ᠲᠣᠭᠤᠷᠢᠭ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠰᠦᠩ ᡁᠢ ᠶᠢᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠵᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠬᠤᠯᠪᠣᠭᠳᠠᠯ ᠪᠦᠬᠦᠢ ᠬᠡᠷᠡᠭ ᠢ ᠰᠣᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018-05-22
   

      ᠲᠣᠭᠤᠷᠢᠭ ᠤᠨ ᠵᠠᠰᠠᠭ ᠤᠨ ᠣᠷᠳᠤᠨ ᠤ ᠳᠡᠳ᠋ ᠳᠠᠷᠤᠭ᠎ᠠ ᠰᠦᠩ ᡁᠢ ᠶᠢᠩ ᠵᠠᠰᠠᠭ ᠤᠨ ᠣᠷᠳᠤᠨ ᠤ

ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠲᠤᠰᠬᠠᠢ ᠰᠡᠳᠥᠪᠲᠤ ᠬᠤᠷᠠᠯ ᠢ ᠡᠷᠬᠢᠯᠡᠨ ᠬᠤᠷᠠᠯᠳᠤᠵᠤ  ᠂

ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ

ᠬᠤᠯᠪᠣᠭᠳᠠᠯ ᠪᠦᠬᠦᠢ ᠬᠡᠷᠡᠭ ᠢ ᠰᠣᠳᠤᠯᠤᠨ ᠪᠠᠶᠢᠷᠢᠯᠠᠭᠤᠯᠪᠠ᠃ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ

᠂ ᠲᠣᠭᠤᠷᠢᠭ ᠤᠨ ᠣᠷᠤᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠲᠣᠪᠴᠢᠶ᠎ᠠ᠂

ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠣᠯ

ᠬᠠᠷᠢᠭᠤᠴᠠᠯᠭᠠᠲᠡᠳ ᠬᠤᠷᠠᠯ ᠳᠤ ᠣᠷᠤᠯᠴᠠᠪᠠ᠃

     ᠰᠦᠩ ᡁᠢ ᠶᠢᠩ ᠱᠠᠭᠠᠷᠳᠠᠭᠰᠠᠨ ᠨᠢ :

     ᠨᠢᠭᠡ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠡᠯ᠎ᠡ ᠲᠥᠷᠦᠯ ᠤᠨ ᠭᠠᠷ ᠭᠦᠢᠴᠡᠳᠬᠡᠯ ᠤᠨ

ᠰᠢᠢᠳᠪᠦᠷᠢᠯᠡᠬᠦ ᠢᠶᠠᠨ ᠲᠦᠷᠭᠡᠳᠬᠡᠵᠦ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠠᠢ ᠨᠢᠭᠲᠠ ᠬᠠᠷᠢᠯᠴᠠᠵᠤ᠂

ᠨᠡᠪᠲᠡᠷᠡᠯᠴᠡᠵᠦ᠂ ᠹᠣᠰᠹᠣᠷ ᠠᠽᠣᠲ ᠢ ᠰᠦᠯᠵᠢᠶᠡᠨ ᠳᠤ ᠵᠠᠯᠭᠠᠭᠠᠰᠤᠲᠠᠢ ᠰᠢᠯᠭᠠᠨ ᠪᠠᠶᠢᠴᠠᠭᠠᠬᠤ ᠳᠦᠬᠦᠭᠡᠷᠦᠮᠵᠢ ᠶᠢ

ᠬᠤᠳᠠᠯᠳᠤᠨ ᠠᠪᠬᠤ ᠶᠢ ᠲᠦᠷᠭᠡᠬᠡᠨ ᠪᠡᠶᠡᠯᠡᠭᠦᠯᠦᠨ᠎ᠡ᠃

     ᠬᠤᠶᠠᠷ᠂ ᠡᠬᠡ ᠳᠠᠩᠰᠠ ᠪᠠᠶᠢᠭᠤᠯᠬᠤ᠂ ᠮᠠᠲ᠋ᠧᠷᠢᠶᠠᠯ ᠪᠡᠯᠡᠳᠬᠡᠬᠦ᠂ ᠡᠮᠦᠨᠡᠬᠢ ᠬᠤᠭᠤᠴᠠᠭᠠᠨ ᠤ ᠠᠯᠠᠪᠠ ᠭᠠᠷ

ᠭᠦᠢᠴᠡᠳᠬᠡᠯ ᠶᠢ ᠲᠦᠷᠭᠡᠬᠡᠨ ᠡᠮᠬᠢᠳᠬᠡᠵᠦ᠂ ᠳᠠᠷᠠᠭᠠᠯᠠᠨ ᠲᠡᠭᠦᠯᠳᠡᠷᠵᠢᠭᠦᠯᠵᠦ᠂ ᠳ᠋ᠤᠭᠠᠷ

ᠬᠠᠰᠤᠬᠤ ᠰᠢᠢᠳᠪᠦᠷᠢᠯᠡᠯᠲᠡ ᠪᠠᠨ ᠶᠠᠪᠤᠭᠳᠠᠭᠤᠯᠤᠨ᠎ᠠ᠃ ᠡᠭᠦᠨ ᠤ ᠬᠠᠮᠲᠤ ᠪᠥ᠋ ᠶᠤᠸᠠᠨ ᠬᠢᠵᠠᠭᠠᠷᠲᠤ ᠺᠣᠮᠫᠠᠨᠢ ᠶᠢᠨ

ᠲᠣᠭᠳᠠᠮᠠᠯ ᠬᠦᠷᠦᠩᠭᠡ ᠶᠢ ᠡᠮᠬᠢᠳᠬᠡᠵᠦ᠂ ᠳᠠᠷᠠᠭᠠᠴᠢ ᠶᠢᠨ ᠠᠯᠬᠤᠮ ᠤᠨ ᠤᠯᠤᠰ ᠤᠨ ᠺᠣᠮᠫᠠᠨᠢ ᠶᠢᠨ ᠪᠤᠲᠠᠲᠤ

ᠪᠡᠶᠡᠴᠢᠯᠡᠭᠰᠡᠨ ᠠᠵᠢᠯᠯᠠᠭ᠎ᠠ ᠳᠤ ᠰᠠᠭᠤᠷᠢ ᠲᠠᠯᠪᠢᠨ᠎ᠠ᠃

 
ᠢᠷᠡᠯᠲᠡ᠄ ᠲᠣᠭᠣᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号