ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-01-18
                  ᠪᠠᠶ᠋ᠬᠠᠣᠪᠤᠭ᠎ᠠ  ᠵᠠᠰᠠᠭ ᠤᠨ ᠣᠷᠳᠤᠨ ᠤ ᠲᠠᠷᠬᠠᠭᠠᠭᠰᠠᠨ ︵2019︶ 1 ᠳ᠋ᠦ᠋ᠭᠡᠷ      ᠲᠣᠭᠤᠷᠢᠭ ᠲᠤ ᠬᠠᠷᠢᠶᠠᠯᠠᠭᠳᠠᠬᠤ᠂ ᠲᠣᠭᠤᠷᠢᠭ ᠲᠤ ᠰᠠᠭᠤᠭ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠂ ᠪᠠᠶᠢᠭᠤᠯᠭ᠎ᠠ ᠨᠢᠭᠡᠴᠢ᠂ ᠡᠯ᠎ᠡ ᠨᠡᠶᠢᠭᠡᠮ ᠲᠣᠭᠤᠷᠢᠭ᠄      ᠲᠣᠭᠤᠷᠢᠭ ᠤᠨ ᠵᠠᠰᠠᠭ ᠤᠨ ᠣᠷᠳᠤᠨ ᠠᠴᠠ ᠰᠣᠳᠤᠯᠤᠨ ᠶᠠᠷᠢᠯᠴᠠᠵᠤ ᠵᠥᠪᠰᠢᠶᠡᠷᠡᠭᠰᠡᠨ ᠢᠶᠠᠷ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠤᠨ ᠳᠣᠭᠲᠠᠴᠠ》᠎ ᠶᠢ ᠳᠠᠷᠤᠮᠠᠯᠯᠠ ᠲᠠᠷᠬᠠᠭᠠᠪᠠ᠃ ᠨᠠᠷᠢᠨ ᠬᠢᠨᠠᠮᠠᠭᠠᠢ ᠲᠤᠭᠤᠰᠢᠯᠠᠭᠤᠯᠤᠨ ᠭᠦᠢᠴᠡᠳᠬᠡᠭᠡᠷᠡᠢ᠃                       ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                                         2019 ᠣᠨ ᠤ 1 ᠰᠠᠷ᠎ᠠ ᠶᠢᠨ 7᠎ ᠤ ᠡᠳᠦᠷ                    ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠤᠨ ᠬᠡᠷᠡᠭᠵᠢᠭᠦᠯᠬᠦ  ᠨᠠᠷᠢᠨ ᠳᠦᠷᠢᠮ      ᠥᠪᠡᠷᠲᠡᠭᠡᠨ ᠵᠠᠰᠠᠬᠤ ᠣᠷᠤᠨ᠂ ᠪᠣᠭᠤᠲᠤ ᠬᠤᠲᠠ ᠪᠠ ᠮᠠᠨ ᠤ ᠲᠣᠭᠤᠷᠢᠭ ᠤᠨ ᠵᠠᠰᠠᠭ ᠤᠨ ᠣᠷᠳᠤᠨ ᠤ ᠪᠠᠶᠢᠴᠠᠭᠠᠯᠲᠠ᠂ ᠵᠠᠰᠠᠭ ᠤᠨ ᠮᠡᠳᠡᠭᠡ ᠵᠠᠩᠬᠢ ᠶᠢᠨ ᠢᠯᠡ ᠪᠣᠯᠭᠠᠬᠤ ᠪᠠ ᠳᠡᠭᠡᠭᠰᠢ ᠮᠡᠳᠡᠭᠦᠯᠬᠦ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠲᠤᠭᠤᠰᠢᠯᠠᠭᠤᠯᠵᠤ᠂ ᠮᠠᠨ ᠤ ᠲᠣᠭᠤᠷᠢᠭ ᠤᠨ ᠵᠠᠰᠠᠭ ᠤᠨ ᠣᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠢ ᠳᠥᠷᠢᠮᠵᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠶᠠᠰᠤ ᠴᠢᠨᠠᠷ ᠢ ᠪᠠᠲᠤᠯᠠᠬᠤ ᠶᠢᠨ ᠲᠤᠯᠠᠳᠠ᠂ ᠮᠠᠨ ᠤ ᠲᠣᠭᠤᠷᠢᠭ ᠤᠨ ᠪᠤᠲᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠶᠢᠨ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃ᠨᠢᠭᠡ᠂ ᠶᠡᠷᠦᠩᠬᠡᠢ ᠬᠠᠷᠠᠯᠲᠠ     ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠨᠠᠶᠢᠷᠠᠭᠤᠯᠬᠤ ᠪᠠ ᠳᠡᠭᠡᠭᠰᠢ ᠮᠡᠳᠡᠭᠦᠯᠬᠦ ᠡᠯ᠎ᠡ ᠵᠢᠷᠤᠮᠯᠠᠯ ᠢ ᠲᠣᠳᠤᠷᠬᠠᠶᠢᠯᠠᠬᠤ ᠪᠠᠷ ᠳᠠᠮᠵᠢᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠲᠣᠭᠲᠠᠭᠰᠠᠨ ᠬᠤᠭᠤᠴᠠᠭ᠎ᠠ᠂ ᠲᠣᠭᠲᠠᠭᠰᠠᠨ ᠬᠡᠮᠵᠢᠶ᠎ᠡ᠂ ᠥᠨᠳᠦᠷ ᠪᠥᠲᠦᠮᠵᠢ ᠲᠠᠢ ᠪᠠᠷ ᠳᠡᠭᠡᠭᠰᠢ ᠮᠡᠳᠡᠭᠦᠯᠦᠨ ᠬᠦᠷᠭᠡᠵᠦ᠂ ᠮᠠᠨ ᠤ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠢᠷᠡᠯᠲᠡ ᠳ᠋ᠠᠩ ᠴᠤᠯᠭᠤᠢ᠂ ᠴᠠᠭ ᠲᠤᠬᠠᠢ ᠶᠢᠨ ᠴᠢᠨᠠᠷ ᠰᠠᠶᠢᠨ ᠪᠢᠰᠢ᠂ ᠠᠮᠵᠢᠯᠲᠠ ᠪᠠᠨ ᠮᠡᠳᠡᠭᠦᠯᠵᠦ ᠠᠯᠳᠠᠭ᠎ᠠ ᠪᠠᠨ ᠳᠠᠷᠤᠬᠤ ᠵᠡᠷᠭᠡ ᠤᠷᠲᠤ ᠬᠤᠭᠤᠴᠠᠭ᠎ᠠ ᠪᠠᠷ ᠣᠷᠤᠰᠢᠭᠰᠠᠨ ᠠᠰᠠᠭᠤᠳᠠᠯ ᠢ ᠰᠢᠢᠳᠪᠦᠷᠢᠯᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠲᠤᠷᠰᠢᠯᠭ᠎ᠠ ᠪᠠᠨ ᠰᠣᠯᠢᠯᠴᠠᠬᠤ᠂ ᠬᠠᠷᠢᠯᠴᠠᠨ ᠨᠡᠪᠲᠡᠷᠡᠯᠴᠡᠬᠦ᠂ ᠠᠵᠢᠯ ᠢ ᠵᠢᠯᠣᠭᠤᠳᠬᠤ ᠵᠡᠷᠭᠡ ᠳᠤ ᠦᠵᠡᠭᠦᠯᠬᠦ ᠢᠳᠡᠪᠬᠢᠲᠠᠢ ᠦᠢᠯᠡᠳᠦᠯ ᠪᠠ  ᠲᠣᠭᠤᠷᠢᠭ ᠤᠨ ᠤᠳᠤᠷᠢᠳᠤᠯᠭ᠎ᠠ ᠳᠤ ᠴᠠᠭ ᠤᠨ ᠪᠠᠶᠢᠳᠠᠯ ᠢ ᠣᠶᠢᠯᠠᠭᠠᠨ ᠰᠢᠨᠵᠢᠯᠡᠬᠦ᠂ ᠠᠰᠠᠭᠤᠳᠠᠯ ᠢ ᠢᠯᠡᠷᠡᠭᠦᠯᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ ᠵᠡᠷᠭᠡ ᠳᠤ ᠪᠦᠬᠦ ᠲᠠᠯ᠎ᠠ ᠶᠢᠨ ᠮᠡᠳᠡᠭᠡ ᠵᠠᠩᠬᠢ ᠶᠢᠨ ᠦᠢᠯᠡᠴᠢᠯᠡᠭᠡ ᠶᠢ ᠭᠦᠢᠴᠡᠳ ᠪᠠᠳᠠᠷᠠᠭᠤᠯᠤᠨ᠎ᠠ᠃ᠬᠤᠶᠠᠷ᠂ ᠮᠡᠳᠡᠭᠦᠯᠬᠦ ᠪᠡᠶᠡᠴᠢ ᠴᠣᠭᠴᠠ       ᠲᠣᠭᠤᠷᠢᠭ ᠲᠤ ᠬᠠᠷᠢᠶᠠᠯᠠᠭᠳᠠᠬᠤ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠲᠣᠭᠤᠷᠢᠭ ᠲᠤ ᠰᠠᠭᠤᠭ᠎ᠠ ᠬᠡᠰᠡᠭ ᠪᠠᠶᠢᠭᠤᠯᠭ᠎ᠠ ᠨᠢᠭᠡᠴᠢ᠃ᠭᠤᠷᠪᠠ᠂ ᠠᠭᠤᠯᠭ᠎ᠠ ᠶᠢᠨ ᠱᠠᠭᠠᠷᠳᠠᠯᠭ᠎ᠠ︵ᠨᠢᠭᠡ︶  ᠰᠡᠳᠦᠪ ᠰᠤᠩᠭᠤᠬᠤ ᠬᠦᠷᠢᠶ᠎ᠡ ᠬᠡᠪᠴᠢᠶ᠎ᠡ       ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠭᠡᠳᠡᠭ ᠨᠢ ᠵᠠᠰᠠᠭ ᠤᠨ ᠣᠷᠳᠤᠨ ᠠᠴᠠ ᠬᠠᠤᠯᠢ ᠳᠤ ᠳᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠶᠠᠪᠤᠭᠳᠠᠭᠤᠯᠵᠤ᠂ ᠵᠠᠰᠠᠭ ᠤᠨ ᠶᠠᠪᠤᠳᠠᠯ ᠤᠨ ᠠᠵᠢᠯᠯᠠᠭ᠎ᠠ ᠦᠷᠨᠢᠭᠦᠯᠬᠦ ᠳᠤ ᠪᠤᠢ ᠪᠣᠯᠤᠭᠰᠠᠨ ᠡᠯ᠎ᠡ ᠲᠦᠷᠦᠯ ᠤᠨ ᠮᠡᠳᠡᠭᠡ ᠵᠠᠩᠬᠢ ᠪᠠ ᠲᠤᠭ᠎ᠠ ᠪᠠᠷᠢᠮᠲᠠ ᠶᠢ ᠵᠢᠭᠠᠨ᠎ᠠ᠃ ᠪᠤᠲᠠᠲᠠᠢ ᠪᠠᠷ᠄      1.ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠢᠭᠰᠡᠨ ᠠᠷᠭ᠎ᠠ ᠠᠪᠴᠢᠯ᠂ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠪᠠᠭᠲᠠᠭᠠᠨ᠎ᠠ᠃      2.ᠳᠡᠭᠡᠷ᠎ᠡ ᠱᠠᠲᠤᠨ ᠤ ᠤᠳᠤᠷᠢᠳᠤᠯᠭ᠎ᠠ᠂ ᠡᠯ᠎ᠡ ᠲᠥᠷᠥᠯ ᠤᠨ ᠠᠵᠢᠯ ᠤᠨ ᠳᠤᠭᠤᠶᠢᠯᠠᠩ ᠮᠠᠨ ᠤ ᠲᠣᠭᠤᠷᠢᠭ ᠪᠠᠶᠢᠴᠠᠭᠠᠨ ᠰᠣᠳᠤᠯᠤᠯᠲᠠ ᠬᠢᠵᠦ᠂ ᠬᠤᠷᠠᠯ ᠳᠤ ᠣᠷᠤᠯᠴᠠᠭᠰᠠᠨ ᠤ ᠳᠠᠷᠠᠭᠠᠬᠢ ᠦᠨᠳᠦᠰᠦᠨ ᠱᠠᠲᠤᠨ ᠳᠤ ᠲᠤᠭᠤᠰᠢᠯᠠᠭᠤᠯᠵᠤ ᠪᠠᠶᠢᠭ᠎ᠠ ᠪᠠᠶᠢᠳᠠᠯ᠃      3.ᠪᠥᠬᠦ ᠲᠣᠭᠤᠷᠢᠭ ᠤᠨ ᠭᠤᠣᠯᠳᠠᠭ᠎ᠠ ᠲᠠᠢ ᠠᠵᠢᠯ᠂ ᠲᠥᠷᠦᠯ ᠵᠥᠢᠯ ᠪᠠ ᠲᠤᠷᠰᠢᠯᠭ᠎ᠠ ᠶᠢᠨ ᠠᠵᠢᠯ ᠤᠨ ᠠᠬᠢᠴᠠ᠂ ᠪᠤᠲᠠᠲᠠᠢ ᠠᠰᠠᠭᠤᠳᠠᠯ ᠪᠠ ᠠᠷᠭ᠎ᠠ ᠪᠣᠳᠤᠯᠭ᠎ᠠ᠃      4.ᠪᠦᠬᠦ ᠣᠷᠤᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠭᠤᠣᠯ ᠭᠦᠢᠴᠡᠳᠬᠡᠯ ᠤᠨ ᠲᠤᠭ᠎ᠠ ᠶᠢ ᠪᠡᠶᠡᠯᠡᠭᠦᠯᠦᠭᠰᠡᠨ ᠬᠡᠮᠵᠢᠶ᠎ᠡ᠂ ᠤᠯᠠᠷᠢᠯ ᠪᠠ ᠬᠠᠭᠠᠰ ᠵᠢᠯ ᠤᠨ ᠠᠵᠦ ᠠᠬᠤᠢ ᠶᠢᠨ ᠪᠠᠶᠢᠳᠠᠯ ᠢ ᠤᠷᠢᠳᠴᠢᠯᠠᠨ ᠵᠢᠱᠢᠭᠰᠡᠨ ᠮᠡᠳᠡᠭᠡ ᠵᠠᠩᠬᠢ᠃      5.ᠰᠠᠶᠢᠨ ᠶᠠᠪᠤᠳᠠᠯ᠂ ᠪᠤᠳᠠᠲᠤ ᠶᠠᠪᠤᠳᠠᠯ ᠤᠨ ᠶᠠᠪᠤᠭᠳᠠᠴᠠ᠃      6.ᠡᠯ᠎ᠡ ᠪᠠᠶᠢᠭᠤᠯᠭ᠎ᠠ ᠶᠢᠨ ᠬᠥᠨᠳᠦ ᠴᠢᠬᠤᠯᠠ ᠠᠮᠵᠢᠯᠲᠠ᠂ ᠬᠤᠲᠠ ᠶᠢᠨ ᠳᠡᠰ ᠠᠴᠠ ᠳᠡᠭᠡᠭᠰᠢᠬᠢ ᠬᠥᠬᠢᠭᠦᠯᠦᠭᠳᠡᠭᠰᠡᠨ ᠪᠠᠶᠢᠳᠠᠯ᠂ ᠣᠨ ᠤ  ᠱᠠᠲᠤ ᠦᠶ᠎ᠡ ᠶᠢᠨ ᠴᠢᠨᠠᠷᠲᠠᠢ ᠬᠦᠨᠳᠦ ᠴᠢᠬᠤᠯᠠ ᠠᠵᠢᠯ ᠤᠨ ᠭᠤᠣᠯ ᠠᠷᠭ᠎ᠠ ᠠᠪᠴᠠᠯ᠂ ᠶᠠᠪᠤᠭᠳᠠᠴᠠ᠂ ᠣᠷᠤᠰᠢᠵᠦ ᠪᠠᠶᠢᠭ᠎ᠠ ᠠᠰᠠᠭᠤᠳᠠᠯ ᠪᠠ  ᠠᠪᠬᠤ ᠠᠷᠭ᠎ᠠ ᠬᠡᠮᠵᠢᠶ᠎ᠡ᠂ ᠠᠵᠢᠯ ᠤᠨ ᠲᠤᠷᠰᠢᠯᠭ᠎ᠠ᠃      7.ᠭᠡᠨᠡᠳᠲᠡ ᠶᠢᠨ ᠬᠡᠷᠡᠭ ᠪᠠ ᠠᠬᠢᠴᠠ ᠶᠢᠨ ᠪᠠᠶᠢᠳᠠᠯ᠂ ᠬᠡᠷᠡᠭ ᠤᠨ ᠳᠠᠷᠠᠭᠠᠬᠢ ᠰᠢᠢᠳᠪᠦᠷᠢᠯᠡᠬᠦ ᠠᠷᠭ᠎ᠠ ᠬᠡᠮᠵᠢᠶ᠎ᠡ᠃      8.ᠪᠣᠰᠤᠳ ᠬᠦᠨᠳᠦ ᠴᠢᠬᠤᠯᠠ ᠬᠡᠷᠡᠭ ᠤᠴᠢᠷ᠂ ᠬᠦᠨᠳᠦ ᠴᠢᠬᠤᠯᠠ ᠨᠡᠶᠢᠭᠡᠮ ᠤᠨ ᠪᠠᠶᠢᠳᠠᠯ ᠵᠢᠴᠢ ᠡᠷᠬᠡᠪᠰᠢ ᠮᠡᠳᠡᠭᠦᠯᠬᠦ ᠴᠠᠶᠢᠬᠤᠯ᠎ᠠ ᠪᠠᠶᠢᠳᠠᠯ᠃      9.ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠤᠨ ᠡᠯᠰᠡᠭᠰᠡᠨ ᠭᠤᠣᠯ ᠰᠡᠳᠦᠪᠲᠦ ᠡᠬᠡ ᠪᠢᠴᠢᠭ᠃︵ᠬᠤᠶᠠᠷ︶  ᠭᠤᠣᠯ ᠬᠡᠯᠪᠡᠷᠢ       ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠨᠢ ᠭᠤᠣᠯ ᠰᠡᠳᠦᠪ ᠤᠨ ᠬᠠᠷᠠᠭᠠᠰᠤ ᠪᠠ ᠰᠢᠢᠳᠪᠦᠷᠢᠯᠡᠬᠦ ᠳᠠᠪᠬᠤᠷᠭ᠎ᠠ ᠶᠢᠨ ᠠᠳᠠᠯᠢ ᠪᠣᠰᠤ ᠶᠢ ᠦᠨᠳᠦᠰᠦᠯᠡᠵᠦ ᠳᠥᠷᠪᠨᠨ ᠲᠣᠷᠤᠯ ᠬᠤᠪᠢᠶᠠᠨ᠎ᠠ᠄      1. ᠬᠥᠳᠡᠯᠦᠩᠭᠦᠢ ᠲᠥᠷᠥᠯ ᠤᠨ ᠮᠡᠳᠡᠭᠡ ᠵᠠᠩᠬᠢ      2. ᠲᠤᠷᠰᠢᠯᠭ᠎ᠠ ᠶᠢᠨ ᠲᠥᠷᠥᠯ ᠤᠨ ᠮᠡᠳᠡᠭᠡ ᠵᠠᠩᠬᠢ      3.ᠰᠢᠨᠵᠢᠯᠡᠯᠲᠡ ᠶᠢᠨ ᠲᠥᠷᠥᠯ ᠤᠨ ᠮᠡᠳᠡᠭᠡ ᠵᠠᠩᠬᠢ      4.ᠪᠠᠶᠢᠴᠠᠭᠠᠨ ᠰᠣᠳᠤᠯᠬᠤ ᠲᠥᠷᠥᠯ ᠤᠨ ᠮᠡᠳᠡᠭᠡ ᠵᠠᠩᠬᠢ︵ᠭᠤᠷᠪᠠ︶  ᠨᠠᠶᠢᠷᠠᠭᠤᠯᠤᠨ ᠪᠢᠴᠢᠬᠦ ᠵᠠᠷᠴᠢᠮ      1.ᠳᠦᠭᠦᠮ ᠠᠪᠰᠠᠷ      2.ᠪᠣᠰᠤᠳᠴᠢ ᠴᠢᠨᠠᠷᠲᠠᠢ      3.ᠴᠠᠭ ᠲᠤᠬᠠᠶᠢᠲᠤ ᠴᠢᠨᠠᠷᠲᠠᠢ      4.ᠦᠢᠯᠡᠳᠦᠯᠭᠡᠲᠦ ᠴᠢᠨᠠᠷᠲᠠᠢ      5.ᠶᠡᠭᠡ ᠲᠠᠯ᠎ᠠ ᠶᠢᠨ ᠴᠢᠨᠠᠷᠲᠠᠢ ᠳᠥᠷᠪᠡ᠂ ᠠᠵᠢᠯᠯᠠᠬᠤ ᠬᠡᠯᠪᠡᠷᠢ︵ᠨᠢᠭᠡ︶ ᠮᠡᠳᠡᠭᠦᠯᠬᠦ ᠠᠷᠭ᠎ᠠ ᠬᠡᠯᠪᠡᠷᠢ      1.ᠡᠯ᠎ᠡ ᠪᠠᠶᠢᠭᠤᠯᠭ᠎ᠠ ᠨᠢᠭᠡᠴᠢ ᠨᠢ1 ᠰᠠᠷ᠎ᠠ ᠶᠢᠨ18᠎ ᠤ ᠡᠳᠦᠷ ᠠᠴᠠ ᠡᠮᠦᠨ᠎ᠡ ᠮᠡᠳᠡᠭᠡ ᠵᠠᠩᠬᠢ ᠶᠢᠨ ᠬᠠᠷᠢᠯᠴᠠᠭᠴᠢ ᠪᠠᠨ ᠵᠠᠰᠠᠭ ᠤᠨ ᠣᠷᠳᠤᠨ ᠤ ᠠᠯᠪᠠᠨ ᠭᠡᠷ ᠤᠨ209 ᠳ᠋ᠦ᠋ᠭᠡᠷ ᠠᠯᠪᠠᠨ ᠭᠡᠷ ᠲᠤ ᠮᠡᠳᠡᠭᠦᠯᠦᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠪᠠᠨ ᠵᠠᠰᠠᠭ ᠤᠨ ᠣᠷᠳᠤᠨ ᠤ ᠠᠯᠪᠠᠨ ᠭᠡᠷ ᠤᠨ ᠲᠣᠭᠲᠠᠭᠰᠠᠨ ᠰᠢᠥᠳᠠᠨ ᠬᠠᠶᠢᠷᠴᠠᠭ᠄ bykqzfbxxk@163.comk᠎ ᠲᠤ ᠮᠡᠳᠡᠭᠦᠯᠦᠭᠡᠷᠡᠢ᠃ ︵ᠬᠠᠷᠢᠯᠴᠠᠬᠤ ᠬᠥᠮᠦᠨ᠄ ᠸᠠᠩ ᠰᠢᠩ  8512689︶      2.