ᠲᠣᠭᠤᠷᠢᠭ ᠤᠨ ᠰᠤᠷᠭᠠᠨ ᠬᠦᠮᠦᠵᠢᠯ ᠤᠨ ᠲᠣᠪᠴᠢᠶᠠᠨ ᠠᠴᠠ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠰᠤᠷᠭᠠᠨ ᠬᠦᠮᠦᠵᠢᠯ ᠤᠨ ᠪᠦᠳᠦᠭᠡᠨ ᠪᠠᠶᠢᠭᠤᠯᠤᠯᠲᠠ ᠶᠢᠨ ᠭᠤᠣᠯᠳᠠᠯᠭᠠᠲᠤ ᠠᠵᠢᠯ ᠳᠤ ᠲᠤᠰᠬᠠᠢ ᠪᠠᠶᠢᠴᠠᠭᠠᠯᠲᠠ ᠶᠠᠪᠤᠭᠤᠯᠪᠠ
ᠨᠡᠶᠢᠲᠡᠯᠡᠭᠰᠡᠨ ᠴᠠᠭ᠄
2018-04-26
       4 ᠰᠠᠷ᠎ᠠ ᠶᠢᠨ 17᠎ ᠤ ᠡᠳᠥᠷ᠂ ᠰᠤᠷᠭᠠᠨ ᠬᠦᠮᠦᠵᠢᠯ ᠤᠨ ᠲᠣᠪᠴᠢᠶᠠᠨ ᠳᠠᠷᠤᠭ᠎ᠠ ᠴᠧᠨ ᠶᠢᠩ ᠤᠨ ᠳᠠᠭᠠᠭᠤᠯᠭ᠎ᠠ ᠪᠠᠷ ᠸᠠᠩ ᠰᠢᠶᠤᠤ ᠹᠧᠩ ᠳᠡᠳ᠋ ᠲᠣᠪᠴᠢᠶᠠᠨ ᠳᠠᠷᠤᠭ᠎ᠠ ᠵᠢᠴᠢ ᠬᠠᠮᠢᠶ᠎ᠠ ᠪᠦᠬᠦᠢ ᠳᠠᠰᠤᠭ ᠤᠨ ᠬᠠᠷᠢᠭᠤᠴᠠᠬᠤ ᠬᠦᠮᠦᠰ ᠪᠠᠶᠢᠴᠠᠭᠠᠬᠤ ᠳᠣᠭᠤᠶᠢᠯᠠᠩ ᠪᠠᠶᠢᠭᠤᠯᠵᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠡᠯ᠎ᠡ ᠰᠤᠷᠭᠠᠭᠤᠯᠢ᠂ ᠬᠡᠥᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠳᠤ ᠬᠡᠷᠡᠭᠯᠡᠬᠦ ᠤᠰᠤ ᠬᠠᠳᠠᠭᠠᠯᠠᠬᠤ ᠴᠦᠬᠦᠷᠦᠮ ᠤᠨ ᠪᠠᠷᠢᠯᠭ᠎ᠠ ᠶᠢᠨ ᠠᠵᠢᠯ ᠤᠨ ᠶᠠᠪᠤᠭᠳᠠᠵᠤ ᠪᠠᠶᠢᠬᠤ ᠪᠠᠶᠢᠳᠠᠯ ᠪᠠ ᠡᠯ᠎ᠡ ᠲᠥᠷᠥᠯ ᠤᠨ ᠠᠮᠤᠷ ᠲᠥᠪᠰᠢᠨ ᠤ ᠠᠵᠢᠯ ᠤᠨ ᠲᠠᠯ᠎ᠠ ᠪᠠᠷ ᠲᠤᠰᠬᠠᠢ ᠪᠠᠶᠢᠴᠠᠭᠠᠯᠲᠠ ᠬᠢᠪᠡ᠃        ᠪᠠᠶᠢᠴᠠᠭᠠᠬᠤ ᠳᠤᠭᠤᠶᠢᠯᠠᠩ ᠨᠢ ᠲᠡᠮᠥᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠪᠣᠭᠤᠲᠤ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ᠂ ᠲᠡᠮᠥᠷ ᠤᠨ ᠠᠭᠤᠷᠬᠠᠢ ᠶᠢᠨ ᠨᠢᠭᠡᠳᠦᠭᠡᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠵᠡᠷᠭᠡ ᠭᠠᠵᠠᠷ ᠢᠶᠠᠷ ᠣᠴᠢᠵᠤ᠂ ᠭᠠᠯ ᠰᠡᠷᠭᠡᠶᠢᠯᠡᠬᠦ ᠳᠤ ᠬᠡᠷᠡᠭᠯᠡᠬᠦ ᠤᠰᠤ ᠬᠠᠳᠠᠭᠠᠯᠠᠬᠤ ᠴᠦᠬᠦᠷᠦᠮ ᠤᠨ ᠡᠮᠥᠨᠡᠬᠢ ᠬᠤᠭᠤᠴᠠᠭᠠᠨ ᠳᠠᠬᠢ ᠪᠠᠷᠢᠯᠭ᠎ᠠ ᠶᠢᠨ ᠠᠵᠢᠯ ᠤᠨ ᠠᠮᠤᠷ ᠲᠥᠪᠰᠢᠨ ᠤ ᠪᠠᠶᠢᠳᠠᠯ ᠪᠠ ᠪᠡᠯᠡᠳᠬᠡᠵᠦ ᠪᠠᠶᠢᠬᠤ ᠪᠠᠶᠢᠳᠠᠯ ᠢ ᠪᠠᠶᠢᠴᠠᠭᠠᠨ‌ᠦᠵᠡᠪᠡ᠃ ᠪᠠᠶᠢᠴᠠᠭᠠᠯᠲᠠ ᠶᠢᠨ ᠶᠠᠪᠤᠴᠠ ᠳᠤᠮᠳᠠ ᠬᠡᠳᠦᠨ ᠪᠤᠲᠠᠲᠠᠢ ᠱᠠᠭᠠᠷᠳᠠᠯᠭ᠎ᠠ ᠶᠢ ᠳᠤᠷᠠᠳᠪᠠ᠄ ᠨᠢᠭᠡ ᠂ ᠳᠤ ᠪᠠᠷᠢᠯᠭ᠎ᠠ ᠶᠢᠨ ᠠᠵᠢᠯ ᠶᠠᠪᠤᠭᠳᠠᠵᠤ ᠪᠠᠶᠢᠬᠤ ᠬᠤᠭᠤᠴᠠᠭᠠᠨ ᠳᠤ ᠪᠠᠭᠰᠢ ᠰᠤᠷᠤᠭᠴᠢ ᠶᠢᠨ ᠠᠮᠤᠷ ᠲᠥᠪᠰᠢᠨ ᠢ ᠪᠠᠲᠤᠯᠠᠵᠤ᠂ ᠪᠠᠷᠢᠯᠭ᠎ᠠ ᠶᠢᠨ ᠠᠵᠢᠯ ᠤᠨ ᠲᠠᠯᠠᠪᠠᠢ ᠪᠠᠨ ᠪᠢᠲᠡᠭᠦᠮᠵᠢᠯᠡᠵᠦ ᠂ ᠪᠠᠭᠰᠢ ᠰᠤᠷᠤᠭᠴᠢᠳ ᠠᠵᠢᠯ ᠤᠨ ᠲᠠᠯᠠᠪᠤᠷ ᠲᠤ ᠣᠷᠤᠬᠤ ᠶᠢ ᠲᠠᠰᠤ ᠬᠤᠷᠢᠭᠯᠠᠬᠤ ᠬᠡᠷᠡᠭᠲᠡᠢ ᠭᠡᠪᠡ᠃ ᠬᠤᠶᠠᠷ ᠲᠤ ᠂ ᠪᠠᠷᠢᠯᠭ᠎ᠠ ᠶᠢᠨ ᠠᠵᠢᠯ ᠤᠨ ᠪᠠᠶᠢᠭᠤᠯᠤᠯᠭ᠎ᠠ ᠠᠴᠠ ᠬᠠᠮᠢᠶ᠎ᠠ ᠪᠦᠬᠦᠢ ᠳᠦᠷᠢᠮ ᠲᠣᠭᠲᠠᠭᠠᠯ ᠤᠨ ᠶᠣᠰᠤᠭᠠᠷ ᠪᠠᠷᠢᠯᠭ᠎ᠠ ᠪᠠᠨ ᠶᠠᠪᠤᠭᠳᠠᠭᠤᠯᠵᠤ᠂ ᠲᠤᠭᠲᠠᠭᠠᠯ ᠢ ᠵᠦᠷᠢᠴᠢᠨ ᠠᠵᠢᠯᠯᠠᠭᠰᠠᠨ ᠠᠴᠠ ᠠᠮᠤᠷ ᠲᠥᠪᠰᠢᠨ ᠤ ᠠᠳᠡᠭᠳᠡᠯ ᠭᠠᠷᠬᠤ ᠶᠢ ᠡᠷᠡᠰ ᠴᠡᠭᠡᠷᠯᠡᠬᠦ ᠬᠡᠷᠡᠭᠲᠡᠢ ᠭᠡᠪᠡ᠃ ᠭᠤᠷᠪᠠ ᠳᠤ᠂ ᠡᠯ᠎ᠡ ᠰᠤᠷᠭᠠᠭᠤᠯᠢ᠂ ᠬᠡᠥᠬᠡᠳ ᠤᠨ ᠴᠡᠴᠡᠷᠯᠢᠭ ᠠᠴᠠ ᠰᠤᠷᠭᠠᠭᠤᠯᠢ ᠶᠢᠨ ᠳᠣᠲᠤᠷ᠎ᠠ ᠪᠠᠨ ᠴᠠᠭᠳᠠᠨ ᠲᠣᠭᠤᠷᠢᠬᠤ ᠬᠦᠴᠦᠨ ᠢᠶᠠᠨ ᠴᠢᠩᠭᠠᠳᠬᠠᠨ ᠵᠢᠵᠢᠭᠦᠷᠯᠡᠭᠴᠢ ᠲᠣᠬᠢᠷᠠᠭᠤᠯᠵᠤ᠂ ᠪᠠᠷᠢᠯᠭ᠎ᠠ ᠶᠢᠨ ᠭᠠᠵᠠᠷ ᠤᠨ ᠠᠮᠤᠷ ᠲᠥᠪᠰᠢᠨ ᠤ ᠲᠠᠯ᠎ᠠ ᠪᠠᠷ ᠳᠠᠯᠳᠠ ᠠᠶᠤᠯᠲᠠᠢ ᠪᠠᠶᠢᠳᠠᠯ ᠢ ᠠᠩᠬᠠᠷᠴᠤ᠂ ᠬᠡᠷᠪᠡ ᠠᠰᠠᠭᠤᠳᠠᠯ ᠪᠠᠶᠢᠬᠤ ᠶᠢ ᠣᠯᠵᠤ ᠬᠠᠷᠠᠪᠠᠯ᠂ ᠲᠡᠷᠡ ᠳᠠᠷᠤᠢ ᠳᠤᠨᠢ ᠪᠠᠷᠢᠯᠭ᠎ᠠ ᠶᠢᠨ ᠲᠠᠯ᠎ᠠ ᠶᠢᠨ ᠬᠦᠮᠥᠰ ᠲᠠᠢ ᠵᠥᠪᠳᠡᠵᠦ ᠰᠢᠢᠳᠪᠦᠷᠢᠯᠡᠬᠦ ᠪᠣᠶᠣ ᠰᠤᠷᠭᠠᠨ ᠬᠦᠮᠦᠵᠢᠯ ᠤᠨ ᠲᠣᠪᠴᠢᠶᠠᠨ ᠤ ᠲᠠᠯ᠎ᠠ ᠪᠠᠷ ᠠᠳᠡᠭᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠶᠠᠠᠠᠤᠪᠤᠭ᠎ᠠ ᠠᠭᠤᠷᠬᠠᠢ ᠶᠢᠨ ᠲᠣᠭᠣᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号