ᠪᠠᠶ᠋ᠬᠠᠤᠪᠤᠭ᠎ᠠ ᠵᠠᠰᠠᠭ ᠤᠨ ᠣᠷᠳᠤᠨ ᠤ ᠲᠠᠷᠬᠠᠭᠠᠭᠰᠠᠨ 〔2018〕13 ᠳ᠋ᠤᠭᠠᠷ
ᠨᠡᠶᠢᠲᠡᠯᠡᠭᠰᠡᠨ ᠴᠠᠭ᠄
2018-04-27
       ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠠᠴᠠ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ 2018 ᠣᠨ ᠤ ᠠᠷᠠᠳ ᠲᠤ ᠠᠰᠢᠭᠲᠠᠢ ᠰᠠᠶᠢᠨ ᠤᠴᠢᠷ ᠪᠤᠲᠠᠲᠠᠢ ᠤᠴᠢᠷ ᠤᠨ ᠲᠥᠷᠥᠯ ᠵᠥᠢᠯ ᠤᠨ ᠬᠠᠷᠢᠭᠤᠴᠠᠯᠭ᠎ᠠ ᠶᠢᠨ ᠵᠠᠳᠠᠯᠤᠯᠲᠠ ᠶᠢ ᠬᠡᠪᠯᠡᠵᠦ ᠲᠠᠷᠬᠠᠭᠠᠬᠤ ᠲᠤᠬᠠᠢ ᠮᠡᠳᠡᠭᠳᠡᠯ᠃        ᠲᠣᠭᠤᠷᠢᠭ ᠲᠤ ᠬᠠᠮᠢᠶᠠᠷᠤᠭᠳᠠᠬᠤ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠦᠴᠢᠷ᠂ ᠪᠠᠶᠢᠭᠤᠯᠤᠯᠭ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ︵ᠨᠡᠶᠢᠭᠡᠮ ᠲᠣᠭᠤᠷᠢᠭ︶᠎ ᠲᠤ᠄        ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠵᠥᠪᠰᠢᠶᠡᠷᠡᠯ ᠢᠶᠠᠷ᠂ ᠣᠳᠤ《 ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ 2018 ᠣᠨ ᠤ ᠠᠷᠠᠳ ᠲᠤ ᠠᠰᠢᠭᠲᠠᠢ ᠰᠠᠶᠢᠨ ᠤᠴᠢᠷ᠂ ᠪᠤᠲᠠᠲᠠᠢ ᠤᠴᠢᠷ ᠤᠨ ᠲᠦᠷᠦᠯ ᠵᠥᠢᠯ ᠤᠨ ᠬᠠᠷᠢᠭᠤᠴᠠᠯᠭ᠎ᠠ ᠶᠢᠨ ᠵᠠᠳᠠᠯᠤᠯᠲᠠ》᠎ ᠶᠢ ᠲᠠᠨᠠᠷ ᠲᠤ ᠬᠡᠪᠯᠡᠨ ᠲᠠᠷᠬᠠᠭᠠᠪᠠ᠂ ᠨᠠᠷᠢᠨ ᠬᠢᠨᠠᠮᠠᠭᠠᠢ ᠲᠤᠤᠱᠢᠯᠠᠭᠤᠯᠤᠨ ᠵᠠᠪᠤᠭᠳᠠᠭᠤᠯᠲᠤᠭᠠᠢ᠃        2018 ᠣᠨ ᠪᠣᠯ ᠪᠦᠬᠦ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠨᠢᠭᠡ ᠵᠢᠯ ᠮᠥᠨ᠃ ᠪᠦᠬᠦ ᠲᠠᠯ᠎ᠠ ᠪᠠᠷ ᠠᠷᠠᠳ ᠲᠤ ᠠᠰᠢᠭᠲᠠᠢ ᠰᠠᠶᠢᠨ ᠤᠴᠢᠷ ᠪᠤᠲᠠᠲᠠᠢ ᠤᠴᠢᠷ ᠤᠨ ᠲᠦᠷᠦᠯ ᠵᠥᠢᠯ ᠎ ᠨᠢ ᠰᠠᠭᠤᠭᠠᠯᠢ ᠠᠷᠠᠳ ᠲᠦᠮᠡᠨ ᠤ ᠠᠮᠢᠳᠤᠷᠠᠯ ᠤᠨ ᠲᠥᠪᠰᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠢᠯᠡᠳᠬᠡᠯ ᠲᠤᠭ᠎ᠠ ᠶᠢ ᠳᠡᠭᠡᠭᠰᠢᠯᠡᠭᠦᠯᠬᠦ ᠳᠤ ᠴᠢᠬᠤᠯᠠ ᠤᠳᠬ᠎ᠠ ᠠᠭᠤᠯᠭ᠎ᠠ ᠲᠠᠢ ᠶᠤᠮ᠂ ᠡᠯ᠎ᠡ ᠰᠠᠯᠠᠭ᠎ᠠ ᠮᠦᠴᠢᠷ᠂ ᠪᠠᠶᠢᠭᠤᠯᠤᠯᠭ᠎ᠠ ᠠᠴᠠ ᠡᠷᠬᠡᠪᠰᠢ ᠳᠡᠭᠡᠲᠤ ᠬᠡᠮᠵᠢᠶᠠᠨ ᠤ ᠤᠯᠤᠰ ᠲᠦᠷᠥ ᠶᠢᠨ ᠬᠠᠷᠢᠭᠤᠴᠠᠯᠭᠠᠲᠤ ᠰᠡᠳᠬᠢᠯᠬᠡ᠂ ᠡᠷᠡᠰ ᠪᠠᠲᠤ ᠢᠲᠡᠬᠡᠯ ᠵᠣᠷᠢᠭ ᠢᠶᠠᠷ ᠠᠵᠢᠯᠯᠠᠬᠤ ᠬᠦᠴᠦᠨ ᠢᠶᠠᠨ ᠪᠠᠳᠠᠷᠠᠭᠤᠯᠵᠤ᠂ ᠳᠡᠰ ᠳᠠᠷᠠᠭ᠎ᠠ ᠲᠠᠢ ᠪᠠᠷ2018 ᠣᠨ ᠤ ᠠᠷᠠᠳ ᠲᠤ ᠠᠰᠢᠭᠲᠠᠢ ᠰᠠᠶᠢᠨ ᠤᠴᠢᠷ᠂ ᠪᠤᠲᠠᠲᠠᠢ ᠶᠠᠪᠤᠳᠠᠯ ᠤᠨ ᠲᠥᠷᠥᠯ ᠵᠥᠢᠯ ᠢ ᠲᠦᠯᠬᠢᠨ ᠠᠬᠢᠭᠤᠯᠬᠤ ᠬᠡᠷᠡᠭᠲᠡᠢ᠃        ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃        ᠰᠠᠶᠢᠨ ᠤᠴᠢᠷ  ᠪᠤᠲᠠᠲᠤ ᠶᠠᠪᠤᠳᠠᠯ ᠢ ᠡᠭᠦᠷᠭᠡᠯᠡᠭᠰᠡᠨ ᠰᠠᠯᠠᠭ᠎ᠠ ᠮᠦᠴᠢᠷ᠂ ᠪᠠᠶᠢᠭᠤᠯᠤᠯᠭ᠎ᠠ ᠎ ᠶᠢᠨ ᠭᠤᠣᠯ ᠤᠳᠤᠷᠢᠳᠤᠯᠭ᠎ᠠ ᠠᠴᠠ ᠦᠨᠡᠨ ᠪᠤᠲᠠᠲᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠬᠤᠷᠳᠤᠨ ᠲᠦᠷᠭᠡᠨ ᠢᠶᠠᠷ ᠬᠡᠷᠡᠭᠵᠢᠭᠦᠯᠬᠦ ᠲᠥᠰᠦᠯ ᠢᠶᠠᠨ ᠰᠣᠳᠤᠯᠵᠤ ᠲᠣᠭᠲᠠᠭᠠᠵᠤ᠂ ᠤᠯᠠᠮ ᠨᠢᠭᠡ ᠠᠯᠬᠤᠮ ᠨᠠᠷᠢᠨ ᠲᠣᠳᠤᠷᠬᠠᠢ ᠠᠵᠢᠯ ᠤᠨ ᠡᠭᠦᠷᠭᠡ ᠪᠠᠨ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠭᠲᠠᠭᠠᠵᠤ᠂ ᠠᠵᠢᠯ ᠤᠨ ᠵᠣᠷᠢᠯᠭ᠎ᠠ ᠪᠠᠨ ᠲᠣᠳᠤᠷᠬᠠᠢ ᠪᠣᠯᠭᠠᠨ᠂ ᠪᠦᠬᠦ ᠬᠦᠴᠦᠨ ᠢᠶᠠᠷ ᠰᠠᠶᠢᠨ ᠤᠴᠢᠷ ᠪᠤᠲᠠᠲᠠᠢ ᠶᠠᠪᠤᠳᠠᠯ ᠤᠨ ᠲᠦᠷᠦᠯ ᠵᠥᠢᠯ ᠤᠨ ᠤᠷᠤᠭᠰᠢᠲᠠᠢ ᠶᠠᠪᠤᠭᠳᠠᠬᠤ ᠶᠢ ᠲᠦᠯᠬᠢᠨ ᠠᠬᠢᠭᠤᠯᠤᠨ᠎ᠠ᠃        ᠬᠤᠶᠠᠷ᠂ ᠠᠵᠢᠯ ᠤᠨ ᠨᠠᠶᠢᠳᠠᠪᠤᠷᠢᠵᠢᠭᠤᠯᠬᠤ ᠶᠢ ᠬᠦᠴᠦᠲᠠᠢ ᠠᠳᠬᠤᠨ᠎ᠠ᠃        ᠡᠯ᠎ᠡ ᠳᠠᠭᠠᠭᠤᠯᠵᠤ ᠬᠢᠵᠤ ᠪᠠᠶᠢᠬᠤ ᠰᠠᠯᠠᠭ᠎ᠠ ᠮᠦᠴᠢᠷ᠂ ᠪᠠᠶᠢᠭᠤᠯᠤᠯᠭ᠎ᠠ ᠠᠴᠠ ᠤᠯᠠᠮ ᠨᠢᠭᠡ ᠠᠯᠬᠤᠮ ᠭᠦᠢᠴᠡᠳᠬᠡᠬᠦ ᠴᠢᠳᠠᠮᠵᠢ ᠪᠠ ᠨᠠᠶᠢᠳᠠᠪᠤᠷᠢᠵᠢᠭᠤᠯᠬᠤ ᠴᠢᠳᠠᠪᠤᠷᠢ ᠪᠠᠨ ᠨᠡᠮᠡᠭᠳᠡᠭᠦᠯᠵᠦ᠂ ᠬᠦᠴᠢᠷ ᠢ ᠳᠡᠰᠪᠦᠷᠢᠯᠡᠨ ᠰᠢᠪᠲᠤᠯᠵᠤ᠂ ᠵᠣᠷᠢᠭᠲᠠᠢ ᠡᠭᠦᠷᠭᠡᠯᠡᠵᠤ᠂ ᠠᠵᠢᠯ ᠤᠨ ᠵᠣᠷᠢᠯᠭ᠎ᠠ ᠪᠠᠨ ᠴᠢᠩᠭ᠎ᠠ ᠠᠳᠬᠤᠵᠤ᠂ ᠴᠠᠭ ᠤᠨ ᠠᠬᠢᠴᠠ ᠶᠢ ᠬᠦᠴᠦᠲᠠᠢ ᠪᠠᠷᠢᠵᠤ᠂ ᠬᠦᠴᠦᠲᠠᠢ ᠠᠷᠭ᠎ᠠ ᠬᠡᠮᠵᠢᠶ᠎ᠠ ᠠᠪᠴᠤ᠂ 2018 ᠣᠨ ᠤ ᠰᠠᠶᠢᠨ ᠤᠴᠢᠷ᠂ ᠪᠤᠲᠠᠲᠠᠢ ᠤᠴᠢᠷ ᠤᠨ ᠲᠦᠷᠦᠯ ᠵᠥᠢᠯ ᠤᠨ ᠪᠦᠬᠦ ᠲᠠᠯ᠎ᠠ ᠪᠠᠷ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ᠭᠤᠷᠪᠠ᠂ ᠬᠠᠮᠲᠤᠷᠠᠵᠤ ᠬᠠᠮᠵᠢᠯᠴᠠᠬᠤ ᠶᠢ ᠪᠠᠬᠢᠵᠢᠭᠦᠯᠦᠨ᠎ᠡ᠃        ᠡᠯ᠎ᠡ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠲᠠᠢ ᠪᠠᠷ ᠦᠢᠯᠡ ᠠᠵᠢᠯᠯᠠᠭ᠎ᠠ ᠪᠠᠨ ᠶᠠᠪᠤᠭᠤᠯᠵᠤ᠂ ᠬᠠᠮᠲᠤ ᠪᠠᠷ ᠬᠠᠮᠢᠶᠠᠷᠬᠤ ᠶᠢ ᠪᠦᠷᠢᠯᠳᠦᠭᠦᠯᠵᠦ᠂ ᠬᠠᠮᠲᠤᠪᠠᠷ ᠠᠵᠢᠯᠯᠠᠨ ᠬᠠᠮᠵᠢᠯᠴᠠᠬᠤ ᠬᠦᠴᠦᠨ ᠢ ᠪᠣᠢ ᠪᠣᠯᠭᠠᠨ᠎ᠠ᠃ ᠦᠨᠡᠨ  ᠪᠤᠲᠠᠲᠠᠢ ᠪᠠᠷ ᠠᠵᠢᠯ ᠤᠨ ᠣᠪᠤᠷ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠠᠵᠢᠯ ᠤᠨ ᠦᠷ᠎ᠡ ᠨᠣᠷᠮ᠎ᠠ ᠶᠢ ᠳᠡᠭᠡᠭᠰᠢᠯᠡᠭᠦᠯᠦᠨ᠎ᠡ᠃ 2018 ᠣᠨ ᠤ ᠠᠷᠠᠳ ᠲᠤ ᠠᠰᠢᠭᠲᠠᠢ ᠰᠠᠶᠢᠨ ᠤᠴᠢᠷ᠂ ᠪᠤᠲᠠᠲᠤ ᠶᠠᠪᠣᠳᠠᠯ ᠤᠨ ᠲᠦᠷᠦᠯ ᠵᠥᠢᠯ ᠤᠨ ᠰᠠᠶᠢᠬᠠᠨ ᠤᠯᠤᠰ  