ᠪᠣᠭᠤᠲᠤ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠤᠨ ᠰᠤᠷᠤᠯᠴᠠᠯᠭ᠎ᠠ ᠬᠥᠮᠦᠵᠢᠯ ᠤᠨ ᠣᠯᠣᠯᠲᠠ ᠶᠢᠨ ᠶᠠᠷᠢᠯᠴᠠᠭ᠎ᠠ— ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠤᠨ ᠤ ᠳᠠᠷᠤᠭ᠎ᠠ ᠬᠤᠸᠠᠩ ᠮᠢᠨ
ᠨᠡᠶᠢᠲᠡᠯᠡᠭᠰᠡᠨ ᠴᠠᠭ᠄
2018-05-28
           ᠴᠠᠭ᠄ 2018 ᠣᠨ ᠤ1 ᠰᠠᠷ᠎ᠠ ᠶᠢᠨ10᠎ ᠤ ᠡᠳᠦᠷ            ᠵᠣᠴᠢᠨ᠄  ᠬᠤᠸᠠᠩ ᠮᠢᠨ      ᠰᠤᠷᠪᠤᠯᠵᠢᠯᠠᠭᠴᠢ᠄ ᠲᠠ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠳᠤ ᠶᠠᠮᠠᠷ ᠰᠢᠤᠬᠠᠨ ᠣᠶᠢᠯᠠᠭᠠᠯᠲᠠ ᠲᠠᠢ ᠪᠣᠢ︖      ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠤᠨ ᠤ ᠳᠠᠷᠤᠭ᠎ᠠ᠄ ᠬᠤᠸᠠᠩ ᠮᠢᠨ      ᠵᠠᠰᠠᠭ ᠤᠨ ᠣᠷᠳᠤᠨ ᠤ ᠠᠵᠢᠯ ᠤᠨ ᠢᠯᠡᠳᠬᠡᠯ ᠨᠢ ᠤᠳᠬ᠎ᠠ ᠭᠦᠨ᠂ ᠭᠤᠣᠯ ᠰᠡᠳᠦᠪ ᠢᠯᠡ ᠲᠣᠳᠦ᠂ ᠭᠤᠣᠯᠳᠠᠯᠭ᠎ᠠ ᠳᠣᠪᠤᠶᠢᠮ᠎ᠠ ᠣᠷᠤᠰᠢᠵᠤ ᠪᠠᠶᠢᠨ᠎ᠠ᠃ ᠦᠨᠡᠨ ᠪᠤᠲᠠᠲᠠᠢ ᠪᠠᠷ ᠠᠮᠵᠢᠯᠲᠠ ᠪᠠᠨ ᠡᠷᠭᠢᠴᠡᠭᠦᠯᠦᠨ ᠳ᠋ᠦᠩᠨᠡᠵᠦ ᠂ ᠬᠥᠭᠵᠢᠯᠲᠡ ᠶᠢᠨ ᠰᠡᠳᠬᠢᠴᠡ ᠲᠣᠳᠤᠷᠬᠠᠢ᠂ ᠢᠯᠠᠩᠭᠤᠶ᠎ᠠ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠰᠡᠳᠬᠢᠴᠡ ᠳᠤ ᠳᠤᠷᠠᠳᠤᠭᠰᠠᠨ ᠬᠡᠳᠦᠨ ᠴᠢᠳᠠᠮᠵᠢ ᠪᠠ ᠪᠠᠶᠢᠷᠢ ᠶᠢᠨ ᠲᠣᠭᠲᠠᠭᠠᠯᠲᠠ ᠨᠢ ᠪᠣᠭᠤᠲᠤ ᠬᠤᠲᠠ ᠶᠢᠨ ᠬᠥᠭᠵᠢᠯᠲᠡ ᠶᠢᠨ ᠪᠤᠲᠠᠲᠤ ᠪᠠᠶᠢᠳᠠᠯ ᠳᠤ ᠨᠡᠶᠢᠴᠡᠨ᠎ᠠ᠃2018 ᠣᠨ ᠤ ᠠᠵᠢᠯ ᠤᠨ ᠪᠠᠶᠢᠷᠢᠯᠠᠭᠤᠯᠤᠯᠲᠠ ᠨᠢ ᠵᠢᠯᠣᠭᠤᠳᠬᠤ ᠴᠢᠨᠠᠷ ᠴᠢᠩᠭ᠎ᠠ᠂ ᠠᠷᠭ᠎ᠠ ᠬᠡᠮᠵᠢᠶ᠎ᠡ ᠨᠢ ᠪᠤᠲᠠᠲᠠᠢ᠃ ᠢᠯᠡᠳᠬᠡᠯ ᠤᠨ ᠤᠯᠤᠰ ᠲᠥᠷᠦ ᠶᠢᠨ ᠵᠣᠭᠰᠠᠴᠠ ᠥᠨᠳᠦᠷ᠂ ᠭᠦᠢᠴᠡᠳᠬᠡᠬᠦ ᠲᠤᠭ᠎ᠠ ᠪᠠᠷᠢᠮᠲᠠ ᠶᠢᠨ ᠪᠤᠲᠠᠲᠠᠢ ᠠᠰᠠᠭᠤᠳᠠᠯ ᠢ ᠵᠢᠭᠠᠵᠤ ᠭᠠᠷᠭᠠᠭᠰᠠᠨ‌ᠨᠢ ᠣᠨᠤᠪᠴᠢᠲᠠᠢ᠂ ᠠᠷᠠᠳ ᠤᠨ ᠲᠥᠯᠦᠭᠡ ᠭᠡᠬᠦ ᠰᠡᠳᠬᠢᠯᠭᠡ ᠭᠦᠨ᠂ ᠡᠭᠦᠷᠭᠡᠯᠡᠬᠦ ᠦᠵᠡᠯ ᠰᠠᠨᠠᠭ᠎ᠠ ᠴᠢᠩᠭ᠎ᠠ᠃ ᠢᠯᠡᠳᠬᠡᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠳᠣᠣᠷᠠᠬᠢ ᠬᠡᠳᠦᠨ ᠲᠠᠯ᠎ᠠ ᠠᠴᠠ ᠴᠢᠷᠮᠠᠶᠢᠬᠤ ᠬᠡᠷᠡᠭᠲᠡᠢ᠄      ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠳᠦᠯᠬᠢᠨ ᠠᠬᠢᠭᠤᠯᠤᠨ᠎ᠠ᠃ ᠤᠷᠢᠳᠠᠪᠠᠷ ᠳᠠᠪᠠᠭᠤᠯᠢᠭ ᠲᠠᠯ᠎ᠠ ᠲᠠᠢ ᠠᠵᠤ ᠦᠢᠯᠡᠳᠪᠦᠷᠢᠯᠡᠯ ᠢ ᠴᠢᠨᠠᠷ ᠰᠠᠶᠢᠲᠠᠢ ᠬᠥᠭᠵᠢᠭᠦᠯᠦᠨ᠎ᠡ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠡᠬᠢ ᠪᠠᠶᠠᠯᠢᠭ ᠤᠨ ᠡᠷᠭᠢᠯᠲᠡ ᠶᠢᠨ ᠶᠡᠷᠦᠩᠬᠡᠢ ᠠᠰᠢᠭᠯᠠᠯᠲᠠ ᠠᠵᠤ ᠦᠢᠯᠡᠳᠪᠦᠷᠢ ᠶᠢᠨ ᠬᠦᠷᠢᠶᠡᠯᠡᠩ ᠤᠨ ᠲᠣᠭᠤᠷᠢᠭ ᠪᠠ ᠪᠠᠶ᠋ᠬᠠᠣᠪᠤᠭ᠎ᠠ ᠠᠭᠤᠷᠬᠠᠢ ᠶᠢᠨ ᠲᠡᠮᠦᠷᠯᠢᠭ ᠤᠨ ᠡᠬᠢ ᠪᠠᠶᠠᠯᠢᠭ ᠤᠨ ᠶᠡᠷᠦᠩᠬᠡᠢ ᠠᠰᠢᠭᠯᠠᠯᠲᠠ ᠶᠢ ᠶᠡᠷᠦᠩᠬᠡᠶᠢᠯᠡᠨ ᠨᠡᠬᠡᠭᠡᠨ ᠠᠰᠢᠭᠯᠠᠬᠤ ᠰᠣᠳᠤᠯᠭᠠᠨ ᠤ ᠬᠦᠷᠢᠶᠡᠯᠡᠩ ᠢ ᠪᠠᠶᠢᠭᠤᠯᠬᠤ ᠶᠢ ᠲᠥᠷᠭᠡᠳᠬᠡᠨ᠂ ᠰᠣᠳᠤᠯᠭᠠᠨ ᠤ ᠬᠡᠮᠵᠢᠶ᠎ᠡ ᠪᠠᠨ ᠳᠡᠭᠡᠭᠰᠢᠯᠡᠭᠦᠯᠵᠦ᠂ ᠦᠯᠡᠳᠡᠭᠳᠡᠯ ᠠᠭᠤᠷᠬᠠᠢ ᠶᠢᠨ ᠠᠰᠢᠭᠯᠠᠯᠲᠠ ᠶᠢ ᠠᠬᠢᠭᠤᠯᠵᠤ᠂ ᠪᠣᠭᠤᠲᠤ ᠬᠤᠲᠠ ᠶᠢᠨ ᠬᠤᠪᠤᠷ ᠰᠢᠷᠤᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠪᠠ ᠦᠯᠡᠳᠡᠭᠳᠡᠯ ᠠᠭᠤᠷᠬᠠᠢ ᠶᠢᠨ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠴᠢᠷᠠᠮᠠᠨ ᠪᠠᠶᠢᠭᠤᠯᠤᠨ᠎ᠠ᠃ ᠡᠭᠦᠨ ᠤ ᠬᠠᠮᠲᠤ᠂ ᠰᠣᠶᠤᠯ ᠵᠤᠭᠠᠴᠠᠯ ᠤᠨ ᠠᠵᠤ ᠦᠢᠯᠡᠰ ᠪᠠ ᠰᠢᠨ᠎ᠡ ᠴᠠᠭ ᠦᠶ᠎ᠡ ᠶᠢᠨ ᠮᠠᠯᠵᠢᠯ ᠤᠨ ᠠᠵᠤ ᠦᠢᠯᠡᠰ ᠢ ᠴᠢᠨᠠᠷᠯᠢᠭ ᠬᠥᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠶᠡᠬᠡᠰᠬᠡᠨ᠎ᠡ᠃      ᠬᠤᠶᠠᠷ ᠲᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠳᠦᠯᠬᠢᠨ ᠠᠬᠢᠭᠤᠯᠤᠨ᠎ᠠ᠃ ᠣᠶᠤᠨᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ《ᠲᠣᠮᠤ ᠳ᠋ᠠᠶᠢᠲ᠋ᠠ》᠎ ᠶᠢ ᠬᠦᠴᠦᠯᠡᠨ ᠪᠠᠶᠢᠭᠤᠯᠵᠤ ᠂ ᠬᠤᠲᠠ ᠶᠢᠨ ᠪᠥᠬᠦ ᠲᠠᠯ᠎ᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠣᠶᠤᠨᠯᠢᠭ ᠨᠡᠶᠢᠭᠡᠮ ᠲᠣᠭᠤᠷᠢᠭ ᠤᠨ ᠮᠡᠳᠡᠭᠡ ᠵᠠᠩᠬᠢᠴᠢᠯᠯᠠᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠠᠮᠢᠶᠠᠷᠤᠯᠲᠠ ᠶᠢᠨ ᠭᠤᠣᠯᠳᠠᠯᠭ᠎ᠠ ᠨᠢ ᠨᠡᠶᠢᠭᠡᠮ ᠲᠣᠭᠤᠷᠢᠭ ᠵᠥᠭ ᠰᠢᠯᠵᠢᠬᠦ ᠶᠢ ᠠᠬᠢᠭᠤᠯᠵᠤ᠂《ᠨᠡᠶᠢᠭᠡᠮ ᠲᠣᠭᠤᠷᠢᠭ ᠱᠦᠭᠯᠦ ᠦᠯᠢᠶᠡᠪᠡᠯ᠂ ᠰᠠᠯᠠᠭ᠎ᠠ ᠮᠥᠴᠢᠷ ᠬᠦᠷᠦᠯᠴᠡᠨ ᠢᠷᠡᠬᠦ》ᠨᠥᠭᠦᠴᠡᠯᠳᠦᠬᠦ ᠳᠣᠭᠲᠠᠴᠠ ᠶᠢ ᠪᠠᠶᠢᠭᠤᠯᠤᠨ᠎ᠠ᠃      ᠭᠤᠷᠪᠠ ᠳᠤ᠂ ᠤᠷᠢᠳᠠᠪᠠᠷ ᠠᠷᠠᠳ ᠤᠨ ᠠᠮᠢᠳᠤᠷᠠᠯ ᠢ ᠪᠠᠲᠤᠯᠠᠬᠤ ᠪᠠ ᠦᠢᠯᠡᠴᠢᠯᠡᠭᠡ ᠬᠠᠩᠭᠠᠬᠤ ᠶᠢ ᠬᠡᠵᠢᠶᠡᠳᠡ ᠪᠠᠲᠤᠯᠠᠨ᠎ᠠ᠃《ᠳᠣᠣᠷ᠎ᠠ ᠣᠷᠤᠯᠭ᠎ᠠ ᠲᠠᠢ ᠤᠯᠠᠨ ᠲᠦᠮᠡᠨ ᠤ ᠵᠣᠯ ᠵᠢᠷᠭᠠᠯᠠᠩᠲᠤ ᠰᠡᠳᠬᠢᠯᠭᠡ ᠶᠢ ᠨᠢ ᠳᠡᠭᠡᠭᠰᠢᠯᠡᠭᠦᠯᠬᠦ ᠦᠢᠯᠡᠰ》᠎ ᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠠᠲᠤ ᠠᠳᠬᠤᠵᠤ᠂ ᠠᠷᠠᠳ ᠤᠨ ᠠᠮᠢᠳᠤᠷᠠᠯ ᠤᠨ《ᠲᠠᠪᠤᠨ ᠬᠦᠴᠢᠷᠳᠡᠯ》᠎ ᠤᠨ ᠠᠰᠠᠭᠤᠳᠠᠯ ᠳᠤ ᠦᠷᠭᠦᠯᠵᠢᠯᠡᠨ ᠬᠦᠴᠦᠯᠡᠨ᠎ᠡ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠭᠦᠢᠴᠡᠳᠬᠡᠬᠦ ᠲᠣᠭᠠᠨ ᠤ ᠲᠤᠭ᠎ᠠ ᠬᠢᠨᠠᠨ ᠬᠡᠮᠵᠢᠯᠲᠡ ᠳᠤ᠂ ᠭᠤᠣᠯᠳᠠᠯᠭ᠎ᠠ ᠶᠢ ᠠᠳᠬᠤᠵᠤ᠂ ᠳᠤᠲᠠᠭᠳᠠᠯ ᠢᠶᠠᠨ ᠨᠥᠬᠦᠨ᠂ ᠪᠠᠭᠤᠷᠠᠢ ᠲᠠᠯ᠎ᠠ ᠪᠠᠨ ᠴᠢᠩᠭᠠᠳᠬᠠᠵᠤ ᠂ ᠮᠠᠨ ᠤ ᠲᠣᠭᠤᠷᠢᠭ ᠤᠨ ᠬᠥᠭᠵᠢᠯᠲᠡ ᠶᠢᠨ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ‍ᠦᠨ‌ᠦᠰᠦᠭ ᠪᠢᠴᠢᠭ ᠨᠢ ᠪᠣᠯᠪᠠᠰᠤᠷᠠᠩᠭᠤᠢ᠂ ᠭᠤᠣᠯᠳᠠᠯᠭ᠎ᠠ ᠨᠢ ᠳᠣᠪᠤᠶᠢᠮ᠎ᠠ᠂ ᠦᠨᠡᠨ ᠪᠤᠲᠠᠲᠠᠢ ᠪᠠᠷ ᠠᠮᠵᠢᠯᠲᠠ ᠪᠠᠨ ᠡᠷᠭᠢᠴᠡᠭᠦᠯᠦᠨ ᠳ᠋ᠦᠩᠨᠡᠵᠦ᠂ ᠪᠣᠰᠤᠳᠴᠢ ᠪᠥᠭᠡᠳ ᠪᠥᠬᠦ ᠲᠠᠯ᠎ᠠ ᠶᠢᠨ ᠪᠠᠶᠢᠵᠤ᠂ ᠠᠵᠢᠯ ᠤᠨ ᠳᠣᠬᠢᠷᠠᠭᠤᠯᠤᠯᠲᠠ ᠶᠢᠨ ᠰᠡᠳᠬᠢᠮᠵᠢ ᠨᠢ ᠲᠣᠳᠤᠷᠬᠠᠢ᠂ ᠬᠦᠴᠦᠲᠠᠢ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃      ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠨᠢ ᠄ ᠨᠢᠭᠡ ᠳᠤ᠂ ᠥᠨᠳᠦᠷ ᠤᠯᠤᠰ ᠲᠥᠷᠦ ᠶᠢᠨ ᠵᠣᠭᠰᠣᠴᠠ ᠶᠢ ᠳᠣᠪᠤᠶᠢᠯᠭᠠᠪᠠ᠃ ᠬᠤᠶᠠᠷ ᠲᠤ᠂ ᠦᠢᠯᠡᠴᠢᠯᠡᠭᠡᠨ ᠤ ᠲᠥᠪ ᠤᠨ ᠶᠡᠭᠡ ᠲᠠᠯ᠎ᠠ ᠶᠢᠨ ᠤᠬᠠᠮᠰᠠᠷ ᠢ ᠳᠣᠪᠤᠶᠢᠯᠭᠠᠪᠠ᠃ ᠭᠤᠷᠪᠠ ᠳᠤ᠂ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠳᠣᠪᠤᠶᠢᠯᠭᠠᠪᠠ᠃ ᠳᠥᠷᠪᠡ ᠳᠤ᠂ ᠲᠥᠯᠦᠭᠡᠯᠡᠭᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号