ᠮᠠᠯᠴᠢᠨ ᠲᠠᠷᠢᠶᠠᠴᠢᠨ ᠤ ᠡᠷᠭᠡ ᠠᠰᠢᠭ ᠨᠡᠩ ᠪᠠᠳᠣᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2018-05-16
     ᠤᠢᠢᠷ᠎ᠠ ᠳᠤ᠂ ᠡᠷᠦᠭᠡ ᠠᠮᠠ ᠶᠢᠨ ᠳᠠᠩᠰᠠ ᠶᠢᠨ ᠦᠭᠡᠷᠡᠴᠢᠯᠡᠯᠳᠡ ᠡᠯ᠎ᠡ ᠭᠠᠵᠠᠷ ᠲᠤ ᠶᠠᠬ  ᠢᠳᠡ ᠬᠦᠢᠡ ᠲᠠᠢ ᠶᠠᠪᠤᠭᠳᠠᠵᠤ᠂ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠶᠢ ᠦᠬᠡᠶᠢᠰᠬᠡᠬᠦ ᠨᠢ ᠴᠦᠭᠡᠨ ᠪᠤᠰᠤ ᠮᠠᠯᠴᠢᠨ ᠳᠠᠷᠢᠶᠠᠴᠢᠨ ᠢ ᠲᠦᠭᠡᠷᠢᠭᠳᠡᠭᠦᠯᠬᠦ ᠪᠤᠯᠭᠠᠯ᠎ᠠ᠃ ᠲᠡᠭᠡᠪᠡᠯ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠲᠠᠩᠰᠠ ᠶᠠᠮᠠᠷᠰᠢᠤ ᠰᠠᠶᠢᠨ‌‍ᠲ᠋ᠠᠯ᠎ᠠ ᠲᠠᠢ ᠪᠤᠢ︖ ᠡᠬᠦᠨ ᠢ ᠳᠤᠷᠠᠳᠬᠤ ᠳᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠶᠢ ᠳᠤᠷᠠᠳᠬᠤ ᠦᠭᠡᠢ ᠪᠠᠶᠢᠬᠤ ᠵᠢᠨ‌ᠠᠷᠭ᠎ᠠ ᠦᠭᠡᠢ᠂ ᠤᠴᠢᠷ ᠨᠢ ᠶᠠᠬ ᠡᠨᠡᠬᠦ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠠᠬᠢᠴᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠦᠨ᠎ᠡ ᠦᠷᠲᠡᠭ ᠢ ᠶᠡᠭᠡᠪᠡᠷ ᠲᠡᠭᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠴᠤ ᠭᠠᠵᠠᠷ ᠰᠢᠷᠤᠢ ᠶᠢ ᠳᠠᠭᠠᠯᠳᠤᠭᠠᠳ ᠦᠨ᠎ᠡ ᠬᠦᠷᠬᠦ ᠨᠢ ᠵᠠᠶᠢᠯᠠᠰᠢ ᠦᠭᠡᠢ᠃              ᠭᠠᠵᠠᠷ ᠰᠢᠷᠤᠢ ᠶᠢᠨ ᠦᠮᠴᠢᠯᠡᠯ ‍ᠤᠨ‌ᠡᠷᠭᠡ ᠶᠢ ᠳᠤᠳᠤᠯᠠᠬᠤ ᠨᠢ ᠭᠠᠵᠠᠷ ᠰᠢᠷᠤᠢ ᠮᠠᠯᠴᠢᠨ ᠳᠠᠷᠢᠶᠠᠴᠢᠨ ᠤ ︽ᠳᠤᠭᠳᠠᠮᠠᠯ‌‍ᠬᠦ᠋ᠷᠦᠩᠭᠡ︾ ᠪᠤᠯᠵᠤ᠂ ᠮᠠᠯᠴᠢᠨ ᠲᠠᠷᠢᠶᠠᠴᠢᠨ ᠡᠬᠦᠨ ᠠᠴᠠ ᠬᠤᠶᠢᠰᠢ ᠭᠠᠵᠠᠷ ᠰᠢᠷᠤᠢ ᠶᠢᠨ ᠦᠨᠡᠨᠬᠦ ᠡᠵᠡᠨ ᠨᠢ ᠪᠤᠯᠤᠯ᠎ᠠ ᠭᠡᠰᠡᠨ‌ᠦᠭᠡ᠃ ᠡᠬᠦᠨ ᠤ ᠬᠠᠮᠳᠤ ᠮᠠᠯᠴᠢᠨ ᠲᠠᠷᠢᠶᠠᠴᠢᠨ ᠤ ᠬᠦᠷᠦᠩᠭᠡ ᠴᠤ ᠨᠡᠩ ᠬᠦᠴᠦᠨ ᠲᠠᠢ ᠬᠠᠤᠯᠢ ᠴᠠᠭᠠᠵᠠ ᠵᠢᠨ‌ᠬᠠᠮᠠᠭᠠᠯᠠᠯᠳᠠ ᠲᠠᠢ ᠪᠤᠯᠵᠤ᠂ ᠵᠠᠰᠠᠭ ᠤᠨ ᠤᠷᠳᠤᠨ ᠠᠴᠠ ᠭᠠᠵᠠᠷ ᠰᠢᠷᠣᠢ ᠶᠢ ᠨᠢ ᠳᠠᠳᠠᠪᠤᠷᠢᠯᠠᠬᠤ ᠳᠤ ᠴᠤ ᠮᠠᠯᠴᠢᠨ ᠲᠠᠷᠢᠶᠠᠴᠢᠨ ᠤ ᠵᠦᠪᠰᠢᠶᠡᠷᠡᠯ ᠢ ᠤᠯᠬᠤ ᠭᠡᠷᠡᠭᠳᠡᠢ︔ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠬᠦᠢᠯᠬᠡᠬᠦ ᠳᠡᠭᠡᠨ ᠴᠤ ᠨᠡᠩ ᠰᠠᠨᠠᠭ᠎ᠠ ᠠᠮᠤᠷ ᠪᠤᠯᠵᠤ᠂ ᠦᠮᠴᠢᠯᠡᠯ ‍ᠤᠨ‌ᠡᠷᠭᠡ ᠪᠠᠨ ᠳᠤᠳᠤᠯᠠᠭᠤᠯᠤᠭᠰᠠᠨ ᠭᠠᠵᠠᠷ ᠢᠶᠠᠷ ᠢᠶᠠᠨ ᠪᠠᠰᠠ ᠬᠦᠷᠦᠩᠭᠡ ᠪᠤᠯᠭᠠᠨ ᠪᠠᠷᠢᠴᠠᠭᠠᠯᠠᠨ ᠵᠢᠭᠡᠯᠡᠯᠭᠡ ᠠᠪᠴᠤ ᠪᠤᠯᠬᠤ ᠳᠤᠯᠠ ᠮᠠᠯᠴᠢᠨ ᠳᠠᠷᠢᠶᠠᠴᠢᠨ ᠭᠡᠪᠴᠢᠶ᠎ᠡ ᠪᠠᠨ ᠦᠷᠭᠡᠳᠭᠡᠨ ᠦᠢᠯᠡᠳᠪᠦᠷᠢᠯᠡᠬᠦ ᠳᠤ ᠪᠡᠯᠡ ᠮᠦᠩᠬᠦ ᠬᠦᠷᠦᠯᠴᠡᠬᠦ‌ᠦᠭᠡᠢ ᠠᠰᠠᠭᠤᠳᠠᠯ ᠢᠶᠠᠨ ᠰᠢᠢᠳᠪᠦᠷᠢᠯᠡᠬᠦ ᠳᠤ ᠠᠰᠢᠭᠳᠠᠢ᠃ ᠡᠶᠢᠮᠦ ᠠᠴᠠ ᠮᠠᠯᠴᠢᠨ ᠲᠠᠷᠢᠶᠠᠴᠢᠨ ᠳᠤ ᠠᠯᠢ ᠤᠯᠠᠨ ᠠᠰᠢᠬ ᠲᠠᠢ ᠶᠤᠮ᠃              ᠨᠢᠭᠡ᠂ ᠳᠠᠭᠠᠭᠠᠴᠢᠯᠠᠭᠰᠠᠨ ᠭᠠᠵᠠᠷ ᠰᠢᠷᠣᠢ ᠨᠣᠳᠤᠭ ᠪᠡᠯᠴᠢᠬᠡᠷ ᠪᠠ ᠬᠡᠷ ᠪᠠᠶᠢᠰᠢᠩ ᠤᠨ ᠰᠠᠭᠤᠷᠢᠠ ᠭᠠᠵᠠᠷ              ᠮᠠᠯᠴᠢᠨ ᠲᠠᠷᠢᠶᠠᠴᠢᠨ ᠳᠠᠭᠠᠭᠠᠴᠢᠯᠠᠭᠰᠠᠨ ᠭᠠᠵᠠᠷ ᠲᠠᠭᠠᠨ ᠳᠠᠷᠢᠵᠤ ᠤᠷᠭᠤᠭᠤᠯᠤᠨ ᠦᠢᠯᠡᠳᠪᠦᠷᠢᠯᠡᠪᠡᠯ ᠡᠯ᠎ᠡ ᠵᠦᠢᠯ ‍ᠤᠨ‌ᠨᠦ᠋ᠬᠦᠪᠦᠷᠢ ᠤᠯᠬᠤ ᠮᠦᠷᠲᠡᠭᠡᠨ ᠬᠡᠷ ᠪᠠᠶᠢᠰᠢᠩ ᠤᠨ ᠰᠠᠭᠤᠷᠢᠨ ᠭᠠᠵᠠᠷ ᠲᠡᠭᠡᠷ᠎ᠡ ᠪᠠᠨ ᠭᠡᠷ ᠪᠠᠷᠢᠵᠤ ᠪᠤᠯᠤᠨ᠎ᠠ᠂ ᠭᠡᠬᠦ ᠳ᠋ᠡᠭᠡᠨ‌‍ᠪᠠᠷᠢᠭᠰᠠᠨ ᠭᠡᠷ ᠤᠨ ᠬᠢᠨᠢ ᠭᠡᠯᠪᠡᠷᠢ ᠪᠠᠶᠢᠳᠠᠯ ᠢ ᠮᠠᠯᠴᠢᠨ ᠳᠠᠷᠢᠶᠠᠴᠢᠨ ᠳᠤᠷ᠎ᠠ ᠪᠠᠷ ᠳᠤᠬᠢᠷᠠᠭᠤᠯᠵᠤ ᠪᠤᠯᠤᠨ᠎ᠠ᠃ ᠤᠳᠤ ᠨᠡᠯᠢᠶᠡᠳ‌ᠤᠯᠠᠨ ᠬᠦᠳᠡᠭᠡ ᠶᠢᠨ ᠬᠦᠮᠦᠨ ᠭᠤᠶᠤ ᠭᠡᠭᠡᠨᠴᠢᠷ ᠠᠰᠠᠷ᠂ ᠵᠤᠰᠠᠯᠠᠩ ᠪᠠᠷᠢᠵᠤ᠂ ᠡᠳᠡᠭᠡᠷ ᠦᠪᠡᠷ ᠢᠶᠠᠨ ᠪᠠᠷᠢᠭᠰᠠᠨ ᠭᠡᠷ ᠢ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠬᠦᠮᠦᠨ ᠯᠡ ᠪᠠᠷᠢᠵᠤ ᠪᠤᠯᠤᠨ᠎ᠠ᠂ ᠬᠤᠳᠠ ᠶᠢᠨ ᠡᠷᠦᠭᠡ ᠠᠮᠠ ᠶᠢᠨ ᠳᠠᠩᠰᠠ ᠲᠠᠢ ᠬᠦᠮᠦᠨ ᠮᠠᠯᠵᠢᠬᠤ ᠲᠠᠷᠢᠶᠠᠯᠠᠬᠤ ᠣᠷᠣᠨ ᠠᠴᠠ ᠭᠠᠵᠠᠷ ᠬᠤᠳᠠᠯᠳᠤᠨ ᠠᠪᠤᠭᠠᠳ ᠪᠠᠷᠢᠵᠤ ᠪᠤᠯᠬᠤ ᠦᠭᠡᠢ᠃ ᠵᠠᠩᠬᠢᠯᠠᠭ᠎ᠠ ᠨᠢ ᠪᠠᠰᠠ‌‍ᠲ᠋ᠠᠮᠠᠢ ᠵᠤᠭᠤᠰ ᠵᠠᠷᠤᠴᠠᠭᠤᠯᠬᠤ ᠦᠭᠡᠢ᠂ ᠡᠩ ᠤᠨ ᠪᠠᠶᠢᠳᠠᠯ ᠳᠤ ᠬᠤᠳᠠ ᠳᠤ ᠠᠰᠠᠷ ᠠᠪᠬᠤ ᠳᠤ ᠠᠩᠬ᠎ᠠ ᠵᠠᠷᠤᠴᠠᠭᠤᠯᠬᠤ ᠮᠦᠩᠬᠦ ᠪᠠᠷ ᠮᠠᠯᠵᠢᠬᠤ ᠲᠠᠷᠢᠶᠠᠯᠠᠬᠤ ᠣᠷᠣᠨ ᠳᠤ ᠰᠠᠶᠢᠬᠠᠨ ᠨᠢᠭᠡ ᠭᠡᠷ ᠪᠠᠷᠢᠵᠤ ᠳᠠᠶᠢᠯᠦᠨ᠎ᠡ᠃ ᠭᠡᠷᠪᠡ ᠲᠡᠨ ᠤ ᠭᠠᠵᠠᠷ ᠰᠢᠷᠤᠢ ᠴᠢᠨᠢ ᠬᠤᠳᠠ ᠶᠢᠨ ᠤᠢᠢᠷ᠎ᠠ ᠲᠡᠬᠦᠷᠭᠡ ᠪᠤᠶᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠴᠢᠬᠤᠯᠠ ᠭᠠᠵᠠᠷ ᠪᠠᠶᠢᠪᠠᠯ ᠪᠠᠰᠠ ᠭᠠᠵᠠᠷ ᠰᠢᠷᠤᠢ ᠶᠢᠨ ᠢᠶᠠᠨ ᠦᠷᠲᠡᠭ ᠨᠡᠮᠡᠭᠳᠡᠬᠦ ᠶᠢ ᠬᠦᠯᠢᠶᠡᠭᠡᠳ ᠰᠠᠭᠤᠪᠠᠯ ᠤᠳᠠᠯ ᠦᠭᠡᠢ ᠶᠡᠭᠡ ᠬᠦᠷᠦᠩᠬᠡ ᠲᠠᠢ ᠴᠤ ᠪᠤᠯᠴᠢᠬᠠᠬᠤ ᠮᠠᠭᠠᠳ᠃              ᠬᠤᠶᠠᠷ᠂ ᠭᠠᠵᠠᠷ ᠰᠢᠷᠣᠢ ᠳᠠᠳᠠᠪᠤᠷᠢᠯᠠᠬᠤ ᠲᠦᠯᠦᠪᠦᠷᠢ              ᠮᠠᠯᠵᠢᠬᠤ ᠲᠠᠷᠢᠶᠠᠯᠠᠬᠤ ᠣᠷᠣᠨ ᠳᠤ ᠡᠷᠦᠭᠡ ᠠᠮᠠ ᠶᠢᠨ ᠳᠠᠩᠰᠠ ᠲᠠᠢ ᠪᠤᠯ ᠮᠠᠯᠴᠢᠨ ᠳᠠᠷᠢᠶᠠᠴᠢᠨ ᠬᠠᠮᠳᠤ ᠵᠢᠨ‌ᠦᠮᠴᠢᠯᠡᠯ ᠤᠨ ᠭᠠᠵᠠᠷ ᠰᠢᠷᠤᠢ ᠶᠢ ᠳᠠᠳᠠᠪᠤᠷᠢᠯᠠᠬᠤ  ᠪᠤᠶᠤ ᠳᠠᠳᠠᠪᠤᠷᠢᠯᠠᠨ ᠭᠡᠷᠡᠭᠯᠡᠪᠡᠯ ᠤᠯᠤᠰ ᠠᠴᠠ ᠳᠤᠭᠳᠠᠭᠠᠯ ᠶᠤᠰᠤᠭᠠᠷ ᠮᠠᠯᠴᠢᠨ ᠲᠠᠷᠢᠶᠠᠴᠢᠨ ᠳᠤ ᠭᠠᠵᠠᠷ ᠳᠠᠳᠠᠪᠤᠷᠢᠯᠠᠭᠰᠠᠨ ᠲᠦᠯᠦᠪᠦᠷᠢ ᠤᠯᠭᠤᠨ᠎ᠠ᠃              ᠭᠤᠷᠪᠠ᠂ ᠬᠠᠮᠳᠤ ᠵᠢᠨ‌ᠡᠷᠭᠡ ᠠᠰᠢᠬ ᠢ ᠬᠤᠪᠢᠶᠠᠷᠢᠯᠠᠬᠤ ᠡᠷᠭᠡ ᠲᠠᠢ              ᠵᠠᠷᠢᠮ ᠭᠠᠵᠠᠷ ᠤᠷᠤᠠ ᠤ ᠬᠢᠨ ᠬᠠᠮᠳᠤ ᠶᠢᠨ ᠤᠯᠵᠠ ᠠᠰᠢᠬ ᠢᠶᠠᠨ ᠬᠤᠪᠢᠶᠠᠷᠢᠯᠠᠳᠠᠭ᠂ ᠳᠠᠷᠤᠢ ᠭᠠᠵᠠᠷ ᠰᠢᠷᠤᠢ ᠵᠡᠷᠭᠡ ᠬᠠᠮᠳᠤ ᠶᠢᠨ ᠠᠵᠤ ᠠᠬᠤᠢ ᠶᠢᠨ ᠠᠰᠢᠬ ᠬᠤᠨᠵᠢᠪᠤᠷᠢ ᠪᠠᠨ ᠬᠤᠪᠢᠶᠠᠷᠢᠯᠠᠵᠤ  ᠪᠤᠢ᠂ ᠳᠤᠰᠬᠤᠨ ᠤ ᠬᠢ ᠮᠦᠷᠲᠡᠭᠡᠨ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠯᠠ ᠪᠤᠯ ᠡᠷᠡᠭᠳᠡᠢ ᠡᠮᠡᠭᠳᠡᠢ ᠬᠦᠭᠰᠢᠨ ᠵᠠᠯᠠᠭᠤ ᠭᠡᠰᠡᠨ‌ᠦᠭᠡᠢ ᠴᠦᠮ ᠤᠯᠵᠠ‌ᠠᠰᠢᠬ ᠢᠶᠠᠨ ᠬᠤᠪᠢᠶᠠᠷᠢᠯᠠᠵᠤ ᠪᠤᠯᠤᠨ᠎ᠠ᠂ ᠭᠡᠷᠪᠡ ᠡᠷᠦᠭᠡ ᠠᠮᠠ ᠶᠢᠨ ᠳᠠᠩᠰᠠ ᠪᠠᠨ ᠰᠢᠯᠵᠢᠬᠦᠯᠦᠭᠰᠡᠨ ᠪᠤᠯ ᠬᠤᠪᠢᠶᠠᠷᠢᠯᠠᠬᠤ ᠦᠭᠡᠢ᠃              ᠲᠦᠷᠪᠡ᠂ ᠢᠨᠲ᠋ᠧᠷ ᠰᠦᠯᠵᠢᠶ᠎ᠡ ᠲᠦᠭᠡᠮᠡᠯᠵᠢᠭᠡᠳ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠵᠢᠨ‌‍ᠬᠦ᠋ᠭᠵᠢᠯᠳᠡ ᠶᠢ ᠠᠬᠢᠭᠤᠯᠪᠠ              ᠢᠨᠲ᠋ᠧᠷ ᠰᠦᠯᠵᠢᠶ᠎ᠡ ᠮᠠᠯᠵᠢᠬᠤ ᠲᠠᠷᠢᠶ᠋ᠯᠠᠬᠤ ᠣᠷᠣᠨ ᠳᠤ ᠲᠦᠭᠡᠮᠡᠯᠵᠢᠬᠦ ᠶᠢ  ᠳᠠᠭᠠᠯᠳᠤᠨ᠂  ᠮᠠᠯᠴᠢᠨ ᠳᠠᠷᠢᠶᠠᠴᠢᠨ‌‍ᠭᠡᠷ ᠲᠡᠭᠡᠨ ᠰᠠᠭᠤᠭᠠᠳ‌ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠳᠦᠭᠡᠭᠳᠡᠬᠦᠨ ᠵᠡᠷᠭᠡ ᠪᠠᠨ ᠢᠨᠲ᠋ᠧᠷ ᠰᠦᠯᠵᠢᠶᠠᠨ ᠤ ᠲᠦᠷᠭᠡᠨ‌‍ᠰᠤᠪᠠᠭ ᠢᠶᠠᠷ ᠭᠡᠷᠡᠭᠯᠡᠭᠡᠨ ᠤ ᠵᠠᠬ᠎ᠠ ᠲᠡᠯᠭᠡᠬᠦᠷ ᠲᠤ ᠮᠠᠰᠢ ᠲᠦᠬᠦᠮᠭᠡᠨ ᠢᠶᠠᠷ ᠭᠠᠷᠭᠠᠵᠤ ᠪᠤᠢ᠃ ᠡᠳᠦᠭᠡ ᠤᠶᠤᠳᠠᠳ ᠮᠠᠯᠵᠢᠬᠤ ᠲᠠᠷᠢᠶᠠᠯᠠᠬᠤ ᠣᠷᠣᠨ ᠳᠠᠭᠠᠨ ᠬᠠᠷᠢᠭᠠᠳ ᠦᠢᠯᠡᠰ ᠪᠤᠰᠬᠠᠬᠤ ᠦᠵᠡᠭᠳᠡᠯ ᠮᠠᠰᠢ ᠤᠯᠠᠨ ᠪᠣᠯᠵᠣ ᠪᠤᠢ᠂ ᠰᠢᠨ᠎ᠡ ᠮᠠᠶ᠋ᠢᠬ ‍ᠤᠨ‌‍ᠴᠢᠳᠠᠪᠤᠷᠢᠳᠠᠨ ᠤᠷᠤᠵᠤ ᠢᠷᠡᠭᠰᠡᠨ ᠠᠴᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠯᠠᠪ ᠨᠡᠩ ᠬᠦᠭᠵᠢᠨ ᠮᠡᠨᠳᠤᠬᠤ ᠨᠢ ᠵᠠᠶᠢᠯᠠᠰᠢ ᠦᠭᠡᠢ᠃              ᠳᠠᠪᠤ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠨᠠᠰᠤᠵᠢᠯ ᠤᠨ ᠳᠠᠭᠠᠳᠬᠠᠯ ᠲᠠᠢ ᠬᠤᠯᠪᠤᠬᠳᠠᠨ᠎ᠠ              ᠡᠳᠦᠭᠡ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠲᠠᠢ ᠬᠦᠮᠦᠰ ᠴᠤ ᠨᠠᠰᠤᠵᠢᠯ ‍ᠤᠨ‌‍ᠲ᠋ᠠᠭᠠᠳᠬᠠᠯ ᠲᠠᠢ ᠪᠤᠯᠵᠤ᠂ ᠪᠦᠬᠦᠯᠢ 60 ᠨᠠᠰᠤᠳᠠᠢ ᠬᠦᠮᠦᠨ ᠰᠦᠢᠳᠭᠡᠯ ᠳᠤᠰᠢᠶᠠᠬᠤ ᠦᠭᠡᠢ ᠪᠠᠷ 70 ᠲᠦᠬᠦᠷᠢᠢᠡ ‍ᠤᠨ‌ᠨᠠᠰᠤᠵᠢᠯ ᠤᠨ ᠠᠰᠠᠷᠠᠮᠵᠢ ᠶᠢᠨ ᠮᠦᠩᠬᠦ ᠤᠯᠬᠤ ᠪᠤᠯᠪᠠ᠃ ᠭᠡᠷᠪᠡ ᠰᠦᠢᠳᠭᠡᠯ ᠳᠤᠰᠢᠶᠠᠬᠰᠠᠨ ᠪᠤᠯ ᠲᠣᠬᠠᠢ ᠶᠢᠨ ᠭᠠᠵᠠᠷ ‍ᠤᠨ‌ᠵᠠᠰᠠᠭ ᠤᠨ ᠤᠷᠳᠤᠨ ᠪᠠ ᠭᠠᠴᠠᠭ᠎ᠠ ᠳᠤᠰᠬᠤᠨ ᠠᠴᠠ ᠳᠠᠭᠠᠳᠬᠠᠯ ᠳᠤ ᠤᠷᠤᠭᠰᠠᠳ ᠲᠤ ᠨᠦᠬᠦᠪᠦᠷᠢ ᠤᠯᠭᠤᠨ᠂ ᠬᠤᠪᠢ ᠬᠦᠮᠦᠨ‌ᠨᠢᠭᠡ ᠭᠡᠰᠡᠭ ᠢ ᠨᠢ ᠳᠤᠰᠢᠶᠠᠪᠠᠯ ᠨᠠᠰᠤᠵᠢᠬᠰᠠᠨ ᠤ ᠳᠠᠷᠠᠭ᠎ᠠ ᠮᠢᠩᠭ᠎ᠠ ᠭᠠᠷᠤᠢ  ᠲᠦᠭᠦᠷᠢᠢᠡ ᠤᠨ  ᠨᠠᠰᠤᠵᠢᠯ ᠤᠨ ᠠᠰᠠᠷᠠᠮᠵᠢ ᠵᠢᠨ‌ᠮᠦ᠋ᠩᠬᠦ ᠬᠦᠷᠲᠡᠬᠦ ᠪᠤᠯᠤᠨ᠎ᠠ᠃              ᠵᠢᠷᠭᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠶᠢ ᠰᠢᠯᠵᠢᠬᠦᠯᠬᠦ ᠠᠰᠠᠭᠤᠳᠠᠯ              ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠶᠢ ᠬᠤᠳᠠ ᠶᠢᠨ ᠡᠷᠦᠭᠡ ᠠᠮᠠ ᠶᠢᠨ ᠳᠠᠩᠰᠠ ᠪᠤᠯᠭᠠᠵᠤ ᠪᠤᠯᠤᠨ᠎ᠠ᠂ ᠭᠡᠶ᠎ᠡ ᠤᠳᠤ ᠮᠠᠯᠵᠢᠬᠤ ᠲᠠᠷᠢᠶᠠᠯᠠᠬᠤ ᠣᠷᠣᠨ ᠤ ᠠᠰᠠᠷᠠᠮᠵᠢ ᠶᠢᠨ ᠲᠦᠷᠦ ᠶᠢᠨ ᠪᠤᠳᠤᠯᠭ᠎ᠠ ᠤᠯᠠᠮ ᠠᠷᠪᠢᠨ ᠪᠤᠯᠵᠤ᠂ ᠴᠦᠭᠡᠨ ᠪᠤᠰᠤ ᠬᠤᠳᠠ ᠶᠢᠨ ᠬᠦᠮᠦᠰ ᠴᠤ ᠮᠠᠯᠵᠢᠬᠤ ᠲᠠᠷᠢᠶᠠᠯᠠᠬᠤ ᠣᠷᠣᠨ ᠳᠤ ᠡᠷᠦᠭᠡ ᠠᠮᠠ ᠶᠢᠨ ᠳᠠᠩᠰᠠ ᠪᠠᠨ ᠰᠢᠯᠵᠢᠬᠦᠯᠦᠨ‌ᠠᠪᠠᠴᠢᠬᠤ ᠰᠠᠨᠠᠭ᠎ᠠ ᠲᠠᠢ ᠴᠤ ᠲᠦᠷᠦ ᠶᠢᠨ ᠪᠤᠳᠤᠯᠭ᠎ᠠ ᠵᠦᠪᠰᠢᠶᠡᠷᠡᠬᠦ ᠦᠭᠡᠢ᠃ ᠡᠶᠢᠮᠦ ᠠᠴᠠ ᠤᠳᠤ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠶᠢᠨ ᠳᠠᠩᠰᠠ ᠲᠠᠢ ᠬᠦᠮᠦᠰ ᠮᠠᠰᠢ ᠪᠤᠶᠠᠨ ᠵᠢᠷᠭᠠᠯ ᠲᠠᠢ ᠭᠡᠵᠦ ᠮᠡᠳᠡ᠃              ᠳᠤᠯᠤᠭ᠎ᠠ᠂ ᠪᠤᠬᠢᠷᠳᠤᠯ ᠦᠭᠡᠢ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠪᠡᠯ ᠡᠭᠡᠭᠡ ᠠᠳᠠᠯᠢᠬᠠᠨ ᠮᠦᠩᠬᠦ ᠵᠤᠭᠤᠰ ᠤᠯᠤᠨ᠎ᠠ              ᠤᠳᠤ ᠶᠢᠨ ᠬᠦᠮᠦᠰ ᠪᠤᠬᠢᠷᠳᠤᠯ ᠦᠭᠡᠢ ᠭᠡᠷᠡᠭᠯᠡᠭᠡ ᠶᠢ ᠤᠯᠠᠮ ᠠᠴᠠ ᠬᠦᠭᠡᠭᠡᠴᠡᠯᠳᠦᠬᠦ ᠪᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠰᠤᠷᠭᠤᠭ ᠠᠭᠤᠷ ᠠᠮᠢᠰᠬᠤᠯ ᠪᠠ ᠭᠤᠶᠤ ᠦᠵᠡᠰᠬᠦᠯᠡᠩ ᠪᠤᠬᠢᠷᠳᠤᠯ ᠦᠭᠡᠢ ᠬᠦᠭᠡᠮᠳᠦᠭ ᠨᠤᠭᠤᠭᠠᠨ‌ᠠᠭᠤᠯᠠ‌ᠤᠰᠤ ᠶᠢ ᠬᠦᠰᠡᠮᠵᠢᠯᠡᠬᠦ ᠪᠤᠯᠤᠭᠰᠠᠨ ᠮᠦᠷᠲᠡᠭᠡᠨ‌ᠮᠠᠯᠵᠢᠬᠤ ᠲᠠᠷᠢᠶᠠᠯᠠᠬᠤ ᠣᠷᠣᠨ ᠤ ᠤᠷᠭᠠᠨᠢᠬ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠢ ᠴᠤ ᠮᠠᠰᠢ ᠬᠦᠷᠢᠶᠡᠯᠡᠳᠡᠭ᠂ ᠡᠶᠢᠮᠦ ᠠᠴᠠ ᠬᠤᠳᠠᠯᠳᠤᠭᠠᠨ ᠤ ᠠᠵᠠ ᠳᠤᠬᠢᠶᠠᠯ ᠢ  ᠠᠵᠢᠵᠤ ᠮᠡᠳᠡᠭᠰᠡᠨ ᠮᠠᠯᠴᠢᠨ ᠲᠠᠷᠢᠶᠠᠴᠢᠨ ᠡᠨᠡᠬᠦ ᠳᠤᠬᠢᠶᠠᠯ ᠢ ᠠᠰᠢᠬᠯᠠᠨ ᠰᠢᠨ᠎ᠠ ᠵᠦᠢᠯ ᠤᠳ ᠢ ᠬᠦᠭᠵᠢᠬᠦᠯᠦᠬᠡᠳ ᠵᠤᠭᠤᠰ ᠮᠦᠩᠬᠦ ᠤᠯᠵᠤ ᠠᠮᠢᠳᠤᠷᠠᠯ ᠢᠶᠠᠨ ᠰᠠᠶᠢᠵᠢᠷᠠᠭᠤᠯᠵᠤ ᠪᠠᠶᠢᠨ᠎ᠠ᠃              ᠲᠡᠭᠡᠪᠡᠯ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠡᠶᠢᠮᠦ ᠰᠠᠶᠢᠨ  ᠪᠠᠶᠢᠳᠠᠯ᠎ᠠ ᠶᠠᠭᠤᠨ ᠳᠤ ᠤᠰᠠᠳᠬᠠᠬᠤ ᠪᠤᠢ︖              ᠨᠢᠬᠡ᠂ ᠮᠠᠯᠵᠢᠬᠤ ᠲᠠᠷᠢᠶᠠᠯᠠᠬᠤ ᠣᠷᠣᠨ ᠤ ᠡᠷᠦᠭᠡ ᠠᠮᠠ ᠶᠢᠨ ᠳᠠᠩᠰᠠ ᠶᠢ ᠤᠰᠠᠳᠬᠠᠬᠤ ᠶᠢᠨ ᠵᠢᠩᠬᠢᠨᠢ ᠠᠴᠢ ᠬᠤᠯᠪᠤᠭᠳᠠᠯ ᠨᠢ ᠬᠤᠳᠠ ᠬᠦᠳᠡᠭᠡ ᠳᠤ ᠡᠷᠦᠭᠡ ᠠᠮᠠ ᠶᠢ ᠨᠢᠭᠡᠳᠦᠯᠳᠡᠢ ᠳᠠᠩᠰᠠᠯᠠᠬᠤ ᠲᠦᠷᠢᠮ ᠢ ᠪᠠᠶᠢᠭᠤᠯᠬᠤ ᠳᠤ ᠪᠤᠢ ᠃ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠ ᠶᠢᠨ ᠰᠢᠨᠵᠢ ᠴᠢᠨᠠᠷ ‍ᠤᠨ‌ᠢᠯᠭᠠᠭ᠎ᠠ ᠠᠴᠠ ᠪᠤᠯᠤᠭᠰᠠᠨ ᠡᠷᠦᠭᠡ ᠠᠮᠠ ᠶᠢᠨ ᠬᠦᠭᠡ ᠲᠡᠪᠳᠡᠷ ᠵᠡᠷᠭᠡ ᠡᠷᠦᠭᠡ ᠠᠮᠠ ᠶᠢᠨ ᠳᠠᠩᠰᠠ ᠶᠢᠨ ᠲᠦᠷᠦᠯ ᠵᠦᠢᠯ ᠢ ᠤᠰᠠᠳᠬᠠᠨ᠂ ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠠᠷ ᠨᠢᠭᠡᠳᠦᠯᠳᠡᠢ ᠳᠠᠩᠰᠠᠯᠠᠬᠤ ᠨᠢ ᠡᠷᠦᠭᠡ ᠠᠮᠠ ᠵᠢᠨ‌‍ᠲ᠋ᠠᠩᠰᠠ ᠶᠢᠨ ᠲᠦᠷᠢᠮ ᠤᠨ ᠬᠦᠮᠦᠨ ᠠᠮᠠ ᠶᠢ ᠳᠠᠩᠰᠠᠯᠠᠬᠤ  ᠬᠠᠮᠢᠶᠠᠷᠤᠯᠳᠠ ᠵᠢᠨ‌‍ᠴᠢᠳᠠᠪᠬᠢ ᠶᠢ ᠬᠠᠷᠠᠭᠤᠯᠬᠤ ᠶᠢᠨ ᠲᠦᠯᠦᠭᠡ ᠶᠤᠮ᠃ ᠬᠤᠶᠠᠷ᠂  ᠳᠠᠷᠢᠶᠠᠯᠠᠩ ᠤᠨ  