ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠳᠣᠣᠷ᠎ᠠ ᠣᠷᠣᠯᠭ᠎ᠠ ᠲᠠᠢ ᠬᠠᠮᠲᠤ ᠴᠣᠭᠴᠠ ᠶᠢᠨ ᠵᠣᠯ ᠵᠢᠷᠭᠠᠯ ᠳᠡᠭᠡᠭᠰᠢᠯᠡᠭᠦᠯᠬᠦ ᠢᠨᠵᠧᠨᠧᠷᠢᠩ—ᠬᠤᠶᠠᠳᠤᠭᠠᠷ ᠤᠯᠠᠷᠢᠯ ᠤᠨ ᠭᠤᠯᠢᠷ ᠪᠤᠳᠠᠭ᠎ᠠ ᠲᠣᠰᠤ ᠬᠤᠪᠢᠶᠠᠨ ᠥᠭᠬᠦ
ᠨᠡᠶᠢᠲᠡᠯᠡᠭᠰᠡᠨ ᠴᠠᠭ᠄
2018-06-14
   ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠳᠣᠣᠷ᠎ᠠ ᠣᠷᠣᠯᠭ᠎ᠠ ᠲᠠᠢ ᠬᠠᠮᠲᠤ ᠴᠣᠭᠴᠠ ᠶᠢᠨ ᠵᠣᠯ ᠵᠢᠷᠭᠠᠯ ᠳᠡᠭᠡᠭᠰᠢᠯᠡᠭᠦᠯᠬᠦ ᠢᠨᠵᠧᠨᠧᠷᠢᠩ ᠎ ᠤᠨ ᠶᠡᠷᠦᠩᠭᠡᠢ ᠬᠠᠷᠠᠯᠲᠠ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠰᠬᠠᠵᠤ᠂2018 ᠣᠨ ᠤ ᠬᠤᠶᠠᠳᠤᠭᠠᠷ ᠤᠯᠠᠷᠢᠯ ᠳᠤ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 152 ᠡᠷᠦᠬᠡ᠂246 ᠨᠡᠷ᠎ᠡ ᠣᠷᠣᠯᠭ᠎ᠠ ᠳᠣᠣᠷ᠎ᠠ ᠬᠠᠮᠲᠤ ᠴᠣᠭᠴᠠ ᠶᠢᠨ ᠬᠦᠮᠦᠨ ᠪᠦᠷᠢ ᠳᠤ ᠭᠤᠷᠪᠠᠨ ᠵᠠᠭᠤᠨ ᠲᠦᠭᠦᠷᠢᠭ ᠤᠨ ᠭᠤᠯᠢᠷ  ᠪᠤᠳᠠᠭ᠎ᠠ ᠲᠣᠰᠤ ᠬᠠᠷᠠᠭᠠᠯᠵᠠᠬᠤ ᠪᠠᠲᠤᠯᠠᠪᠤᠷᠢ ᠭᠠᠷᠳᠠᠭᠤᠯᠪᠠ᠃ ᠨᠡᠶᠢᠲᠡ ᠦᠨ᠎ᠡ ᠦᠷᠲᠡᠭ73800 ᠲᠦᠭᠦᠷᠢᠭ᠃    ᠲᠤᠰ ᠤᠳᠠᠭᠠᠨ ᠤ ᠬᠠᠷᠠᠭᠠᠯᠵᠠᠬᠤ ᠪᠠᠲᠤᠯᠠᠪᠣᠷᠢ ᠭᠠᠷᠳᠠᠭᠤᠯᠬᠤ ᠳᠤᠮᠳᠠ ᠶᠠᠳᠠᠭᠤ ᠬᠦᠴᠢᠷᠲᠡᠯᠲᠡᠢ ᠡᠷᠦᠬᠡ ᠤᠳ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠤᠨ ᠤ ᠶᠠᠳᠠᠭᠤ ᠬᠦᠴᠢᠷᠳᠡᠯᠲᠠᠢ ᠡᠷᠦᠬᠡ ᠳᠤ ᠣᠯᠭᠤᠭᠰᠠᠠ ᠬᠠᠯᠠᠮᠵᠢᠯᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠤᠶᠢᠰᠢᠳᠠ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠤᠳᠤᠷᠢᠳᠤᠯᠭ᠎ᠠ ᠶᠢᠨ ᠬᠠᠪᠰᠤᠷᠤᠯᠭ᠎ᠠ ᠳᠣᠣᠷ᠎ᠠ ᠬᠦᠴᠢᠷᠳᠡᠯ ᠢ ᠢᠯᠠᠨ ᠳᠠᠪᠠᠵᠤ᠂ ᠠᠵᠤ ᠠᠮᠢᠳᠤᠷᠠᠯ ᠢᠶᠠᠨ ᠰᠠᠶᠢᠵᠢᠷᠠᠭᠤᠯᠤᠨ᠎ᠠ ᠭᠡᠵᠤ ᠬᠡᠯᠡᠭᠰᠡᠨ ᠪᠠᠶᠢᠨ᠎ᠠ᠃    ᠥᠨᠦᠳᠦᠷ ᠪᠣᠯᠲᠠᠯ᠎ᠠ᠂ ᠣᠷᠤᠯᠭ᠎ᠠ ᠳᠣᠣᠷ᠎ᠠ ᠬᠠᠮᠲᠤ ᠴᠣᠭᠴᠠ ᠶᠢᠨ ᠵᠣᠯ ᠵᠢᠷᠭᠠᠯ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠳᠤᠮᠳᠠ᠂ ᠣᠷᠣᠯᠭ᠎ᠠ ᠳᠣᠣᠷ᠎ᠠ ᠬᠠᠮᠲᠤ ᠴᠣᠭᠴᠠ ᠳᠤ ᠨᠡᠶᠢᠲᠡ22.7 ᠲᠦᠮᠡᠨ ᠲᠦᠭᠦᠷᠢᠭ ᠤᠨ ᠭᠤᠯᠢᠷ ᠪᠤᠳᠠᠭ᠎ᠠ ᠲᠣᠰᠣ ᠬᠤᠪᠢᠶᠠᠨ ᠥᠭᠴᠦ᠂756 ᠬᠦᠮᠦᠨ ᠬᠠᠷᠠᠭᠠᠯᠵᠠᠯ ᠬᠦᠷᠲᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号