| | | | ᠣᠷᠴᠢᠮᠬᠠᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠬᠠᠢ ᠹᠧᠩ《 ᠬᠠᠷᠢᠶ᠎ᠠ ᠭᠠᠵᠠᠷ ᠤᠨ | ᠠᠵᠤ ᠠᠬᠤᠢ 》 ᠬᠤᠤᠰ ᠢᠶᠠᠷ ᠴᠤᠭᠴᠠᠯᠠᠨ ᠪᠠᠶᠢᠭᠤᠯᠬᠤ ᠬᠦᠷᠢᠶᠡᠯᠡᠩ ᠤᠨ ᠭᠤᠷᠪᠠᠲᠤᠭᠠᠷ ᠠᠰᠠᠷ ᠤᠨ ᠬᠤᠷᠠᠯ | ᠤᠨ ᠭᠡᠷ ᠲᠤ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ 41 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠢᠶ᠎ᠠ ᠶᠢᠨ ᠬᠤᠷᠠᠯ ᠢ ᠡᠷᠬᠢᠯᠡᠵᠦ ᠬᠤᠷᠠᠯᠳᠤᠭᠤᠯᠤᠭᠰᠠᠨ ᠪᠠᠶᠢᠨ᠎ᠠ᠃ ᠡᠭᠦᠨ ᠤ ᠬᠠᠮᠲᠤ ᠲᠤᠭᠤᠷᠢᠭ ᠤᠨ | ᠲᠦᠷᠪᠡᠳᠦᠭᠡᠷ ᠠᠰᠠᠷ ᠤᠨ ᠬᠤᠷᠠᠯ ᠤᠨ ᠭᠡᠷ ᠲᠤ ᠰᠠᠯᠪᠤᠷᠢ ᠬᠤᠷᠠᠯ ᠤᠨ ᠲᠠᠯᠠᠪᠠᠢ ᠶᠢ ᠪᠠᠶᠢᠭᠤᠯᠪᠠ᠃ | ᠬᠤᠷᠠᠯ ᠳᠤ ᠪᠦᠬᠦ ᠤᠯᠤᠰ ᠤᠨ《 ᠬᠤᠶᠠᠷ ᠬᠤᠷᠠᠯ》 ᠤᠨ ᠵᠤᠷᠢᠭ ᠰᠠᠨᠠᠭ᠎ᠠ ᠵᠢᠴᠢ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ᠂ ᠪᠤᠭᠤᠲᠤ ᠬᠤᠳᠠ ᠶᠢᠨ ᠪᠠᠶᠢᠩᠭᠤ ᠶᠢᠨ | ᠬᠤᠷᠢᠶ᠎ᠠ ᠶᠢᠨ ᠪᠦᠬᠦ ᠤᠯᠤᠰ ᠤᠨ《 ᠬᠤᠶᠠᠷ ᠬᠤᠷᠠᠯ》 ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠬᠠᠢ ᠲᠤᠬᠢᠷᠠᠭᠤᠯᠤᠨ ᠱᠠᠭᠠᠷᠳᠠᠭᠰᠠᠨ ᠬᠤᠷᠠᠯ ᠪᠤᠯᠤᠨ᠎ᠠ᠃ ᠪᠦᠬᠦ ᠬᠤᠳᠠ ᠶᠢᠨ《 | ᠤᠪᠤᠷ ᠰᠤᠷᠲᠠᠯ ᠤᠨ ᠪᠦᠳᠦᠭᠡᠨ ᠪᠠᠶᠢᠭᠤᠯᠤᠯᠲᠠ ᠶᠢᠨ ᠤᠨ》 ᠤ ᠠᠵᠢᠯᠯᠠᠭ᠎ᠠ ᠶᠢ ᠲᠠᠶᠢᠴᠢᠯᠠᠬᠤ ᠬᠤᠷᠠᠯ ᠵᠡᠷᠭᠡ | ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠲᠠᠶᠢᠴᠢᠯᠠᠨ ᠦᠷᠨᠢᠬᠦᠯᠥᠭᠰᠡᠨ ᠪᠠᠶᠢᠨ᠎ᠠ᠃ ᠶᠠᠭ ᠡᠶᠢᠮᠦ ᠠᠴᠠ | ᠮᠠᠨ ᠤ ᠲᠤᠭᠤᠷᠢᠭ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭ᠎ᠠ ᠳᠤ ᠰᠤᠳᠤᠯᠤᠨ ᠲᠤᠬᠢᠷᠠᠭᠤᠯᠤᠯᠳᠠ ᠬᠢᠪᠡ᠃ | ᠡᠭᠦᠨ ᠤ ᠬᠠᠮᠲᠤ ᠲᠤᠭᠤᠷᠢᠭ ᠤᠨ ᠪᠠᠶᠢᠩᠭᠤ ᠶᠢᠨ ᠬᠤᠷᠢᠶᠠᠨ ᠤ ᠬᠤᠷᠠᠯ ᠪᠠ ᠲᠤᠭᠤᠷᠢᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠲᠤᠨ᠂ ᠣᠯᠣᠰ ᠲᠦᠷᠦ ᠶᠢᠨ ᠵᠦᠪᠯᠡᠯᠭᠡᠨ᠂ ᠰᠢᠬᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ2018 ᠤᠨ ᠤ ᠭᠤᠤᠯ | ᠠᠵᠢᠯᠯᠠᠭᠠᠨ ᠳᠤ ᠲᠤᠬᠢᠷᠠᠭᠤᠯᠤᠯᠲᠠ ᠬᠢᠵᠦ᠂ 2018 ᠣᠨ ᠤ ᠪᠦᠬᠦ ᠲᠤᠭᠤᠷᠢᠭ ᠤᠨ ᠭᠤᠤᠯ ᠪᠤᠯᠬᠤ ᠲᠦᠰᠦᠯ᠂ | 《 ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ》 ᠵᠡᠷᠭᠡ ᠬᠠᠮᠢᠶ᠎ᠠ ᠪᠦᠬᠦᠢ ᠬᠤᠯᠪᠤᠭᠳᠠᠬᠤ ᠶᠠᠪᠤᠳᠠᠯ | ᠳᠤ ᠲᠤᠬᠢᠷᠠᠭᠤᠯᠤᠯᠳᠠ ᠬᠢᠬᠦ ᠶᠢᠨ ᠬᠠᠮᠲᠤ 2017 ᠤᠨ ᠤ ᠰᠠᠯᠠᠭᠠᠨ ᠤ ᠲᠡᠰ ᠤᠨᠤᠳᠤᠷᠢᠳᠬᠤ ᠪᠠᠭ ᠪᠠ | ᠤᠳᠤᠷᠢᠳᠬᠤ ᠺᠠᠳ᠋ᠷ ᠤᠨ ᠪᠤᠳᠠᠳᠠᠢ ᠠᠵᠢᠯᠯᠠᠭᠠᠨ ᠤ ᠬᠢᠨᠠᠯᠳᠡ ᠵᠢᠨᠦᠷ᠎ᠡ ᠳ᠋ᠦᠩ ᠲᠤ ᠦᠨᠡᠯᠡᠯᠲᠡ ᠬᠢᠪᠡ ᠃ | ᠪᠦᠬᠦ ᠤᠯᠤᠰ ᠤᠨ《 ᠬᠤᠶᠠᠷ ᠬᠤᠷᠠᠯ》 ᠤᠨ ᠵᠤᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ | ᠶᠢᠨ ᠲᠤᠬᠠᠢ᠂ ᠵᠠᠩ ᠬᠠᠢ ᠹᠧᠩ ᠱᠠᠭᠠᠷᠳᠠᠭᠰᠠᠨ ᠨᠢ ᠂ ᠪᠦᠬᠦ ᠤᠯᠤᠰ ᠤᠨ《 ᠬᠤᠶᠠᠷ ᠬᠤᠷᠠᠯ》 ᠤᠨ ᠵᠤᠷᠢᠭ | ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ᠂ ᠬᠠᠮᠤᠭ ᠤᠨ ᠦᠨᠳᠦᠰᠦᠨ 《 ᠲᠦᠷᠪᠡᠨ ᠤᠬᠠᠮᠰᠠᠷ》 ᠢ | ᠪᠠᠲᠤ ᠪᠠᠬᠢ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ | ᠣᠯᠣᠰ ᠢᠶᠠᠨ ᠵᠠᠰᠠᠵᠤ ᠲᠦᠷᠦ ᠪᠠᠨ ᠴᠡᠭᠴᠡᠯᠡᠬᠦ᠂ ᠰᠢᠨ᠎ᠡ ᠦᠵᠡᠯᠲᠡ᠂ ᠰᠢᠨ᠎ᠡ ᠦᠵᠡᠯ ᠰᠠᠨᠠᠭᠠᠨ ᠤ ᠪᠠᠶᠢᠯᠳᠣᠬᠤ | ᠪᠣᠳᠣᠯᠭ᠎ᠠ ᠪᠠᠷ ᠵᠢᠯᠤᠭᠤᠳᠤᠯᠭ᠎ᠠ ᠪᠤᠯᠭᠠᠵᠤ᠂ ᠦᠪᠡᠷ ᠤᠨ ᠲᠤᠷ᠎ᠠ ᠠᠴᠠ ᠪᠠᠨ ᠰᠢ ᠶᠢᠨ ᠫᠢᠩ ᠶᠡᠷᠦᠩᠭᠡᠢ ᠱᠦᠵᠢ ᠪᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠦᠵᠡᠯ ᠰᠠᠨᠠᠭ᠎ᠠ᠂ ᠣᠯᠣᠰ ᠲᠦᠷᠦ᠂ ᠦᠢᠯᠡ ᠠᠵᠢᠯᠯᠠᠭ᠎ᠠ | ᠲᠡᠭᠡᠷ᠎ᠡ ᠪᠠᠨ ᠬᠡᠵᠢᠶᠡᠳᠡ ᠲᠡᠭᠡᠲᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠪᠠᠳᠤᠯᠠᠬᠤ ᠬᠡᠷᠡᠭᠲᠡᠢ᠃ | ᠪᠦᠬᠦ ᠬᠤᠳᠠ ᠶᠢᠨ《 ᠤᠪᠤᠷ ᠰᠤᠷᠲᠠᠯ ᠤᠨ ᠪᠦᠳᠦᠭᠡᠨ ᠪᠠᠶᠢᠭᠤᠯᠤᠯᠲᠠ ᠶᠢᠨ ᠤᠨ》 ᠤ ᠠᠵᠢᠯᠯᠠᠭ᠎ᠠ ᠶᠢᠨ | ᠲᠠᠶᠢᠴᠢᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠵᠠᠩ | ᠬᠠᠢ ᠹᠧᠩ ᠱᠠᠭᠠᠷᠳᠠᠭᠰᠠᠨ ᠨᠢ ᠂ ᠨᠢᠭᠡ ᠳᠤ᠂ ᠴᠠᠭ ᠲᠤᠬᠠᠢ ᠳᠤᠨᠢ ᠵᠤᠬᠢᠶᠠᠨ ᠪᠠᠶᠢᠭᠤᠯᠵᠤ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠨ᠎ᠠ᠃ ᠲᠡᠰ ᠲᠠᠪᠬᠤᠷᠭ᠎ᠠ ᠲᠠᠢ ᠪᠠᠷ ᠦᠵᠡᠯ ᠰᠠᠨᠠᠭ᠎ᠠ ᠪᠠᠨ ᠲᠠᠶᠢᠴᠢᠯᠠᠵᠤ᠂ ᠵᠤᠬᠢᠶᠠᠨ | ᠪᠠᠶᠢᠭᠤᠯᠬᠤ ᠪᠠ ᠥᠢᠯᠡ ᠠᠵᠢᠯᠯᠠᠭ᠎ᠠ ᠪᠠᠨ ᠦᠨᠡᠨᠬᠦ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠬᠢᠭᠡᠳ | ᠬᠤᠳᠠ ᠶᠢᠨ ᠨᠠᠮ ᠤᠨ ᠬᠤᠷᠢᠶ᠎ᠠ ᠶᠢᠨ ᠤᠯᠠᠮ ᠨᠢᠭᠡ ᠠᠯᠬᠤᠮ ᠤᠪᠤᠷ ᠰᠤᠷᠲᠠᠯ ᠢᠶᠠᠨ ᠪᠦᠳᠦᠭᠡᠨ ᠪᠠᠶᠢᠭᠤᠯᠤᠯᠲᠠ ᠶᠢᠨ | ᠲᠤᠬᠠᠢ ᠴᠢᠩᠭᠠᠳᠬᠠᠬᠤ ᠰᠢᠨ᠎ᠡ ᠲᠤᠬᠢᠷᠠᠭᠤᠯᠤᠯᠲᠠ ᠰᠢᠨ᠎ᠡ ᠱᠠᠭᠠᠷᠳᠠᠯᠭ᠎ᠠ ᠲᠠᠢ ᠨᠢᠭᠡᠳᠭᠡᠵᠦ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ᠂ ᠪᠦᠬᠦ ᠤᠯᠤᠰ ᠤᠨ《 ᠬᠤᠶᠠᠷ ᠬᠤᠷᠠᠯ》 ᠤᠨ ᠵᠤᠷᠢᠭ ᠰᠠᠨᠠᠭ᠎ᠠ ᠪᠠ | ᠲᠦᠪ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠬᠤᠷᠢᠶ᠎ᠠ ᠶᠢᠨ ᠡᠯ᠎ᠡ ᠰᠢᠢᠳᠪᠦᠷᠢ ᠶᠢᠨ ᠲᠤᠬᠢᠷᠠᠭᠤᠯᠤᠯᠲᠠ ᠶᠢ | ᠤᠭ ᠦᠨᠳᠦᠰᠦ ᠪᠠᠷ ᠨᠢ ᠵᠦᠢ ᠵᠤᠬᠢᠰᠲᠠᠢ᠂ ᠦᠨᠡᠨᠴᠢ ᠪᠠᠷ ᠪᠠᠳᠤᠲᠠᠢ ᠲᠦᠯᠬᠢᠨ ᠠᠬᠢᠭᠤᠯᠤᠨ᠎ᠠ᠃ ᠬᠤᠶᠠᠷ ᠲᠤ᠂ | ᠣᠪᠣᠷ ᠰᠤᠷᠲᠠᠯ ᠤᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠴᠢᠨᠠᠷ ᠪᠠ ᠪᠠᠴᠢᠮ ᠴᠢᠨᠠᠷ ᠢ ᠬᠦᠨᠵᠡᠭᠡᠢ | ᠤᠶᠢᠯᠠᠭᠠᠵᠤ ᠴᠢᠩᠭᠠᠳᠬᠠᠨ᠎ᠠ᠃ ᠨᠠᠮ ᠤᠨ ᠬᠡᠪ ᠰᠣᠷᠳᠠᠯ ᠪᠤᠯ ᠨᠠᠮ ᠤᠨ ᠲᠦᠷᠢ ᠲᠦᠷᠬᠦ᠂ ᠲᠤᠭᠤᠷᠢᠭ ᠤᠨ ᠨᠠᠮ | ᠤᠨ ᠭᠡᠰᠢᠬᠦᠨ ᠺᠠᠳ᠋ᠷ ᠤᠨ ᠤᠪᠤᠷ ᠰᠤᠷᠲᠠᠯ ᠤᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠴᠢᠨᠠᠷ ᠪᠠ ᠪᠠᠴᠢᠮ ᠴᠢᠨᠠᠷ | ᠢ ᠴᠢᠩᠭᠠᠳᠬᠠᠬᠤ ᠶᠢ ᠬᠦᠨᠵᠡᠭᠡᠢ ᠤᠶᠢᠯᠠᠭᠠᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ | ᠪᠤᠳᠠᠳᠠᠢ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠪᠠᠶᠢᠩᠭᠤ ᠶᠢᠨ ᠬᠤᠷᠢᠶᠠᠨ ᠤ ᠤᠪᠤᠷ | ᠰᠤᠷᠲᠠᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠲᠠᠢ ᠨᠢᠭᠡᠳᠦᠯᠳᠠᠢ ᠪᠠᠶᠢᠯᠭᠠᠨ᠎ᠠ᠃《 ᠭᠤᠷᠪᠠᠨ | ᠴᠢᠩᠭ᠎ᠠ ᠭᠤᠷᠪᠠᠨ ᠪᠤᠳᠠᠳᠠᠢ》ᠪᠤᠯᠤᠨ《 ᠲᠠᠪᠤᠨ ᠡᠷᠡᠰ ᠬᠠᠳᠠᠭᠤ》 ᠶᠢᠨ ᠱᠠᠭᠠᠷᠳᠠᠯᠭ᠎ᠠ ᠲᠠᠢ ᠵᠤᠬᠢᠴᠠᠭᠤᠯᠤᠨ᠎ᠠ᠃ | ᠪᠦᠬᠦ ᠬᠤᠳᠠ ᠶᠢᠨ《 ᠤᠪᠤᠷ ᠰᠤᠷᠲᠠᠯ ᠤᠨ ᠪᠦᠳᠦᠭᠡᠨ ᠪᠠᠶᠢᠭᠤᠯᠤᠯᠳᠠ ᠶᠢᠨ ᠤᠨ》 ᠤ ᠪᠤᠳᠠᠳᠤ ᠲᠦᠰᠦᠯ | ᠶᠤᠰᠤᠭᠠᠷ᠂ ᠠᠰᠠᠭᠤᠳᠠᠯ ᠢ ᠡᠷᠢᠵᠦ᠂ ᠵᠦᠷᠢᠶ᠎ᠡ ᠶᠢ ᠡᠷᠢᠵᠦ᠂ ᠠᠷᠭ᠎ᠠ ᠠᠪᠴᠠᠯ ᠠᠪᠴᠤ᠂ ᠦᠭᠡᠷᠡᠴᠢᠯᠡᠯᠲᠡ ᠶᠢ | ᠴᠢᠩᠭ᠎ᠠ ᠠᠳᠬᠤᠨ᠂ ᠲᠤᠭᠤᠷᠢᠭ ᠤᠨ ᠤᠪᠤᠷ ᠰᠣᠷᠲᠠᠯ ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ | ᠵᠢᠯᠤᠭᠤᠳᠴᠤ ᠤᠷᠲᠤ ᠬᠤᠭᠤᠴᠠᠭ᠎ᠠ ᠪᠠᠷ ᠪᠠᠷᠢᠮᠳᠠᠯᠠᠨ᠎ᠠ᠃ ᠭᠤᠷᠪᠠ ᠳᠤ᠂ ᠤᠳᠤᠷᠢᠳᠤᠯᠭ᠎ᠠ ᠶᠢ ᠵᠤᠬᠢᠶᠠᠨ | ᠪᠠᠶᠢᠭᠤᠯᠬᠤ ᠪᠠ ᠤᠳᠤᠷᠢᠳᠤᠯᠭ᠎ᠠ ᠶᠢ ᠬᠢᠨᠠᠬᠤ ᠪᠠᠨ ᠴᠢᠩᠭᠠᠳᠬᠠᠵᠤ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢ | ᠪᠠᠳᠤᠯᠠᠨ᠎ᠠ᠃ ᠲᠤᠭᠤᠷᠢᠭ ᠲᠤ ᠭᠤᠤᠯ ᠤᠳᠤᠷᠢᠳᠤᠯᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ᠂《 ᠤᠪᠤᠷ | ᠰᠤᠷᠲᠠᠯ ᠤᠨ ᠪᠦᠳᠦᠭᠡᠨ ᠪᠠᠶᠢᠭᠤᠯᠤᠯᠲᠠ ᠶᠢᠨ ᠤᠨ》 ᠤ ᠠᠵᠢᠯᠠᠯᠠᠭᠠ ᠵᠢᠨᠤᠳᠤᠷᠢᠳᠬᠤ ᠪᠠᠭ ᠢ ᠲᠦᠷᠭᠡᠨ | ᠪᠠᠶᠢᠭᠤᠯᠵᠤ᠂ ᠦᠨᠳᠦᠰᠦᠨ ᠱᠠᠳᠤᠨ ᠤ ᠺᠠᠳ᠋ᠷ ᠤᠨ ᠬᠦᠴᠦᠨ ᠢ ᠳᠠᠲᠠᠵᠤ᠂ ᠠᠵᠢᠯ ᠤᠨ ᠪᠠᠶᠢᠭᠤᠯᠤᠮᠵᠢ ᠶᠢ | ᠪᠦᠳᠦᠭᠡᠨ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢ ᠨᠢ ᠡᠭᠦᠷᠭᠡᠯᠡᠵᠦ᠂ ᠠᠵᠢᠯ ᠤᠨ ᠲᠤᠰᠢᠶᠠᠯ ᠬᠠᠷᠢᠭᠤᠴᠠᠯᠭ᠎ᠠ | ᠶᠢ ᠨᠢᠮᠪᠠᠢ ᠬᠤᠪᠢᠶᠠᠵᠤ᠂ ᠬᠠᠮᠤᠭ ᠤᠨ ᠬᠤᠷᠲᠤᠨ ᠢᠶᠠᠷ ᠦᠷᠭᠡᠨ ᠤᠯᠠᠨ ᠨᠠᠮ ᠤᠨ ᠺᠠᠳ᠋ᠷ ᠤᠨ ᠢᠳᠡᠪᠬᠢ ᠴᠢᠨᠠᠷ᠂ | ᠰᠠᠨᠠᠭᠠᠴᠢᠯᠭᠠᠲᠤ ᠴᠢᠨᠠᠷ ᠢ ᠲᠠᠶᠢᠴᠢᠯᠠᠵᠤ᠂《ᠤᠪᠤᠷ ᠰᠤᠷᠲᠠᠯ ᠤᠨ ᠪᠦᠳᠦᠭᠡᠨ ᠪᠠᠶᠢᠭᠤᠯᠤᠯᠳᠠ ᠶᠢᠨ ᠤᠨ》 ᠤ | ᠠᠵᠢᠯᠯᠠᠭ᠎ᠠ ᠡᠮᠬᠢ ᠵᠠᠮᠪᠠᠷᠠᠭ᠎ᠠ ᠲᠠᠢ ᠪᠠᠷ ᠶᠠᠪᠤᠭᠳᠠᠬᠤ ᠶᠢ ᠪᠠᠳᠤᠯᠠᠨ᠎ᠠ᠃ ᠭᠤᠤᠯᠳᠠᠭᠤ ᠠᠵᠢᠯ ᠡᠭᠦᠷᠭᠡ ᠨᠢ | ᠪᠦᠳᠦᠮᠵᠢᠳᠠᠢ ᠪᠠᠷ ᠨᠠᠶᠢᠳᠠᠪᠤᠷᠢᠵᠢᠭᠤᠯᠵᠤ᠂ ᠲᠤᠭᠳᠠᠭᠠᠭᠰᠠᠨ ᠬᠠᠷᠠᠯᠳᠠ ᠪᠠᠨ ᠴᠠᠭ ᠲᠤᠬᠠᠢ ᠳᠤᠨᠢ ᠪᠡᠶᠡᠯᠡᠬᠦᠯᠬᠦ | ᠬᠡᠷᠡᠭᠲᠡᠢ᠃ | | | | | 2018 ᠣᠨ ᠤ ᠠᠵᠢᠯ ᠤᠨ ᠭᠤᠤᠯᠳᠠᠯᠭ᠎ᠠ ᠨᠢ ᠲᠤᠭᠤᠷᠢᠭ ᠤᠨ ᠪᠠᠶᠢᠩᠭᠤ ᠶᠢᠨ ᠬᠤᠷᠢᠶᠠᠨ ᠤ ᠬᠤᠷᠠᠯ ᠪᠠ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠲᠤᠨ᠂ ᠣᠯᠣᠰ ᠲᠦᠷᠦ ᠶᠢᠨ | ᠵᠦᠪᠯᠡᠯᠭᠡᠨ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠲᠤᠭᠤᠶᠢᠯᠠᠩ ᠳᠤ ᠮᠦᠨ ᠴᠢᠨᠠᠷ ᠲᠡᠭᠡᠷ᠎ᠡ | ᠪᠠᠨ ᠪᠠᠳᠤᠯᠠᠭᠳᠠᠵᠠᠢ᠃ | ᠵᠠᠩ ᠬᠠᠢ ᠹᠧᠩ ᠤᠨ ᠦᠵᠡᠭᠦ ᠪᠠᠷ᠂ ᠨᠠᠮ ᠤᠨ ᠡᠯ᠎ᠡ ᠤᠳᠤᠷᠢᠳᠬᠤ ᠲᠤᠭᠤᠶᠢᠯᠠᠩ ᠤᠨ 2018 ᠤᠨ ᠤ | ᠠᠵᠢᠯ ᠤᠨ ᠭᠤᠤᠯᠳᠠᠯᠠᠭ᠎ᠠ ᠶᠢᠨ ᠰᠢᠨ᠎ᠡ ᠵᠣᠷᠢᠯᠳᠠ᠂ ᠰᠢᠨ᠎ᠡ ᠬᠢᠯᠠᠰ ᠴᠡᠭ ᠨᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠨᠢᠭᠳᠠ ᠲᠦᠪᠯᠡᠷᠡᠨ᠂ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠳᠤ ᠲᠦᠪᠯᠡᠷᠡᠵᠦ | ᠂《 ᠲᠠᠪᠤ ᠶᠢ ᠨᠢᠭᠡ ᠴᠤᠭᠴᠠᠵᠢᠯᠠᠬᠤ》ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠳᠤ ᠲᠦᠪᠯᠡᠷᠡᠬᠦ᠂ ᠰᠢ | ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠯᠲᠠ ᠲᠡᠭᠡᠷᠡᠬᠢ ᠶᠠᠷᠢᠭᠰᠠᠨ ᠵᠤᠷᠢᠭ | ᠰᠠᠨᠠᠭ᠎ᠠ ᠶᠢ ᠲᠤᠤᠱᠯᠠᠭᠤᠯᠵᠤ᠂ ᠨᠠᠮ ᠤᠨ ᠪᠦᠳᠦᠭᠡᠨ ᠪᠠᠶᠢᠭᠤᠯᠤᠯᠳᠠ᠂ ᠲᠦᠪ ᠴᠢᠬᠡᠴᠢ ᠨᠠᠮ ᠤᠨ ᠰᠣᠷᠲᠠᠯ ᠂ | ᠣᠪᠣᠷ ᠰᠣᠷᠲᠠᠯ ᠢ ᠴᠢᠩᠭᠠᠳᠬᠠᠵᠤ᠂ ᠦᠭᠡᠷᠡᠴᠢᠯᠡᠯᠲᠡ ᠶᠢ ᠠᠳᠬᠤᠬᠤ ᠬᠡᠷᠡᠭᠳᠡᠢ ᠃ ᠨᠠᠮ ᠤᠨ ᠡᠯ᠎ᠡ ᠤᠳᠤᠷᠢᠳᠬᠤ | ᠲᠤᠭᠤᠶᠢᠯᠠᠩ ᠤᠨ ᠲᠤᠰᠢᠶᠠᠭᠰᠠᠨ ᠠᠵᠢᠯ ᠤᠨ ᠭᠤᠤᠯᠳᠠᠯᠭ᠎ᠠ ᠨᠢ ᠪᠦᠷ ᠲᠤᠭᠤᠷᠢᠭ ᠤᠨ ᠪᠤᠳᠠᠳᠠᠢ ᠪᠠᠶᠢᠳᠠᠯ ᠳᠤ | ᠨᠡᠶᠢᠴᠡᠵᠦ ᠪᠠᠶᠢᠨ᠎ᠠ᠃ | ᠵᠠᠩ ᠬᠠᠢ ᠹᠧᠩ ᠱᠠᠭᠠᠷᠳᠠᠭᠰᠠᠨ ᠨᠢ᠂ ᠨᠢᠭᠡ ᠳᠤ᠂ ᠲᠤᠭᠤᠷᠢᠭ ᠤᠨ《 ᠵᠠᠰᠠᠭ ᠢ ᠴᠤᠮᠠᠳᠬᠠᠨ ᠡᠷᠭᠡ ᠶᠢ | ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠤᠨ ᠥᠢᠯᠡᠴᠢᠯᠡᠭᠡ ᠶᠢ ᠰᠢᠯᠢᠳᠡᠭᠵᠢᠬᠦᠯᠬᠦ》 ᠠᠵᠢᠯ ᠤᠨ ᠰᠠᠶᠢᠨ | ᠲᠤᠷᠰᠢᠯᠭ᠎ᠠ ᠠᠷᠭ᠎ᠠ ᠶᠢ ᠳ᠋ᠦᠩᠨᠡᠬᠦ ᠪᠠ ᠨᠠᠷᠢᠪᠴᠢᠯᠠᠨ᠂ ᠲᠠᠬᠢᠨ ᠬᠤᠳᠠ ᠶᠢᠨ ᠬᠤᠷᠢᠶ᠎ᠠ ᠶᠢᠨ ᠡᠯ᠎ᠡ ᠪᠠᠶᠢᠭᠤᠯᠭ᠎ᠠ ᠳᠤ | ᠮᠡᠳᠡᠭᠦᠯᠦᠯᠲᠡ ᠬᠢᠵᠦ᠂ ᠭᠠᠳᠠᠭᠰᠢ ᠲᠤᠭᠤᠷᠢᠭ ᠢᠶᠠᠨ ᠤᠬᠠᠭᠤᠯᠬᠤ ᠬᠦᠴᠦᠨ ᠢ ᠨᠡᠮᠡᠭᠳᠡᠭᠦᠯᠦᠨ᠎ᠡ᠃ ᠬᠤᠶᠠᠷ ᠲᠤ᠂ | ᠪᠠᠶᠢᠴᠠᠭᠠᠬᠤ ᠬᠤᠷᠢᠶᠠᠨ ᠤ ᠨᠡᠶᠢᠳᠡ ᠶᠢᠨ ᠬᠠᠯᠠᠮᠵᠢ ᠶᠢᠨ ᠵᠠᠷᠭᠤᠯᠳᠤᠬᠤ ᠬᠠᠮᠢᠶ᠎ᠠ ᠪᠦᠬᠦᠢ ᠠᠵᠢᠯ ᠢ ᠴᠢᠬᠤᠯᠠᠴᠢᠯᠠᠬᠤ | ᠬᠡᠷᠡᠭᠲᠡᠢ᠃ ᠭᠤᠷᠪᠠ ᠳᠤ᠂ ᠨᠠᠮ ᠤᠨ ᠡᠯ᠎ᠡ ᠤᠳᠤᠷᠢᠳᠬᠤ ᠲᠤᠭᠤᠶᠢᠯᠠᠩ ᠨᠢ 2018 ᠤᠨ ᠤ ᠠᠵᠢᠯ ᠤᠨ | ᠴᠢᠬᠤᠯᠠ ᠱᠠᠭᠠᠷᠳᠠᠯᠭ᠎ᠠ ᠪᠠᠷ ᠪᠣᠳᠠᠳᠠᠢ ᠪᠠᠶᠢᠳᠠᠯ ᠳᠤ ᠨᠡᠶᠢᠴᠡᠬᠦᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠬᠦᠳᠴᠦ | ᠂ ᠨᠠᠷᠢᠨ ᠨᠢᠮᠪᠠᠢ᠂ ᠲᠦᠪ ᠴᠢᠩᠭ᠎ᠠ᠂ ᠡᠷᠴᠢᠮᠳᠠᠢ ᠪᠠᠷ ᠠᠳᠬᠤᠨ ᠪᠣᠳᠠᠳᠠᠶᠢᠵᠢᠭᠤᠯᠬᠤ ᠬᠡᠷᠡᠭᠲᠡᠢ᠃ | ᠲᠤᠭᠤᠷᠢᠭ ᠤᠨ 2018 ᠤᠨ ᠤ ᠭᠤᠤᠯ ᠲᠦᠰᠦᠯ ᠤᠨ ᠠᠵᠢᠯ ᠤᠨ ᠲᠤᠬᠠᠢ ᠵᠠᠩ ᠬᠠᠢ ᠹᠧᠩ | ᠲᠤᠳᠤᠷᠬᠠᠶᠢᠯᠠᠭᠰᠠᠨ ᠨᠢ᠂ ᠲᠤᠭᠤᠷᠢᠭ ᠤᠨ ᠭᠤᠤᠯ ᠲᠦᠰᠦᠯ ᠨᠢ ᠠᠷᠠᠳ ᠤᠨ ᠠᠮᠢᠳᠤᠷᠠᠯ ᠤᠨ ᠡᠷᠬᠢᠨ ᠲᠤᠭᠤᠷᠢᠨ | ᠲᠠᠢ ᠴᠢᠩᠭ᠎ᠠ ᠤᠶᠠᠯᠳᠤᠭᠤᠯᠵᠤ᠂ ᠪᠠᠶᠠᠨ᠋ᠤ᠋ᠪᠤᠭ᠎ᠠ ᠶᠢᠨ ᠪᠠᠴᠢᠮ ᠰᠢᠢᠳᠪᠦᠷᠢᠯᠡᠬᠦ ᠭᠡᠵᠦ ᠪᠠᠶᠢᠭ᠎ᠠ《 ᠲᠠᠪᠤᠨ | ᠬᠦᠴᠢᠷ》ᠠᠰᠠᠭᠤᠳᠠᠯ ᠨᠢ ᠵᠠᠩᠬᠢᠷᠠᠭ᠎ᠠ ᠲᠠᠢ ᠪᠠᠶᠢᠵᠤ᠂ ᠴᠢᠷᠮᠠᠶᠢᠯᠭ᠎ᠠ ᠪᠠᠷ ᠲᠠᠮᠵᠢᠨ ᠲᠤᠭᠤᠷᠢᠭ ᠤᠨ《 ᠰᠠᠭᠤᠬᠤ | ᠳᠤ ᠬᠦᠴᠢᠷ》᠂《 ᠵᠠᠮ ᠬᠠᠷᠢᠯᠴᠠᠭᠠᠨ ᠤ ᠬᠦᠴᠢᠷ》ᠵᠡᠷᠭᠡ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃ | ᠭᠡᠪᠡᠴᠦ《 