ᠪᠠᠶ᠋ᠬᠠᠤᠪᠤᠭ᠎ᠠ ᠵᠠᠰᠠᠭ ᠤᠨ ᠣᠷᠳᠤᠨ ᠤ ᠠᠯᠪᠠᠨ ᠭᠡᠷ ᠠᠴᠠ ᠲᠠᠷᠬᠠᠭᠠᠭᠰᠠᠨ 〔2018〕12 ᠳ᠋ᠤᠭᠠᠷᠲᠤ
ᠨᠡᠶᠢᠲᠡᠯᠡᠭᠰᠡᠨ ᠴᠠᠭ᠄
2018-04-26
       ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ《 ᠬᠠᠮᠤᠭ ᠢᠯᠡᠭᠦᠦ ᠳᠡᠭᠡᠨ ᠨᠢᠭᠡᠯᠠ‌ᠤᠳᠠᠭ᠎ᠠ ᠭᠦᠶᠦᠬᠦ》ᠦᠢᠯᠡᠴᠢᠯᠡᠭᠡᠨ ᠤ ᠵᠠᠭᠪᠣᠷ ᠤᠨ ᠲᠤᠬᠠᠢ ᠮᠡᠳᠡᠭᠳᠡᠯ        ᠲᠣᠭᠤᠷᠢᠭ ᠤᠨ ᠡᠯ᠎ᠡ ᠰᠠᠭᠤᠭ᠎ᠠ ᠲᠣᠭᠤᠷᠢᠭ ᠲᠤ ᠪᠠᠭᠳᠠᠭᠰᠠᠨ ᠡᠯ᠎ᠡ ᠰᠠᠯᠠᠭ᠎ᠠ ᠮᠦᠴᠢᠷ  ᠂ ᠪᠠᠶᠢᠭᠤᠯᠤᠯᠭ᠎ᠠ᠂ ᠡᠯ᠎ᠡ ᠨᠡᠶᠢᠭᠡᠮ ᠲᠣᠭᠤᠷᠢᠭ ᠲᠤ᠄        ᠤᠯᠤᠰ ᠤᠨ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ᠬᠠᠮᠢᠶ᠎ᠠ ᠪᠦᠬᠦᠢ ᠨᠡᠶᠢᠲᠡ ᠶᠢᠨ ᠦᠢᠯᠡᠴᠢᠯᠡᠭᠡᠨ ᠤ ᠶᠠᠪᠤᠴᠠ ᠶᠢ ᠲᠦᠭᠦᠮᠴᠢᠯᠡᠵᠤ᠂ ᠦᠨᠳᠦᠰᠦᠨ ᠱᠠᠳᠤᠨ ᠤ ᠣᠯᠠᠨ ᠲᠦᠮᠡᠨ ᠤ ᠠᠳᠠᠯ ᠦᠢᠯᠡᠰ ᠪᠣᠰᠬᠠᠬᠤ ᠶᠠᠪᠣᠳᠠᠯ ᠢ ᠰᠢᠢᠳᠪᠦᠷᠢᠯᠡᠬᠦ ᠵᠢᠴᠢ《 ᠢᠨᠲ᠋ᠧᠷᠨᠡᠲ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ》᠎ ᠶᠢ ᠲᠦᠯᠬᠢᠨ ᠠᠬᠢᠭᠤᠯᠬᠤ ᠶᠢ ᠬᠡᠷᠡᠭᠵᠢᠭᠦᠯᠬᠦ ᠲᠤᠬᠠᠢ ᠰᠠᠨᠠᠯ ᠵᠢᠴᠢ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯ ᠲᠥᠪ ᠠᠴᠠ ᠪᠦᠬᠦ ᠲᠠᠯ᠎ᠠ ᠪᠠᠷ《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠦᠢᠯᠡᠴᠢᠯᠡᠭᠡᠨ ᠤ ᠮᠡᠳᠡᠭᠳᠡᠯ ᠱᠠᠭᠠᠷᠳᠠᠯᠭ᠎ᠠ ᠶᠣᠰᠤᠭᠠᠷ ᠪᠢᠳᠡᠨ ᠤ ᠲᠣᠭᠤᠷᠢᠭ ᠤᠨ ᠲᠤᠰ ᠭᠠᠵᠠᠷ ᠤᠨ ᠨᠡᠶᠢᠲᠡ ᠶᠢᠨ ᠦᠢᠯᠡᠴᠢᠯᠡᠭᠡᠨ ᠤ ᠶᠠᠪᠤᠳᠠᠯ ᠢ ᠪᠦᠭᠦᠳᠠ ᠲᠣᠣᠷ ᠰᠦᠯᠵᠢᠶᠡᠨ ᠳᠡᠭᠡᠷ᠎ᠡ ᠭᠦᠢᠴᠡᠳᠬᠡᠬᠦ ᠪᠠᠷ ᠪᠣᠯᠵᠤ᠂ ᠬᠠᠮᠲᠤ ᠳᠤᠨᠢ ᠵᠠᠰᠠᠭ ᠤᠨ ᠦᠢᠯᠡᠴᠢᠯᠡᠭᠡᠨ ᠤ ᠰᠢᠯᠵᠢᠮᠡᠯ ᠬᠤᠯᠪᠣᠭ᠎ᠠ ᠶᠢᠨAPP《 ᠬᠤᠷᠳᠤᠨ ᠨᠡᠪᠲᠡᠷᠡᠬᠦ》ᠵᠠᠰᠠᠭ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠥᠪᠡᠰᠦᠪᠡᠨ ᠭᠦᠢᠴᠡᠳᠬᠡᠬᠦ APP ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠬᠤ APP ᠳᠣᠲᠣᠭᠠᠳᠤ ᠶᠢ  ᠬᠠᠮᠠᠭᠠᠯᠠᠬᠤ ᠲᠣᠪᠴᠢᠶᠠᠨ ᠤ《 ᠪᠣᠭᠳᠠ ᠠᠭᠤᠯᠠ ᠶᠢᠨ ᠴᠠᠭᠳᠠᠭᠠᠨ ᠤᠴᠢᠷ》ᠸᠢᠴᠡᠲ ᠲᠠᠯ᠎ᠠ  ᠠᠴᠠ ᠬᠡᠷᠡᠭᠯᠡᠭᠴᠢ ᠶᠢᠨ ᠲᠠᠯ᠎ᠠ᠂ ᠰᠢᠯᠵᠢᠮᠡᠯ ᠬᠤᠯᠪᠣᠭᠠᠨ ᠤ ᠲᠠᠯ᠎ᠠ᠂ ᠥᠪᠡᠰᠦᠪᠡᠨ ᠭᠦᠢᠴᠡᠳᠬᠡᠬᠦ ᠶᠢᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠰᠦᠯᠵᠢᠶᠡᠨ ᠳᠡᠭᠡᠷ᠎ᠡ  ᠪᠤᠴᠠᠭᠠᠬᠤ ᠵᠡᠷᠭᠡ ᠶᠢ ᠪᠡᠶᠡᠯᠡᠭᠦᠯᠵᠦ᠂ ᠡᠳᠡᠭᠡᠷ ᠤᠨ ᠰᠠᠭᠤᠷᠢᠨ ᠳᠡᠭᠡᠷ᠎ᠡ ᠪᠦᠬᠦ ᠲᠠᠯ᠎ᠠ ᠪᠠᠷ《 ᠬᠠᠮᠤᠭ ᠢᠯᠡᠭᠦᠦ ᠳᠡᠭᠡᠨ ᠨᠢᠭᠡᠯᠠ ᠤᠳᠠᠭ᠎ᠠ ᠭᠦᠶᠦᠬᠦ》ᠦᠢᠯᠡᠴᠢᠯᠡᠭᠡᠨ ᠤ ᠵᠠᠭᠪᠤᠷ ᠢ ᠶᠠᠪᠤᠭᠳᠠᠭᠤᠯᠪᠠ᠃ᠣᠳᠣ ᠬᠠᠮᠢᠶ᠎ᠠ ᠪᠦᠬᠦᠢ ᠮᠡᠳᠡᠭᠳᠡᠯ ᠳᠣᠣᠷᠠᠬᠢ ᠮᠡᠲᠦ᠄ᠨᠢᠭᠡ  ᠂ ᠵᠢᠯᠤᠭᠤᠳᠬᠤ ᠦᠵᠡᠯ ᠰᠠᠨᠠᠭ᠎ᠠ        ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠢᠯᠠᠭᠤᠯᠵᠣ᠂ ᠣᠯᠠᠨ ᠲᠦᠮᠡᠨ ᠪᠠ ᠠᠵᠤ ᠠᠬᠤᠶᠢᠯᠠᠯ ᠨᠢ ᠵᠠᠰᠠᠭ ᠤᠨ ᠣᠷᠳᠣᠨ ᠳᠤ ᠬᠦᠷᠴᠦ ᠤᠴᠢᠷ  ᠭᠦᠢᠴᠡᠳᠬᠡᠬᠦ ᠳᠤ《 ᠬᠠᠮᠤᠭ ᠢᠯᠡᠭᠦᠦ ᠳᠡᠭᠡᠨ ᠨᠢᠭᠡᠯᠠ ᠤᠳᠠᠭ᠎ᠠ ᠭᠦᠶᠦᠬᠦ》ᠣᠶᠢᠯᠠᠭᠠᠭᠳᠠᠬᠤᠨ ᠪᠠ ᠵᠣᠷᠢᠯᠭ᠎ᠠ ᠠᠴᠠ ᠠᠰᠠᠭᠤᠳᠠᠯ ᠤᠨ ᠤᠳᠤᠷᠢᠮᠵᠢ ᠶᠢ ᠪᠠᠷᠢᠮᠲᠠᠯᠠᠵᠤ᠂《 ᠵᠠᠰᠠᠭ ᠤᠨ ᠣᠷᠳᠤᠨ ᠤ ᠦᠢᠯᠡᠳᠥᠯ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠨᠠᠷ ᠢᠶᠠᠨ ᠳᠡᠭᠡᠭᠰᠢᠭᠦᠯᠬᠦ》᠎ ᠪᠠᠷ ᠭᠤᠣᠯ  ᠪᠣᠯᠭᠠᠵᠤ ᠱᠠᠭᠠᠷᠳᠠᠨ᠂ ᠣᠯᠠᠨ ᠲᠦᠮᠡᠨ ᠠᠵᠤ ᠠᠬᠤᠶᠢᠯᠠᠯ ᠤᠨ ᠬᠠᠨᠤᠮᠵᠢᠲᠠᠢ ᠡᠰᠡᠭᠦ ᠪᠠᠷ ᠭᠤᠣᠯ ᠪᠠᠷᠢᠮᠵᠢᠶ᠎ᠠ ᠪᠣᠯᠭᠠᠵᠤ ᠣᠶᠤᠨᠲᠤ ᠪᠠᠶ᠋ᠬᠠᠤᠪᠤᠭ᠎ᠠ ᠶᠢᠨ ᠶᠡᠭᠡ ᠲᠤᠭ᠎ᠠ ᠪᠠᠷᠢᠮᠲᠠ ᠪᠠᠷ ᠭᠤᠣᠯ ᠲᠦᠰᠢᠭ ᠪᠣᠯᠭᠠᠨ᠂ ᠮᠠᠨ ᠤ ᠲᠣᠭᠤᠷᠢᠭ ᠤᠨ《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠵᠠᠰᠠᠭ ᠵᠠᠬᠢᠷᠭᠠᠨ ᠤ ᠬᠢᠨᠠᠵᠤ ᠵᠥᠪᠰᠢᠶᠡᠷᠡᠬᠦ ᠥᠭᠡᠷᠡᠴᠢᠯᠡᠯᠲᠡ ᠶᠢ ᠤᠷᠢᠳᠠᠪᠠᠷ ᠶᠠᠪᠤᠭᠤᠯᠬᠤ ᠪᠠᠷ ᠴᠢᠷᠮᠠᠶᠢᠨ ᠂  ᠵᠢᠱᠢᠶ᠎ᠡ ᠦᠵᠡᠭᠦᠯᠵᠤ᠂ ᠣᠯᠠᠨ ᠲᠦᠮᠡᠨ ᠪᠣᠯᠤᠨ ᠠᠵᠤ ᠠᠬᠤᠶᠢᠯᠠᠯ ᠠᠴᠠ ᠥᠭᠡᠷᠡᠴᠢᠯᠡᠯᠲᠡ ᠶᠢᠨ ᠠᠰᠢᠭ ᠢ ᠬᠦᠷᠲᠡᠵᠦ᠂《 ᠶᠠᠪᠤᠳᠠᠯ ᠤᠴᠢᠷ ᠲᠣᠳᠤᠷᠬᠠᠢ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠬᠠᠮᠤᠭ ᠪᠠᠭ᠎ᠠ᠂ ᠬᠢᠨᠠᠵᠤ ᠵᠥᠪᠰᠢᠶᠡᠷᠡᠬᠦ ᠭᠡᠰᠡᠭ ᠬᠠᠮᠤᠭ ᠳᠥᠭᠦᠮ᠂ ᠶᠠᠪᠤᠴᠠ ᠨᠢ ᠬᠠᠮᠤᠭ ᠰᠠᠶᠢᠨ᠂ ᠤᠷᠮ᠎ᠠ ᠨᠢ ᠬᠠᠮᠤᠭ ᠦᠨᠳᠦᠷ᠂ ᠦᠢᠯᠡᠴᠢᠯᠡᠭᠡ ᠨᠢ ᠬᠠᠮᠤᠭ ᠰᠠᠶᠢᠨ》 ᠵᠠᠰᠠᠭ ᠤᠨ ᠶᠠᠪᠣᠳᠠᠯ ᠤᠨ ᠦᠢᠯᠡᠴᠢᠯᠡᠭᠡ  ᠪᠠᠨ ᠬᠦᠴᠦᠯᠡᠨ ᠪᠦᠲᠦᠭᠡᠨ᠎ᠡ᠃ᠬᠤᠶᠠᠷ  ᠂《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠦᠢᠯᠡᠴᠢᠯᠡᠭᠡ ᠶᠢᠨ ᠶᠠᠪᠤᠴᠠ        ᠭᠤᠶᠤᠴᠢᠯᠠᠬᠤ ᠬᠦᠮᠦᠨ ᠠᠴᠠ《 ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯ ᠲᠥᠪ ᠤᠨ ᠬᠢᠨᠠᠨ ᠵᠥᠪᠰᠢᠶᠡᠷᠡᠬᠦ ᠲᠠᠪᠴᠠᠩ》 ︵http://1.180.51.4:8091/byqweb) ᠪᠣᠯᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠭᠠᠷ ᠤᠳᠠᠰᠤAPP᠎ ᠪᠠᠷ ᠳᠠᠮᠵᠢᠨ ᠤᠷᠢᠳᠠᠪᠠᠷ ᠭᠦᠢᠴᠡᠳᠬᠡᠬᠦ ᠳᠤ ᠬᠡᠷᠡᠭᠰᠡᠬᠦ ᠨᠦᠬᠦᠴᠡᠯ ᠢᠶᠠᠨ ᠣᠶᠢᠯᠭᠠᠵᠤ᠂ ᠮᠠᠲ᠋ᠧᠷᠢᠶᠠᠯ ᠢᠶᠠᠨ ᠨᠢᠭᠡᠯᠠ ᠳᠡᠭᠡᠷ᠎ᠡ ᠪᠦᠷᠢᠯᠳᠦᠭᠦᠯᠦᠨ ᠶᠠᠪᠤᠳᠠᠯ ᠭᠦᠢᠴᠡᠳᠬᠡᠬᠦ ᠲᠢᠩᠬᠢᠮ ᠤᠨ ᠡᠯ᠎ᠡ ᠴᠣᠩᠬᠤᠨ ᠳᠤ ᠳᠠᠩᠰᠠᠯᠠᠭᠤᠯᠵᠤ᠂ ᠠᠵᠢᠯᠲᠠᠳ ᠤᠨ ᠳᠠᠭᠠᠭᠤᠯᠭ᠎ᠠ ᠳᠣᠣᠷ᠎ᠠ ᠬᠢᠨᠠᠨ ᠵᠥᠪᠰᠢᠶᠡᠷᠡᠬᠦ ᠰᠠᠯᠠᠭ᠎ᠠ ᠮᠦᠴᠢᠷ ᠢᠶᠠᠷ ᠮᠡᠳᠡᠭᠦᠯᠵᠤ ᠵᠥᠪᠰᠢᠶᠡᠷᠡᠭᠦᠯᠵᠤ ᠪᠠᠷᠠᠭᠰᠠᠨ ᠤ ᠰᠡᠭᠦᠯᠡᠷ᠂ ᠲᠤᠬᠠᠢ ᠶᠢᠨ ᠲᠠᠯᠠᠪᠠᠢ ᠳᠤ ᠭᠦᠢᠴᠡᠳᠬᠡᠨ ᠳᠠᠭᠤᠰᠬᠤ ᠪᠣᠶᠤ ᠰᠦᠯᠵᠢᠶ᠎ᠡ ᠪᠠᠷ ᠳᠠᠮᠵᠢᠨ ᠭᠦᠢᠴᠡᠳᠬᠡᠯ ᠤᠨ ᠦᠷ᠎ᠡ ᠳ᠋ᠦᠩ ᠢ ᠮᠡᠳᠡᠭᠦᠯᠦᠭᠰᠡᠨ ᠬᠦᠮᠦᠨ ᠳᠤ ᠬᠥᠷᠭᠡᠨ᠎ᠡ  ᠃ᠭᠤᠷᠪᠠ  ᠂ ᠠᠵᠢᠯ ᠤᠨ ᠱᠠᠭᠠᠷᠳᠠᠯᠭ᠎ᠠ         ︵ᠨᠢᠭᠡ︶ ᠡᠯ᠎ᠡ ᠰᠠᠯᠠᠭ᠎ᠠ ᠮᠦᠴᠢᠷ ᠠᠴᠠ ᠲᠠᠨᠢᠯᠲᠠ ᠪᠠᠨ ᠳᠡᠭᠡᠭᠰᠢᠯᠡᠭᠦᠯᠵᠦ《 ᠬᠠᠮᠤᠭ ᠢᠯᠡᠭᠦᠦ ᠳᠡᠭᠡᠨ ᠨᠢᠭᠡᠯᠠ ᠤᠳᠠᠭ᠎ᠠ ᠭᠦᠶᠦᠬᠦ》᠎ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠮᠡᠳᠡᠷᠡᠵᠦ᠂ ᠴᠠᠭ ᠦᠶ᠎ᠡ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠪᠣᠢ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠭᠦᠨᠵᠡᠭᠡᠶᠢᠷᠡᠭᠦᠯᠵᠤ᠂ ᠲᠤᠰ ᠠᠵᠢᠯ ᠤᠨ ᠵᠤᠶᠢᠯ ᠢ ᠳᠣᠪᠣᠶᠢᠮ᠎ᠡ ᠪᠠᠶᠢᠷᠢᠨ ᠳᠤ ᠲᠠᠯᠪᠢᠵᠤ᠂ ᠵᠣᠷᠢᠭᠲᠠᠢ ᠡᠭᠦᠷᠭᠡᠯᠡᠵᠤ ᠵᠣᠷᠢᠭᠲᠠᠢ ᠬᠠᠷᠢᠭᠤᠴᠠᠨ᠂ ᠰᠠᠶᠢᠳᠤᠷ ᠬᠠᠮᠵᠢᠯᠴᠠᠨ᠂ ᠲᠤᠰ ᠵᠤᠶᠢᠯ ᠤᠨ ᠦᠭᠡᠷᠡᠴᠢᠯᠡᠯᠲᠡ ᠶᠢᠨ ᠠᠮᠵᠢᠯᠲᠠ ᠲᠠᠢ ᠶᠠᠪᠤᠭᠳᠠᠬᠤ ᠶᠢ ᠪᠠᠳᠤᠯᠠᠬᠤ ᠬᠡᠷᠡᠭᠲᠡᠢ᠃         ︵ᠬᠤᠶᠠᠷ︶《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠦᠢᠯᠡᠴᠢᠯᠡᠭᠡᠨ ᠤ ᠵᠠᠭᠪᠣᠷ ᠢ ᠲᠠᠷᠬᠠᠭᠠᠭᠰᠠᠨ ᠡᠳᠥᠷ ᠠᠴᠠ ᠡᠬᠢᠯᠡᠨ ᠲᠦᠷᠭᠡᠨ ᠬᠡᠷᠡᠭᠵᠢᠭᠦᠯᠦᠨ᠎ᠡ᠂ ᠲᠤᠷᠰᠢᠨ ᠭᠡᠷᠡᠭᠵᠢᠭᠦᠯᠬᠦ ᠳᠤᠮᠳᠠ᠂ ᠡᠯ᠎ᠡ ᠰᠠᠯᠠᠭ᠎ᠠ ᠮᠦᠴᠢᠷ ᠪᠤᠲᠠᠲᠠᠢ ᠪᠠᠨ ᠦᠨᠳᠦᠰᠦᠯᠡᠵᠤ《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠶᠠᠪᠤᠳᠠᠯ ᠤᠴᠢᠷ ᠲᠤ ᠰᠣᠯᠢᠬᠤ ᠪᠣᠶᠤ ᠨᠡᠮᠡᠵᠤ ᠪᠣᠯᠣᠨ᠎ᠠ᠂ ᠭᠡᠪᠡᠴᠤ ᠳᠤᠷ᠎ᠠ ᠪᠠᠷ ᠦᠭᠡᠶᠢᠰᠬᠡᠬᠦ ᠪᠣᠶᠣ ᠬᠠᠰᠤᠵᠤ ᠪᠣᠯᠬᠤ ᠦᠭᠡᠢ᠃ ᠡᠯ᠎ᠡ ᠰᠠᠯᠠᠭ᠎ᠠ ᠮᠦᠴᠢᠷ ᠠᠴᠠ ᠬᠡᠷᠪᠡ《 ᠬᠠᠮᠤᠭ ᠢᠯᠡᠭᠦᠥ ᠳᠡᠭᠡᠨ ᠨᠢᠭᠡᠯᠠ ᠤᠳᠠᠭ᠎ᠠ ᠭᠦᠶᠦᠬᠦ》ᠶᠠᠪᠤᠳᠠᠯ ᠤᠴᠢᠷ ᠲᠤ  ᠵᠣᠬᠢᠴᠠᠭᠤᠯᠬᠤ ᠭᠡᠪᠡᠯ ᠲᠡᠷᠡ ᠳᠠᠷᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯ ᠲᠥᠪ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠬᠠᠷᠢᠯᠴᠠᠬᠤ ᠬᠡᠯᠪᠡᠷᠢ᠄ ᠵᠠᠩ ᠬᠤᠩ ᠭᠠᠩ 13947212292  ᠃         ︵ᠭᠤᠷᠪᠠ︶ ᠡᠯ᠎ᠡ ᠲᠦᠷᠦᠯ ᠤᠨ ᠶᠠᠪᠤᠳᠠᠯ ᠤᠴᠢᠷ ᠤᠨ ᠮᠠᠲ᠋ᠧᠷᠢᠶᠠᠯ ᠪᠠ ᠠᠪᠬᠤ ᠲᠤᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠬᠠᠣᠯᠢ ᠴᠠᠭᠠᠵᠠ᠂ ᠬᠠᠣᠯᠢ ᠳᠦᠷᠢᠮ᠂ ᠳᠦᠷᠢᠮ ᠲᠣᠭᠲᠠᠭᠠᠯ ᠳᠤ ᠦᠭᠡᠢ᠂ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠠᠴᠠ ᠪᠣᠰᠤᠤᠳ ᠮᠠᠲ᠋ᠧᠷᠢᠶᠠᠯ ᠢ ᠪᠦᠭᠦᠳᠡ ᠶᠢ ᠦᠭᠡᠶᠢᠰᠬᠡᠨ᠎ᠡ᠃ ᠠᠳᠠᠯᠢ ᠨᠢᠭᠡ ᠰᠠᠯᠠᠭ᠎ᠠ ᠮᠦᠴᠢᠷ ᠤᠨ ᠡᠮᠦᠨᠡᠬᠢ ᠭᠡᠰᠡᠭ ᠲᠤ ᠬᠢᠨᠠᠵᠤ ᠵᠥᠪᠰᠢᠶᠡᠷᠡᠭᠰᠡᠨ ᠮᠠᠲ᠋ᠧᠷᠢᠶᠠᠯ ᠢ ᠳᠠᠷᠠᠭᠠᠴᠢ ᠶᠢᠨ ᠭᠡᠰᠡᠭ ᠲᠤ ᠳᠠᠬᠢᠵᠤ ᠠᠪᠴᠤ ᠪᠣᠯᠬᠤ ᠦᠭᠡᠢ᠂ ᠲᠣᠣᠷ ᠰᠦᠯᠵᠢᠶ᠎ᠡ ᠠᠴᠠ ᠳᠠᠮᠵᠢᠵᠤ ᠳᠠᠬᠢᠨᠲᠠ ᠬᠡᠷᠡᠭᠯᠡᠭᠰᠡᠨ ᠮᠠᠲ᠋ᠧᠷᠢᠶᠠᠯ ᠪᠣᠯ ᠤᠯᠠᠨ ᠲᠦᠮᠡᠨ ᠪᠠ ᠠᠵᠤ ᠠᠬᠤᠶᠢᠯᠠᠯ ᠠᠴᠠ ᠳᠠᠬᠢᠨᠲᠠ ᠲᠤᠰᠢᠶᠠᠬᠤ ᠶᠢ ᠱᠠᠭᠠᠷᠳᠠᠵᠤ ᠪᠣᠯᠬᠤ ᠦᠭᠡᠢ᠃         ︵ᠳᠥᠷᠪᠡ︶ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠭ᠎ᠠ ᠦᠭᠡᠢ ᠰᠠᠯᠠᠭ᠎ᠠ ᠮᠦᠴᠢᠷ ᠠᠴᠠ ᠲᠤᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠨᠠᠷᠢᠨ ᠬᠢᠨᠠᠮᠠᠭᠠᠢ ᠪᠠᠷ ᠲᠤᠰ ᠰᠠᠯᠠᠭ᠎ᠠ ᠮᠦᠴᠢᠷ ᠤᠨ ᠨᠡᠶᠢᠲᠡ ᠶᠢᠨ ᠦᠢᠯᠡᠴᠢᠯᠡᠭᠡ ᠶᠢᠨ ᠶᠠᠪᠤᠳᠠᠯ ᠵᠥᠢᠯ ᠢᠶᠠᠨ ᠲᠣᠬᠢᠷᠠᠭᠤᠯᠵᠤ 《 ᠬᠠᠮᠤᠭ ᠢᠯᠡᠭᠦᠦ ᠳᠡᠭᠡᠨ ᠨᠢᠭᠡᠯᠠ ᠤᠳᠠᠭ᠎ᠠ ᠭᠦᠶᠦᠬᠦ》ᠵᠥᠢᠯ ᠳᠤ ᠭᠦᠢᠴᠡᠳᠬᠡᠬᠦ ᠭᠠᠷᠴᠠᠭ ᠢᠶᠠᠨ ᠲᠣᠳᠤᠷᠬᠠᠢ ᠭᠠᠷᠭᠠᠵᠤ᠂ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠬᠡᠷᠡᠭᠲᠡᠢ᠂ ᠡᠭᠦᠨ ᠤ ᠬᠠᠮᠲᠤ ᠵᠠᠰᠠᠭ ᠤᠨ ᠣᠷᠳᠤᠨ ᠤ ᠲᠣᠣᠷ ᠰᠦᠯᠵᠢᠶ᠎ᠡ ᠪᠠᠷ ᠳᠠᠮᠵᠢᠨ᠂ ᠭᠠᠳᠠᠭᠰᠢ ᠤᠴᠢᠷ  ᠶᠠᠪᠤᠳᠠᠯ ᠭᠦᠢᠴᠡᠳᠬᠡᠬᠦ ᠶᠠᠪᠤᠴᠠ ᠪᠠᠨ ᠮᠡᠳᠡᠭᠳᠡᠬᠦ ᠬᠡᠷᠡᠭᠲᠡᠢ᠂ ᠡᠭᠦᠨ ᠤ ᠬᠠᠮᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯ ᠲᠥᠪ ᠲᠤ ᠬᠦᠷᠭᠡᠵᠤ ᠮᠡᠳᠡᠭᠦᠯᠵᠤ᠂  ᠳᠠᠩᠰᠠᠨ ᠳᠤ ᠲᠡᠮᠳᠡᠭᠯᠡᠭᠦᠯᠦᠨ᠎ᠡ᠃ ᠬᠦᠷᠭᠡᠵᠤ ᠮᠡᠳᠡᠭᠦᠯᠬᠦ ᠵᠠᠬᠢᠳᠠᠯ ᠤᠨ ᠬᠠᠶᠢᠷᠴᠠᠭ᠄ zhg69812@126.com  ᠡᠯ᠎ᠡ ᠰᠠᠯᠠᠭ᠎ᠠ ᠮᠦᠴᠢᠷ ᠠᠴᠠ《 ᠬᠠᠮᠤᠭ ᠢᠯᠡᠭᠦᠦ ᠳᠡᠭᠡᠨ ᠨᠢᠭᠡᠯᠠ ᠤᠳᠠᠭ᠎ᠠ ᠭᠦᠶᠦᠬᠦ》ᠶᠠᠪᠤᠳᠠᠯ ᠵᠥᠢᠯ ᠤᠨ ᠨᠠᠶᠢᠳᠠᠪᠤᠷᠢᠵᠢᠭᠤᠯᠤᠭᠰᠠᠨ ᠪᠠ ᠶᠠᠪᠣᠭᠳᠠᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠡᠯ᠎ᠡ ᠪᠠᠶᠢᠭᠤᠯᠤᠯᠭ᠎ᠠ ᠶᠢ ᠴᠡᠭᠴᠡᠯᠡᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠳᠠᠭᠠᠨ ᠠᠯᠠᠩ ᠰᠠᠯᠠᠩ᠂ ᠠᠵᠢᠯ ᠳᠠᠭᠠᠨ ᠬᠤᠶᠢᠷᠭᠤᠰᠢᠬᠤ ᠪᠠᠶᠢᠭᠤᠯᠤᠯᠭ᠎ᠠ ᠪᠣᠯᠤᠨ ᠬᠤᠪᠢ ᠬᠦᠮᠦᠨ ᠳᠤ ᠰᠢᠭᠦᠮᠵᠢᠯᠡᠯ ᠤᠨ ᠮᠡᠳᠡᠭᠳᠡᠯ ᠥᠭᠭᠦᠨ᠎ᠡ᠂ ᠬᠦᠨᠳᠥ ᠨᠣᠴᠢᠲᠠᠢ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠪᠠᠷᠢᠯ ᠤᠨ ᠤᠷᠤᠭᠰᠢᠲᠠᠢ ᠶᠠᠪᠣᠭᠳᠠᠬᠤ ᠶᠢ ᠪᠠᠲᠤᠯᠠᠨ᠎ᠠ᠃     ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ‍ᠤᠨ‌ᠣᠷᠳᠤᠨ ᠤ ᠠᠯᠪᠠᠨ ᠭᠡᠷ ᠠᠴᠠ                                   2018 ᠣᠨ ᠤ 4 ᠰᠠᠷ᠎ᠠ ᠶᠢᠨ 8᠎ ᠤ
 
ᠢᠷᠡᠯᠲᠡ᠄ ᠪᠠᠶᠠᠠᠠᠤᠪᠤᠭ᠎ᠠ ᠠᠭᠣᠷᠬᠠᠢ ᠶᠢᠨ ᠲᠣᠭᠣᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号