ᠬᠡᠷᠡᠭ ᠤᠨ ᠵᠢᠱᠢᠶ᠎ᠡ | 2016 ᠤᠨ ᠤ 9 ᠰᠠᠷ᠎ᠠ ᠶᠢᠨ11 ᠤ ᠡᠳᠦᠷ᠂ ᠵᠠᠭᠠᠯᠳᠤᠬᠳᠠᠬᠴᠢ ᠬᠡᠷᠡᠯ ᠪᠤᠯᠤᠨ ᠵᠠᠭᠠᠯᠳᠤᠬᠴᠢ ᠤᠷᠳᠦ | ᠨᠤᠳᠤᠭ ᠪᠡᠯᠴᠢᠬᠡᠷ ᠲᠦᠷᠢᠶᠡᠰᠦᠯᠡᠬᠦ ᠬᠡᠷ᠎ᠠ ᠪᠢᠴᠢᠭ ᠪᠠᠶᠢᠭᠤᠯᠵᠤ᠂ ᠵᠠᠭᠠᠯᠳᠤᠬᠳᠠᠬᠴᠢ ᠬᠡᠷᠡᠯ ᠦᠪᠡᠷ ᠤᠨ ᠬᠡᠷ ᠪᠦᠯᠢ | ᠪᠠᠷ ᠲᠠᠭᠠᠭᠠᠴᠢᠯᠡᠨ ᠡᠵᠡᠭᠨᠡᠨ ᠬᠡᠷᠡᠭᠯᠡᠬᠦ ᠡᠷᠬᠡ ᠲᠠᠢ 5500 ᠮᠤ᠋ ᠨᠤᠳᠤᠭ ᠪᠡᠯᠴᠢᠬᠡᠷ ᠢᠶᠠᠨ ᠮᠤ᠋ ᠪᠦᠷᠢ 5 ᠲᠦᠬᠦᠷᠢᠭ | ᠤᠨ ᠬᠠᠨᠭ᠍ᠰᠢ ᠪᠠᠷ ᠨᠢᠬᠡ ᠵᠢᠯ ᠤᠨ ᠬᠤᠭᠤᠴᠠᠭ᠎ᠠ ᠲᠠᠢ ᠪᠠᠷ ᠵᠠᠭᠠᠯᠳᠤᠬᠴᠢ ᠤᠷᠳᠦ ᠳᠤ ᠲᠦᠷᠢᠶᠡᠰᠦᠯᠡᠬᠦᠯᠦᠨ ᠦᠭᠴᠦ᠂ | ᠨᠡᠶᠢᠳᠠ 27500 ᠲᠦᠬᠦᠷᠢᠭ ᠤᠨᠨᠤᠳᠤᠭ ᠤᠨ ᠲᠦᠷᠢᠶᠡᠰᠦᠨ ᠮᠦᠡᠭᠬᠦ ᠠᠪᠴᠠᠢ᠃ ᠬᠡᠪᠡᠴᠦ 2017 ᠤᠨ ᠤ 1 | ᠰᠠᠷ᠎ᠠ ᠶᠢᠨ 15 ᠤ ᠡᠳᠦᠷ᠂ ᠵᠠᠭᠠᠯᠳᠤᠬᠳᠠᠬᠴᠢ ᠬᠡᠷᠡᠯ ᠤᠨ ᠲᠤᠰ ᠨᠤᠳᠤᠭ ᠪᠡᠯᠴᠢᠬᠡᠷ ᠨᠢ ᠪᠡᠯᠴᠢᠬᠡᠷᠯᠡᠬᠦᠯᠬᠦ ᠶᠢ | ᠴᠠᠭᠠᠵᠠᠯᠠᠬᠤ ᠲᠦᠷᠦᠯ ᠵᠦᠢᠯ ᠳᠤ ᠤᠷᠤᠵᠠᠢ᠃ ᠢᠡᠭᠬᠢᠭᠰᠡᠨᠡᠴᠠᠪᠤᠯᠵᠤ ᠵᠠᠭᠠᠯᠳᠤᠬᠴᠢ ᠤᠷᠳᠦ ᠲᠦᠷᠢᠶᠡᠰᠦᠯᠡᠭᠰᠡᠨ | ᠨᠤᠳᠤᠭ ᠢᠶᠠᠨ ᠦᠷᠬᠦᠯᠵᠢᠯᠡᠨ ᠬᠡᠷᠡᠭᠯᠡᠵᠤ ᠴᠢᠳᠠᠬᠤ ᠦᠬᠡᠢ ᠪᠤᠯᠪᠠ ᠬᠡᠮᠡᠬᠦ ᠰᠢᠯᠳᠠᠭᠠᠨ ᠢᠶᠠᠷ ᠰᠢᠬᠦᠬᠦ ᠬᠤᠷᠢᠶᠡᠨ ᠳᠤ | ᠦᠯᠡᠳᠡᠭᠰᠡᠨ ᠬᠤᠭᠤᠴᠠᠭᠠᠨ ᠤ ᠲᠦᠷᠢᠶᠡᠰᠦᠨ ᠮᠦᠡᠭᠬᠦ 22900 ᠲᠦᠬᠦᠷᠢᠭ ᠵᠢᠡᠨᠪᠤᠴᠠᠭᠠᠨ ᠠᠪᠬᠤ ᠪᠠᠷ | ᠵᠠᠭᠠᠯᠳᠤᠯᠭ᠎ᠠ ᠭᠠᠷᠭᠠᠪᠠ᠃ | ᠰᠢᠬᠦᠭᠴᠢ ᠶᠢᠨ ᠵᠠᠳᠠᠯᠤᠯᠳᠠ ᠪᠠ ᠬᠢᠨᠡᠨ ᠰᠢᠬᠦᠭᠰᠡᠨ ᠦᠷ᠎ᠠ ᠳ᠋ᠦ᠋ᠩ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨ ᠬᠠᠮᠢᠶᠠᠷᠤᠯᠳᠠ ᠶᠢᠨ | ᠲᠦᠷᠢᠮ︾ ᠤᠨ ᠭᠤᠴᠢᠨ ᠬᠤᠶᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠲᠤ ᠪᠡᠯᠴᠢᠬᠡᠷᠯᠡᠬᠦᠯᠬᠦ ᠶᠢ ᠬᠤᠷᠢᠬᠯᠠᠵᠤ᠂ | ᠰᠡᠯᠬᠦᠨ ᠮᠠᠯᠵᠢᠬᠤ ᠨᠤᠲᠤᠭ ᠪᠡᠯᠴᠢᠬᠡᠷ ᠲᠡᠬᠡᠷ᠎ᠠ ᠮᠠᠯ ᠪᠡᠯᠴᠢᠬᠡᠷᠯᠡᠬᠦᠯᠵᠤ ᠪᠤᠯᠬᠤ ᠦᠬᠡᠢ ᠬᠡᠵᠤ ᠲᠤᠳᠤᠷᠬᠠᠢ | ᠲᠤᠬᠳᠠᠭᠠᠵᠠᠢ᠃ ᠲᠤᠰ ᠵᠢᠭᠤᠷᠭᠠᠨ ᠤ ᠬᠡᠷᠡᠭ ᠲᠤ᠂ ᠲᠤᠬᠠᠢ ᠶᠢᠨ ᠬᠦᠮᠦᠨ ᠤ ᠪᠠᠶᠢᠭᠤᠯᠤᠬᠰᠠᠨ ᠨᠤᠳᠤᠭ ᠪᠡᠯᠴᠢᠬᠡᠷ ᠤᠨ | ᠲᠦᠷᠢᠶᠡᠰᠦᠯᠡᠯ ᠤᠨ ᠬᠡᠷ᠎ᠠ ᠬᠡᠳᠦᠶᠢᠪᠡᠷ ᠬᠠᠤᠯᠢ ᠶᠢᠨ ᠬᠦᠴᠦᠨ ᠲᠠᠢ ᠪᠤᠯᠤᠬᠰᠠᠨ ᠪᠤᠯᠪᠠᠴᠦ ᠬᠦᠢᠴᠡᠳᠬᠡᠨ | ᠬᠡᠷᠡᠭᠵᠢᠬᠦᠯᠵᠤ ᠪᠠᠶᠢᠭ᠎ᠠ ᠶᠠᠪᠤᠴᠨ ᠳᠤ ᠪᠠᠨ ᠤᠯᠤᠰ ᠤᠨ ᠲᠦᠷᠦ ᠵᠢᠨᠪᠤᠳᠤᠯᠭ᠎ᠠ ᠠᠴᠠ ᠪᠤᠯᠵᠤ ᠪᠡᠯᠴᠢᠬᠡᠷᠯᠡᠬᠦᠯᠬᠦ ᠶᠢ | ᠴᠠᠭᠠᠵᠠᠯᠠᠬᠤ ᠲᠦᠷᠦᠯ ᠵᠦᠢᠯ ᠳᠤ ᠤᠷᠤᠵᠤ᠂ ᠪᠤᠰᠤᠳᠴᠢ ᠲᠠᠯ᠎ᠠ ᠵᠢᠨᠬᠤᠪᠢᠷᠠᠯᠳᠠ ᠭᠠᠷᠤᠬᠰᠠᠨ ᠠᠴᠠ ᠬᠡᠷ᠎ᠠ ᠶᠢ | ᠦᠷᠬᠦᠯᠵᠢᠯᠡᠨ ᠬᠦᠢᠴᠡᠳᠬᠡᠬᠦ ᠳᠤ ᠬᠠᠷᠰᠢ ᠰᠠᠭᠠᠳ ᠪᠤᠯᠵᠤ᠂ ᠬᠠᠤᠯᠢ ᠪᠡ ᠪᠤᠳᠠᠳᠠᠢ ᠳᠤ ᠶᠠᠪᠤᠬᠳᠠᠭᠤᠯᠵᠤ ᠴᠢᠳᠠᠬᠤ | ᠦᠬᠡᠢ ᠪᠤᠯᠪᠠ᠃ ᠬᠡᠷᠪᠠ ᠵᠠᠭᠠᠯᠳᠤᠬᠴᠢ ᠲᠦᠷᠢᠶᠡᠰᠦᠯᠡᠭᠰᠡᠨ ᠨᠤᠳᠤᠭ ᠪᠡᠯᠴᠢᠬᠡᠷ ᠲᠤ ᠪᠡᠨᠦᠷᠬᠦᠯᠵᠢᠯᠡᠨ ᠮᠠᠯᠵᠢᠪᠠᠯ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠬᠡᠷ ᠤᠨᠬᠠᠮᠢᠶᠠᠷᠤᠯᠳᠠᠵᠢᠨ ᠲᠦᠷᠢᠮ︾ ᠤᠨ | ᠲᠦᠴᠢᠨ ᠲᠤᠯᠤᠳᠤᠭᠠᠷ ᠵᠦᠢᠯ ᠤᠨ ᠲᠤᠬᠳᠠᠭᠠᠯ ᠢ ᠵᠦᠷᠢᠴᠡᠵᠤ᠂ ᠵᠤᠭᠤᠰ ᠢᠶᠠᠷ ᠲᠤᠷᠭᠠᠬᠳᠠᠬᠤ ᠠᠶᠤᠯ ᠲᠦᠭᠰᠢᠬᠦᠷᠢ | ᠡᠬᠦᠰᠬᠦ ᠪᠤᠯᠤᠯᠴᠠᠭ᠎ᠠ ᠲᠠᠢ᠃ ᠤᠴᠢᠷ ᠨᠢ ᠲᠤᠰ ᠲᠦᠷᠢᠮ ᠤᠨ ᠭᠤᠴᠢᠨ ᠬᠤᠶᠠᠳᠤᠭᠠᠷ ᠵᠦᠢᠯ ᠤᠨ ᠭᠤᠷᠪᠠᠳᠤᠭᠠᠷ | ᠵᠤᠷᠪᠤᠰ ᠲᠤ᠂ ᠲᠤᠬᠳᠠᠭᠠᠯ ᠢ ᠵᠦᠷᠢᠴᠡᠵᠤ᠂ ᠪᠡᠯᠴᠢᠬᠡᠷᠯᠡᠬᠦᠯᠬᠦ ᠶᠢ ᠬᠤᠷᠢᠬᠯᠠᠨ᠂ ᠰᠡᠯᠬᠦᠨ ᠮᠠᠯᠵᠢᠬᠤ ᠨᠤᠳᠤᠭ ᠪᠡᠯᠴᠢᠬᠡᠷ | ᠲᠡᠬᠡᠷᠠᠮᠠᠯ ᠬᠠᠷᠢᠭᠤᠯᠤᠬᠰᠠᠨ ᠪᠤᠯ ᠨᠤᠳᠤᠭ ᠪᠡᠯᠴᠢᠬᠡᠷ ᠤᠨ ᠬᠢᠨᠡᠯᠳᠠ ᠬᠠᠮᠢᠶᠠᠷᠤᠯᠳᠠ ᠶᠢᠨ ᠪᠠᠶᠢᠭᠤᠯᠤᠮᠵᠢ | ᠡᠴᠠᠰᠡᠷᠡᠮᠵᠢ ᠦᠭᠬᠦ ᠵᠢᠨᠬᠠᠮᠳᠦ ᠬᠤᠨᠢ ᠪᠠᠷ ᠨᠢᠬᠡᠴᠢ ᠪᠤᠯᠭᠠᠵᠤ 5 ᠲᠦᠬᠦᠷᠢᠭ ᠠᠴᠠ ᠲᠡᠬᠡᠭᠰᠢ 10 ᠲᠦᠬᠦᠷᠢᠭ | ᠠᠴᠠ ᠲᠤᠷᠤᠬᠰᠢ ᠵᠤᠭᠤᠰ ᠢᠶᠠᠷ ᠲᠤᠷᠭᠠᠬᠤ ᠬᠡᠷᠡᠭᠳᠡᠢ ᠬᠡᠵᠤ ᠲᠤᠬᠳᠠᠭᠠᠪᠠ᠃ ᠡᠶᠢᠮᠤ ᠠᠴᠠ᠂ ᠰᠢᠨ᠎ᠠ ᠪᠠᠷᠭᠤ ᠪᠠᠷᠠᠭᠤᠨ | ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠨᠢ ᠵᠠᠭᠠᠯᠳᠤᠬᠴᠢ ᠤᠷᠳᠦ ᠶᠢᠨ ᠲᠦᠷᠢᠶᠡᠰᠦᠨ ᠮᠦᠡᠭᠬᠦ ᠪᠠᠨ | ᠡᠬᠡᠬᠦᠯᠦᠨ ᠠᠪᠬᠤ ᠵᠠᠷᠭᠤ ᠶᠢᠨ ᠭᠤᠶᠤᠴᠢᠯᠡᠯ ᠢ ᠬᠠᠤᠯᠢ ᠶᠤᠰᠦ ᠪᠠᠷ ᠬᠠᠮᠠᠭᠠᠯᠠᠵᠤ᠂ ᠵᠠᠭᠠᠯᠳᠤᠬᠳᠠᠬᠴᠢ ᠬᠡᠷᠡᠯ | ᠪᠡᠯᠴᠢᠬᠡᠷᠯᠡᠬᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨᠦᠰᠦᠭ ᠵᠢᠷᠤᠬᠰᠠᠨ ᠡᠳᠦᠷ ᠠᠴᠠ | ᠡᠬᠢᠯᠡᠨ ᠨᠢᠬᠡᠨᠳᠠ ᠬᠤᠷᠢᠶᠡᠨ ᠠᠪᠤᠬᠰᠠᠨᠨᠤᠳᠤᠭ ᠤᠨ ᠲᠦᠷᠢᠶᠡᠰᠦᠨᠮᠦ᠋ᠡᠭᠬᠦ ᠡᠴᠠᠲ᠋ᠦ᠋ᠷᠢᠶᠡᠰᠦᠯᠡᠯ ᠤᠨ ᠬᠡᠷ᠎ᠠ | ᠬᠦᠢᠴᠡᠳᠬᠡᠵᠤ ᠴᠢᠳᠠᠬᠰᠠᠨ ᠦᠬᠡᠢ ᠬᠤᠭᠤᠴᠠᠭᠠᠨ ᠤ 18104.15 ᠲᠦᠬᠦᠷᠢᠭ ᠢ ᠪᠤᠴᠠᠭᠠᠨᠦᠭᠬᠦ ᠬᠡᠷᠡᠭᠳᠡᠢ | ᠬᠡᠮᠡᠨ ᠰᠢᠬᠦᠨ ᠲᠠᠰᠤᠯᠪᠠ᠃ | ᠬᠡᠷᠡᠭ ᠤᠨ ᠵᠢᠱᠢᠶ᠎ᠠ ᠶᠢᠨ ᠲᠠᠶᠢᠯᠪᠤᠷᠢ | ᠤᠯᠤᠰ ᠠᠴᠠ ᠪᠡᠯᠴᠢᠬᠡᠷᠯᠡᠬᠦᠯᠬᠦ ᠶᠢ ᠴᠠᠭᠠᠵᠠᠯᠠᠬᠤ ᠳᠤ᠂ ᠪᠤᠳᠠᠳᠠᠢ ᠳᠤ ᠮᠠᠯᠴᠢᠨ ᠡᠷᠦᠬᠡ ᠶᠢᠨ ᠰᠠᠶᠢᠨ ᠲᠤᠷ᠎ᠠ | ᠡᠴᠠᠭᠤᠶᠤᠴᠢᠯᠠᠬᠤ ᠪᠠ ᠤᠯᠤᠰ ᠤᠨ ᠠᠯᠪᠠᠳᠠᠯᠭ᠎ᠠ ᠬᠡᠬᠦ ᠬᠤᠶᠡᠷ ᠠᠷᠭ᠎ᠠ ᠪᠠᠷᠢᠯ ᠪᠠᠶᠢᠳᠠᠭ᠃ ᠶᠠᠮᠠᠷ ᠨᠢᠬᠡᠨ ᠬᠦᠮᠦᠨ | ᠬᠡᠷᠪᠡ ᠪᠤᠰᠤᠳᠲ᠋ᠠᠢ ᠬᠡᠷ᠎ᠠ ᠲᠤᠬᠳᠠᠵᠤ ᠲᠦᠷᠢᠶᠡᠰᠦᠯᠡᠬᠦᠯᠦᠭᠰᠡᠨ ᠨᠤᠳᠤᠭ ᠪᠡᠯᠴᠢᠬᠡᠷ ᠢᠶᠠᠨ ᠰᠠᠶᠢᠨ ᠲᠤᠷ᠎ᠠ ᠠᠴᠠ ᠪᠠᠨ | ᠭᠤᠶᠤᠴᠢᠯᠠᠵᠤ ᠪᠠᠶᠢᠭᠠᠳᠪᠡᠯᠴᠢᠬᠡᠷᠯᠡᠬᠦᠯᠬᠦ ᠶᠢ ᠴᠠᠭᠠᠵᠠᠯᠠᠬᠤ ᠲᠦᠷᠦᠯ ᠵᠦᠢᠯ ᠳᠤ ᠤᠷᠤᠭᠤᠯᠤᠬᠰᠠᠨ ᠪᠠᠶᠢᠪᠠᠯ ᠬᠡᠷ᠎ᠠ | ᠠᠴᠠ ᠵᠦᠷᠢᠴᠡᠭᠰᠡᠨ ᠦᠢᠯᠨᠠᠵᠢᠯᠯᠠᠭᠠ ᠪᠤᠯᠵᠤ᠂ ᠤᠯᠤᠰ ᠤᠨ ᠠᠯᠪᠠᠳᠠᠯᠭ᠎ᠠ ᠠᠴᠠ ᠪᠡᠯᠴᠢᠬᠡᠷᠯᠡᠬᠦᠯᠬᠦ ᠶᠢ | ᠴᠠᠭᠠᠵᠠᠯᠠᠬᠰᠠᠨ ᠪᠠᠶᠢᠪᠠᠯ ᠬᠤᠷᠢᠬᠠᠯᠠᠵᠤ ᠴᠢᠳᠠᠬᠤᠦᠬᠡᠢ ᠬᠦᠴᠦᠨ ᠠᠴᠠ ᠪᠤᠯᠵᠤ ᠬᠡᠷ᠎ᠠ ᠶᠢᠨ ᠵᠤᠷᠢᠯᠳᠠ ᠪᠡᠶᠡᠯᠡᠭᠳᠡᠵᠤ | ᠴᠢᠳᠠᠬᠰᠠᠨᠦᠬᠡᠢ ᠪᠤᠯᠤᠨ᠎ᠡ᠃ ᠡᠬᠦᠨ ᠳᠤ ᠲᠡᠬᠡᠷᠡᠬᠢ ᠪᠠᠶᠢᠳᠠᠯ ᠤᠨ ᠨᠢᠬᠡ ᠨᠢ ᠪᠠᠶᠢᠪᠠᠯ ᠨᠤᠳᠤᠭ ᠲᠦᠷᠢᠶᠡᠰᠦᠯᠡᠭᠴᠢ | ᠬᠡᠷ᠎ᠠ ᠴᠤᠴᠠᠯᠬᠤ ᠪᠠᠷ ᠵᠤᠷᠢᠵᠤ ᠪᠤᠯᠤᠨ᠎ᠠ᠃ ᠲᠤᠰ ᠵᠢᠭᠤᠷᠭᠠᠨ ᠤ ᠬᠡᠷᠡᠭ ᠲᠤ᠂ ᠵᠠᠭᠠᠯᠳᠤᠬᠳᠠᠬᠴᠢ ᠬᠡᠷᠡᠯ ᠤᠨ | ᠪᠡᠯᠴᠢᠬᠡᠷᠯᠡᠬᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨᠦᠰᠦᠭ ᠵᠢᠷᠤᠬᠰᠠᠨ ᠦᠢᠯᠨ | ᠠᠵᠢᠯᠯᠠᠭ᠎ᠠ ᠪᠠᠷ ᠨᠤᠳᠤᠭ ᠤᠨ ᠲᠦᠷᠢᠶᠡᠰᠦᠯᠡᠯ ᠤᠨ ᠬᠡᠷ᠎ᠠ ᠪᠠᠨ ᠴᠤᠴᠠᠯᠤᠬᠰᠠᠨ ᠢᠶᠠᠷ ᠦᠵᠡᠨ᠎ᠡ᠃ᠵᠠᠭᠠᠯᠳᠤᠬᠴᠢ | ᠤᠷᠳᠤ ᠪᠤᠯᠤᠨ ᠵᠠᠭᠠᠯᠳᠤᠬᠳᠠᠬᠴᠢ ᠬᠡᠷᠡᠯ ᠤᠨ ᠲᠤᠬᠳᠠᠬᠰᠠᠨ ᠲᠦᠷᠢᠶᠡᠰᠦᠨ ᠬᠡᠷ᠎ᠠ ᠬᠡᠳᠦᠶᠢᠪᠡᠷ ᠪᠡᠯᠴᠢᠬᠡᠷᠯᠡᠬᠦᠯᠬᠦ ᠶᠢ | ᠴᠠᠭᠠᠵᠠᠯᠠᠬᠤ ᠠᠴᠠ ᠡᠮᠤᠨ᠎ᠠ ᠪᠠᠶᠢᠭᠤᠯᠤᠬᠳᠠᠬᠰᠠᠨ ᠪᠤᠯᠪᠠᠴᠦ ᠵᠠᠭᠠᠯᠳᠤᠬᠳᠠᠬᠴᠢ ᠬᠡᠷᠡᠯ ᠲᠤᠰ ᠬᠡᠰᠡᠭ ᠨᠤᠳᠤᠭ | ᠪᠡᠯᠴᠢᠬᠡᠷ ᠢᠠᠰᠢᠬᠯᠠᠨ ᠲᠠᠪᠬᠤᠷ ᠠᠰᠢᠭ ᠬᠦᠷᠳᠡᠬᠦ ᠨᠢ ᠤᠯᠤᠰ ᠤᠨ ᠲᠦᠷᠦ ᠶᠢᠨ ᠪᠤᠳᠤᠯᠭ᠎ᠠ ᠪᠠ ᠬᠠᠤᠯᠢ ᠶᠢᠨ | ᠲᠤᠬᠳᠠᠭᠠᠯ ᠲᠠᠢ ᠨᠡᠶᠢᠴᠡᠬᠦᠦᠬᠡᠢ ᠶᠤᠮ᠃ ᠡᠶᠢᠮᠤ ᠠᠴᠠ᠂ ᠬᠦᠢᠴᠡᠳᠬᠡᠬᠡᠳᠦᠢ ᠬᠤᠭᠤᠴᠠᠭᠠᠨ ᠤ ᠲᠦᠷᠢᠶᠡᠰᠦᠨ ᠮᠦᠡᠭᠬᠦ | ᠶᠢ ᠬᠠᠤᠯᠢ ᠶᠤᠰᠤ ᠪᠠᠷ ᠪᠤᠴᠠᠭᠠᠨᠦᠭᠪᠡᠯ ᠵᠤᠬᠢᠨ᠎ᠡ᠃ ᠠᠷᠠᠳ ᠤᠨ ᠲᠡᠬᠡᠳᠦ ᠵᠡᠷᠬᠡ ᠶᠢᠨ ᠰᠢᠬᠦᠬᠦ ᠬᠤᠷᠢᠶᠡᠨ ᠤ | ︽ᠪᠦᠬᠦᠳᠡ ᠨᠠᠶᠢᠷᠠᠮᠳᠠᠬᠤ ᠲᠤᠮᠳᠠᠳᠦ ᠠᠷᠠᠳᠤᠯᠤᠰ ᠤᠨ ᠬᠡᠷ᠎ᠠ ᠶᠢᠨ ᠬᠠᠤᠯᠢ︾ ᠶᠢ ᠲᠤᠬᠢᠷᠠᠭᠤᠯᠤᠨ ᠬᠡᠷᠡᠭᠯᠡᠬᠦ | ᠠᠰᠠᠭᠤᠳᠠᠯ ᠤᠳ ᠤᠨ ᠲᠤᠬᠠᠢ ᠲᠠᠶᠢᠯᠪᠤᠷᠢ ︵ᠬᠤᠶᠡᠷ︶ ᠬᠤᠷᠢᠨᠵᠢᠷᠭᠤᠳᠤᠭᠠᠷ ᠵᠤᠷᠪᠤᠰ ᠲᠤ ᠲᠤᠬᠳᠠᠭᠠᠬᠰᠨ ᠨᠢ ᠬᠡᠷ᠎ᠠ | ᠪᠠᠶᠢᠭᠤᠯᠤᠬᠳᠠᠬᠰᠠᠨ ᠤ ᠲᠠᠷᠠᠭ᠎ᠠ᠂ ᠪᠤᠰᠤᠳᠴᠢ ᠪᠠᠶᠢᠳᠠᠯ ᠳᠤ ᠲᠤᠬᠠᠢ ᠵᠢᠨᠬᠦ᠋ᠮᠦᠨ ᠤ ᠬᠡᠷ᠎ᠠ ᠲᠤᠬᠳᠠᠬᠤ ᠦᠶ᠎ᠡ ᠳᠤ | ᠤᠷᠢᠳᠴᠢᠯᠡᠨ ᠮᠡᠳᠡᠵᠤ ᠴᠢᠳᠠᠬᠤ ᠶᠢᠨ ᠠᠷᠭ᠎ᠠ ᠦᠬᠡᠢ᠂ ᠡᠰᠨ ᠡᠰᠡᠷᠬᠦᠴᠡᠵᠤ ᠴᠢᠳᠠᠰᠢᠦᠬᠡᠢ ᠬᠦᠴᠦᠨ ᠠᠴᠠ | ᠪᠤᠯᠤᠬᠰᠠᠨ ᠬᠤᠳᠠᠯᠳᠤᠭᠠᠨ ᠤ ᠲᠦᠭᠰᠢᠬᠦᠷᠢ ᠳᠤ ᠬᠠᠮᠤᠷᠠᠬᠳᠠᠬᠤ ᠦᠬᠡᠢ ᠯᠤᠳᠤ ᠶᠡᠭᠡ ᠬᠤᠪᠢᠷᠠᠯᠳᠠᠭᠠᠷᠴᠦ᠂ | ᠦᠷᠬᠦᠯᠵᠢᠯᠡᠨ ᠬᠡᠷ᠎ᠠ ᠬᠦᠢᠴᠡᠳᠬᠡᠪᠡᠯ ᠨᠢᠬᠡ ᠡᠳᠡᠬᠡᠳ ᠤᠨ ᠲᠤᠬᠠᠢ ᠶᠢᠨ ᠬᠦᠮᠦᠨ ᠳᠤ ᠢᠯᠡᠳᠳᠡ ᠲᠡᠭᠰᠢ ᠪᠤᠰᠦ | ᠪᠤᠶᠤᠬᠡᠷᠠ ᠶᠢᠨ ᠵᠤᠷᠢᠯᠭ᠎ᠠ ᠪᠠᠨ ᠪᠡᠶᠡᠯᠡᠬᠦᠯᠵᠤ ᠴᠢᠳᠠᠬᠤ ᠦᠬᠡᠢ ᠪᠠᠶᠢᠳᠠᠯ ᠲᠠᠢ ᠪᠤᠯ᠂ ᠲᠤᠬᠠᠢ ᠶᠢᠨ ᠬᠦᠮᠦᠨ ᠠᠷᠠᠳ | ᠤᠨ ᠰᠢᠬᠦᠬᠦ ᠬᠤᠷᠢᠶᠡᠨ ᠳᠤ ᠭᠤᠶᠤᠴᠢᠯᠡᠵᠤ ᠬᠡᠷ᠎ᠠ ᠪᠠᠨ ᠬᠤᠪᠢᠷᠠᠭᠤᠯᠬᠤ ᠪᠤᠶᠤ ᠬᠦᠴᠦᠨ ᠦᠬᠡᠢ ᠪᠤᠯᠭᠠᠬᠤ ᠬᠡᠪᠡᠯ᠂ | ᠠᠷᠠᠳ ᠤᠨ ᠰᠢᠬᠦᠬᠦ ᠬᠤᠷᠢᠶ᠎ᠠ ᠡᠷᠬᠡ ᠲᠡᠭᠰᠢ ᠵᠠᠷᠴᠢᠮ ᠢ ᠦᠨᠳᠦᠰᠦᠯᠡᠨ᠂ ᠬᠡᠷᠡᠭ ᠤᠨ ᠪᠤᠳᠠᠳᠠᠢ ᠪᠠᠶᠢᠳᠠᠯ ᠲᠠᠢ | ᠤᠶᠠᠯᠳᠤᠭᠤᠯᠤᠨ ᠬᠤᠪᠢᠷᠠᠭᠤᠯᠬᠤ ᠪᠤᠶᠤ ᠬᠦᠴᠦᠨ ᠦᠬᠡᠢ ᠪᠤᠯᠭᠠᠬᠤ ᠡᠰᠡᠬᠦ ᠶᠢ ᠲᠤᠬᠳᠠᠭᠠᠨ᠎ᠠ᠃ ᠲᠤᠰ ᠵᠢᠭᠤᠷᠭᠠᠨ ᠤ | ᠬᠡᠷᠡᠭ ᠲᠤ᠂ ᠲᠤᠬᠠᠢ ᠶᠢᠨ ᠬᠤᠶᠡᠷ ᠬᠦᠮᠦᠨ ᠤ ᠲᠦᠷᠢᠶᠡᠰᠦᠯᠡᠯ ᠤᠨ ᠬᠡᠷ᠎ᠠ ᠬᠦᠢᠴᠡᠳᠬᠡᠵᠤ ᠪᠠᠶᠢᠬᠤ ᠬᠤᠭᠤᠴᠠᠭᠠᠨ ᠳᠤ | ᠪᠤᠰᠤᠳᠴᠢ ᠪᠠᠶᠢᠳᠠᠯ ᠠᠴᠠ ᠦᠨᠡᠨᠬᠦ ᠦᠷᠬᠦᠯᠵᠢᠯᠡᠨ ᠬᠡᠷᠠᠶᠠᠪᠤᠬᠳᠠᠭᠤᠯᠵᠤ ᠴᠢᠳᠠᠬᠤ ᠦᠬᠡᠢ ᠠᠰᠠᠭᠤᠳᠠᠯ | ᠲᠤᠯᠭᠠᠷᠠᠬᠰᠠᠨ ᠠᠴᠠ ᠵᠠᠭᠠᠯᠳᠤᠬᠴᠢ ᠶᠢᠨ ᠬᠦᠢᠴᠡᠳᠬᠡᠬᠡᠳᠦᠢ ᠬᠤᠭᠤᠴᠠᠭᠠᠨ ᠤᠲ᠋ᠦ᠋ᠷᠢᠶᠡᠰᠦᠨ ᠮᠦᠡᠭᠬᠦ ᠪᠠᠨ | ᠡᠬᠡᠬᠦᠯᠦᠨ ᠠᠪᠬᠤ ᠵᠠᠷᠭᠤ ᠶᠢᠨ ᠭᠤᠶᠤᠴᠢᠯᠡᠯ ᠨᠢ ᠬᠠᠤᠯᠢ ᠶᠢᠨ ᠲᠤᠬᠳᠠᠭᠠᠯ ᠳᠤ ᠨᠡᠶᠢᠴᠡᠵᠤ ᠪᠠᠶᠢᠭᠠᠪᠤᠯᠬᠤᠷ ᠰᠢᠨ᠎ᠠ | ᠪᠠᠷᠭᠤ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠠᠴᠠ ᠲᠡᠬᠦᠨ ᠤ ᠵᠠᠷᠭᠤ ᠶᠢᠨ ᠭᠤᠶᠤᠴᠢᠯᠡᠯ ᠢ | ᠲᠡᠮᠵᠢᠭᠰᠡᠨ ᠪᠠᠶᠢᠨ᠎ᠠ᠃ | ᠰᠢᠨ᠎ᠠ ᠪᠠᠷᠭᠤ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ |