ᠱᠦᠵᠢ ᠠᠴᠠ ᠣᠪᠤᠷ ᠰᠤᠷᠲᠠᠯ ᠤᠨ ᠪᠠᠶᠢᠭᠤᠯᠤᠯᠲᠠ ᠶᠢ ᠶᠠᠷᠢᠯᠠᠭᠰᠠᠨ ᠨᠢ
ᠨᠡᠶᠢᠲᠡᠯᠡᠭᠰᠡᠨ ᠴᠠᠭ᠄
2018-07-28
           ᠴᠠᠭ᠄ 2018  ᠣᠨ 6 ᠰᠠᠷ᠎ᠠ ᠶᠢᠨ20᠎ ᠤ ᠡᠳᠦᠷ            ᠵᠣᠴᠢᠨ᠄ ᠵᠠᠩ ᠬᠠᠢ ᠹᠧᠩ      ᠱᠦᠵᠢ ᠠᠴᠠ ᠣᠪᠤᠷ ᠰᠤᠷᠲᠠᠯ ᠤᠨ ᠪᠠᠶᠢᠭᠤᠯᠤᠯᠲᠠ ᠶᠢ ᠶᠠᠷᠢᠯᠠᠭᠰᠠᠨ ᠨᠢ《ᠰᠤᠷᠲᠠᠯ ᠢ ᠰᠤᠷᠠᠭᠤᠯᠬᠤ ᠦᠭᠡᠢ ᠠᠳᠬᠤᠵᠤ ᠬᠥᠭᠵᠢᠯᠲᠡ ᠶᠢ ᠭᠤᠣᠯᠳᠠᠯᠭ᠎ᠠ ᠲᠠᠢ ᠠᠬᠢᠭᠤᠯᠤᠨ᠎ᠠ》      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠬᠠᠢ ᠹᠧᠩ ᠠᠴᠠ ᠪᠣᠭᠤᠲᠤ ᠬᠤᠲᠠ ᠶᠢᠨ ᠡᠳᠦᠷ ᠤᠨ ᠰᠣᠨᠢᠨ ᠤ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤ ᠪᠠᠨ《 ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠪᠤᠷ ᠰᠤᠷᠲᠠᠯ ᠤᠨ ᠪᠠᠶᠢᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠥᠷᠭᠡᠨ ᠣᠯᠠᠨ ᠺᠠᠲᠠᠷ ᠤᠨ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡᠯᠡᠯ ᠰᠢᠨ᠎ᠡ ᠵᠢᠳᠬᠦᠯᠭᠡ ᠲᠠᠢ ᠪᠠᠶᠢᠬᠤ ᠪᠠ ᠴᠢᠨᠠᠷ ᠰᠠᠶᠢᠲᠠᠢ ᠬᠥᠭᠵᠢᠯᠲᠡ ᠳᠤ ᠪᠤᠲᠠᠲᠠᠢ ᠠᠵᠢᠯᠯᠠᠭ᠎ᠠ ᠭᠠᠷᠭᠠᠬᠤ ᠶᠢ ᠨᠢ ᠤᠷᠮᠠᠰᠢᠭᠤᠯᠵᠤ ᠪᠠᠶᠢᠨ᠎ᠠ 》ᠭᠡᠵᠦ ᠶᠠᠷᠢᠪᠠ᠃      ᠨᠢᠭᠡ ᠳᠤ᠂ ᠰᠢᠯᠢᠳᠡᠭ ᠣᠪᠣᠷ ᠰᠤᠷᠲᠠᠯ ᠢᠶᠠᠷ ᠬᠥᠭᠵᠢᠯᠲᠡ ᠶᠢ ᠠᠬᠢᠭᠤᠯᠠᠨ᠎ᠠ᠃ ᠰᠢᠨᠲᠠᠷᠠᠰᠢ ᠦᠭᠡᠢ ᠰᠢᠷᠭᠠᠭᠤ ᠬᠠᠲᠠᠭᠤᠵᠢᠯᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂《 ᠭᠤᠷᠪᠠᠨ ᠯᠠᠪᠳᠠᠭᠤᠨ ᠪᠠᠶᠢᠬᠤ》ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ᠂《 ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》᠎ ᠢ ᠡᠷᠡᠰ ᠢᠯᠠᠵᠤ᠂ ᠰᠢᠨ᠎ᠡ ᠶᠢ ᠡᠭᠦᠳᠦᠨ ᠳᠦᠯᠬᠢᠨ ᠠᠬᠢᠭᠤᠯᠬᠤ᠂ ᠣᠷᠤᠨ ᠪᠦᠰᠡ ᠶᠢᠨ ᠵᠣᠬᠢᠴᠠᠩᠭᠤᠢ᠂ ᠠᠵᠤ ᠠᠬᠤᠶᠢᠯᠠᠯ ᠪᠠ ᠭᠠᠵᠠᠷ ᠣᠷᠤᠨ ᠤ ᠠᠭᠤᠰᠤᠯᠴᠠᠭᠠᠨ ᠤ ᠪᠠᠶᠢᠯᠳᠤᠬᠤ ᠪᠣᠳᠤᠯᠭ᠎ᠠ  ᠪᠠ ᠹᠸᠢ ᠳ᠋ᠢ ᠠᠵᠤ ᠠᠬᠤᠶᠢᠯᠠᠯ ᠢ ᠬᠥᠭᠵᠢᠭᠦᠯᠬᠦ ᠵᠡᠷᠭᠡ ᠶᠢ ᠶᠠᠪᠤᠭᠳᠠᠭᠤᠯᠬᠤ ᠪᠠᠷ ᠳᠠᠮᠵᠢᠭᠤᠯᠤᠨ᠂ ᠠᠭᠤᠷᠬᠠᠢ ᠶᠢᠨ ᠠᠵᠤ ᠦᠢᠯᠡᠰ ᠤᠨ ᠬᠡᠯᠬᠢᠶᠡᠨ ᠤ ᠤᠷᠲᠤᠳᠬᠠᠬᠤ ᠪᠠ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢᠨ ᠥᠭᠡᠷᠡᠴᠢᠯᠡᠯᠲᠡ ᠶᠢ ᠬᠤᠷᠳᠤᠳᠬᠠᠵᠤ᠂ ᠪᠥᠬᠦ ᠬᠡᠪᠴᠢᠶᠡᠨ ᠤ ᠵᠤᠭᠠᠴᠠᠯ ᠵᠡᠷᠭᠡ ᠰᠢᠨ᠎ᠡ ᠦᠢᠯᠡᠴᠢᠯᠡᠭᠡᠨ ᠤ ᠦᠢᠯᠡᠰ ᠢ ᠬᠥᠮᠦᠵᠢᠭᠦᠯᠦᠨ ᠪᠤᠵᠠᠭᠠᠶᠢᠷᠠᠭᠤᠯᠵᠤ᠂ ᠦᠵᠡᠰᠭᠦᠯᠡᠩᠲᠦ ᠰᠠᠶᠢᠬᠠᠨ᠂ ᠠᠮᠤᠷ ᠠᠮᠤᠭᠤᠯᠠᠩ ᠪᠠᠶ᠋ᠬᠠᠣᠪᠤᠭ᠎ᠠ ᠶᠢ ᠪᠥᠲᠦᠭᠡᠨ ᠪᠠᠶᠢᠭᠤᠯᠤᠨ᠎ᠠ᠃      ᠬᠤᠶᠠᠷ ᠲᠤ᠂ ᠰᠢᠯᠢᠳᠡᠭ ᠣᠪᠤᠷ ᠰᠤᠷᠲᠠᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃ ᠬᠤᠲᠠ ᠶᠢᠨ ᠳᠣᠣᠷ᠎ᠠ ᠣᠷᠤᠯᠭ᠎ᠠ ᠲᠠᠢ ᠣᠯᠠᠨ ᠲᠦᠮᠡᠨ ᠪᠠ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠤᠷᠢᠳᠠᠪᠠᠷ ᠡᠬᠢᠯᠡᠭᠦᠯᠵᠦ᠂ ᠬᠤᠯᠪᠤᠭᠳᠠᠭᠰᠠᠨ ᠬᠥᠮᠦᠰ ᠤᠨ ᠵᠠᠰᠠᠭ ᠵᠠᠬᠢᠷᠭᠠᠨ ᠤ ᠴᠢᠨᠠᠷᠲᠠᠢ ᠰᠦᠢᠳᠬᠡᠯ ᠬᠤᠷᠢᠶᠠᠬᠤ ᠶᠢ ᠦᠭᠡᠶᠢᠰᠬᠡᠵᠦ᠂《ᠢᠨᠲ᠋ᠧᠷ ᠰᠦᠯᠵᠢᠶ᠎ᠡ ᠪᠠ ᠵᠠᠰᠠᠭ ᠤᠨ ᠦᠢᠯᠡᠴᠢᠯᠡᠭᠡᠨ》᠎ ᠤ ᠬᠡᠯᠪᠡᠷᠢ ᠶᠢ ᠭᠦᠨᠵᠡᠭᠡᠶᠢᠷᠡᠭᠦᠯᠵᠤ᠂《ᠨᠢᠭᠡ ᠰᠦᠯᠵᠢᠶ᠎ᠡ ᠣᠯᠠᠨ ᠦᠵᠦᠭᠦᠷ》᠎ ᠤᠨ ᠵᠠᠰᠠᠭ ᠤᠨ ᠶᠠᠪᠤᠳᠠᠯ ᠤᠨ ᠳᠠᠪᠴᠠᠩ ᠢ ᠪᠥᠲᠦᠭᠡᠨ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠣᠯᠠᠨ ᠦᠨᠡᠯᠡᠯᠲᠡ ᠶᠢ ᠨᠢᠭᠡᠳᠬᠡᠨ ᠣᠷᠤᠯᠠᠨ ᠭᠦᠢᠴᠡᠳᠬᠡᠬᠦ ᠵᠡᠷᠭᠡ ᠶᠢ ᠪᠡᠶᠡᠯᠡᠭᠦᠯᠵᠦ᠂《ᠨᠢᠭᠡ ᠯᠠ ᠡᠭᠦᠳᠡ ᠶᠢ ᠠᠯᠬᠤᠨ ᠣᠷᠤᠬᠤ》《 ᠬᠠᠮᠤᠭ ᠣᠯᠠᠨ ᠳᠤ ᠪᠠᠨ ᠨᠢᠭᠡ ᠤᠳᠠᠭ᠎ᠠ ᠭᠥᠶᠦᠬᠦ》᠎ ᠶᠢ ᠪᠡᠶᠡᠯᠡᠭᠦᠯᠦᠨ᠎ᠡ᠃      ᠭᠤᠷᠪᠠ ᠳᠤ᠂ ᠰᠢᠯᠢᠳᠡᠭ ᠣᠪᠤᠷ ᠰᠤᠷᠲᠠᠯ ᠢᠶᠠᠷ ᠲᠤᠭᠤᠰᠢᠯᠠᠭᠤᠯᠤᠯᠲᠠ ᠶᠢ ᠠᠳᠬᠤᠨ᠎ᠠ᠃ ᠨᠠᠮ ᠤᠨ ᠬᠡᠰᠢᠭᠦᠨ ᠤ ᠶᠡᠭᠡ ᠲᠤᠭ᠎ᠠ ᠪᠠᠷᠢᠮᠲᠠ ᠶᠢᠨ ᠳᠠᠪᠴᠠᠩ ᠪᠠ ᠠᠷᠢᠭᠤᠨ ᠴᠢᠭᠡᠴᠢ《ᠳ᠋ᠠᠶᠢᠲ᠋ᠠ ᠶᠢᠨ ᠰᠢᠩᠭᠡᠯᠢᠭ》᠎ ᠢ ᠬᠡᠷᠡᠭᠯᠡᠵᠦ᠂《ᠳᠥᠷᠪᠡᠨ ᠰᠤᠷᠲᠠᠯ ᠤᠨ ᠠᠰᠠᠭᠤᠳᠠᠯ》᠎ ᠢ ᠦᠷᠭᠦᠯᠵᠢᠯᠡᠨ ᠴᠡᠭᠴᠡᠯᠡᠵᠦ᠂ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠦᠷ᠎ᠡ ᠪᠥᠲᠦᠭᠡᠯ ᠪᠠᠲᠤᠳᠬᠠᠨ ᠥᠷᠭᠡᠳᠬᠡᠨ᠎ᠡ᠃ ᠺᠠᠲᠠᠷᠴᠤᠳ ᠤᠨ ᠲᠤᠭᠤᠰᠢᠯᠠᠭᠤᠯᠤᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠥᠷᠦᠯ ᠵᠥᠢᠯ ᠢ ᠲᠦᠷᠦᠭᠦᠯᠡᠨ ᠳᠠᠭᠠᠭᠤᠯᠬᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠂ ᠡᠭᠦᠷᠭᠡ ᠬᠠᠷᠢᠭᠤᠴᠠᠯᠭ᠎ᠠ ᠶᠢᠨ ᠠᠭᠤᠯᠭ᠎ᠠ ᠪᠠ ᠴᠠᠭ ᠤᠨ ᠬᠢᠵᠠᠭᠠᠷ ᠢ ᠲᠣᠳᠤᠷᠬᠠᠢ ᠲᠣᠭᠲᠠᠭᠠᠨ᠂ ᠱᠠᠯᠠᠪᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠠᠴᠠ ᠺᠠᠲᠠᠷᠴᠤᠳ ᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠲᠣᠭᠲᠠᠭᠰᠠᠨ ᠬᠤᠭᠤᠴᠠᠭ᠎ᠠ ᠦᠭᠡᠢ ᠪᠠᠷ ᠪᠠᠶᠢᠴᠠᠭᠠᠯᠲᠠ ᠬᠢᠵᠦ᠂ ᠠᠵᠢᠯ ᠢᠶᠠᠨ ᠶᠠᠪᠤᠭᠳᠠᠭᠤᠯᠬᠤ ᠦᠭᠡᠢ᠂ ᠳᠤᠷ᠎ᠠ ᠵᠣᠷᠢᠭ ᠢᠶᠠᠷ ᠬᠢᠬᠦ᠂ ᠬᠠᠭᠤᠷᠮᠠᠭ ᠬᠢᠬᠦ ᠦᠵᠡᠭᠳᠡᠯ ᠢ ᠴᠢᠩᠭ᠎ᠠ ᠰᠢᠢᠳᠪᠦᠷᠢᠯᠡᠵᠦ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠨᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠶᠠᠪᠤᠭᠳᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号