《ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ— ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢ ᠰᠣᠷᠪᠤᠯᠵᠢᠯᠠᠭᠰᠠᠨ ᠨᠢ》ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ᠂ ᠢᠳᠡᠪᠬᠢᠲᠡᠢ ᠲᠤᠭᠤᠰᠢᠯᠠᠭᠤᠯᠤᠭᠰᠠᠨ ᠎ ᠨᠢ
ᠨᠡᠶᠢᠲᠡᠯᠡᠭᠰᠡᠨ ᠴᠠᠭ᠄
2018-05-16
         ᠵᠣᠴᠢᠨ᠄  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠢ ᠣᠷᠳᠣᠨ ᠤ ᠳᠠᠷᠤᠭ᠎ᠠ ᠬᠤᠸᠠᠩ ᠮᠢᠨ      ᠰᠣᠷᠪᠤᠯᠵᠢᠯᠠᠭᠴᠢ ᠷᠧᠨ ᠸᠧᠨ ᠵᠢᠩ ᠮᠡᠳᠡᠭᠡᠯᠡᠭᠰᠡᠨ ᠨᠢ᠄ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠭᠦᠳᠡ ᠬᠤᠷᠠᠯ ᠳᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠦᠨ ᠤᠳᠬ᠎ᠠ ᠠᠭᠤᠯᠭ᠎ᠠ ᠶᠢ ᠣᠨᠤᠪᠴᠢᠲᠠᠢ ᠣᠶᠢᠯᠠᠭᠠᠵᠤ᠂ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂《ᠰᠢᠷᠤᠢ ᠮᠠᠯᠲᠠᠵᠤ ᠰᠢᠷᠤᠢ ᠬᠤᠳᠠᠯᠳᠤᠬᠤ》ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠭᠡᠨ ᠢ ᠳᠡᠭᠡᠭᠰᠢᠯᠡᠭᠦᠯᠬᠦ ᠶᠢ ᠳᠤᠷᠠᠳᠤᠨ ᠭᠠᠷᠭᠠᠭᠰᠠᠨ ᠪᠠᠶᠢᠨ᠎ᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠢ ᠣᠷᠳᠣᠨ ᠤ ᠳᠠᠷᠤᠭ᠎ᠠ ᠬᠤᠸᠠᠩ ᠮᠢᠨ ᠠᠴᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠬᠤᠪᠤᠷ ᠰᠢᠷᠤᠢ ᠶᠢᠨ ᠡᠬᠢ ᠰᠣᠷᠪᠤᠯᠵᠢ ᠶᠢᠨ ᠭᠠᠷᠤᠯᠲᠠ ᠪᠠᠷ ᠰᠢᠪᠲᠤᠯᠤᠯᠲᠠ ᠪᠣᠯᠭᠠᠵᠤ᠂ ᠳᠠᠪᠠᠭᠤᠯᠢᠭ ᠣᠨᠴᠠᠯᠢᠭ ᠪᠥᠬᠦᠢ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠦᠨ᠎ᠡ ᠬᠡᠵᠦ ᠢᠯᠡᠳᠬᠡᠪᠡ᠃      ᠬᠤᠸᠠᠩ ᠮᠢᠨ᠄《ᠪᠢᠳᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠴᠢᠩᠭᠠᠳᠬᠠᠵᠤ᠂ ᠠᠵᠤ ᠠᠬᠤᠢ ᠶᠢᠨ ᠡᠷᠭᠢᠯᠲᠡ ᠳᠤ ᠶᠡᠭᠡ ᠬᠦᠴᠦ ᠪᠠᠨ ᠲᠠᠯᠪᠢᠵᠦ᠂ ᠪᠣᠭᠤᠲᠤ ᠶᠢᠨ ᠪᠣᠯᠤᠳ ᠲᠡᠮᠦᠷ ᠤᠨ ᠪᠣᠣ ᠱᠠᠨ ᠠᠭᠤᠷᠬᠠᠢ ᠶᠢᠨ ᠺᠣᠮᠫᠠᠨᠢ ᠳᠤ ᠲᠥᠰᠢᠭᠯᠡᠨ ᠨᠢᠥᠪᠢ᠂  ᠰᠺᠠᠨᠳᠢ ᠵᠡᠷᠭᠡ ᠶᠢ ᠭᠦᠨᠵᠡᠭᠡᠢ ᠦᠢᠯᠡᠳᠪᠦᠷᠢᠯᠡᠨ᠂ ᠶᠡᠭᠡ ᠬᠦᠴᠦ ᠪᠠᠷ ᠬᠤᠳᠠᠯᠳᠤᠭᠠᠴᠢᠨ ᠤᠷᠢᠵᠤ ᠪᠡᠯᠡ ᠣᠷᠤᠭᠤᠯᠤᠨ᠂ ᠦᠢᠯᠡᠳᠬᠦᠨ ᠤ ᠬᠥᠭᠵᠢᠯᠲᠡ ᠶᠢᠨ ᠬᠡᠯᠬᠢᠶ᠎ᠡ ᠶᠢ ᠤᠷᠲᠤᠳᠬᠠᠨ᠎ᠠ᠃ ᠨᠥᠭᠦᠭᠡ ᠲᠠᠯ᠎ᠠ ᠪᠠᠷ ᠲᠣᠭᠤᠷᠢᠭ ᠤᠨ ᠪᠥᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠪᠠ ᠠᠭᠤᠷᠬᠠᠢ ᠶᠢᠨ ᠦᠯᠡᠳᠡᠭᠳᠡᠯ ᠢ ᠰᠠᠶᠢᠲᠤᠷ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠨᠢᠭᠡ ᠲᠠᠯ᠎ᠠ ᠪᠠᠷ ᠪᠢᠳᠡ ᠮᠠᠨ ᠤ ᠣᠳᠣᠬᠠᠨ ᠤ ᠪᠠᠶᠢᠭ᠎ᠠ ᠠᠯᠠᠰᠢᠨ ᠤ ᠬᠤᠨᠢᠨ ᠤ ᠮᠠᠯᠵᠢᠯ ᠤᠨ ᠦᠢᠯᠡᠰ ᠤᠨ ᠭᠦᠨᠵᠡᠭᠡᠢ ᠪᠤᠷᠤᠯᠠᠭᠤᠯᠤᠯᠲᠠ ᠪᠠ ᠬᠥᠯᠳᠡᠭᠦᠦ ᠠᠵᠤ ᠦᠢᠯᠡᠰ ᠤᠨ ᠬᠡᠯᠬᠢᠶᠡᠨ ᠤ ᠨᠢᠭᠡᠲᠦᠯᠵᠢᠭᠦᠯᠦᠯᠲᠡ ᠶᠢᠨ ᠲᠥᠷᠦᠯ ᠵᠥᠢᠯ ᠢ ᠪᠥᠲᠦᠭᠡᠨ  ᠪᠠᠶᠢᠭᠤᠯᠤᠨ᠎ᠠ᠃ ᠭᠤᠷᠪᠠᠳᠤᠭᠠᠷ ᠠᠵᠤ ᠦᠢᠯᠡᠰ ᠤᠨ ᠲᠠᠯ᠎ᠠ ᠳᠤ ᠪᠢᠳᠡ ᠪᠢᠳᠡᠨ ᠤ ᠠᠭᠤᠷᠬᠠᠢ ᠶᠢᠨ ᠠᠭᠤᠯᠠ᠂ ᠤᠳᠬ᠎ᠠ ᠰᠣᠶᠤᠯ᠂ ᠬᠤᠪᠤᠷ ᠴᠢᠯᠠᠭᠤ᠂ ᠬᠢᠯᠢ ᠬᠢᠵᠠᠭᠠᠷ ᠤᠨ ᠪᠣᠭᠤᠮᠲᠠ᠂ ᠤᠯᠠᠭᠠᠨ ᠵᠢᠭᠤᠯᠴᠢᠯᠠᠯ ᠵᠡᠷᠭᠡ  ᠳᠠᠪᠠᠭᠤᠯᠢᠭ ᠲᠠᠯ᠎ᠠ ᠪᠠᠨ ᠠᠰᠢᠭᠯᠠᠵᠤ ᠤᠳᠬ᠎ᠠ ᠰᠣᠶᠤᠯ ᠤᠨ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠬᠥᠭᠵᠢᠭᠦᠯᠦᠨ᠎ᠡ᠃ ᠹᠸᠢ ᠳ᠋ᠢ ᠠᠵᠤ ᠠᠬᠤᠢ ᠶᠢ ᠰᠠᠶᠢᠲᠤᠷ ᠪᠥᠲᠦᠭᠡᠨ ᠪᠠᠶᠢᠭᠤᠯᠤᠨ᠎ᠠ᠃ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠥᠭᠵᠢᠬᠦ ᠪᠠᠷ ᠳᠠᠮᠵᠢᠭᠤᠯᠤᠨ ᠤᠯᠤᠰ ᠤᠨ ᠲᠤᠰᠠᠭᠠᠷ ᠠᠭᠤᠷᠬᠠᠢ ᠶᠢᠨ ᠦᠢᠯᠡᠳᠪᠦᠷᠢ ᠶᠢᠨ ᠲᠣᠭᠤᠷᠢᠭ ᠪᠣᠯᠬᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃》      ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠪᠥᠬᠦ ᠲᠠᠯ᠎ᠠ ᠶᠢᠨ ᠴᠢᠨᠠᠷᠲᠠᠢ ᠣᠨᠴᠠᠯᠢᠭ ᠲᠠᠢ᠂ ᠪᠣᠰᠤᠳ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠤᠷᠢᠳᠠᠯ ᠮᠦᠨ᠂ ᠨᠡᠩ ᠴᠦ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠪᠤᠲᠠᠲᠠᠢ ᠠᠵᠢᠯᠯᠠᠭ᠎ᠠ ᠮᠦᠨ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠥᠪᠡᠷ ᠤᠨ ᠪᠡᠶ᠎ᠡ ᠳᠤ ᠪᠠᠨ ᠳᠠᠷᠤᠯᠲᠠ ᠲᠠᠯᠪᠢᠵᠦ᠂ ᠪᠤᠲᠠᠲᠠᠢ ᠠᠵᠢᠯᠯᠠᠭ᠎ᠠ ᠠᠪᠴᠤ᠂  ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠲᠡᠮᠡᠴᠡᠨ ᠢᠯᠠᠯᠲᠠ ᠣᠯᠤᠨ᠎ᠠ᠃      ᠬᠤᠸᠠᠩ ᠮᠢᠨ᠄《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠠᠪᠴᠤ ᠬᠡᠯᠡᠪᠡᠯ᠂ ᠨᠢᠭᠡ ᠲᠠᠯ᠎ᠠ ᠪᠠᠷ ᠮᠠᠨ ᠤ ᠵᠠᠰᠠᠭ ᠤᠨ ᠣᠷᠳᠤᠨ ᠤ ᠥᠷᠢ ᠥᠭᠴᠡᠭᠡ ᠪᠠᠨ ᠯᠠᠪᠳᠠᠭᠤᠨ ᠢᠶᠠᠷ ᠰᠢᠢᠳᠪᠦᠷᠢᠯᠡᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠳᠤ᠂ ᠪᠢᠳᠡ ᠬᠠᠮᠤᠭ ᠴᠢᠩᠭ᠎ᠠ ᠬᠠᠮᠢᠶᠠᠷᠤᠯᠲᠠ ᠶᠢᠨ ᠳᠦᠷᠢᠮ ᠪᠠ ᠬᠠᠮᠤᠭ ᠪᠥᠲᠦᠮᠵᠢᠲᠠᠢ ᠠᠷᠭ᠎ᠠ ᠠᠪᠴᠢᠯ ᠠᠪᠴᠤ᠂ ᠠᠭᠤᠯᠠ ᠨᠢ ᠨᠣᠭᠤᠭᠠᠨ ᠤᠰᠤ ᠨᠢ ᠲᠤᠩᠭᠠᠯᠠᠭ ᠪᠠᠶᠠᠯᠢᠭ ᠰᠠᠶᠢᠬᠠᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠢ ᠪᠥᠲᠦᠭᠡᠨ ᠪᠠᠶᠢᠭᠤᠯᠤᠨ᠎ᠠ᠃ ᠮᠠᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠮᠠᠯᠵᠢᠯ ᠲᠠᠷᠢᠶᠠᠯᠠᠩ ᠤᠨ ᠣᠷᠤᠨ ᠭᠡᠵᠦ ᠦᠭᠡᠢ᠂ ᠭᠡᠪᠡᠴᠦ ᠪᠢᠳᠡ ᠥᠪᠡᠷ ᠢᠶᠠᠨ ᠥᠪᠡᠷ ᠤᠨ ᠪᠡᠶ᠎ᠡ ᠳᠤ ᠪᠠᠨ ᠳᠠᠷᠤᠯᠲᠠ ᠥᠭᠴᠦ ᠱᠠᠭᠠᠷᠳᠠᠯᠭ᠎ᠠ ᠲᠠᠯᠪᠢᠨ᠂ ᠪᠤᠲᠠᠲᠠᠢ ᠪᠠᠶᠢᠳᠠᠯ ᠳᠤ ᠪᠠᠨ ᠲᠣᠬᠢᠷᠠᠭᠤᠯᠵᠤ ᠣᠨᠤᠪᠴᠢᠲᠠᠢ ᠠᠷᠭ᠎ᠠ ᠪᠣᠳᠤᠯᠭ᠎ᠠ ᠬᠡᠷᠡᠭᠵᠢᠭᠦᠯᠦᠨ᠂ ᠣᠷᠤᠯᠭ᠎ᠠ ᠪᠠᠭ᠎ᠠ ᠬᠠᠮᠲᠤ ᠴᠣᠭᠴᠠ ᠶᠢᠨ ᠵᠣᠯ ᠵᠢᠷᠭᠠᠯ ᠢ ᠨᠡᠮᠡᠭᠳᠡᠭᠦᠯᠬᠦ ᠠᠵᠤ ᠦᠢᠯᠡᠰ ᠢ ᠡᠬᠢᠯᠡᠭᠦᠯᠬᠦ ᠪᠠᠷ ᠳᠠᠮᠵᠢᠭᠤᠯᠤᠨ᠂ ᠬᠤᠲᠠ ᠵᠢᠨ‌‍ᠶᠠᠳᠠᠭᠤ ᠠᠴᠠ ᠠᠩᠭᠢᠵᠢᠷᠠᠭᠤᠯᠬᠤ ᠳᠠᠶᠢᠯᠠᠯᠳᠤᠭᠠᠨ ᠤ ᠬᠤᠰᠢᠭᠤᠴᠢ ᠶᠢ ᠰᠠᠶᠢᠲᠤᠷ ᠪᠥᠲᠦᠭᠡᠨ ᠪᠠᠶᠢᠭᠤᠯᠤᠨ᠎ᠠ᠃》      ᠦᠨᠳᠦᠰᠦᠲᠡᠨ ᠤ ᠨᠢᠭᠲᠠᠷᠠᠯ ᠪᠦᠯᠬᠦᠮᠳᠡᠯ ᠨᠢ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠲᠠᠢ ᠬᠤᠯᠪᠤᠭᠳᠠᠨ᠎ᠠ ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠪᠤᠲᠠᠲᠠᠢ ᠠᠵᠢᠯᠯᠠᠭᠠᠨ ᠢᠶᠠᠷ ᠦᠨᠳᠦᠰᠦᠲᠡᠨ ᠤ ᠪᠥᠯᠬᠦᠮᠳᠡᠯ ᠤᠨ ᠠᠮᠢᠨ ᠰᠤᠳᠠᠰᠤ ᠶᠢ ᠴᠢᠩᠭ᠎ᠠ ᠠᠳᠬᠤᠵᠤ᠂《ᠦᠨᠳᠦᠰᠦᠲᠡᠨ ᠤ ᠪᠥᠯᠬᠦᠮᠳᠡᠯ》᠎ ᠤᠨ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ᠃      ᠬᠤᠸᠠᠩ ᠮᠢᠨ᠄《 ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠬᠢᠯᠢ ᠬᠢᠵᠠᠭᠠᠷ ᠣᠷᠤᠨ ᠳᠤ ᠪᠠᠶᠢᠷᠢᠰᠢᠵᠤ ᠪᠠᠶᠢᠨ᠎ᠠ᠂ ᠦᠨᠳᠦᠰᠦᠲᠡᠨ ᠤ ᠲᠥᠷᠦ ᠶᠢᠨ ᠪᠣᠳᠤᠯᠭ᠎ᠠ ᠶᠢ ᠰᠠᠶᠢᠲᠤᠷ ᠤᠬᠠᠭᠤᠯᠤᠨ ᠲᠤᠭᠤᠰᠢᠯᠠᠭᠤᠯᠤᠨ᠎ᠠ᠃ ᠳᠠᠷᠬᠠᠨ ᠮᠣᠣᠮᠢᠩᠭᠠᠨ ᠬᠤᠰᠢᠭᠤ ᠲᠠᠢ ᠪᠦᠲᠦᠮᠵᠢᠲᠡᠢ ᠨᠡᠪᠲᠡᠷᠡᠯᠴᠡᠭᠡ ᠬᠠᠮᠵᠢᠯᠴᠠᠭ᠎ᠠ ᠶᠠᠪᠤᠭᠳᠠᠭᠤᠯᠵᠤ᠂ ᠬᠠᠮᠲᠤ ᠪᠠᠷ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠤᠨ ᠤ ᠲᠣᠭᠲᠠᠭᠤᠨ ᠬᠥᠭᠵᠢᠯᠲᠡ ᠶᠢ ᠬᠠᠮᠠᠭᠠᠯᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号