ᠮᠣᠩᠭᠤᠯ ᠬᠡᠯᠡ ᠪᠢᠴᠢᠭ ᠲᠠᠢ ᠪᠠᠨ ᠣᠶᠢᠷᠠᠳᠴᠤ᠂ ᠮᠣᠩᠭᠤᠯ ᠰᠣᠶᠣᠯ ᠢ ᠤᠯᠠᠮᠵᠢᠯᠠᠨ ᠵᠠᠯᠭᠠᠮᠵᠢᠯᠠᠬᠤ—ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠤᠳᠬ᠎ᠠ ᠤᠷᠠᠯᠢᠭ ᠤᠨ ᠬᠠᠷᠢᠭᠤ ᠮᠡᠳᠡᠭᠦᠯᠦᠯᠲᠡ ᠎ ᠶᠢᠨ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-01-17
     1 ᠰᠠᠷ᠎ᠠ ᠶᠢᠨ 15᠎ ᠤ ᠡᠳᠦᠷ ᠤᠨ ᠦᠳᠡ ᠡᠮᠦᠨᠡᠬᠢ 9 : 30᠎ ᠳᠤ᠂ ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠣᠯᠠᠨ ᠴᠢᠳᠠᠮᠵᠢᠲᠤ ᠲᠢᠩᠬᠢᠮ ᠳᠤ ᠨᠢᠭᠡ ᠤᠳᠠᠭᠠᠨ ᠤ ᠥᠪᠡᠷᠮᠢᠴᠡ ᠣᠨᠴᠠᠯᠢᠭ ᠎ ᠲᠠᠢ ᠮᠣᠩᠭᠤᠯ ᠬᠡᠯᠡᠨ ᠤ ᠤᠷᠠᠨ ᠰᠠᠶᠢᠬᠠᠨ ᠤ ᠲᠣᠭᠯᠠᠯᠲᠠ ᠵᠢᠩᠬᠢᠨᠢ ᠪᠠᠷ ᠡᠬᠢᠯᠡᠪᠡ︕ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠲᠣᠪᠴᠢᠶ᠎ᠠ ᠶᠢᠨ ᠳᠠᠷᠤᠭ᠎ᠠ ᠬᠤᠤ ᠶᠢᠨ ᠹᠧᠩ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠰᠢᠶᠣᠤ ᠹᠧᠩ᠂ ᠲᠣᠪᠴᠢᠶ᠎ᠠ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠬᠡᠯᠲᠡᠰ ᠎ ᠤᠨ ᠲᠠᠰᠤᠭ ᠤᠨ ᠬᠠᠷᠢᠭᠤᠴᠠᠯᠭᠠᠲᠠᠨ ᠵᠢᠴᠢ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠤᠨ ᠭᠡᠷ ᠤᠨ ᠠᠬᠠᠮᠠᠳ ᠬᠠᠮᠲᠤ ᠪᠠᠷ ᠲᠣᠭᠯᠠᠯᠲᠠ ᠶᠢ ᠰᠣᠨᠢᠷᠬᠠᠪᠠ᠃
     2018 ᠣᠨ ᠤ ᠨᠠᠮᠤᠷ᠂ ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠨᠢᠭᠡᠳᠦᠭᠡᠷ ᠣᠨ ᠎ ᠠᠴᠠ ᠭᠤᠷᠪᠠᠳᠤᠭᠠᠷ ᠣᠨ ᠪᠣᠯᠲᠠᠯ᠎ᠠ ᠮᠣᠩᠭᠤᠯ ᠬᠡᠯᠡᠨ ᠤ ᠬᠢᠴᠢᠶᠡᠯ ᠵᠢᠩᠬᠢᠨᠢ ᠪᠠᠷ ᠨᠡᠭᠡᠭᠡᠵᠦ᠂ ᠡᠭᠦᠨ ᠠᠴᠠ ᠡᠬᠢᠯᠡᠨ ᠦᠨᠳᠦᠰᠦᠲᠡᠨ ᠤ ᠦᠭᠡ ᠬᠡᠯᠡ ᠰᠣᠶᠣᠯ ᠳᠤ ᠬᠠᠶᠢᠷᠠᠲᠠᠶ ᠮᠣᠩᠭᠤᠯ ᠪᠠᠭᠰᠢ ᠨᠠᠷ ᠰᠤᠷᠤᠭᠴᠢᠳ ᠢᠶᠠᠨ ᠳᠠᠭᠠᠭᠤᠯᠤᠨ ᠮᠣᠩᠭᠤᠯ ᠬᠡᠯᠡ᠂ ᠮᠣᠩᠭᠤᠯ ᠳᠠᠭᠤᠤ᠂ ᠮᠣᠷᠢᠨ ᠬᠤᠭᠤᠷ᠂ ᠦᠨᠳᠦᠰᠦᠲᠡᠨ ᠤ ᠪᠥᠵᠢᠭ ᠁ ᠵᠡᠷᠭᠡ ᠶᠢ ᠰᠤᠷᠪᠠ᠃ ᠬᠡᠦᠬᠡᠳ ᠤᠳ ᠮᠣᠩᠭᠤᠯ ᠦᠨᠳᠦᠰᠦᠲᠡᠨ ᠤ ᠰᠣᠶᠣᠯ ᠳᠤ ᠬᠠᠶᠢᠷᠠᠲᠠᠶ ᠪᠣᠯᠵᠠᠶ᠃ ᠰᠤᠷᠭᠠᠭᠤᠯᠢ ᠶᠢᠨ ᠤᠳᠤᠷᠢᠳᠤᠯᠭ᠎ᠠ ᠶᠢᠨ ᠳᠡᠮᠵᠢᠯᠭᠡ ᠪᠠ ᠬᠠᠪᠰᠤᠷᠤᠯᠭ᠎ᠠ ᠳᠣᠤᠷ᠎ᠠ᠂ 25 ᠰᠤᠷᠤᠭᠴᠢ ᠶᠢ ᠰᠣᠩᠭᠤᠨ ᠭᠠᠷᠭᠠᠵᠤ ᠮᠣᠩᠭᠤᠯ ᠬᠡᠯᠡᠨ ᠤ ᠰᠣᠶᠣᠯ ᠤᠷᠠᠯᠢᠭ ᠤᠨ ᠪᠦᠯᠬᠦᠮ ᠢ ᠵᠣᠬᠢᠶᠠᠨ ᠪᠠᠶᠢᠭᠤᠯᠪᠠ᠃
     ᠲᠤᠬᠠᠶ ᠶᠢᠨ ᠡᠳᠦᠷ᠂ ᠤᠤᠯ ᠨᠢ ᠮᠣᠩᠭᠤᠯ ᠦᠭᠡ ᠣᠶᠢᠯᠠᠭᠠᠬᠤ ᠦᠭᠡᠢ ᠪᠠᠶᠢᠭᠰᠠᠨ ᠬᠡᠦᠬᠡᠳ ᠤᠳ ᠪᠦᠬᠦ ᠵᠣᠴᠢᠳ ᠲᠤ ᠨᠢᠭᠡ ᠴᠠᠭ ᠬᠠᠭᠠᠰ ᠤᠨ ᠴᠤᠯ ᠮᠣᠩᠭᠤᠯ ᠬᠡᠯᠡ ᠪᠠᠷ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠎ ᠢᠶᠠᠨ ᠤᠭᠲᠤᠬᠤ ᠤᠷᠠᠨ ᠰᠠᠶᠢᠬᠠᠨ ᠤ ᠲᠣᠭᠯᠠᠯᠲᠠ ᠭᠠᠷᠭᠠᠵᠤ ᠥᠭᠴᠡᠶ᠃ ᠡᠭᠦᠨ ᠠᠴᠠ ᠭᠠᠳᠠᠨ᠎ᠠ ᠮᠣᠩᠭᠤᠯ ᠬᠡᠯᠡᠨ ᠎ ᠤ ᠭᠤᠶᠤ ᠰᠠᠶᠢᠬᠠᠨ ᠤᠷᠠᠨ ᠪᠢᠴᠢᠯᠭᠡ᠂ ᠮᠣᠩᠭᠤᠯ ᠤᠷᠲᠤ ᠶᠢᠨ ᠳᠠᠭᠤᠤ ᠵᠡᠷᠭᠡ ᠭᠤᠶᠢᠳᠠ ᠰᠠᠶᠢᠬᠠᠨ ᠲᠣᠭᠯᠠᠯᠲᠠ ᠤᠳ ᠨᠢ ᠦᠵᠡᠭᠴᠢᠳ ᠤᠨ ᠤᠷᠮ᠎ᠠ ᠵᠣᠷᠢᠭ ᠢ ᠬᠥᠪᠴᠢᠯᠡᠵᠦ᠂ ᠠᠬᠤᠶ ᠲᠠᠯᠠᠪᠠᠢ ᠶᠢᠨ ᠠᠭᠤᠷ ᠠᠮᠢᠰᠬᠤᠯ ᠎ ᠢ ᠤᠳᠠᠭ᠎ᠠ ᠳᠠᠷᠠᠭᠠᠯᠠᠨ ᠨᠠᠷᠭᠢᠶᠠᠨ ᠤ ᠣᠷᠭᠢᠯ ᠳᠤ ᠬᠦᠷᠭᠡᠵᠡᠶ᠃      ᠲᠣᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠤᠨ ᠤᠯᠠᠮᠵᠢᠯᠠᠬᠤ᠂ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠬᠦ᠂ ᠦᠨᠳᠦᠰᠦᠲᠡᠨ ᠤ ᠪᠦᠯᠬᠦᠮᠳᠡᠯ ᠪᠠ ᠮᠣᠩᠭᠤᠯ ᠬᠡᠯᠡᠨ ᠤ ᠴᠡᠴᠡᠭᠯᠡᠯ ᠬᠥᠭᠵᠢᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠶ᠋ᠬᠠᠣᠪᠤᠭ᠎ᠠ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠰᠢ ᠨᠠᠷ ᠦᠨᠳᠦᠰᠦᠲᠡᠨ ᠤ ᠦᠭᠡ ᠬᠡᠯᠡ ᠰᠣᠶᠣᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号