ᠠᠵᠢᠯ ᠬᠠᠪᠰᠤᠷᠭᠠᠨ ᠬᠢᠭᠡᠳ ᠠᠳᠡᠯ ᠭᠠᠷᠪᠠᠯ ᠡᠷᠬᠡ ᠠᠰᠢᠭ ᠢᠶᠠᠨ ᠶᠠᠭᠠᠬᠢᠵᠤ ᠬᠠᠮᠠᠭᠠᠯᠠᠬᠤ ᠪᠤᠢ︖
ᠨᠡᠶᠢᠲᠡᠯᠡᠭᠰᠡᠨ ᠴᠠᠭ᠄
2018-06-14
    ︽ᠨᠢᠭᠡᠨ ᠡᠮᠡᠭᠲᠠᠢ ᠤᠶᠤᠲᠠᠨ ᠦᠷᠬᠦᠯᠵᠢᠯᠡᠨ 15 ᠴᠠᠭ ᠠᠵᠢᠯᠯᠠᠭᠠᠳ ᠬᠡᠳᠣ ᠶᠠᠳᠠᠷᠠᠨ ᠴᠢᠰᠤ ᠪᠠᠷ ᠪᠦᠭᠡᠯᠵᠢᠵᠦ ᠦᠬᠦᠪᠡ︾ ᠭᠡᠬᠦ ᠮᠡᠳᠡᠭᠡ ᠰᠦᠯᠵᠢᠶᠡᠨ ᠳᠡᠭᠡᠷ᠎ᠠ ᠬᠦᠯ ᠤᠷᠭᠤᠭᠰᠠᠨ ᠮᠡᠲᠦ ᠬᠤᠷᠳᠤᠨ ᠲᠠᠷᠬᠠᠵᠦ᠂ ᠲᠤᠰᠢᠶᠠᠯ ᠬᠠᠪᠰᠤᠷᠭᠠᠨ ᠰᠤᠯᠠ ᠠᠵᠢᠯ ᠬᠢᠬᠦ ᠶᠠᠷᠢᠶ᠎ᠠ ᠬᠡᠯᠡᠯᠴᠡᠭᠡ ᠰᠦᠯᠵᠢᠶᠡᠨ ᠠᠨᠳᠠ ᠶᠢᠨ ᠳᠤᠮᠲᠠ ᠬᠠᠯᠠᠮᠰᠢᠯ ᠪᠤᠯᠪᠠ᠃ ᠠᠮᠢᠳᠤᠷᠠᠯ ᠳᠤᠮᠳᠠ ᠶᠡᠭᠡ ᠰᠤᠷᠭᠠᠭᠤᠯᠢ ᠶᠢᠨ ᠤᠶᠤᠲᠠᠳ᠂ ᠡᠰᠡᠬᠦᠯ᠎ᠠ ᠵᠢᠩᠭᠢᠨᠢ ᠠᠵᠢᠯ ᠲᠠᠢ ᠴᠠᠭᠠᠨ ᠵᠠᠭᠠᠮᠠᠲᠠᠨ ᠵᠡᠷᠭᠡ ᠨᠢᠭᠡ ᠪᠦᠯᠦᠭ ᠬᠦᠮᠦᠰ ᠦᠪᠡᠷ ᠤᠨ ᠠᠵᠢᠯ ᠰᠣᠷᠣᠯᠭ᠎ᠠ ᠠᠴᠠ ᠪᠠᠨ‌ᠭᠠᠳᠠᠨ᠎ᠠ ᠰᠤᠯᠠ‌ᠠᠵᠢᠯ ᠬᠢᠵᠦ᠂ ᠪᠠᠭ᠎ᠠ ᠰᠠᠭ᠎ᠠ ᠤᠷᠤᠯᠭ᠎ᠠ ᠤᠯᠳᠠᠭ ᠨᠢ ᠬᠠᠣᠯᠢ ᠶᠣᠰᠣᠨ ᠳᠤ ᠨᠡᠶᠢᠴᠡᠨ᠎ᠠ᠃ ᠭᠡᠶ᠎ᠠ ᠰᠤᠯᠠ ᠠᠵᠢᠯ ᠬᠢᠵᠦ ᠪᠠᠶᠢᠭᠠᠳ‌‍ᠰᠠᠨᠠᠭᠠᠨ ᠠᠴᠠ ᠭᠠᠳᠠᠭᠤᠷ ᠠᠳᠡᠯ ᠤᠰᠤᠯ᠂ ᠠᠵᠢᠯ ᠤᠨ ᠰᠢᠷᠬᠠᠲᠤᠯ ᠵᠡᠷᠭᠡ ᠤᠴᠢᠷ ᠭᠠᠷᠪᠠᠯ᠂ ᠨᠢᠭᠡ ᠪᠦᠯᠦᠭ ᠬᠠᠤᠯᠢ ᠵᠢᠨ‌ᠠᠰᠠᠭᠤᠳᠠᠯ ᠤᠳ ᠲᠠᠢ ᠬᠤᠯᠪᠤᠭᠳᠠᠳᠠᠭ᠃          ᠬᠡᠷᠡᠭ ᠤᠨ ᠵᠢᠱᠢᠶ᠎ᠠ          ᠡᠾᠧᠪᠸᠢ ᠶᠡᠭᠡ ᠰᠤᠷᠭᠠᠭᠤᠯᠢ ᠳᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠵᠦ ᠪᠠᠶᠢᠭ᠎ᠠ ᠶᠡᠭᠡ ᠰᠤᠷᠭᠠᠭᠤᠯᠢ ᠶᠢᠨ ᠭᠤᠷᠪᠠᠳᠤᠭᠠᠷ ᠤᠨ ᠤ 22 ᠨᠠᠰᠣᠳᠠᠢ ᠡᠮᠡᠭᠳᠡᠢ ᠤᠶᠤᠲᠠᠨ ᠶᠣᠸᠠᠨ XX᠂ ᠠᠮᠠᠷᠠᠯᠲᠠ ᠶᠢᠨ ᠬᠤᠭᠤᠴᠠᠭᠠᠨ ᠳᠠᠭᠠᠨ ᠭᠡᠷ ᠤᠨ ᠢᠶᠠᠨ ᠳᠠᠷᠤᠭᠠᠰᠤ ᠶᠢ ᠬᠦᠡᠭᠭᠡᠯᠡᠵᠣ ᠰᠣᠷᠣᠯᠭ᠎ᠠ ᠵᠢᠨ‌‍ᠰᠦ᠋ᠢᠳᠭᠡᠯ ᠢᠶᠠᠨ ᠣᠯᠬᠤ ᠭᠡᠵᠣ᠂ ᠲᠢᠶᠠᠨᠵᠢᠨ ᠤ ᠨᠢᠭᠡᠨ ᠺᠤᠮᠫᠠᠨᠢ ᠳᠤ ᠰᠤᠯᠠ ᠠᠵᠢᠯ ᠬᠢᠵᠠᠢ᠃ ᠺᠤᠮᠫᠠᠨᠢ ᠶᠢᠨ ᠠᠵᠢᠯ ᠨᠢ ᠬᠦᠨᠳᠣ ᠮᠦᠷᠳᠡᠭᠡᠨ ᠴᠠᠭ ᠨᠢ ᠤᠷᠲᠤ ᠪᠠᠶᠢᠳᠠᠭ ᠠᠴᠠ ᠡᠳᠤᠷ ᠪᠦᠷᠢ 15 ᠴᠠᠭ ᠤᠷᠴᠢᠮ ᠠᠵᠢᠯᠯᠠᠳᠠᠭ᠃ ᠨᠢᠬᠡᠨ ᠤᠷᠤᠢ ᠶᠢᠨ 12 ᠴᠠᠭ ᠲᠤ᠂ ᠶᠤᠸᠠᠨ XX ᠦᠢᠯᠡᠳᠪᠦᠷᠢᠯᠡᠯ ᠤᠨ ᠲᠠᠰᠤᠭ ᠠᠴᠠ ᠭᠠᠷᠴᠤ ᠢᠷᠡᠭᠡᠳ ᠳᠡᠮᠡᠢ ᠤᠳᠠᠭᠰᠠᠨ ᠦᠭᠡᠢ ᠴᠢᠰᠤ ᠪᠠᠷ ᠪᠦᠭᠡᠯᠵᠢᠵᠦ ᠨᠠᠰᠤ ᠪᠠᠷᠠᠭᠰᠠᠨ ᠪᠠᠶᠢᠪᠠ᠃ ᠶᠡᠭᠡ ᠰᠤᠷᠭᠠᠭᠤᠯᠢ ᠶᠢᠨ ᠤᠶᠤᠲᠠᠨ ᠶᠤᠸᠠᠨ XX ᠵᠤᠯ ᠪᠤᠰᠤ ᠪᠠᠷ ᠦᠬᠦᠭᠰᠡᠨ ᠲᠤᠬᠠᠢ ᠴᠦᠬᠡᠨ ᠪᠤᠰᠤ ᠰᠦᠯᠵᠢᠶᠡᠴᠢᠳ᠂ ᠡᠨᠡᠬᠦ ᠤᠴᠢᠷ ᠨᠢ ᠠᠵᠢᠯ ᠤᠨ ᠰᠢᠷᠬᠠᠲᠤᠯ ᠳᠤ ᠲᠤᠭᠠᠴᠠᠭᠳᠠᠬᠤ ᠡᠰᠡᠬᠦ ᠲᠣᠬᠠᠢ ᠶᠡᠷᠢᠶ᠎ᠠ ᠬᠡᠯᠡᠯᠴᠡᠭᠡ ᠪᠤᠯᠵᠠᠢ᠃ ᠬᠤᠯᠪᠣᠬᠳᠠᠯ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠦᠨᠳᠦᠰᠦᠯᠡᠪᠡᠯ᠂ ᠠᠵᠢᠯ ᠤᠨ ᠰᠢᠷᠬᠠᠲᠤᠯ ᠨᠢ ᠬᠤᠶᠠᠷ ᠡᠲᠡᠭᠡᠳ ᠢᠶᠠᠷ ᠢᠶᠠᠨ ᠬᠦᠳᠡᠯᠮᠦᠷᠢ ᠶᠢᠨ ᠬᠠᠷᠢᠴᠠᠭ᠎ᠠ ᠤᠷᠤᠰᠢᠬᠤ ᠡᠰᠡᠬᠦ ᠪᠠᠷ ᠤᠷᠢᠳᠠᠯ ᠪᠤᠯᠭᠠᠳᠠᠭ᠃ ᠲᠡᠭᠡᠪᠡᠯ ᠶᠡᠭᠡ ᠰᠤᠷᠭᠠᠭᠤᠯᠢ ᠶᠢᠨ ᠤᠶᠤᠲᠠᠨ ᠳᠠᠳᠤᠯᠭ᠎ᠠ ᠬᠢᠵᠦ ᠪᠠᠶᠢᠭ᠎ᠠ ᠦᠶᠡᠰ᠂ ᠬᠦᠳᠡᠯᠮᠦᠷᠢ ᠶᠢᠨ ᠬᠠᠷᠢᠴᠠᠭ᠎ᠠ ᠤᠷᠤᠰᠢᠨ᠎ᠠ ᠤᠤ︖ ᠲᠤᠰᠢᠶᠠᠯ ᠬᠠᠷᠢᠭᠤᠴᠠᠨ ᠰᠤᠯᠠ ᠠᠵᠢᠯ ᠬᠢᠬᠦ ᠨᠢ ᠬᠦᠳᠡᠯᠮᠦᠷᠢ ᠶᠢᠨ ᠬᠠᠷᠢᠴᠠᠭ᠎ᠠ ᠳᠤ ᠲᠤᠭᠠᠴᠠᠭᠳᠠᠨ᠎ᠠ ᠤᠤ︖          ᠬᠠᠣᠯᠢᠴᠢ ᠶᠢᠨ ᠵᠠᠳᠠᠯᠣᠯᠳᠠ          ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠲᠤᠬᠠᠢ ᠠᠰᠠᠭᠤᠳᠠᠯ ᠤᠳ ᠤᠨ ᠰᠠᠨᠠᠯ︾᠎ ᠤᠨ ᠠᠷᠪᠠᠨ ᠬᠤᠶᠠᠳᠤᠭᠠᠷ ᠵᠤᠷᠪᠤᠰ ᠤᠨ ᠲᠤᠭᠲᠠᠭᠠᠯ ᠢ ᠦᠨᠳᠦᠰᠦᠯᠡᠪᠡᠯ ︽ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠭᠴᠢ ᠰᠣᠷᠣᠯᠭ᠎ᠠ ᠶᠢᠨ ᠴᠢᠯᠦᠭᠡ ᠪᠠᠨ ᠠᠰᠢᠬᠯᠠᠵᠦ ᠠᠵᠢᠯᠴᠢ ᠠᠷᠪᠢᠴᠢ ᠪᠠᠷ ᠰᠤᠷᠤᠯᠴᠠᠬᠤ ᠶᠢ ᠠᠵᠢᠯ ᠤᠯᠭᠤᠯᠲᠠ ᠪᠠᠷ ᠦᠵᠡᠬᠦ ᠦᠭᠡᠢ᠂ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠦᠭᠡᠢ ᠪᠤᠯ ᠬᠦᠳᠡᠯᠮᠦᠷᠢ ᠶᠢᠨ ᠭᠡᠷ᠎ᠠ ᠲᠤᠭᠲᠠᠬᠤ ᠦᠭᠡᠢ ᠪᠠᠶᠢᠵᠣ ᠪᠤᠯᠤᠨ᠎ᠠ︾ ᠭᠡᠵᠠᠢ᠃ ︽ᠬᠦᠳᠡᠯᠮᠦᠷᠢ ᠶᠢᠨ ᠬᠠᠤᠯᠢ︾᠎ ᠶᠢᠨ ᠭᠤᠴᠢ ᠶᠢᠰᠦᠳᠦᠭᠡᠷ ᠵᠤᠷᠪᠤᠰ ᠤᠨ ᠲᠤᠭᠲᠠᠭᠠᠯ ᠢ ᠦᠨᠳᠦᠰᠦᠯᠡᠪᠡᠯ ︽ᠬᠦᠳᠡᠯᠮᠦᠷᠢᠯᠡᠭᠴᠢ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠵᠦ᠂ ᠲᠤᠰ ᠬᠦᠮᠦᠨ ᠬᠡᠷᠡᠭᠯᠡᠬᠦ ᠨᠢᠭᠡᠴᠡ ᠶᠢᠨ ᠠᠵᠢᠯ ᠡᠭᠦᠷᠭᠡ ᠶᠢ ᠪᠦᠷᠢᠨ ᠪᠡᠶᠡᠯᠡᠭᠦᠯᠬᠦ ᠳᠤ ᠬᠦᠨᠳᠦ ᠨᠤᠴᠢᠲᠠᠢ ᠨᠦᠯᠦᠭᠡ ᠭᠠᠷᠭᠠᠬᠤ᠂ ᠡᠰᠡᠬᠦᠯ᠎ᠠ ᠬᠦᠮᠦᠨ ᠬᠡᠷᠡᠭᠯᠡᠬᠦ ᠨᠢᠭᠡᠴᠡ ᠶᠢᠨ ᠦᠭᠡᠷᠡᠴᠢᠯᠡᠨ ᠬᠠᠯᠠᠬᠤ ᠱᠠᠭᠠᠷᠳᠠᠯᠭ᠎ᠠ ᠶᠢ ᠲᠡᠪᠴᠢᠪᠡᠯ ᠬᠦᠮᠦᠨ ᠬᠡᠷᠡᠭᠯᠡᠬᠦ ᠨᠢᠭᠡᠴᠡ ᠠᠴᠠ ᠬᠦᠳᠡᠯᠮᠦᠷᠢ ᠶᠢᠨ ᠭᠡᠷ᠎ᠠ ᠶᠢ ᠬᠦᠴᠦᠨ ᠦᠭᠡᠢ ᠪᠤᠯᠭᠠᠵᠦ ᠪᠤᠯᠤᠨ᠎ᠠ︾ ᠭᠡᠵᠡᠢ᠃ ︽ᠬᠦᠳᠡᠯᠮᠦᠷᠢ ᠶᠢᠨ ᠬᠠᠤᠯᠢ︾᠎ ᠳᠤ᠂ ᠪᠦᠬᠦᠯᠢ ᠡᠳᠤᠷ ᠤᠨ ᠳᠦᠷᠢᠮᠲᠦ ᠪᠤᠰᠤ ᠪᠠᠷ ᠬᠦᠮᠦᠨ ᠬᠡᠷᠡᠭᠯᠡᠵᠦ ᠬᠦᠯᠦᠰᠦ ᠬᠠᠷᠠᠮᠵᠢ ᠦᠭᠬᠦ ᠳᠤ ᠴᠤ ᠲᠤᠭᠲᠠᠭᠠᠯ ᠲᠠᠢ᠃ ᠭᠤᠴᠢ ᠶᠢᠰᠦᠳᠦᠭᠡᠷ ᠵᠤᠷᠪᠤᠰ ᠲᠤ ᠲᠤᠭᠲᠠᠭᠠᠭᠰᠠᠨ ᠲᠤᠭᠲᠠᠭᠠᠯ ᠳᠤ᠄ ︽ᠪᠦᠬᠦᠯᠢ ᠡᠳᠤᠷ ᠤᠨ ᠳᠦᠷᠢᠮᠲᠦ ᠪᠤᠰᠤ ᠪᠠᠷ ᠠᠵᠢᠯᠲᠠᠨ ᠬᠡᠷᠡᠭᠯᠡᠬᠦ ᠳᠤ᠂ ᠴᠠᠭ ᠢᠶᠠᠷ ᠬᠦᠯᠦᠰᠦ ᠬᠠᠷᠠᠮᠵᠢ ᠦᠭᠬᠦ ᠪᠠᠷ ᠪᠠᠷᠢᠶᠠᠮᠵᠢᠯᠠᠵᠦ ᠬᠦᠮᠦᠨ ᠬᠡᠷᠡᠭᠯᠡᠬᠦ ᠨᠢᠭᠡᠴᠡ ᠶᠢᠨ ᠬᠠᠷᠢᠶᠠᠯᠠᠭᠳᠠᠵᠦ ᠪᠠᠶᠢᠭ᠎ᠠ ᠠᠷᠠᠳ ᠤᠨ ᠵᠠᠰᠠᠭ ᠤᠨ ᠤᠷᠳᠤᠨ ᠤ ᠲᠤᠭᠲᠠᠭᠠᠭᠰᠠᠨ ᠴᠠᠭ ᠢᠶᠠᠷ ᠠᠵᠢᠯᠯᠠᠭᠰᠠᠨ ᠬᠠᠮᠤᠭ ᠳᠤᠤᠷ᠎ᠠ ᠬᠦᠯᠦᠰᠦ  ᠬᠠᠷᠠᠮᠵᠢ ᠶᠢᠨ ᠪᠠᠷᠢᠮᠵᠢᠶ᠎ᠠ ᠠᠴᠠ ᠳᠤᠤᠷ᠎ᠠ ᠪᠠᠶᠢᠵᠦ ᠪᠤᠯᠬᠤ ᠦᠭᠡᠢ᠃ ᠪᠦᠬᠦᠯᠢ ᠡᠳᠤᠷ ᠤᠨ ᠳᠦᠷᠢᠮᠲᠦ ᠪᠤᠰᠤ ᠬᠦᠳᠡᠯᠮᠦᠷᠢ ᠶᠢᠨ ᠬᠦᠯᠦᠰᠤ ᠬᠠᠷᠠᠮᠵᠢ ᠶᠢ ᠪᠤᠳᠤᠵᠦ ᠦᠭᠬᠦ ᠦᠶᠡᠯᠡᠯ ᠤᠨ ᠬᠤᠭᠤᠴᠠᠭ᠎ᠠ ᠨᠢ ᠬᠠᠮᠤᠭ ᠤᠷᠲᠤ ᠳᠠᠭᠠᠨ15 ᠡᠳᠤᠷ ᠠᠴᠠ ᠬᠡᠲᠦᠷᠡᠵᠦ ᠪᠤᠯᠬᠤ ᠦᠭᠡᠢ︾ ᠭᠡᠵᠡᠢ᠃          ᠬᠠᠦᠯᠢᠴᠢ ᠶᠢᠨ ᠰᠠᠨᠠᠭᠤᠯᠤᠮᠵᠢ          ᠪᠦᠬᠦᠯᠢ ᠡᠳᠤᠷ ᠤᠨ ᠳᠦᠷᠢᠮᠲᠦ ᠪᠤᠰᠤ ᠬᠦᠳᠡᠯᠮᠦᠷᠢᠯᠡᠭᠴᠢ ᠡᠷᠬᠡᠪᠰᠢ ᠬᠦᠮᠦᠨ ᠬᠡᠷᠡᠭᠯᠡᠬᠦ ᠨᠢᠭᠡᠴᠡ ᠲᠠᠢ ᠬᠠᠣᠯᠢ ᠶᠣᠰᠣᠨ ᠤ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠵᠣ᠂ ᠲᠤᠭᠲᠠᠭᠰᠠᠨ ᠶᠤᠰᠤᠭᠠᠷ ᠠᠵᠢᠯ ᠤᠨ ᠰᠢᠷᠬᠠᠲᠤᠯ ᠤᠨ ᠳᠠᠭᠠᠳᠬᠠᠯ ᠲᠤᠰᠢᠶᠠᠯᠭᠠᠬᠤ᠂ ᠴᠠᠯᠢᠩ ᠬᠦᠯᠦᠰᠦ ᠪᠠᠨ ᠴᠠᠭ ᠲᠤᠬᠠᠢ ᠳᠤᠨᠢ ᠦᠭᠬᠦᠭᠦᠯᠬᠦ᠂ ᠠᠵᠢᠯᠯᠠᠬᠤ ᠴᠠᠭ ᠢᠶᠠᠨ ᠦᠪᠡᠰᠦᠪᠡᠨ ᠡᠵᠡᠮᠳᠡᠬᠦ ᠶᠢ ᠱᠠᠭᠠᠷᠳᠠᠵᠦ᠂ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠦᠨᠡᠡᠬᠦ ᠬᠠᠮᠠᠭᠠᠯᠠᠬᠤ ᠶᠢ ᠪᠠᠲᠤᠯᠠᠪᠠᠯ ᠵᠤᠬᠢᠨ᠎ᠠ᠃    
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号