ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ︽ᠬᠤᠶᠠᠷ ᠠᠴᠠ ᠭᠤᠷᠪᠠᠨ ᠵᠢᠯ ᠤᠨ ᠬᠤᠭᠤᠴᠠᠭ᠎ᠠ ᠶᠢ ᠭᠡᠷᠡᠭᠰᠡᠵᠦ ᠭᠦᠢᠴᠡᠳᠭᠡᠬᠦ ᠳᠤ ᠬᠦᠴᠢᠷᠲᠠᠢ ᠠᠰᠠᠭᠤᠳᠠᠯ ᠢ ᠦᠨᠳᠣᠰᠦᠨ ᠳᠤᠨᠢ ᠰᠢᠢᠳᠪᠦᠷᠢᠯᠡᠬᠦ︾ ᠤᠷᠢᠶ᠎ᠠ ᠶᠢ ᠳᠣᠷᠠᠳᠣᠯ᠎ᠠ
ᠨᠡᠶᠢᠲᠡᠯᠡᠭᠰᠡᠨ ᠴᠠᠭ᠄
2018-04-25
       4ᠰᠠᠷ᠎ᠠ ᠶᠢᠨ19᠎ ᠤ ᠦᠳᠡ ᠶᠢᠨ ᠡᠮᠤᠨ᠎ᠡ᠂ ᠲᠣᠭᠤᠷᠢᠭ ᠤᠨ ᠠᠷᠠᠳ ᠤᠨ ᠰᠢᠭᠦᠭᠦ  ᠬᠤᠷᠢᠶ᠎ᠠ ᠠᠴᠠ ᠭᠦᠢᠴᠠᠳᠭᠡᠭᠦ ᠠᠵᠢᠯ ᠤᠨ ᠰᠤᠨᠢᠨ ᠮᠡᠳᠡᠭᠡᠨ ᠤ ᠮᠡᠳᠡᠭᠳᠡᠭᠦ ᠬᠤᠷᠠᠯ ᠢ ᠬᠤᠷᠠᠯᠳᠣᠵᠤ᠂ ᠨᠡᠶᠢᠭᠡᠮ ᠤᠨ ᠡᠯ᠎ᠡ ᠡᠳᠡᠭᠡᠳ ᠲᠤ ︽ᠬᠤᠶᠠᠷ ᠠᠴᠠ ᠭᠤᠷᠪᠠᠨ ᠵᠢᠯ ᠤᠨ ᠬᠤᠭᠤᠴᠠᠭ᠎ᠠ ᠶᠢ ᠭᠡᠷᠡᠭᠰᠡᠵᠦ ᠭᠦᠢᠴᠡᠳᠭᠡᠬᠦ ᠳᠤ ᠬᠦᠴᠢᠷᠲᠠᠢ ᠠᠰᠠᠭᠤᠳᠠᠯ ᠢ ᠦᠨᠳᠣᠰᠦᠨ ᠳᠤᠨᠢ ᠰᠢᠢᠳᠪᠦᠷᠢᠯᠡᠬᠦ︾᠎ ᠶᠢ ᠳᠦᠯᠬᠢᠨ ᠠᠬᠢᠭᠤᠯᠬᠤ ᠪᠠᠶᠢᠳᠠᠯ ᠢ ᠮᠠᠳᠡᠭᠳᠡᠪᠡ᠃ ᠪᠠᠶ᠋ᠬᠠᠤᠪᠤᠭ᠎ᠠ ᠠᠭᠤᠷᠬᠠᠢ ᠶᠢᠨ ᠳᠣᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠥ ᠶᠢᠨ ᠵᠦᠪᠯᠡᠯᠭᠡᠨ ᠤ ᠭᠡᠰᠢᠭᠦᠳ᠂  ᠪᠦᠭᠦ ᠲᠣᠭᠤᠷᠢᠭ ᠤᠨ ᠭᠦᠢᠴᠠᠳᠭᠡᠭᠦ ᠶᠢ ᠬᠤᠯᠪᠤᠭᠠᠯᠠᠭᠰᠠᠨ ᠳᠣᠭᠳᠠᠯᠴᠠᠭ᠎ᠠ ᠶᠢᠨ ᠭᠡᠰᠢᠭᠦᠳ ᠤᠨ ᠳᠦᠯᠦᠭᠡᠯᠡᠭᠴᠢ ᠵᠢᠴᠢ ᠵᠠᠭᠤᠴᠢ ᠮᠡᠳᠡᠭᠡᠨ ᠤ ᠰᠣᠷᠪᠣᠯᠵᠢᠯᠠᠭᠴᠢ ᠵᠡᠷᠭᠡ ᠠᠷᠪᠠ ᠭᠠᠷᠤᠢ ᠭᠦᠮᠦᠨ ᠲᠣᠰ ᠣᠳᠠᠭᠠᠨ ᠤ ᠰᠣᠨᠢᠨ ᠮᠡᠳᠡᠭᠡᠨ ᠤ ᠮᠡᠳᠡᠭᠳᠡᠯ ᠤᠨ ᠬᠤᠷᠠᠯ ᠳᠤ ᠤᠷᠤᠯᠴᠠᠪᠠ᠃        ᠥᠨᠦ ᠵᠢᠯ ᠪᠣᠯ ᠭᠥᠢᠴᠠᠳᠭᠡᠭᠦ ᠳᠤ ᠭᠦᠴᠢᠷᠲᠠᠢ ᠠᠰᠠᠭᠤᠳᠠᠯ ᠢ ᠦᠨᠳᠦᠰᠦᠨ  ᠎ ᠳᠤᠨᠢ ᠰᠢᠢᠳᠪᠤᠷᠢᠯᠡᠬᠦ ᠬᠠᠮᠤᠭ ᠰᠡᠭᠦᠯ ᠤᠨ ᠨᠢᠭᠡ ᠵᠢᠯ ᠶᠤᠮ᠂ ᠪᠠᠰᠠ ᠢᠯᠠᠯᠲᠠ ᠣᠯᠬᠤ ᠡᠰᠡᠬᠦ‍ ᠨᠢᠭᠡ ᠵᠢᠯ ᠪᠤᠯᠠᠬᠤ ᠶᠤᠮ᠃ ᠲᠣᠭᠤᠷᠢᠭ ᠤᠨ ᠠᠷᠠᠳ ᠤᠨ ᠰᠢᠭᠦᠭᠦ ᠬᠤᠷᠢᠶ᠎ᠠ ᠳᠣᠰᠠᠲᠠᠢ ᠠᠷᠭ᠎ᠠ ᠭᠡᠮᠵᠢᠶ᠎ᠡ ᠠᠪᠴᠤ᠂ ᠮᠤᠵᠢᠭᠤᠳᠠ ᠡᠳᠡᠭᠡᠳ ᠲᠤ ᠴᠢᠩᠭ᠎ᠠ ᠴᠤᠬᠢᠯᠳᠠ ᠦᠭᠴᠦ᠂ ᠪᠦᠭᠦ ᠭᠦᠴᠦᠨ ᠢᠶᠠᠷ ︽ᠭᠦᠢᠴᠡᠳᠭᠡᠭᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ᠂ ᠨᠡᠶᠢᠬᠡᠮ ᠤᠨ ᠡᠷᠬᠡ ᠭᠤᠣᠯᠴᠢ ᠪᠠᠶᠢᠳᠠᠯ ᠢ ᠬᠠᠮᠠᠭᠠᠯᠠᠨ᠎ᠠ ᠭᠡᠪᠡ᠃ ᠡᠯ᠎ᠡ ᠪᠠᠶᠢᠭᠤᠯᠤᠯᠭ᠎ᠠ ᠶᠢᠨ ᠬᠤᠯᠪᠦᠭᠠᠯᠠᠯ ᠢ  ᠴᠢᠩᠭᠠᠳᠬᠠᠨ᠂ ︽ᠨᠢᠭᠡ ᠲᠠᠯ᠎ᠡ ᠪᠠᠷ ᠢᠳᠡᠬᠡᠯ ᠠᠯᠳᠠᠪᠠᠯ᠂ ᠡᠯ᠎ᠡ ᠲᠠᠯ᠎ᠡ ᠪᠠᠷ ᠬᠢᠵᠠᠭᠠᠷᠯᠠᠭᠳᠠᠬᠤ︾ ᠬᠤᠯᠪᠤᠭᠠᠯᠡᠵᠤ ᠶᠠᠯᠠᠳᠠᠬᠤ ᠪᠠᠶᠢᠳᠠᠯ ᠢ ᠪᠦᠷᠢᠯᠳᠦᠭᠦᠯᠵᠦ᠂ ᠵᠠᠯᠭᠠᠨ ᠴᠡᠭᠡᠷᠯᠡᠭᠦᠯᠭᠦ ᠭᠦᠴᠦᠨ ᠢ ᠴᠢᠩᠭᠠᠳᠬᠠᠨ ᠮᠤᠵᠢᠭᠤᠳᠠ ᠡᠳᠡᠭᠡᠳ ᠲᠤ ᠴᠤᠬᠢᠯᠳᠠ ᠦᠭᠴᠦ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠬᠠᠮᠢᠶᠠᠷᠤᠯᠳᠠ ᠪᠠᠨ ᠴᠢᠩᠭᠠᠳᠬᠠᠨ ᠭᠦᠢᠴᠡᠳᠭᠡᠬᠦ ᠦᠢᠯᠡ ᠠᠵᠢᠯᠠᠯᠭ᠎ᠠ ᠪᠠᠨ ᠳᠦᠷᠢᠮᠵᠢᠭᠦᠯᠵᠥ᠂ ᠰᠢᠨᠵᠢᠯᠡᠭᠡ ᠮᠡᠷᠭᠡᠵᠢᠯ ᠢ ᠠᠳᠬᠤᠵᠤ᠂ ᠭᠦᠢᠴᠠᠳᠭᠡᠭᠦ ᠦᠷ᠎ᠡ ᠠᠰᠢᠭ ᠢ ᠳᠡᠭᠡᠭᠰᠢᠯᠡᠭᠦᠯᠵᠥ᠂ ᠤᠯᠠᠨ ᠶᠠᠩᠵᠤ ᠶᠢᠨ ︽ᠭᠦᠢᠴᠡᠳᠭᠡᠬᠦ  ᠳᠤ ᠭᠦᠴᠢᠷᠲᠠᠢ ᠠᠰᠠᠭᠤᠳᠠᠯ ᠢ ᠦᠨᠳᠣᠰᠦᠨ ᠳᠤᠨᠢ ᠰᠢᠢᠳᠪᠦᠷᠢᠯᠡᠭᠦ︾ ᠤᠬᠠᠭᠤᠯᠭ᠎ᠠ ᠶᠢ ᠶᠠᠪᠣᠭᠤᠯᠵᠤ᠂ ᠦᠷᠭᠡᠨ ᠣᠯᠠᠨ ᠠᠷᠠᠳ ᠲᠥᠮᠠᠨ ᠤ ᠤᠬᠠᠭᠠᠷᠠᠯ ᠤᠨ ᠬᠡᠮᠵᠢᠶ᠎ᠡ ᠪᠠ ᠲᠡᠮᠵᠢᠯᠭᠡ ᠶᠢ ᠲᠡᠭᠡᠭᠰᠢᠯᠡᠭᠦᠯᠥᠨ᠎ᠡ᠃ ᠳᠠᠷᠠᠭᠠᠴᠢ ᠶᠢᠨ ᠠᠵᠢᠯ ᠤᠨ ᠳᠤᠮᠳᠠ᠂ ᠳᠣᠭᠤᠷᠢᠭ ᠤᠨ ᠠᠷᠠᠳ ᠤᠨ ᠰᠢᠭᠦᠭᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭ ᠪᠦᠭᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠤᠯᠠᠮ ᠨᠢᠭᠡ ᠠᠯᠬᠤᠮ ᠭᠦᠢᠴᠠᠳᠭᠡᠭᠦ ᠳᠤ ᠭᠦᠴᠢᠷᠲᠠᠢ ᠠᠰᠠᠭᠤᠳᠠᠯ ᠢ ᠰᠢᠢᠳᠪᠦᠷᠢᠯᠡᠭᠦ᠂  ᠬᠠᠷᠢᠭᠤᠴᠠᠯᠭᠠᠲᠤ ᠰᠡᠳᠭᠢᠯ ᠎ ᠢᠶᠠᠨ ᠨᠡᠮᠡᠭᠳᠡᠬᠦᠯᠵᠥ᠂ ᠡᠭᠦᠷᠭᠡ ᠶᠢᠨ ᠪᠠᠴᠢᠮ ᠴᠢᠬᠤᠯᠠ ᠶᠢ ᠮᠡᠳᠡᠷᠡᠵᠤ᠂  ᠬᠡᠷᠡᠭ ᠵᠠᠷᠭᠤ ᠭᠦᠢᠴᠠᠳᠭᠡᠬᠦ᠂ ᠴᠢᠨᠠᠷ ᠴᠢᠨᠰᠠᠭ᠎ᠠ ᠪᠠ ᠦᠷ᠎ᠡ ᠪᠦᠳᠦᠮᠵᠢ ᠶᠢ ᠲᠡᠭᠡᠭᠰᠢᠯᠡᠬᠦᠯᠵᠥ᠂ ᠨᠡᠶᠢᠭᠡᠮ ᠤᠨ ᠡᠯ᠎ᠡ ᠡᠳᠡᠭᠡᠳ ᠲᠠᠢ ᠬᠤᠯᠪᠤᠭᠠᠯᠠᠵᠤ ᠬᠠᠮᠳᠣᠷᠠᠬᠤ ᠪᠠᠨ ᠴᠢᠩᠭᠠᠳᠬᠠᠨ᠂ ᠵᠠᠯᠠᠭᠠᠨ ᠴᠠᠭᠡᠷᠯᠡᠭᠦᠯᠭᠦ ᠭᠦᠷᠢᠶ᠎ᠡ ᠪᠠᠨ ᠦᠷᠭᠡᠳᠭᠡᠵᠤ᠂ ᠳᠣᠳᠣᠭᠠᠳᠣ ᠳᠠᠭᠠᠨ ᠳᠣᠬᠠᠶᠢᠯᠠᠭᠰᠠᠨ ᠠᠵᠢᠯ ᠤᠨ ᠪᠤᠯᠪᠠᠰᠤᠷᠠᠯ ᠢ ᠴᠢᠩᠭᠠᠳᠬᠠᠵᠤ᠂ ᠤᠯᠠᠨ ᠲᠠᠯ᠎ᠡ ᠵᠢᠨ‌ᠠᠷᠭ᠎ᠠ ᠠᠪᠴᠤ᠂ ᠢᠳᠠᠪᠬᠢᠲᠠᠢ ᠦᠢᠯᠡ‌ᠠᠵᠢᠯᠯᠠᠭ᠎ᠠ ᠪᠠᠷ ᠭᠦᠢᠴᠡᠳᠭᠡᠭᠦ ᠳᠤ ᠭᠦᠴᠢᠷᠲᠠᠢ ᠠᠰᠠᠭᠤᠳᠠᠯ ᠢ ᠰᠢᠢᠳᠪᠦᠷᠢᠯᠡᠨ᠂ ᠬᠠᠤᠯᠢ ᠴᠠᠭᠠᠵᠠ ᠶᠢᠨ ᠰᠦᠷ ᠭᠦᠴᠤᠨ ᠢ ᠬᠠᠮᠠᠭᠠᠯᠠᠨ᠂ ᠰᠢᠨ᠎ᠡ ᠴᠠᠭ ᠦᠶ᠎ᠡ ᠶᠢ ᠡᠭᠦᠳᠴᠤ᠂ ᠰᠢᠨ᠎ᠡ ᠪᠠᠶᠢᠳᠠᠯ ᠢ ᠪᠤᠢ ᠪᠣᠯᠭᠠᠶ᠎ᠡ᠃
 
ᠢᠷᠡᠯᠲᠡ᠄ ᠪᠠᠶᠠᠠᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号