ᠳᠣᠭᠤᠷᠢᠭ ᠤᠨ ᠮᠤᠩᠭᠤᠯ ᠦᠨᠳᠣᠰᠣᠳᠡᠨ ᠤ ᠰᠣᠷᠭᠠᠭᠤᠯᠢ ᠨᠢ ︽ᠭᠡᠷ ᠤᠨ ᠠᠬᠠᠮᠠᠳ ᠲᠤ ᠴᠢᠯᠤᠭᠡᠲᠠᠢ ᠨᠠᠭᠡᠭᠡᠭᠦ ᠡᠳᠦᠷ︾᠎ ᠤᠨ ᠭᠦᠳᠡᠯᠭᠡᠭᠡᠨ ᠶᠠᠪᠤᠭᠤᠯᠪᠠ
ᠨᠡᠶᠢᠲᠡᠯᠡᠭᠰᠡᠨ ᠴᠠᠭ᠄
2018-04-26
       4ᠰᠠᠷ᠎ᠡ ᠶᠢᠨ18᠎ ᠤ ᠡᠳᠦᠷ᠂ ᠳᠣᠭᠤᠷᠢᠭ ᠤᠨ ᠮᠤᠩᠭᠤᠯ ᠦᠨᠳᠦᠰᠦᠳᠡᠨ ᠤ ᠰᠤᠷᠭᠠᠭᠤᠯᠢ ᠨᠢ ︽ᠭᠡᠷ ᠤᠨ ᠠᠬᠠᠮᠠᠳ ᠲᠤ ᠴᠢᠯᠤᠭᠡᠲᠠᠢ ᠨᠠᠭᠡᠭᠡᠭᠦ ᠡᠳᠦᠷ︾᠎ ᠎ ᠤᠨ ᠭᠦᠳᠡᠯᠭᠡᠭᠡᠨ ᠢ ᠶᠠᠪᠤᠭᠤᠯᠪᠠ᠃ ᠭᠡᠷ ᠤᠨ ᠠᠬᠠᠮᠠᠳ ᠨᠠᠷ ᠰᠤᠷᠤᠭᠴᠢᠳ ‍ᠤᠨ‌ᠥᠷᠯᠦᠭᠡ ᠶᠢᠨ ᠲᠠᠮᠢᠷ ᠤᠨ ᠭᠦᠳᠡᠯᠭᠡᠭᠡᠨ ᠠᠴᠠ ᠡᠬᠢᠯᠡᠵᠤ ᠦᠵᠡᠨ᠂ ᠪᠠᠭᠰᠢ ᠪᠦᠷᠢ ᠶᠢᠨ ᠬᠢᠴᠢᠶᠡᠯ ᠢ ᠰᠤᠨᠤᠰᠴᠤ᠂ ᠬᠡᠣᠬᠡᠳ ᠤᠨ ᠢᠶᠠᠨ  ᠬᠢᠴᠢᠶᠡᠯᠯᠡᠭᠡ ᠶᠢᠨ ᠶᠠᠪᠤᠴᠠ ᠳᠤᠮᠳᠠᠬᠢ ᠢᠯᠡᠷᠡᠯ ᠢ ᠤᠶᠢᠯᠠᠭᠠᠪᠠ᠃       ᠬᠦᠳᠡᠯᠭᠡᠭᠡᠨ ᠤ ᠶᠠᠪᠣᠴᠠ ᠳᠤ ᠭᠡᠷ ᠤᠨ ᠠᠬᠠᠮᠠᠳ ᠨᠠᠷ ᠰᠣᠷᠭᠠᠭᠤᠯᠢ ᠶᠢᠨ ︽ᠡᠷᠲᠡ ᠶᠢᠨ ᠤᠩᠰᠢᠯᠭ᠎ᠠ︾ ︽ᠵᠠᠪᠰᠠᠷ ᠤᠨ ᠲᠠᠮᠢᠷ ᠤᠨ ᠬᠦᠳᠡᠯᠭᠡᠭᠡᠨ︾᠂ ︽ᠦᠰᠦᠭ ᠪᠢᠴᠢᠵᠤ ᠪᠤᠯᠪᠠᠰᠤᠷᠠᠬᠤ ᠬᠦᠳᠡᠯᠭᠡᠭᠡᠨ  ︾ ︽ᠳᠣᠰᠬᠠᠨ ᠤ ᠪᠠᠭᠠᠴᠤᠳ ᠤᠨ ᠤᠷᠳᠤᠨ ᠤ ᠬᠦᠳᠡᠯᠭᠡᠭᠡᠨ  ︾ ᠵᠡᠷᠭᠡ ᠶᠢ ᠦᠵᠡᠨ ᠰᠤᠨᠢᠷᠬᠠᠪᠠ᠃ ᠬᠤᠤ ᡁᠢ ᠬᠤᠢ ᠪᠠᠭᠰᠢ ᠠᠴᠠ ᠭᠡᠷ ᠤᠨ ᠠᠬᠠᠮᠠᠳ ᠨᠠᠷ ᠲᠤ ︽ᠤᠩᠰᠢᠯᠭ᠎ᠠ ᠪᠠᠷ ᠳᠠᠮᠵᠢᠨ ᠬᠡᠣᠬᠡᠳ ᠤᠨ ᠤᠶᠤᠨ ᠢ ᠭᠡᠷᠡᠯᠳᠦᠭᠦᠯᠭᠦ︾ ᠭᠡᠰᠡᠨ ᠶᠠᠷᠢᠶ᠎ᠡ ᠢᠯᠡᠳᠭᠡᠯ ᠢᠶᠠᠷ ᠲᠠᠮᠵᠢᠨ ᠬᠡᠣᠬᠡᠳ ᠤᠨ ᠤᠩᠰᠢᠯᠭ᠎ᠠ ᠶᠢᠨ ᠵᠡᠩ ᠳᠠᠳᠬᠠᠯ ᠎ ᠢ ᠭᠦᠮᠦᠵᠢᠭᠦᠯᠭᠦ᠂ ᠤᠩᠰᠢᠯᠭ᠎ᠠ ᠶᠢᠨ ᠲᠠᠯ᠎ᠡ ᠪᠠᠷ ᠨᠠᠷᠢᠨ ᠲᠠᠶᠢᠯᠪᠤᠷᠢᠯᠠᠭᠰᠠᠨ ᠨᠢ ᠭᠡᠷ ᠤᠨ ᠠᠬᠠᠮᠠᠳ ᠲᠤ ᠮᠠᠰᠢ ᠭᠦᠨᠵᠡᠭᠡᠢ ᠰᠠᠭᠤᠭᠳᠠᠯ ᠦᠯᠡᠳᠡᠭᠡᠭᠰᠡᠨ ᠪᠠᠶᠢᠨ᠎ᠠ᠃       ᠬᠦᠳᠡᠯᠭᠡᠭᠡᠨ ᠲᠡᠭᠦᠰᠭᠦ ᠦᠶ᠎ᠡ ᠳᠤ᠂ ᠭᠡᠷ ᠤᠨ ᠠᠬᠠᠮᠠᠳ ᠨᠠᠷ ᠪᠤᠯᠤᠨ ᠰᠤᠷᠭᠠᠭᠤᠯᠢ ᠶᠢᠨ ᠣᠳᠣᠷᠢᠳᠣᠯᠭ᠎ᠠ ᠨᠠᠷ᠂ ᠪᠠᠭᠰᠢ ᠨᠠᠷ ᠬᠠᠮᠳᠣᠪᠠᠷ ᠦᠵᠡᠯ ᠰᠠᠨᠠᠭ᠎ᠠ ᠪᠠᠨ ᠰᠤᠯᠢᠯᠴᠠᠵᠤ᠂ ᠨᠠᠷᠢᠨ ᠭᠢᠨᠠᠮᠠᠭᠠᠢ ᠪᠠᠷ ︽ᠭᠡᠷ ᠤᠨ ᠠᠬᠠᠮᠠᠳ ᠤᠨ ᠰᠠᠨᠠᠯ ᠰᠢᠭᠦᠮᠵᠢ ᠶᠢᠨ ᠭᠦᠰᠦᠨᠦᠭᠳᠥ︾᠎ ᠶᠢ ᠳᠠᠭᠯᠠᠵᠤ᠂ ᠭᠡᠷ ᠤᠨ ᠠᠬᠠᠮᠠᠳ ᠨᠠᠷ ᠠᠴᠠ ᠰᠤᠷᠭᠠᠭᠤᠯᠢ ᠶᠢᠨ ᠵᠢᠭᠠᠨ ᠰᠣᠷᠭᠠᠯᠳᠠ ᠶᠢᠨ ᠠᠵᠢᠯ ᠪᠤᠯᠤᠨ ᠭᠡᠷ ᠤᠨ ᠠᠬᠠᠮᠠᠳ ᠲᠤ ᠴᠢᠯᠤᠭᠡᠲᠠᠢ ᠨᠡᠭᠡᠭᠡᠯᠳᠡ ᠶᠢᠨ ᠡᠳᠦᠷ ᠭᠠᠷᠭᠠᠵᠤ ᠦᠭᠭᠦᠭᠰᠡᠨ ᠭᠦᠳᠡᠯᠭᠡᠭᠡᠨ ᠳᠤ ᠮᠠᠰᠢ ᠦᠨᠳᠦᠷ ᠦᠨᠡᠯᠡᠯᠲᠡ ᠥᠭᠪᠡ᠃        ᠲᠤᠰ ᠤᠳᠠᠭᠠᠨ ᠤ ᠬᠦᠳᠡᠯᠭᠡᠭᠡᠨ‌‍ᠢᠶ᠋ᠡᠷ ᠳᠠᠮᠵᠢᠨ ᠪᠥᠭᠦ ᠲᠠᠯ᠎ᠡ ᠪᠠᠷ ᠰᠤᠷᠭᠠᠭᠤᠯᠢ ᠶᠢᠨ ᠬᠠᠮᠢᠶᠠᠷᠣᠯᠳᠠ ᠪᠤᠯᠤᠨ ᠪᠠᠭᠰᠢ ᠰᠣᠷᠣᠭᠴᠢ ᠶᠢᠨ ᠴᠤᠭ ᠵᠢᠪᠬᠤᠭ᠎ᠠ ᠶᠢ ᠬᠠᠷᠠᠭᠤᠯᠵᠤ  ᠂  ᠭᠡᠷ ᠤᠨ ᠠᠬᠠᠮᠠᠳ ᠪᠠ ᠰᠣᠷᠭᠠᠭᠤᠯᠢ ᠶᠢᠨ ᠬᠠᠷᠢᠯᠴᠠᠭ᠎ᠠ ᠶᠢ ᠨᠢᠭᠳᠠᠷᠠᠭᠤᠯᠵᠤ᠂ ᠰᠣᠷᠭᠠᠨ ᠭᠦᠮᠤᠵᠢᠯ ᠤᠨ ᠳᠠᠯ᠎ᠡ ᠪᠠᠷ ᠭᠦᠭᠵᠢᠭᠦ᠂ ᠡᠷᠡᠭᠦᠯ ᠴᠢᠭᠢᠷᠠᠭ ᠢᠶᠠᠷ ᠦᠰᠦᠨ ᠪᠦᠢᠵᠢᠬᠤ ᠳᠤ ᠢᠳᠡᠪᠬᠢᠲᠠᠢ ᠳᠦᠯᠬᠢᠭᠦ ᠭᠦᠴᠤᠨ ᠦᠵᠡᠭᠦᠯᠪᠡ᠃
 
ᠢᠷᠡᠯᠲᠡ᠄ ᠪᠠᠶᠠᠠᠠᠤᠪᠤᠭ᠎ᠠ ᠠᠭᠤᠷᠬᠠᠢ ᠶᠢᠨ ᠲᠣᠭᠣᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号