ᠲᠥᠷᠥ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ᠳᠥᠷᠪᠡ᠂ ᠬᠢᠨᠠᠯᠲᠠ ᠲᠠᠯᠪᠢᠵᠤ᠂  ᠬᠢᠨᠠᠨ ᠰᠢᠯᠭᠠᠬᠤ ᠶᠢ ᠴᠢᠩᠭᠠᠳᠬᠠᠨ᠎ᠠ᠃        ᠡᠯ᠎ᠡ ᠰᠠᠯᠠᠭ᠎ᠠ ᠮᠦᠴᠢᠷ ᠠᠴᠠ ᠰᠠᠷ᠎ᠠ ᠪᠦᠷᠢ ᠶᠢᠨ ᠰᠡᠭᠦᠯᠴᠢ ᠪᠠᠷ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠲᠤ ᠲᠤᠰ ᠰᠠᠷ᠎ᠠ ᠶᠢᠨ ᠰᠠᠶᠢᠨ ᠤᠴᠢᠷ ᠪᠣᠲᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠢᠶᠠᠨ ᠮᠡᠳᠡᠭᠦᠯᠦᠨ᠎ᠡ᠂ ᠡᠭᠦᠨ ᠳᠣᠲᠤᠷ᠎ᠠ ᠶᠠᠪᠤᠭᠳᠠᠭᠰᠠᠨ ᠪᠠᠶᠢᠳᠠᠯ᠂ ᠣᠷᠤᠰᠢᠵᠤ ᠪᠠᠶᠢᠬᠤ ᠠᠰᠠᠭᠤᠳᠠᠯ ᠪᠣᠯᠣᠨ ᠳᠠᠷᠠᠭᠠᠴᠢ ᠶᠢᠨ ᠠᠷᠭ᠎ᠠ ᠬᠡᠮᠵᠢᠶ᠎ᠠ ᠪᠠᠭᠲᠠᠨ᠎ᠠ᠃ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠠᠴᠠ ᠵᠠᠰᠠᠭ ᠤᠨ ᠣᠷᠳᠤᠨ ᠤ ᠠᠯᠪᠠᠨ ᠭᠡᠷ ᠠᠴᠠ ᠮᠦᠷᠳᠡᠨ ᠳᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠣᠭᠳᠠᠭᠰᠠᠨ ᠬᠤᠷᠭᠤᠴᠠᠭ᠎ᠠ ᠳᠤ ᠰᠠᠶᠢᠨ ᠤᠴᠢᠷ ᠵᠠᠪᠤᠳᠠᠯ ᠤᠨ ᠶᠠᠪᠤᠭᠳᠠᠵᠤ ᠪᠠᠶᠢᠬᠤ ᠪᠠᠶᠢᠳᠠᠯ ᠢ ᠮᠡᠳᠡᠭᠳᠡᠵᠦ᠂ 2018 ᠣᠨ ᠤ ᠠᠷᠠᠳ ᠎ ᠲᠤ ᠠᠰᠢᠭᠲᠠᠢ ᠰᠠᠶᠢᠨ ᠤᠴᠢᠷ ᠪᠤᠲᠠᠲᠤ ᠶᠠᠪᠤᠳᠠᠯ ᠤᠨ ᠲᠥᠷᠥᠯ ᠵᠥᠢᠯ ᠤᠨ ᠲᠡᠭᠦᠰ ᠠᠮᠵᠢᠯᠲᠠ ᠲᠠᠢ ᠦᠨᠳᠦᠷᠯᠡᠬᠦ ᠶᠢ ᠪᠠᠲᠤᠯᠠᠨ᠎ᠠ  ᠃

ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ

                    2018 ᠣᠨ ᠤ 2 ᠰᠠᠷ᠎ᠠ ᠶᠢᠨ 24᠎ ᠤ ᠡᠳᠥᠷ  

 
ᠢᠷᠡᠯᠲᠡ᠄ ᠪᠠᠶᠠᠠᠠᠤᠪᠤᠭ᠎ᠠ ᠠᠭᠣᠷᠬᠠᠢ ᠶᠢᠨ ᠲᠣᠭᠣᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号