ᠡᠷᠦᠭᠡ  ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠵᠢᠨ‌‍ᠲ᠋ᠠᠩᠰᠠ ᠶᠢᠨ ᠰᠢᠨᠵᠢ ᠴᠢᠨᠠᠷ ᠤᠨ ᠢᠯᠭᠠᠭ᠎ᠠ ᠶᠢᠨ ᠵᠠᠩᠬᠢᠯᠠᠭ᠎ᠠ ᠨᠢ ᠨᠡᠷ᠎ᠡ ᠨᠢ ᠬᠤᠪᠢᠷᠠᠭᠰᠠᠨ ᠳᠤ ᠪᠠᠶᠢᠬᠤ ᠪᠢᠰᠢ᠂ ᠳᠠᠷᠢᠶᠠᠯᠠᠩ ‍ᠤᠨ‌ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ  ᠡᠷᠦᠭᠡ  ᠠᠮᠠ ᠶᠢᠨ  ᠳᠠᠩᠰᠠ ᠶᠢ ᠨᠢᠭᠡᠳᠦᠬᠦᠯᠦᠭᠡᠳ ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠤᠯᠭᠠᠬᠤ ᠡᠶᠢᠮᠦ ᠯᠡ ᠲᠦᠬᠦᠮᠭᠡᠨ‌ᠤᠴᠢᠷ ᠪᠢᠰᠢ᠂ ᠬᠠᠷᠢᠨ ᠲᠡᠬᠦᠨ ᠤ ᠠᠷᠤ ᠳ᠋ᠠᠬᠢ‌ᠨᠡᠶᠢᠭᠡᠮ ᠤᠨ ᠠᠰᠠᠷᠠᠮᠵᠢ ᠶᠢᠨ ᠵᠦᠷᠢᠶ᠎ᠡ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠡᠭᠰᠢ  ᠪᠤᠰᠤ ᠵᠡᠷᠭᠡ ᠵᠦᠷᠢᠶ᠎ᠡ ᠶᠢ ᠠᠷᠢᠯᠭᠠᠨ᠂ ᠬᠤᠳᠠ ᠬᠦᠳᠡᠭᠡ ᠶᠢᠨ ᠪᠦᠬᠦ᠋ᠢᠯᠡ‌‍ᠰᠠᠭᠤᠭᠠᠯᠢ ᠠᠷᠠᠳ ᠲᠤ ᠲᠡᠭᠰᠢ ᠨᠡᠶᠢᠭᠡᠮ ᠤᠨ ᠠᠰᠠᠷᠠᠮᠵᠢ ᠵᠢᠨ‌ᠬᠠᠷᠠᠭᠠᠯᠵᠠᠯ ᠪᠠ ᠤᠯᠠᠨ ᠨᠡᠶᠢᠳᠡ ᠶᠢᠨ ᠦᠢᠯᠡᠴᠢᠯᠡᠭᠡ ᠶᠢ  ᠬᠦᠷᠲᠡᠭᠡᠨ᠂  ︽ᠠᠳᠠᠯᠢ  ᠡᠷᠦᠭᠡ  ᠠᠮᠠ  ᠠᠳᠠᠯᠢ ᠡᠷᠭᠡ︾᠎ ᠲᠠᠢ ᠶᠢ ᠪᠡᠶᠡᠯᠡᠬᠦᠯᠬᠦ ᠶᠢᠨ ᠲᠦᠯᠦᠭᠡ ᠶᠤᠮ᠃ ᠦᠬᠡᠷ᠎ᠠ ᠪᠠᠷ ᠬᠡᠯᠡᠪᠡᠯ ᠨᠡᠷ᠎ᠠ ᠨᠢ ᠬᠤᠪᠢᠷᠠᠬᠰᠠᠨ ᠪᠣᠯᠪᠠᠴᠣ ᠡᠬᠦᠨ ᠤ ᠲᠣᠮᠳᠠ ᠠᠴᠠ ᠮᠠᠯᠴᠢᠨ‌‍ᠲ᠋ᠠᠷᠢᠶᠠᠴᠢᠨ ᠨᠡᠩ ᠣᠯᠠᠨ ᠠᠰᠢᠭ ᠬᠦᠷᠳᠡᠵᠣ᠂ ᠭᠠᠵᠠᠷ ᠰᠢᠷᠣᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠨᠢ ᠨᠡᠩ ᠪᠠᠳᠣᠯᠠᠭ᠎ᠠ ᠲᠠᠢ ᠪᠣᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号