| | | ᠭᠤᠤᠯ ᠰᠡᠳᠦᠪ᠄ ᠪᠠᠶᠠᠨ᠋ᠤ᠋ᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠶ᠎ᠡ | ᠴᠠᠭ᠄ 2018 —02 —05 09᠄ 56᠄ 32.0 | ᠤᠷᠤᠯᠴᠠᠭᠴᠢ᠄ ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠬᠠᠢ ᠹᠧᠩ | ᠠᠷᠤ ᠦᠵᠡᠭᠳᠠᠯ᠄ ᠪᠠᠶᠠᠨ᠋ᠤ᠋ᠪᠤᠭ᠎ᠠ ᠠᠭᠤᠷᠬᠠᠢ ᠶᠢᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠶ᠎ᠡ — — ᠪᠠᠶᠠᠨ᠋ᠤ᠋ᠪᠤᠭ᠎ᠠ ᠠᠭᠤᠷᠬᠠᠢ | ᠶᠢᠨ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠬᠠᠢ ᠹᠧᠩ ᠢ ᠰᠤᠷᠪᠤᠯᠵᠢᠯᠠᠭᠰᠠᠨ ᠨᠢ | 《 ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠵᠭᠠᠨ ᠭᠠᠷᠭᠠᠭᠰᠠᠨ ᠨᠢ᠄ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠤᠨ | ᠦᠭᠡᠷᠡᠴᠢᠯᠡᠯᠲᠡ ᠬᠢᠬᠦ ᠶᠢ ᠲᠦᠷᠭᠡᠳᠭᠡᠵᠦ᠂ ᠦᠵᠡᠰᠭᠦᠯᠡᠩᠲᠦ ᠰᠠᠶᠢᠬᠠᠨ ᠲᠤᠮᠳᠠᠳᠤ ᠤᠯᠤᠰ ᠢ ᠪᠦᠳᠦᠬᠡᠨ ᠪᠠᠶᠢᠭᠤᠯᠤᠨ᠎ᠠ᠃ ᠦᠪᠡᠷᠲᠡᠭᠡᠨ ᠵᠠᠰᠠᠬᠤ ᠤᠷᠤᠨ | ᠤ〈ᠬᠤᠶᠠᠷ ᠭᠤᠶᠤᠵᠢᠯᠳᠠ〉 ᠶᠢᠨ ᠲᠤᠷᠰᠢᠯᠲᠠ ᠶᠢᠨ ᠴᠡᠭ ᠪᠤᠯᠤᠭᠰᠠᠨ ᠤ ᠬᠤᠪᠢ ᠳᠤ ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠨᠢ ᠬᠤᠳᠠ ᠶᠢᠨ | ᠪᠦᠳᠦᠭᠡᠨ ᠪᠠᠶᠢᠭᠤᠯᠤᠯᠲᠠ ᠪᠠᠨ ᠲᠦᠷᠭᠡᠳᠭᠡᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠪᠠᠨ ᠰᠡᠷᠭᠦᠭᠡᠨ᠂ ᠪᠤᠬᠢᠷᠳᠤᠯ ᠦᠭᠡᠢ | ᠬᠦᠭᠵᠢᠯᠲᠡ ᠳᠤ ᠰᠠᠭᠤᠷᠢ ᠪᠤᠯᠤᠭᠰᠠᠨ ᠪᠠᠶᠢᠨ᠎ᠠ᠃ ᠤᠯᠠᠨ ᠲᠦᠮᠡᠨ ᠤ ᠥᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠤ᠂ | ᠠᠭᠤᠷᠬᠠᠢ ᠶᠢᠨ ᠲᠤᠭᠤᠷᠢᠭ ᠤᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠬᠦ ᠪᠠᠷ ᠴᠢᠷᠮᠠᠶᠢᠶ᠎ᠠ 》ᠭᠡᠵᠦ ᠪᠤᠭᠤᠲᠤ ᠬᠤᠳᠠ ᠶᠢᠨ | ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠬᠠᠢ ᠹᠧᠩ ᠰᠤᠷᠪᠤᠯᠵᠢᠯᠠᠭ᠎ᠠ ᠬᠦᠯᠢᠶᠡᠬᠦ ᠳᠤ ᠶᠠᠷᠢᠭᠰᠠᠨ ᠪᠠᠶᠢᠨ᠎ᠠ᠃ | ᠪᠠᠶᠠᠨ᠋ᠤ᠋ᠪᠤᠭ᠎ᠠ ᠪᠤᠯ ᠲᠤᠮᠳᠠᠲᠤ ᠭᠠᠳᠠᠭᠠᠳᠤ ᠶᠢᠨ ᠲᠡᠯᠡᠬᠡᠢ ᠶᠢᠨ《 ᠬᠤᠪᠤᠷ ᠰᠢᠷᠤᠢ ᠶᠢᠨ ᠨᠤᠳᠤᠭ》ᠭᠡᠵᠦ ᠠᠯᠳᠠᠷᠰᠢᠵᠠᠢ᠃ ᠤᠯᠤᠰ ᠤᠨ ᠲᠡᠰ | ᠤᠨ ᠲᠤᠰᠬᠠᠷ ᠠᠭᠤᠷᠬᠠᠢ ᠶᠢᠨ ᠲᠤᠭᠤᠷᠢᠭ᠂ ᠪᠤᠭᠤᠲᠤ ᠬᠤᠳᠠ ᠶᠢᠨ ᠪᠤᠯᠤᠳ ᠲᠡᠮᠦᠷ ᠤᠨ ︵ᠪᠦᠯᠦᠭᠯᠡᠯ︶ ᠺᠤᠮᠫᠠᠨᠢ ᠶᠢᠨ ᠭᠤᠤᠯ ᠪᠤᠯᠬᠤ ᠲᠦᠭᠦᠬᠡᠢ | ᠮᠠᠲ᠋ᠧᠷᠢᠶᠠᠯ ᠤᠨ ᠰᠠᠭᠤᠷᠢᠨ ᠭᠠᠵᠠᠷ ᠪᠤᠯᠤᠨ᠎ᠠ᠃ 60 ᠵᠢᠯ ᠤᠨ ᠲᠤᠷᠰᠢ᠂ ᠭᠠᠷᠭᠠᠭᠰᠠᠨ ᠠᠭᠤᠷᠬᠠᠢ ᠶᠢ ᠪᠤᠳᠤᠪᠠᠯ 4 ᠳ᠋ᠦᠩᠰᠢᠭᠤᠷ ᠲᠤᠨ ᠪᠠᠶᠢᠵᠤ᠂ ᠤᠯᠤᠰ | ᠤᠨ ᠬᠤᠪᠤᠷ ᠰᠢᠷᠤᠢ ᠶᠢᠨ ᠭᠦᠭᠵᠢᠯᠲᠡ ᠶᠢᠨ ᠲᠦᠷᠦ ᠶᠢᠨ ᠪᠤᠳᠤᠯᠭ᠎ᠠ᠂ ᠪᠤᠭᠤᠲᠤ ᠬᠤᠳᠠ ᠵᠢᠴᠢ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ | ᠬᠦᠭᠵᠢᠯᠲᠡ ᠶᠢ ᠲᠦᠯᠬᠢᠨ ᠠᠬᠢᠭᠤᠯᠵᠤ ᠤᠷᠤᠭᠰᠢᠯᠠᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠠ᠃ ᠭᠡᠪᠡᠴᠦ ᠬᠦᠭᠵᠢᠯᠲᠡ ᠶᠢᠨ ᠲᠤᠮᠳᠠ ᠠᠭᠤᠷᠬᠠᠢ ᠶᠢᠨ | ᠠᠮᠢ ᠠᠬᠤᠢ ᠶᠢᠨ ᠤᠷᠴᠢᠨ ᠲᠤᠭᠤᠷᠢᠨ ᠳᠤ ᠪᠠᠭ᠎ᠠ ᠡᠪᠳᠡᠭᠳᠡᠯ ᠢ ᠪᠤᠢ ᠪᠤᠯᠭᠠᠵᠤ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ | ᠬᠠᠷᠢᠴᠠᠩᠭᠤᠢ ᠪᠠᠷ ᠤᠳᠠᠭᠠᠰᠢᠷᠠᠪᠠ᠃ | ᠵᠠᠩ ᠬᠠᠢ ᠹᠧᠩ ᠬᠡᠯᠡᠭᠰᠡᠨ ᠨᠢ᠂ ᠤᠶᠢᠷ᠎ᠠ ᠶᠢᠨ ᠵᠢᠯ ᠳᠤ᠂ ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠨᠢ ᠬᠤᠳᠠ ᠶᠢᠨ ᠭᠤᠶᠤᠵᠢᠯᠳᠠ ᠪᠠ ᠠᠮᠢ | ᠠᠬᠤᠢ ᠶᠢᠨ ᠰᠡᠷᠭᠦᠭᠡᠯᠳᠡ ᠶᠢᠨ ᠲᠠᠯ᠎ᠠ ᠪᠠᠷ ᠶᠡᠭᠡ ᠬᠡᠮᠵᠢᠶᠡᠨ ᠤ ᠠᠵᠢᠯ ᠢ ᠬᠢᠭᠰᠡᠨ ᠪᠤᠯᠪᠠᠴᠤ᠂ ᠠᠷᠠᠳ ᠤᠯᠠᠨ ᠤ ᠬᠦᠰᠡᠯ ᠡᠷᠡᠮᠡᠯᠵᠡᠯ ᠲᠠᠢ ᠠᠳᠠᠯᠢᠳᠬᠠᠪᠠᠯ | ᠪᠠᠰᠠ ᠵᠦᠷᠢᠶ᠎ᠡ ᠲᠠᠢ ᠪᠠᠶᠢᠨ᠎ᠠ᠃ ᠡᠶᠢᠮᠦ ᠠᠴᠠ ᠪᠢᠳᠠ ᠢᠳᠡᠪᠬᠢᠳᠡᠢ ᠪᠠᠷ ᠬᠤᠳᠠ ᠶᠢᠨ《 ᠬᠤᠶᠠᠷ ᠭᠤᠶᠤᠵᠢᠯᠳᠠ》 ᠶᠢᠨ ᠲᠤᠷᠰᠢᠯᠳᠠ ᠶᠢᠨ ᠴᠡᠭ ᠢ ᠪᠦᠳᠦᠭᠡᠨ | ᠪᠠᠶᠢᠭᠤᠯᠤᠨ᠎ᠠ᠃ | ⒈ ᠬᠤᠳᠠ ᠶᠢᠨ ᠬᠦᠭᠵᠢᠯᠲᠡ ᠶᠢᠨ ᠶᠡᠷᠦᠩᠬᠡᠢ ᠲᠦᠯᠥᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ ᠲᠦᠯᠥᠪᠵᠢᠬᠦᠯᠵᠦ᠂ ᠬᠤᠳᠠ ᠶᠢᠨ ᠭᠠᠵᠠᠷ | ᠲᠤᠤᠷᠠᠬᠢ ᠰᠦᠯᠵᠢᠶᠡᠨ ᠤ ᠬᠤᠭᠤᠯᠠᠢ ᠵᠡᠷᠭᠡ ᠨᠢᠭᠡ ᠰᠢᠷᠢᠰ ᠲᠤᠰᠬᠠᠢ ᠲᠦᠯᠥᠪᠵᠢᠬᠦᠯᠭᠡ ᠶᠢᠨ ᠲᠦᠰᠦᠯ ᠢ ᠪᠠᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ | ᠲᠦᠷᠢᠮᠵᠢᠭᠦᠯᠵᠦ᠂ ᠤᠨᠴᠠᠯᠢᠭ ᠨᠢ ᠲᠤᠳᠤᠷᠬᠠᠢ᠂ ᠴᠢᠳᠠᠮᠵᠢ ᠨᠢ ᠲᠡᠭᠦᠯᠳᠡᠷᠵᠢᠭᠰᠡᠨ ᠬᠤᠳᠠ ᠶᠢᠨ ᠲᠦᠯᠥᠪᠵᠢᠬᠦᠯᠭᠡ ᠶᠢᠨ ᠰᠢᠰᠲ᠋ᠧᠮ ᠢ ᠪᠠᠶᠢᠭᠤᠯᠤᠨ᠎ᠠ᠃ | ⒉ ᠬᠤᠳᠠ ᠶᠢᠨ ᠭᠤᠶᠤᠵᠢᠯᠳᠠ ᠶᠢᠨ《 ᠲᠠᠪᠤᠨ ᠶᠡᠭᠡ ᠠᠵᠢᠯᠯᠠᠭ᠎ᠠ》 ᠶᠢ ᠦᠷᠨᠢᠭᠦᠯᠦᠨ᠎ᠡ᠃ ᠤᠯᠠᠨ ᠨᠡᠶᠢᠳᠡ ᠶᠢᠨ ᠦᠢᠯᠡᠴᠢᠯᠡᠭᠡᠨ ᠢ | ᠲᠡᠭᠡᠭᠰᠢᠯᠡᠭᠦᠯᠬᠦ ᠠᠵᠢᠯᠯᠠᠭᠠᠨ ᠢ ᠦᠷᠨᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠬᠠᠮᠤᠭ ᠤᠨ ᠠᠩᠬᠠᠨ ᠤ ᠤᠶᠤᠨᠲᠤ ᠬᠤᠳᠠ ᠶᠢᠨ ᠪᠡᠶ᠎ᠡ ᠪᠠᠷ ᠢᠶᠠᠨ | ᠤᠶᠢᠯᠠᠭᠠᠨ ᠦᠵᠡᠭᠦᠯᠬᠦ ᠲᠦᠪ᠂ ᠠᠩᠬᠠᠨ ᠤ ᠤᠯᠠᠨ ᠨᠡᠶᠢᠳᠡ ᠶᠢᠨ ᠠᠮᠤᠷ ᠲᠦᠪᠰᠢᠨ ᠤ ᠬᠠᠷᠠᠭᠠᠨ ᠲᠠᠪᠳᠠᠮᠵᠢ ᠶᠢᠨ ᠬᠢᠨᠠᠨ ᠡᠵᠡᠮᠰᠢᠬᠦ ᠰᠢᠰᠲ᠋ᠧᠮ᠂ ᠠᠩᠬᠠᠨ ᠤ | ᠤᠶᠤᠨᠲᠤ ᠠᠮᠤᠷ ᠲᠦᠪᠰᠢᠨ ᠢ ᠬᠢᠨᠠᠬᠤ ᠲᠠᠪᠴᠠᠩ ᠢ ᠪᠠᠶᠢᠭᠤᠯᠵᠤ᠂ ᠨᠡᠶᠢᠳᠡ ᠶᠢᠨ ᠨᠠᠮᠴᠢ ᠴᠢᠨᠠᠷ ᠤᠨ ᠵᠢᠭᠠᠨ ᠰᠤᠷᠭᠠᠯᠲᠠ᠂ ᠬᠤᠪᠢᠰᠬᠠᠯᠳᠤ ᠵᠢᠭᠤᠯᠴᠢᠯᠠᠯ᠂ | ᠵᠠᠯᠠᠭᠤᠴᠤᠳ ᠪᠠᠭᠠᠴᠤᠳ ᠤᠨ ᠦᠢᠯᠡᠳᠦᠯᠭᠡ ᠵᠡᠷᠭᠡ ᠴᠢᠳᠠᠮᠵᠢ ᠶᠢ ᠨᠢᠭᠡ ᠴᠤᠭᠴᠠ ᠪᠤᠯᠭᠠᠬᠤ《 ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ | ᠲᠡᠭᠦᠦ》 ᠶᠢᠨ ᠦᠢᠯᠡ ᠠᠵᠢᠯᠯᠭ᠎ᠠ ᠶᠢᠨ ᠦᠵᠡᠬᠦᠯᠥᠯᠭᠡ ᠶᠢᠨ ᠤᠷᠲᠤᠨ ᠢ ᠪᠠᠶᠢᠭᠤᠯᠵᠤ᠂ ᠨᠠᠰᠤᠲᠠᠨ ᠤ ᠠᠰᠠᠷᠠᠮᠵᠢ ᠶᠢᠨ ᠦᠢᠯᠡᠳᠪᠦᠷᠢ ᠬᠦᠷᠢᠶᠡᠯᠡᠩ ᠤᠨ | ᠭᠤᠤᠯ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠦ᠂ ᠰᠠᠭᠤᠷᠢ ᠲᠦᠬᠦᠭᠡᠷᠤᠮᠵᠢ ᠶᠢ ᠲᠡᠭᠡᠭᠰᠢᠯᠡᠭᠦᠯᠬᠦ ᠠᠵᠢᠯᠯᠭ᠎ᠠ ᠶᠢ ᠦᠷᠨᠢᠭᠦᠯᠪᠠ᠃ 2.7 | ᠳ᠋ᠦᠩᠰᠢᠭᠤᠷ ᠲᠦᠭᠦᠷᠢᠭ ᠤᠷᠴᠢᠮ ᠵᠠᠷᠤᠴᠠᠭᠤᠯᠵᠤ᠂ ᠬᠤᠳᠠ ᠶᠢᠨ ᠭᠤᠤᠯ ᠪᠤᠯᠬᠤ ᠵᠠᠮ ᠵᠡᠭᠡᠯᠢ ᠪᠠ ᠴᠢᠩᠭ᠎ᠠ ᠂ ᠰᠤᠯᠠ ᠴᠠᠬᠢᠯᠭᠠᠨ ᠬᠦᠴᠦᠳᠡᠯ ᠢ ᠭᠠᠵᠠᠷ ᠲᠤ | ᠤᠷᠤᠭᠤᠯᠬᠤ ᠦᠭᠡᠷᠡᠴᠢᠯᠡᠯᠲᠡ ᠢ ᠪᠠᠶᠡᠯᠡᠭᠦᠯᠵᠦ᠂ ᠵᠢᠵᠢᠭ ᠵᠡᠭᠡᠯᠢ ᠭᠤᠳᠤᠮᠵᠢ ᠶᠢ ᠶᠡᠷᠦᠩᠬᠡᠶᠢᠯᠡᠨ ᠵᠠᠰᠠᠬᠤ᠂《 ᠵᠢᠷᠭᠤᠭᠠᠨ ᠬᠦᠨᠳᠡᠯᠡᠨ ᠵᠢᠷᠭᠤᠭᠠᠨ | ᠭᠤᠯᠲᠤ》ᠵᠠᠮ ᠤᠨ ᠲᠤᠭᠳᠠᠯᠴᠠᠭ᠎ᠠ ᠶᠢ ᠪᠠᠶᠢᠭᠤᠯᠵᠤ᠂ ᠵᠤᠯ ᠵᠢᠷᠭᠠᠯᠲᠤ ᠠᠮᠤᠭᠤᠯᠠᠩ ᠰᠠᠭᠤᠴᠠ ᠶᠢᠨ ᠠᠵᠢᠯᠯᠠᠭ᠎ᠠ ᠶᠢ ᠦᠷᠨᠢᠭᠦᠯᠪᠠ᠃ ᠵᠠᠯᠭᠠᠭ᠎ᠠ ᠪᠠᠷ ᠬᠤᠶᠠᠷ | ᠵᠢᠯ ᠳᠤ ᠨᠡᠶᠢᠳᠡ 5.4 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠪᠦᠬᠦ ᠬᠠᠭᠤᠴᠢᠨ ᠠᠰᠠᠷ᠂ ᠪᠠᠶᠢᠰᠢᠩ ᠤᠨ ᠡᠨᠧᠷᠬᠢ ᠠᠷᠪᠢᠯᠠᠬᠤ ᠪᠦᠳᠦᠭᠡᠨ | ᠪᠠᠶᠢᠭᠤᠯᠤᠯᠳᠠ ᠳᠤ ᠦᠭᠡᠷᠡᠴᠢᠯᠡᠯᠲᠡ ᠬᠢᠭᠰᠡᠨ ᠪᠠ ᠬᠠᠭᠤᠴᠢᠨ ᠰᠠᠭᠤᠭᠠᠯᠢ ᠲᠤᠭᠤᠷᠢᠭ ᠤᠨ ᠭᠠᠵᠠᠷ ᠲᠤᠤᠷᠠᠬᠢ ᠰᠦᠯᠵᠢᠶᠡᠨ ᠤ ᠬᠤᠭᠤᠯᠠᠢ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠡᠶᠡᠯᠡᠭᠦᠯᠪᠡ᠃ ᠪᠤᠷᠤ ᠪᠦᠷᠬᠡ ᠤᠷᠤᠨ ᠰᠠᠭᠤᠴᠠ ᠶᠢ ᠨᠡᠭᠦᠯᠭᠡᠨ ᠲᠦᠪᠬᠢᠨᠡᠭᠦᠯᠬᠦ ᠵᠠᠰᠠᠯᠲᠠ ᠶᠢᠨ ᠬᠤᠷᠳᠤᠴᠠ ᠶᠢ | ᠲᠦᠷᠭᠡᠳᠭᠡᠵᠦ᠂ 2014᠂ 2015 ᠤᠨ ᠳᠤ ᠡᠭᠦᠷᠭᠡ ᠪᠠᠨ ᠲᠠᠪᠠᠭᠤᠯᠤᠨ ᠪᠠᠶᠠᠯᠡᠭᠦᠯᠵᠡᠢ᠃ 2017 ᠤᠨ ᠳᠤ 85.9% ᠶᠢ ᠬᠦᠢᠴᠡᠳᠭᠡᠪᠡ᠃ ᠡᠭᠦᠨ | ᠤ ᠬᠠᠮᠲᠤ 756 ᠡᠷᠦᠬᠡ ᠤᠭ ᠭᠠᠵᠡᠷ ᠲᠤ ᠪᠠᠨ ᠦᠭᠡᠷᠡᠴᠢᠯᠡᠨ ᠰᠢᠨᠡᠳᠭᠡᠭᠰᠡᠨ ᠪᠠ ᠪᠤᠷᠤ ᠪᠦᠷᠬᠡ ᠤᠷᠤᠨ ᠰᠠᠭᠤᠴᠠ ᠶᠢ ᠲᠦᠪᠬᠢᠨᠡᠭᠦᠯᠬᠦ ᠰᠠᠭᠤᠭᠠᠯᠢ | ᠲᠤᠭᠤᠷᠢᠭ ᠢ ᠪᠦᠳᠦᠭᠡᠨ ᠪᠠᠶᠢᠭᠤᠯᠬᠤ ᠢ ᠬᠦᠢᠴᠡᠳᠭᠡᠵᠦ᠂ ᠬᠤᠳᠠ ᠳᠤ ᠦᠩᠭᠡ ᠭᠡᠷᠡᠯᠲᠤ ᠠᠵᠢᠯᠯᠠᠭ᠎ᠠ ᠶᠢ ᠦᠷᠨᠢᠭᠦᠯᠪᠡ᠃ 1 ᠳ᠋ᠦᠩᠰᠢᠭᠤᠷ ᠲᠦᠭᠦᠷᠢᠭ | ᠵᠠᠷᠤᠴᠠᠭᠤᠯᠵᠤ᠂ ᠬᠤᠳᠠ ᠶᠢᠨ ᠭᠤᠤᠯ ᠪᠤᠯᠬᠤ ᠵᠠᠮ᠂ ᠴᠡᠴᠡᠷᠯᠢᠭ ᠤᠨ ᠨᠤᠭᠤᠭᠠᠷᠠᠯᠳᠠ ᠪᠠ ᠦᠵᠡᠮᠵᠢ ᠶᠢᠨ ᠨᠤᠭᠤᠭᠠᠷᠯᠲᠠ ᠶᠢ ᠴᠢᠮᠡᠭᠯᠡᠨ ᠭᠡᠷᠡᠯᠳᠦᠴᠡ ᠶᠢ | ᠨᠡᠮᠡᠭᠳᠡᠬᠦᠯᠪᠡ᠃ ᠪᠦᠬᠦ ᠰᠠᠭᠤᠭᠠᠯᠢ ᠠᠷᠠᠳ ᠤᠨ ᠲᠤᠭᠤᠷᠢᠭ ᠲᠤ ᠂ ᠦᠨ᠎ᠡ ᠲᠦᠯᠦᠪᠦᠷᠢ ᠦᠬᠡᠢ ᠪᠠᠷ ᠠᠰᠠᠷ ᠤᠨ ᠬᠤᠩᠬᠢᠯ ᠤᠨ ᠭᠡᠷᠡᠯᠳᠦᠬᠦᠯᠭᠡ ᠶᠢᠨ | ᠰᠢᠰᠲ᠋ᠧᠮ ᠢ ᠲᠠᠭᠠᠷᠠᠭᠤᠯᠵᠤ᠂ ᠬᠤᠳᠠ ᠶᠢᠨ ᠬᠠᠮᠢᠶᠠᠷᠤᠯᠳᠠ ᠶᠢᠨ ᠨᠠᠷᠢᠯᠢᠭᠴᠢᠯᠠᠭᠰᠠᠨ ᠠᠵᠢᠯᠯᠭ᠎ᠠ ᠶᠢ ᠦᠷᠨᠢᠭᠦᠯᠪᠡ᠃ ᠬᠤᠳᠠ ᠶᠢᠨ ᠬᠠᠮᠢᠶᠠᠷᠤᠯᠳᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠦᠪ ᠢ ᠵᠤᠬᠢᠶᠠᠨ ᠪᠠᠶᠢᠭᠤᠯᠵᠤ᠂ ᠬᠤᠳᠠ ᠶᠢᠨ ᠬᠠᠮᠢᠶᠠᠷᠤᠯᠳᠠ ᠶᠢ ᠨᠡᠩ ᠤᠨᠤᠪᠴᠢᠳᠠᠢ᠂ ᠦᠨᠳᠦᠷ ᠦᠷ᠎ᠡ ᠠᠰᠢᠭ | ᠲᠠᠢ ᠲᠦᠷᠢᠮᠵᠢᠭᠰᠡᠨ ᠪᠤᠯᠭᠠᠨ᠎ᠠ᠃ | ⒊ ᠠᠮᠢ ᠠᠬᠤᠢ ᠢ ᠰᠡᠷᠭᠦᠭᠡᠬᠦ《 ᠭᠤᠷᠪᠠᠨ ᠶᠡᠭᠡ ᠢᠨᠵᠧᠨ᠋ᠷᠢᠩ》 ᠢ ᠬᠡᠷᠡᠭᠵᠢᠭᠦᠯᠦᠨ᠎ᠡ᠃ ᠨᠤᠭᠤᠭᠠᠷᠠᠯᠲᠠ ᠶᠢᠨ ᠢᠨᠵᠧᠨ᠋ᠷᠢᠩ ᠢ ᠪᠠᠶᠡᠯᠡᠭᠦᠯᠦᠨ᠎ᠡ ᠃ | 2015 ᠤᠨ ᠠᠴᠠ ᠡᠬᠢᠯᠡᠨ ᠨᠡᠶᠢᠳᠡ 3 ᠳ᠋ᠦᠩᠰᠢᠭᠤᠷ ᠲᠦᠭᠦᠷᠢᠭ ᠵᠠᠷᠤᠴᠠᠭᠤᠯᠵᠤ᠂《 ᠨᠢᠭᠡ ᠲᠤᠭᠤᠷᠢᠯ᠂ ᠨᠢᠭᠡ ᠲᠦᠪ᠂ ᠬᠤᠶᠠᠷ ᠴᠡᠴᠡᠷᠯᠢᠭ᠂ ᠤᠯᠠᠨ | ᠬᠤᠩᠬᠢᠯ》 ᠤᠨ ᠬᠤᠳᠠ ᠶᠢᠨ ᠨᠤᠭᠤᠭᠠᠷᠠᠯᠳᠠ ᠶᠢᠨ ᠶᠡᠷᠦᠩᠬᠡᠶᠢᠯᠡᠭᠰᠡᠨ ᠲᠤᠭᠳᠠᠯᠴᠠᠭ᠎ᠠ ᠶᠢ ᠴᠢᠷᠮᠠᠶᠢᠨ ᠪᠠᠶᠡᠯᠡᠭᠦᠯᠪᠡ᠃ | ᠤᠳᠤ ᠬᠤᠳᠠ ᠪᠠ ᠠᠭᠤᠷᠬᠠᠢ ᠶᠢᠨ ᠨᠤᠭᠤᠭᠠᠷᠠᠯᠲᠠ ᠶᠢᠨ ᠲᠠᠯᠠᠪᠠᠢ ᠨᠢ400 ᠲᠦᠮᠡᠨ ᠺᠦᠸᠠᠳ᠋ ᠮᠧᠲᠷ ᠬᠦᠷᠴᠦ᠂ ᠨᠤᠭᠤᠭᠠᠷᠠᠯᠲᠠ ᠶᠢᠨ ᠨᠤᠷᠮ᠎ᠠ ᠨᠢ | 38.9% ᠳᠤ ᠬᠦᠷᠴᠦ᠂ ᠬᠦᠮᠦᠨ ᠪᠦᠷᠢ ᠳᠤ ᠲᠡᠭᠰᠢᠳᠭᠡᠭᠡᠳ ᠴᠡᠴᠡᠷᠯᠢᠭ ᠤᠨ ᠲᠠᠯᠠᠪᠠᠢ ᠨᠢ ᠲᠤᠮᠳᠠᠴᠢ ᠪᠠᠷ 46.5ᠺᠦᠸᠠᠳ᠋ ᠮᠧᠲᠷ ᠬᠦᠷᠴᠠᠢ ᠃ ᠯᠠᠨ | ᠲᠢᠶᠠᠨ ᠤᠰᠤ ᠴᠡᠪᠡᠷᠰᠢᠭᠦᠯᠬᠦ ᠢᠨᠵᠧᠨ᠋ᠷᠢᠩ ᠤᠨ ᠠᠵᠢᠯᠯᠠᠭ᠎ᠠ ᠶᠢ ᠪᠡᠶᠡᠯᠡᠭᠦᠯᠪᠡ᠃ 4000 ᠭᠠᠷᠤᠢ ᠲᠦᠮᠡᠨ ᠲᠦᠭᠦᠷᠢᠭ ᠵᠠᠷᠤᠴᠠᠭᠤᠯᠵᠤ᠂ ᠲᠤᠯᠠᠭᠠᠮᠵᠢ ᠶᠢᠨ | ᠰᠦᠯᠵᠢᠶᠡᠨ ᠤ ᠬᠤᠭᠤᠯᠠᠢ ᠶᠢ ᠵᠠᠰᠠᠨ ᠰᠠᠶᠢᠵᠢᠷᠠᠭᠤᠯᠵᠤ᠂ 1.6 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠬᠤᠳᠠ ᠶᠢᠨ ᠲᠤᠳᠤᠷᠠᠬᠢ 10 ᠲᠤᠨ ᠠᠴᠠ | ᠲᠤᠭᠤᠭᠰᠢᠬᠢ ᠨᠠᠭᠦᠷᠡᠰᠦ ᠰᠢᠳᠠᠭᠠᠵᠤ ᠪᠠᠶᠢᠭ᠎ᠠ ᠵᠤᠤᠬ᠎ᠠ ᠶᠢ《 ᠨᠡᠭᠦᠷᠡᠰᠦ ᠶᠢ ᠬᠡᠢ ᠪᠤᠯᠭᠠᠨ ᠦᠭᠡᠷᠡᠴᠢᠯᠡᠬᠦ》᠂ ᠲᠤᠯᠠᠭᠠᠯᠭ᠎ᠠ ᠶᠢᠨ ᠤᠷᠴᠢᠨ ᠲᠤᠭᠤᠷᠢᠨ ᠢ | ᠬᠠᠮᠠᠭᠠᠯᠠᠬᠤ ᠴᠢᠳᠠᠮᠵᠢ ᠳᠤ ᠦᠭᠡᠷᠡᠴᠢᠯᠡᠯᠲᠡ ᠬᠢᠵᠦ᠂ ᠬᠠᠮᠤᠭ ᠠᠩᠬᠠᠨ ᠤ ᠪᠦᠬᠦ ᠬᠤᠳᠠ ᠶᠢᠨ ᠰᠠᠯᠬᠢᠨ ᠢᠶᠠᠷ ᠴᠠᠬᠢᠯᠭᠠᠨ ᠭᠠᠷᠭᠠᠵᠤ ᠲᠤᠯᠠᠭᠠᠯᠭ᠎ᠠ ᠬᠢᠬᠦ | ᠲᠦᠰᠦᠯ ᠢ ᠪᠦᠳᠦᠭᠡᠨ ᠪᠠᠶᠢᠭᠤᠯᠵᠤ᠂ ᠪᠦᠬᠦ ᠬᠤᠳᠠ ᠶᠢᠨ ᠴᠤᠷ ᠤᠨ ᠭᠠᠭᠴᠠ ᠰᠠᠭᠤᠭᠠᠯᠢ ᠠᠷᠠᠳ ᠤᠨ ᠲᠦᠪᠯᠡᠷᠡᠭᠦᠯᠦᠨ ᠲᠤᠯᠠᠭᠠᠯᠭ᠎ᠠ ᠬᠢᠬᠦ ᠪᠠᠷ ᠪᠦᠬᠦᠨ ᠢ | ᠪᠦᠷᠭᠦᠭᠰᠡᠨ ᠤᠷᠤᠨ ᠪᠤᠯᠵᠠᠢ᠃《 ᠠᠭᠤᠷᠬᠠᠢ ᠶᠢᠨ ᠨᠤᠭᠤᠭᠠᠷᠠᠯᠲᠠ》ᠵᠢᠨᠢᠨᠵᠧᠨ᠋ᠷᠢᠩ ᠢ ᠪᠠᠶᠢᠭᠤᠯᠤᠨ᠎ᠠ᠃ ᠤᠯᠠᠮᠵᠢᠯᠠᠯᠳᠤ ᠦᠢᠯᠡᠳᠪᠦᠷᠢ ᠪᠠᠨ ᠪᠤᠬᠢᠷᠳᠤᠯ | ᠦᠭᠡᠢ ᠬᠡᠯᠪᠡᠷᠢ ᠪᠤᠯᠭᠠᠨ ᠦᠭᠡᠷᠡᠴᠢᠯᠡᠬᠦ ᠪᠠᠷ ᠲᠦᠯᠬᠢᠨ ᠠᠬᠢᠭᠤᠯᠤᠨ᠎ᠠ᠃ ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠤᠨ ᠡᠬᠢ ᠪᠠᠶᠠᠯᠢᠭ ᠢᠶᠠᠨ ᠶᠠᠷᠦᠩᠬᠡᠶᠢᠯᠡᠨ | ᠠᠰᠢᠭᠯᠠᠵᠤ ᠡᠷᠬᠢᠯᠳᠡᠳᠦ ᠠᠵᠤ ᠠᠬᠤᠢ ᠶᠢᠨ ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠬᠤ ᠪᠠᠷ ᠵᠦᠪᠰᠢᠶᠡᠷᠡᠪᠡ᠃ ᠲᠠᠷᠠᠭᠠᠴᠢ ᠶᠢᠨ ᠠᠯᠬᠤᠮ ᠳᠤ᠂ ᠵᠠᠩ | ᠬᠠᠢ ᠹᠧᠩ ᠢᠯᠡᠷᠬᠡᠶᠢᠯᠡᠭᠰᠡᠨ ᠨᠢ᠂ ᠤᠯᠠᠮ ᠨᠢᠭᠡ ᠠᠯᠬᠤᠮ ᠨᠤᠭᠤᠭᠠᠷᠠᠯᠳᠠ ᠶᠢᠨ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠠᠭᠤᠷᠬᠠᠢ ᠶᠢᠨ ᠭᠠᠵᠠᠷ ᠤᠨ ᠤᠷᠴᠢᠨ ᠲᠤᠭᠤᠷᠢᠨ ᠢ ᠰᠡᠷᠭᠦᠭᠡᠨ ᠵᠠᠰᠠᠬᠤ ᠶᠢ ᠡᠳᠡᠪᠬᠢᠲᠠᠢ ᠲᠦᠯᠬᠢᠨ ᠠᠬᠢᠭᠤᠯᠵᠤ᠂ ᠤᠷᠴᠢᠨ ᠲᠤᠭᠤᠷᠢᠨ ᠢ ᠬᠠᠮᠠᠭᠠᠯᠠᠬᠤ | ᠪᠠᠬᠢᠯᠡᠯᠲᠡ ᠶᠢ ᠲᠠᠭᠠᠷᠢᠬᠤ ᠶᠢ ᠰᠠᠶᠢᠳᠤᠷ ᠬᠢᠵᠦ᠂ ᠬᠤᠳᠠ ᠶᠢᠨ ᠨᠠᠷᠢᠯᠢᠭᠴᠢᠯᠠᠭᠰᠠᠨ ᠬᠠᠮᠢᠶᠠᠷᠤᠯᠳᠠ ᠶᠢᠨ ᠴᠢᠷᠮᠠᠶᠢᠯᠭ᠎ᠠ ᠪᠠᠨ ᠴᠢᠩᠭᠠᠳᠬᠠᠨ᠎ᠠ ᠃《 | ᠪᠠᠶᠠᠨ᠋ᠤ᠋ᠪᠤᠭ᠎ᠠ ᠲᠤᠭᠤᠷᠢᠭ ᠤᠨ ᠤᠭ ᠰᠠᠨᠠᠭ᠎ᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨᠴᠢ ᠪᠠᠷ | ᠲᠦᠯᠦᠪᠵᠢᠭᠦᠯᠭᠡ ᠬᠢᠬᠦ ᠶᠢ ᠡᠷᠡᠰ ᠪᠠᠷᠢᠮᠳᠠᠯᠠᠵᠤ᠂ ᠵᠤᠬᠢᠶᠠᠨ ᠪᠠᠶᠢᠭᠤᠯᠤᠯᠳᠠ ᠪᠠ ᠬᠠᠮᠢᠶᠠᠷᠤᠯᠳᠠ ᠪᠠᠨ ᠴᠢᠬᠤᠯᠠᠴᠢᠯᠠᠵᠤ᠂ ᠶᠤᠰᠤᠨ ᠳᠤ ᠨᠡᠶᠢᠴᠡᠭᠰᠡᠨ᠂ ᠬᠠᠤᠯᠢ | ᠳᠤ ᠨᠡᠶᠢᠴᠡᠭᠰᠡᠨ᠂ ᠡᠮᠬᠢ ᠲᠢᠭᠯᠢᠮ ᠲᠠᠢ᠂ ᠡᠷᠡᠭᠦᠯ ᠢᠶᠠᠷ ᠪᠦᠳᠦᠭᠡᠨ ᠪᠠᠶᠢᠭᠤᠯᠵᠤ᠂ ᠬᠤᠳᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠠᠭᠤᠷᠬᠠᠢ ᠶᠢᠨ ᠠᠷᠠᠳ | ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠯ ᠡᠳ᠋ᠯᠡᠭᠦᠯᠬᠦ ᠪᠠᠷ ᠴᠢᠷᠮᠠᠶᠢᠶ᠎ᠡ》ᠭᠡᠵᠦ ᠵᠠᠩ ᠬᠠᠢ ᠹᠧᠩ ᠡᠷᠡᠰ ᠴᠢᠩᠭ᠎ᠠ ᠶᠡᠷᠢᠪᠠ᠃ |