ᠤᠰᠤ ᠤᠤᠭᠤᠬᠤ ᠳᠤ ᠬᠦᠴᠢᠷ》᠂《 ᠡᠪᠡᠳᠴᠢᠨ ᠦᠵᠡᠭᠦᠯᠬᠦ ᠳᠤ ᠬᠦᠴᠢᠷ》ᠵᠡᠷᠭᠡ ᠨᠢ ᠮᠦᠨ | ᠴᠦ《 ᠲᠠᠪᠤᠨ ᠬᠦᠴᠢᠷ》 ᠤᠨ ᠶᠡᠭᠡ ᠠᠰᠠᠭᠤᠳᠠᠯ ᠪᠤᠯᠤᠨ᠎ᠠ᠃《 ᠭᠤᠷᠪᠠ ᠶᠢ ᠬᠠᠩᠭᠠᠬᠤ ᠨᠢᠭᠡᠨ ᠠᠵᠢᠯ 》 ᠤᠨ | ᠲᠤᠰᠢᠶᠠᠬᠤ ᠪᠠ ᠡᠮᠴᠢᠯᠠᠭᠡᠨ ᠤ ᠲᠦᠷᠢᠮ ᠲᠤᠭᠳᠠᠭᠠᠯ ᠤᠨ ᠦᠭᠡᠷᠡᠴᠢᠯᠡᠯᠲᠡ ᠲᠠᠢ ᠤᠶᠠᠯᠳᠤᠭᠤᠯᠵᠤ ᠂ ᠲᠤᠭᠤᠷᠢᠭ | ᠤᠨ ᠡᠮᠴᠢᠯᠡᠭᠡᠨ ᠤ ᠪᠦᠳᠦᠭᠡᠨ ᠪᠠᠶᠢᠭᠤᠯᠤᠯᠳᠠ ᠳᠤ ᠲᠤᠬᠢᠷᠠᠭᠤᠯᠤᠯᠳᠠ ᠬᠢᠨ᠎ᠡ᠃ 2018 ᠤᠨ ᠤ ᠭᠤᠤᠯ ᠪᠤᠯᠬᠤ | ᠠᠵᠢᠯ ᠤᠨ ᠲᠦᠰᠦᠯ ᠳᠤ ᠬᠠᠷᠢᠭᠤᠴᠠᠬᠤ ᠬᠠᠷᠢᠭᠤᠴᠠᠯᠭᠠᠳᠠᠨ᠂ ᠬᠠᠷᠢᠭᠤᠴᠠᠵᠤ ᠪᠠᠶᠢᠭ᠎ᠠ ᠪᠠᠶᠢᠭᠤᠯᠭ᠎ᠠ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠢᠶᠠᠨ ᠪᠤᠳᠠᠳᠠᠢ ᠠᠳᠬᠤᠵᠤ ᠬᠡᠷᠡᠭᠵᠢᠭᠦᠯᠦᠨ᠎ᠡ᠃ | ᠤᠷᠴᠢᠮ ᠳᠤ ᠭᠤᠤᠯ ᠪᠤᠯᠬᠤ ᠠᠵᠢᠯ ᠤᠨ ᠲᠤᠬᠠᠢ ᠵᠠᠩ ᠬᠠᠢ ᠹᠧᠩ ᠱᠠᠭᠠᠷᠳᠠᠭᠰᠠᠨ ᠨᠢ᠂ ᠨᠢᠭᠡ ᠳᠤ᠂ | ᠲᠤᠭᠤᠷᠢᠭ ᠤᠨ ᠡᠯ᠎ᠡ ᠪᠠᠶᠢᠭᠤᠯᠭ᠎ᠠ ᠶᠢᠨ《 ᠬᠤᠶᠠᠷ ᠬᠤᠷᠠᠯ》 ᠳᠤ ᠭᠠᠵᠠᠷ ᠤᠷᠤᠨ ᠤ ᠨᠡᠶᠢᠭᠡᠮ ᠤᠨ ᠠᠮᠤᠷ | ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠭᠰᠡᠨ ᠪᠦᠳᠦᠮᠵᠢ ᠶᠢ ᠨᠤᠳᠠᠯᠠᠵᠠᠢ᠃ ᠡᠯ᠎ᠡ ᠪᠠᠶᠢᠭᠤᠯᠭ᠎ᠠ ᠶᠢᠨ | ᠲᠤᠰᠬᠠᠯᠳᠡ ᠨᠢ ᠬᠤᠷᠳᠤᠨ᠂ ᠨᠡᠪᠳᠡᠷᠡᠬᠦᠯᠵᠦ ᠲᠦᠭᠵᠢᠷᠡᠬᠦᠯᠬᠦ ᠶᠢ ᠤᠶᠠᠯᠳᠤᠭᠤᠯᠵᠤ᠂ ᠪᠦᠯᠥᠭᠯᠡᠨ ᠢᠷᠡᠵᠦ ᠲᠡᠭᠡᠷ᠎ᠡ | ᠱᠠᠳᠤᠨ ᠳᠤ ᠭᠤᠮᠤᠳᠠᠯ ᠢᠶᠠᠨ ᠲᠤᠭᠠᠴᠠᠬᠤ ᠶᠢ ᠬᠤᠷᠢᠭᠯᠠᠵᠠᠢ᠃ ᠬᠤᠶᠠᠷ ᠲᠤ᠂ ᠠᠷᠠᠯᠵᠢᠶᠠᠴᠢᠨ ᠢ ᠤᠷᠢᠬᠤ ᠠᠵᠢᠯ | ᠤᠨ ᠲᠤᠬᠠᠢ ᠡᠯ᠎ᠡ ᠠᠵᠢᠯ ᠤᠨ ᠲᠦᠰᠦᠯ ᠢ ᠪᠣᠳᠠᠳᠠᠶᠢᠵᠢᠭᠤᠯᠵᠤ᠂ ᠡᠯ᠎ᠡ ᠪᠠᠶᠢᠭᠤᠯᠭ᠎ᠠ ᠬᠤᠭᠤᠰᠤᠨ ᠦᠭᠡ ᠶᠠᠷᠢᠬᠤ | ᠦᠭᠡᠢ᠂ ᠡᠷᠬᠡᠪᠰᠢ ᠬᠠᠷᠢᠭᠤᠴᠠᠯᠭ᠎ᠠ ᠲᠠᠢ᠂ ᠴᠠᠭ ᠤᠨ ᠬᠢᠵᠠᠭᠠᠷᠯᠠᠯ ᠲᠠᠢ᠂ ᠠᠵᠢᠯ ᠢᠶᠠᠨ ᠬᠤᠪᠢᠶᠠᠯᠴᠠᠨ ᠬᠢᠵᠦ | ᠵᠤᠷᠢᠯᠭ᠎ᠠ ᠳᠠᠭᠠᠨ ᠬᠦᠷᠬᠦ ᠬᠡᠷᠡᠭᠲᠡᠢ᠃ ᠭᠤᠷᠪᠠ ᠳᠤ᠂ ᠴᠢᠳᠠᠪᠦᠷᠢᠲᠡᠨ ᠢ ᠲᠠᠳᠠᠬᠤ ᠠᠵᠢᠯ ᠤᠨ ᠲᠤᠬᠠᠢ᠂ ᠪᠡᠯᠡ | ᠤᠷᠤᠭᠤᠯᠤᠯᠲᠠ ᠪᠠᠨ ᠨᠡᠮᠡᠭᠳᠡᠬᠦᠯᠬᠦ ᠬᠦᠴᠦᠨ ᠢ ᠴᠢᠩᠭᠠᠳᠬᠠᠵᠤ᠂ ᠬᠠᠷᠠᠭᠠᠯᠵᠠᠯ ᠤᠨ ᠲᠦᠷᠢᠮ ᠲᠤᠭᠳᠠᠭᠠᠵᠤ᠂ ᠠᠷᠭ᠎ᠠ | ᠪᠦᠬᠦᠨ ᠢ ᠰᠦᠪᠡᠭᠴᠢᠯᠡᠨ ᠴᠢᠳᠠᠪᠦᠷᠢᠲᠠᠨ ᠢ ᠳᠠᠲᠠᠵᠤ ᠪᠠᠶᠠᠨ᠋ᠤ᠋ᠪᠤᠭ᠎ᠠ ᠪᠠᠨ ᠪᠦᠳᠦᠭᠡᠨ ᠪᠠᠶᠢᠭᠤᠯᠤᠨ᠎ᠠ᠃ | ᠲᠤᠭᠤᠷᠢᠭ ᠤᠨ《 ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ》 ᠤ ᠲᠤᠮᠳᠠᠬᠢ ᠦᠷᠢ | ᠪᠠᠨᠰᠢᠢᠳᠪᠦᠷᠢᠯᠡᠬᠦ ᠠᠵᠢᠯ ᠤᠨ ᠲᠤᠬᠠᠢ ᠵᠠᠩ ᠬᠠᠢ ᠹᠧᠩ ᠱᠠᠭᠠᠷᠳᠠᠭᠰᠠᠨ ᠨᠢ᠂ ᠨᠢᠭᠡ ᠳᠤ᠂ ᠦᠵᠡᠯᠳᠡ ᠲᠡᠨᠢᠯᠳᠡ | ᠪᠠᠨ ᠨᠡᠮᠡᠭᠳᠡᠭᠦᠯᠬᠦ᠂ ᠬᠤᠶᠠᠷ ᠲᠤ᠂ ᠦᠵᠡᠯ ᠰᠠᠨᠠᠭ᠎ᠠ ᠪᠠᠨ ᠴᠡᠭᠴᠡᠯᠡᠬᠦ᠂ ᠭᠤᠷᠪᠠ ᠳᠤ᠂ ᠦᠷᠢ ᠪᠠᠨ ᠰᠢᠢᠳᠪᠦᠷᠢᠯᠡᠬᠦ | ᠠᠵᠢᠯᠯᠠᠭ᠎ᠠ ᠶᠢ ᠪᠤᠳᠠᠳᠠᠶᠢᠵᠢᠭᠤᠯᠬᠤ᠂ ᠲᠦᠷᠪᠡ ᠳᠤ᠂ ᠬᠢᠨᠠᠨ ᠪᠤᠳᠤᠯᠳᠠ ᠶᠢᠨ ᠬᠦᠴᠦᠨ ᠢᠶᠠᠨ ᠨᠡᠮᠡᠭᠳᠡᠭᠦᠯᠬᠦ᠂ ᠲᠠᠪᠤ | ᠳᠤ᠂ ᠪᠠᠩᠬᠢ ᠲᠠᠢ ᠢᠳᠡᠪᠬᠢᠳᠡᠢ ᠬᠠᠷᠢᠯᠴᠠᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠲᠤᠭᠤᠷᠢᠭ ᠤᠨ | ᠭᠤᠤᠯ ᠪᠤᠯᠬᠤ ᠠᠶᠤᠯ ᠲᠦᠭᠰᠢᠭᠦᠷᠢ ᠲᠠᠢ ᠪᠠᠬᠢᠯᠡᠯᠲᠡ ᠶᠢ ᠲᠠᠭᠠᠷᠢᠬᠤ ᠠᠵᠢᠯ ᠤᠨ ᠲᠤᠬᠠᠢ ᠰᠡᠷᠭᠡᠶᠢᠯᠡᠯᠲᠡ ᠶᠢ ᠦᠨᠡᠨ | ᠪᠣᠳᠠᠳᠠᠢ ᠪᠠᠳᠤᠯᠠᠭ᠎ᠠ ᠲᠠᠢ ᠤᠷᠤᠭᠰᠢᠲᠠᠢ ᠶᠠᠪᠤᠭᠳᠠᠭᠤᠯᠤᠨ᠎ᠠ᠃ | ᠲᠤᠭᠤᠷᠢᠭ ᠤᠨ ᠲᠠᠷᠤᠭ᠎ᠠ ᠬᠤᠸᠠᠩ ᠮᠢᠨ᠂ ᠯᠢ ᠰᠢᠨ ᠯᠢᠶᠠᠩ᠂ ᠵᠠᠩ ᠾᠧ ᠱᠧᠩ᠂ ᠳ᠋ᠦᠩ ᠼᠦᠨ ᠷᠦᠢ᠂ | ᠭᠤᠤ ᠬᠤᠸᠠᠢ ᠪᠢᠨ᠂ ᠯᠢ ᠵᠢᠩ᠂ ᠲᠠᠨ ᠰᠢᠤᠸᠠᠢ ᠸᠧᠨ᠂ ᠶᠠᠩ ᠵᠢᠶᠠᠨ ᠹᠧᠩ ᠬᠤᠷᠠᠯ ᠳᠤ ᠣᠷᠣᠯᠴᠠᠵᠤ᠂ ᠬᠤᠤ | ᠶᠢᠨ ᠬᠤᠸᠠ᠂ ᠰᠢᠤᠸᠠᠢ ᠵᠢᠶᠠᠨ᠂ ᠵᠢᠶᠠᠩ ᠵᠢᠶᠠᠨ ᠮᠢᠩ᠂ ᠮᠧᠩ ᠪᠤᠤ ᠵᠦᠩ᠂ ᠸᠠᠩ ᠷᠦᠢ ᠹᠧᠩ᠂ ᠯᠢ ᠵᠦᠩ᠂ | ᠡᠦ ᡁᠢ ᠴᠢᠶᠠᠩ᠂ ᠵᠦᠩ ᠵᠢᠶᠠᠨ᠂ ᠯᠢ ᠹᠧᠩ᠂ ᠰᠦᠩ ᡁᠢ ᠶᠢᠩ᠂ ᠡᠦ ᡁᠢ ᠬᠤᠩ᠂ ᠵᠠᠩ ᠵᠢᠶᠠᠨ ᠯᠢ᠂ ᠹᠸᠢ ᠪᠤᠤ | ᠷᠦᠩ᠂ ᠦᠷᠭᠡᠨ᠂ ᠶᠤᠸᠠᠨ ᠨᠢᠩ᠂ ᠡᠦ ᠸᠧᠢ ᠵᠢᠶᠦ᠋ᠨ ᠵᠡᠷᠭᠡ ᠪᠦᠬᠦ ᠲᠤᠭᠤᠷᠢᠭ ᠤᠨ ᠡᠯ᠎ᠡ ᠪᠠᠶᠢᠭᠤᠯᠭ᠎ᠠ ᠶᠢᠨ | ᠬᠠᠷᠢᠭᠤᠴᠠᠯᠭᠠᠳᠠᠨ ᠰᠣᠯᠠ ᠣᠷᠣᠯᠴᠠᠪᠠ᠃ |