠯᠠᠯᠵᠠᠭᠰᠠᠨ ᠲᠠᠯ᠎ᠠ ᠨᠤᠲᠤᠭ ᠢᠶᠠᠨ ᠤᠯᠠᠮ ᠭᠡᠷᠡᠯ ᠰᠠᠴᠤᠷᠠᠩᠭᠤᠢ ᠪᠤᠯᠭᠠᠬᠤ ᠪᠠᠷ ᠴᠢᠷᠮᠠᠶᠢᠵᠤ ᠪᠠᠶᠢᠭ᠎ᠠ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号