ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠲᠤ ᠪᠤᠭᠤᠲᠤ ᠬᠤᠳᠠ ᠶᠢᠨ《 ᠲᠠᠯ᠎ᠠ ᠨᠤᠳᠤᠭ ᠤᠨ ᠬᠦᠩᠭᠡᠨ ᠮᠤᠷᠢᠲᠤ ᠴᠡᠷᠢᠭ ᠠᠴᠠ ᠲᠠᠭᠠᠨ ᠰᠣᠷᠤᠯᠴᠠᠬᠤ》ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠵᠢᠴᠢ ᠲᠤᠭᠤᠷᠢᠭ ᠤᠨ ᠲᠦᠪ ᠲᠤᠭᠤᠶᠢᠯᠠᠩ ᠤᠨ ᠬᠠᠮᠲᠤ ᠶᠢᠨ ᠣᠨᠣᠯ ᠤᠨ ᠰᠤᠷᠤᠯᠴᠠᠯᠭ᠎ᠠ ᠶᠢᠨ ᠬᠦᠳᠡᠯᠭᠡᠭᠡᠨ ᠢ ᠶᠠᠪᠤᠭᠳᠠᠭᠤᠯᠪᠠ᠃
ᠨᠡᠶᠢᠲᠡᠯᠡᠭᠰᠡᠨ ᠴᠠᠭ᠄
2018-05-16
     ᠪᠠᠶᠠᠨ᠋ᠤ᠋ᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠰᠠᠷ ᠤᠨ ᠨᠢᠭᠡᠳᠦᠭᠡᠷ ᠲᠠᠪᠬᠤᠷᠭ᠎ᠠ ᠎ ᠶᠢᠨ ᠬᠤᠷᠠᠯ ᠤᠨ ᠲᠠᠩᠬᠢᠮ ᠳᠤ ᠪᠤᠭᠤᠲᠤ ᠬᠤᠳᠠ ᠶᠢᠨ《 ᠲᠠᠯ᠎ᠠ ᠨᠤᠳᠤᠭ ᠤᠨ ᠬᠦᠩᠭᠡᠨ ᠮᠤᠷᠢᠲᠤ ᠴᠡᠷᠢᠭ ᠠᠴᠠ ᠎ ᠲᠠᠭᠠᠨ ᠰᠣᠷᠤᠯᠴᠠᠬᠤ》ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠠ ᠵᠢᠴᠢ ᠲᠤᠭᠤᠷᠢᠭ ᠤᠨ ᠲᠦᠪ ᠲᠤᠭᠤᠶᠢᠯᠠᠩ ᠎ ᠤᠨ ᠬᠠᠮᠲᠤ ᠶᠢᠨ ᠣᠨᠣᠯ ᠤᠨ ᠰᠤᠷᠤᠯᠴᠠᠯᠭ᠎ᠠ ᠶᠢᠨ ᠬᠦᠳᠡᠯᠭᠡᠭᠡᠨ ᠢ ᠶᠠᠪᠤᠭᠳᠠᠭᠤᠯᠪᠠ᠃ ᠰᠢ ᠶᠢᠨ ᠫᠢᠩ ᠶᠡᠷᠦᠩᠭᠡᠢ ᠱᠦᠵᠢ ᠶᠢᠨ ᠪᠦᠬᠦ ᠣᠯᠣᠰ ᠤᠨ《 ᠬᠤᠶᠠᠷ ᠬᠤᠷᠠᠯ》ᠲᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠰᠡᠳᠦᠪ ᠤᠨ ᠰᠤᠷᠤᠯᠴᠠᠯᠭ᠎ᠠ ᠪᠤᠯᠤᠨ᠎ᠠ᠃      ᠲᠤᠭᠤᠷᠢᠭ ᠤᠨ ᠤᠳᠤᠷᠢᠳᠤᠯᠭ᠎ᠠ ᠬᠤᠤ ᠶᠢᠨ ᠬᠤᠸᠠ᠂ ᠰᠢᠤᠸᠠᠢ ᠵᠢᠶᠠᠨ᠂ ᠳ᠋ᠦᠩ ᠼᠦᠨ ᠷᠦᠢ᠂ ᠲᠠᠨ ᠰᠢᠦᠸᠠᠢ ᠸᠧᠨ᠂ ᠶᠠᠩ ᠵᠢᠶᠠᠨ ᠹᠧᠩ ᠵᠡᠷᠭᠡ ᠲᠤᠭᠤᠷᠢᠭ ᠤᠨ ᠲᠦᠪ ᠲᠤᠭᠤᠶᠢᠯᠠᠩ ᠤᠨ ᠭᠡᠰᠢᠭᠦᠳ ᠲᠤᠰ ᠤᠳᠠᠭᠠᠨ ᠎ ᠤ ᠰᠤᠷᠤᠯᠴᠠᠯᠭ᠎ᠠ ᠳᠤ ᠤᠷᠤᠯᠴᠠᠭᠰᠠᠨ ᠪᠠᠶᠢᠨ᠎ᠠ᠃ ᠬᠤᠷᠠᠯ ᠢ ᠲᠤᠭᠤᠷᠢᠭ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠶᠠᠩ ᠵᠢᠶᠠᠨ ᠹᠧᠩ ᠡᠷᠬᠢᠯᠡᠪᠡ᠃      ᠬᠤᠷᠠᠯ ᠳᠤ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠲᠤᠭᠤᠷᠢᠭ ᠤᠨ ᠬᠠᠷᠢᠶ᠎ᠠ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠨᠡᠶᠢᠭᠡᠮ ᠲᠤᠭᠤᠷᠢᠭ᠂ ᠠᠷᠠᠳ ᠤᠨ ᠨᠡᠶᠢᠭᠡᠮᠯᠢᠭ  ᠎ ᠤᠨ ᠲᠡᠳ᠋ ᠰᠠᠯᠠᠭᠠᠨ ᠲᠡᠰ ᠠᠴᠠ ᠲᠡᠭᠡᠭᠰᠢ ᠺᠠᠳ᠋ᠷ ᠨᠡᠶᠢᠳᠡ 100 ᠭᠠᠷᠤᠢ ᠬᠦᠮᠦᠰ ᠰᠤᠷᠤᠯᠴᠠᠯᠭ᠎ᠠ ᠳᠤ ᠣᠷᠣᠯᠴᠠᠪᠠ᠃      ᠬᠦᠳᠡᠯᠭᠡᠭᠡᠨ ᠳᠤ ᠪᠤᠭᠤᠲᠤ ᠬᠤᠳᠠ ᠶᠢᠨ《 ᠲᠠᠯ᠎ᠠ ᠨᠤᠳᠤᠭ ᠤᠨ ᠬᠦᠩᠭᠡᠨ ᠮᠤᠷᠢᠲᠤ ᠴᠡᠷᠢᠭ ᠠᠴᠠ ᠲᠠᠭᠠᠨ ᠰᠣᠷᠤᠯᠴᠠᠬᠤ》ᠤᠬᠠᠭᠤᠯᠤᠨ ᠲᠠᠶᠢᠯᠪᠦᠷᠢᠯᠠᠬᠤ ᠲᠤᠭᠤᠶᠢᠯᠠᠩ ᠶᠢᠨ ᠭᠡᠰᠢᠭᠦᠨ᠂ ᠪᠤᠭᠤᠲᠤ ᠶᠢᠨ ᠪᠠᠭᠰᠢ ᠶᠢᠨ  ᠲᠡᠭᠡᠳᠦ ᠰᠤᠷᠭᠠᠭᠤᠯᠢ ᠶᠢᠨ ᠫᠷᠦᠹᠧᠰᠰᠤᠷ  ᠵᠠᠩ ᠴᠦᠨ ᠮᠸᠢ ᠠᠴᠠ《  ᠬᠦᠭᠵᠢᠯᠳᠡ ᠶᠢᠨ ᠵᠢᠷᠤᠭ ᠲᠦᠯᠦᠪᠯᠡᠭᠡ ᠶᠢ ᠲᠦᠷᠰᠦᠯᠡᠵᠦ᠂  ᠲᠡᠮᠡᠴᠡᠯ ᠤᠨ ᠪᠦᠷᠢᠶ᠎ᠡ ᠶᠢ ᠬᠠᠩᠬᠢᠨᠠᠭᠤᠯᠵᠤ —— ᠰᠢ  ᠎ ᠶᠢᠨ ᠫᠢᠩ ᠶᠡᠷᠦᠩᠬᠡᠢ ᠱᠦᠵᠢ ᠎ ᠶᠢᠨ〈ᠬᠤᠶᠠᠷ ᠬᠤᠷᠠᠯ〉ᠲᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠬᠤ》ᠲᠤᠰᠬᠠᠢ ᠰᠡᠳᠦᠪ ᠤᠨ ᠢᠯᠡᠳᠭᠡᠯ ᠬᠢᠪᠡ᠃      ᠲᠤᠰ ᠶᠠᠷᠢᠶ᠎ᠠ ᠢᠯᠡᠳᠭᠡᠯ ᠨᠢ ᠪᠦᠬᠦ ᠤᠯᠤᠰ ᠤᠨ《 ᠬᠤᠶᠠᠷ ᠬᠤᠷᠠᠯ》᠎ ᠢ  ᠬᠤᠷᠠᠯᠳᠤᠭᠤᠯᠤᠭᠰᠠᠨ ᠠᠷᠦ ᠦᠵᠡᠭᠳᠡᠯ ᠪᠠ ᠴᠢᠬᠤᠯᠠ ᠠᠭᠤᠯᠭ᠎ᠠ  ᠪᠤᠯᠭᠠᠵᠤ ᠰᠢ ᠶᠢᠨ ᠫᠢᠩ ᠶᠠᠷᠦᠩᠭᠡᠢ ᠱᠦᠵᠢ ᠶᠢᠨ ᠪᠦᠬᠦ ᠤᠯᠤᠰ ᠤᠨ《 ᠬᠤᠶᠠᠷ ᠬᠤᠷᠠᠯ》᠎ ᠳᠤ ᠲᠤᠷᠠᠳᠤᠭᠰᠠᠨ ᠴᠢᠬᠤᠯᠠ ᠶᠠᠷᠢᠶ᠎ᠠ᠂ ᠤᠨᠴᠠᠭᠠᠶᠢᠯᠠᠨ ᠦᠪᠦᠷ ᠮᠤᠩᠭᠤᠯ ᠤᠨ ᠲᠦᠯᠥᠭᠡᠯᠡᠭᠴᠢᠳ ᠎ ᠤᠨ ᠪᠦᠯᠬᠦᠮ ᠲᠠᠢ ᠬᠢᠨᠠᠨ ᠵᠦᠪᠯᠡᠯᠴᠡᠬᠦ ᠳᠤ ᠶᠠᠷᠢᠭᠰᠠᠨ ᠴᠢᠬᠤᠯᠠ ᠶᠠᠷᠢᠶ᠎ᠠ ᠪᠤᠯᠤᠨ ᠶᠠᠷᠢᠶᠠᠨ ᠤ ᠵᠤᠷᠢᠭ ᠰᠠᠨᠠᠭ᠎ᠠ ᠶᠢ ᠭᠤᠷᠪᠠᠨ ᠲᠠᠯ᠎ᠠ ᠪᠠᠷ ᠰᠢ ᠶᠢᠨ ᠫᠢᠩ ᠶᠡᠷᠦᠩᠭᠡᠢ ᠱᠦᠵᠢ ᠶᠢᠨ ᠪᠦᠬᠦ ᠤᠯᠤᠰ ᠤᠨ《 ᠬᠤᠶᠠᠷ ᠬᠤᠷᠠᠯ》᠎ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠵᠦᠪ ᠤᠨᠤᠪᠴᠢᠳᠠᠢ ᠬᠡᠷᠬᠢᠨ ᠲᠣᠣᠱᠯᠠᠭᠤᠯᠤᠨ ᠨᠠᠶᠢᠳᠠᠪᠤᠷᠢᠵᠢᠭᠤᠯᠬᠤ  ᠂ ᠤᠯᠤᠰ ᠤᠨ ᠪᠠᠶᠢᠩᠭᠤ ᠶᠢᠨ ᠬᠤᠷᠢᠶ᠎ᠠ ᠶᠢᠨ ᠵᠠᠰᠠᠭ ᠤᠨ ᠤᠷᠲᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠦᠰᠦᠯ᠂ ᠦᠨᠳᠦᠰᠦᠨ ᠬᠠᠤᠯᠢ ᠳᠤ ᠵᠠᠰᠠᠪᠦᠷᠢ ᠤᠷᠤᠭᠤᠯᠬᠤ ᠲᠦᠰᠦᠯ ᠵᠡᠷᠭᠡ ᠨᠢ《 ᠬᠤᠶᠠᠷ ᠬᠤᠷᠠᠯ》᠎ ᠤᠨ ᠭᠤᠤᠯ ᠠᠭᠤᠯᠭ᠎ᠠ ᠪᠤᠯᠤᠨ᠎ᠠ᠃ ᠶᠠᠷᠢᠶᠠᠨ ᠤ ᠠᠭᠤᠯᠭ᠎ᠠ ᠪᠠᠶᠠᠯᠢᠭ᠂ ᠪᠦᠳᠦᠴᠠ ᠨᠢ ᠴᠢᠩᠭ᠎ᠠ᠂ ᠭᠤᠤᠯᠳᠠᠯᠠᠭ᠎ᠠ ᠨᠢ ᠲᠤᠪᠤᠶᠢᠮ᠎ᠠ᠂ ᠲᠤᠭᠤᠷᠢᠭ ᠤᠨ ᠤᠯᠠᠨ ᠲᠦᠮᠡᠨ ᠳᠤ ᠤᠯᠠᠮ ᠨᠢᠭᠡ ᠠᠯᠬᠤᠮ ᠬᠦᠨᠵᠡᠭᠡᠢ ᠤᠶᠢᠯᠠᠭᠠᠬᠤ ᠪᠠ ᠪᠦᠬᠦ ᠲᠠᠯ᠎ᠠ ᠪᠠᠷ ᠰᠢ ᠶᠢᠨ ᠫᠢᠩ ᠶᠡᠷᠦᠩᠭᠡᠢ ᠱᠦᠵᠢ ᠶᠢᠨ ᠪᠦᠬᠦ ᠤᠯᠤᠰ ᠤᠨ《 ᠬᠤᠶᠠᠷ ᠬᠤᠷᠠᠯ》᠎ ᠤᠨ ᠴᠢᠬᠤᠯᠠ  ᠶᠠᠷᠢᠶ᠎ᠠ ᠶᠢᠨ ᠵᠤᠷᠢᠭ ᠰᠠᠨᠠᠭ᠎ᠠ ᠶᠢ ᠴᠢᠬᠤᠯᠠ ᠵᠢᠯᠤᠭᠤᠳᠤᠮᠵᠢ ᠶᠢᠨ ᠦᠢᠯᠡᠳᠦᠯ ᠦᠵᠡᠭᠦᠯᠬᠦ ᠎ ᠶᠢ ᠪᠠᠳᠤᠯᠠᠵᠠᠢ᠃      ᠬᠤᠷᠠᠯ ᠳᠤ ᠤᠷᠤᠯᠴᠠᠭᠰᠠᠨ ᠭᠡᠰᠢᠬᠦᠳ ᠵᠠᠯᠭᠠᠪᠠᠷ ᠰᠢ ᠶᠢᠨ ᠫᠢᠩ ᠶᠡᠷᠦᠩᠭᠡᠢ ᠱᠦᠵᠢ ᠶᠢᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ  ᠵᠯᠦᠭᠤᠳᠤᠯᠭ᠎ᠠ ᠲᠤᠤᠷ᠎ᠠ᠂ ᠣᠯᠠᠮ ᠨᠢᠭᠡ ᠠᠯᠬᠤᠮ《 ᠲᠦᠷᠪᠠᠨ ᠤᠬᠠᠮᠰᠠᠷ 》᠎ ᠢᠶᠠᠨ ᠴᠢᠩᠭᠠᠳᠬᠠᠵᠤ᠂《 ᠲᠦᠷᠪᠡᠨ ᠢᠳᠡᠭᠡᠯ》᠎ ᠢᠶᠠᠨ ᠪᠠᠳᠤᠳᠬᠠᠵᠤ᠂  ᠪᠤᠳᠠᠲᠠᠢ ᠦᠢᠯᠡ ᠠᠵᠢᠯᠯᠠᠭ᠎ᠠ ᠪᠠᠷ ᠰᠢ ᠶᠢᠨ ᠫᠢᠩ ᠶᠡᠷᠦᠩᠭᠡᠢ ᠱᠦᠵᠢ ᠶᠢᠨ ᠪᠦᠬᠦ ᠣᠯᠣᠰ ᠤᠨ《 ᠬᠤᠶᠠᠷ ᠬᠤᠷᠠᠯ》᠎ ᠳᠠᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ  ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠰᠢᠨ᠎ᠡ ᠡᠬᠢᠯᠡᠯᠲᠡ ᠶᠢᠨ ᠴᠡᠭ ᠢ ᠲᠤᠭᠳᠠᠭᠠᠵᠤ᠂ ᠰᠢᠨ᠎ᠡ ᠴᠠᠭ ᠦᠶ᠎ᠡ ᠵᠦᠭ ᠤᠷᠤᠭᠰᠢᠯᠠᠬᠤ᠂ ᠡᠷᠴᠢ ᠴᠢᠷᠮᠠᠶᠢᠯᠭ᠎ᠠ ᠲᠠᠢ᠂ ᠦᠨᠡᠨ ᠪᠤᠳᠠᠳᠠᠢ ᠪᠠᠷ ᠠᠵᠢᠯᠯᠠᠵᠤ᠂ ᠰᠢᠨ᠎ᠡ ᠠᠭᠤᠷ ᠠᠮᠢᠰᠬᠤᠯ ᠰᠢᠨ᠎ᠡ ᠦᠢᠯᠡ ᠠᠵᠢᠯᠯᠠᠭ᠎ᠠ ᠪᠠᠷ ᠪᠦᠬᠦ ᠲᠤᠭᠤᠷᠢᠭ ᠤᠨ ᠠᠵᠤ ᠠᠬᠤᠶᠢᠯᠠᠯ ᠎ ᠤᠨ ᠨᠡᠶᠢᠭᠡᠮ ᠤᠨ ᠲᠡᠭᠡᠲᠦ ᠴᠢᠨᠠᠷ ᠴᠢᠨᠰᠠᠭ᠎ᠠ ᠪᠠᠷ ᠬᠦᠭᠵᠢᠭᠦᠯᠵᠦ᠂ ᠲᠤᠭᠤᠷᠢᠭ ᠪᠠᠶᠢᠭᠤᠯᠤᠭᠳᠠᠭᠰᠠᠨ 60 ᠵᠢᠯ ᠤᠨ ᠤᠢ ᠳᠤ ᠦᠩᠭᠡ ᠪᠤᠳᠤᠭ ᠨᠡᠮᠡᠷᠢᠯᠠᠶ᠎ᠡ ᠭᠡᠵᠦ ᠢᠯᠡᠳᠭᠡᠭᠰᠡᠨ ᠪᠠᠶᠢᠨ᠎ᠠ᠃ ︵ ᠵᠤᠬᠢᠶᠠᠭᠴᠢ᠄ ᠬᠠᠨ ᠴᠦᠨ ᠶᠧ  ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号