ᠤᠷᠢᠶᠠᠯᠠᠭ᠎ᠠ ᠶᠢᠨ ᠲᠥᠷᠦᠯ ᠪᠠ  ᠬᠥᠳᠡᠯᠦᠩᠭᠦᠢ ᠲᠥᠷᠥᠯ ᠤᠨ ᠮᠡᠳᠡᠭᠡ ᠵᠠᠩᠬᠢ ᠶᠢ ᠠᠳᠠᠯᠢ ᠠᠯᠬᠤᠮ ᠢᠶᠠᠷ ᠵᠠᠰᠠᠭ ᠤᠨ ᠣᠷᠳᠤᠨ ᠤ ᠠᠯᠪᠠᠨ ᠰᠦᠯᠵᠢᠶᠡᠨ ᠳᠤ ᠮᠡᠳᠡᠭᠦᠯᠦᠭᠡᠷᠡᠢ᠃︵ᠬᠤᠶᠠᠷ︶  ᠰᠢᠯᠭᠠᠨ ᠪᠠᠶᠢᠴᠠᠭᠠᠬᠤ ᠬᠠᠷᠠᠯᠲᠠ      1.ᠨᠢᠭᠡᠳᠦᠭᠡᠷ ᠲᠥᠷᠥᠯ ᠤᠨ ᠮᠡᠳᠡᠭᠡ ᠵᠠᠩᠬᠢ ᠶᠢ ᠮᠡᠳᠡᠭᠦᠯᠬᠦ ᠪᠠᠶᠢᠭᠤᠯᠭ᠎ᠠ ᠭᠠᠷᠠᠭ ᠪᠣᠯᠭᠠᠨ 2 ᠮᠡᠳᠡᠭᠡ ᠵᠠᠩᠬᠢ ᠠᠴᠠ ᠪᠠᠭ᠎ᠠ ᠪᠠᠶᠢᠵᠦ ᠪᠣᠯᠬᠤ ᠦᠭᠡᠢ᠂ ᠣᠨ ᠤ ᠮᠡᠳᠡᠭᠦᠯᠦᠭᠰᠡᠨ ᠲᠤᠭ᠎ᠠ 96 ᠮᠡᠳᠡᠭᠡ ᠵᠠᠩᠬᠢ ᠠᠴᠠ ᠪᠠᠭ᠎ᠠ ᠪᠠᠶᠢᠵᠤ ᠪᠣᠯᠬᠤ ᠦᠭᠡᠢ᠃ ᠬᠤᠶᠠᠳᠤᠭᠠᠷ ᠲᠥᠷᠥᠯ ᠤᠨ ᠮᠡᠳᠡᠭᠡ ᠵᠠᠩᠬᠢ ᠶᠢ ᠮᠡᠳᠡᠭᠦᠯᠬᠦ ᠪᠠᠶᠢᠭᠤᠯᠭ᠎ᠠ ᠭᠠᠷᠠᠭ ᠪᠣᠯᠭᠠᠨ1 ᠮᠡᠳᠡᠭᠡ ᠵᠠᠩᠬᠢ ᠠᠴᠠ ᠪᠠᠭ᠎ᠠ ᠪᠠᠶᠢᠵᠦ ᠪᠣᠯᠬᠤ ᠦᠭᠡᠢ᠂ ᠣᠨ ᠤ ᠮᠡᠳᠡᠭᠦᠯᠦᠭᠰᠡᠨ ᠲᠤᠭ᠎ᠠ 48 ᠮᠡᠳᠡᠭᠡ ᠵᠠᠩᠬᠢ ᠠᠴᠠ ᠪᠠᠭ᠎ᠠ ᠪᠠᠶᠢᠵᠤ ᠪᠣᠯᠬᠤ ᠦᠭᠡᠢ᠃ ᠲᠤᠷᠰᠢᠯᠭ᠎ᠠ ᠶᠢᠨ ᠲᠥᠷᠥᠯ ᠤᠨ ᠮᠡᠳᠡᠭᠡ ᠵᠠᠩᠬᠢ ᠪᠠ ᠰᠢᠨᠵᠢᠯᠡᠯᠲᠡ ᠶᠢᠨ ᠲᠥᠷᠥᠯ ᠤᠨ ᠮᠡᠳᠡᠭᠡ ᠵᠠᠩᠬᠢ ᠨᠢ ᠰᠠᠷ᠎ᠠ ᠪᠣᠯᠭᠠᠨ ᠳᠤ1᠎ ᠠᠴᠠ ᠪᠠᠭ᠎ᠠ ᠪᠠᠶᠢᠵᠦ ᠪᠣᠯᠬᠤ ᠦᠭᠡᠢ᠂ ᠪᠠᠶᠢᠴᠠᠭᠠᠨ ᠰᠣᠳᠤᠯᠬᠤ ᠲᠥᠷᠥᠯ ᠤᠨ ᠮᠡᠳᠡᠭᠡ ᠵᠠᠩᠬᠢ ᠨᠢ ᠤᠯᠠᠷᠢᠯ ᠳᠤ1᠎ ᠠᠴᠠ ᠪᠠᠭ᠎ᠠ ᠪᠠᠶᠢᠵᠦ ᠪᠣᠯᠬᠤ ᠦᠭᠡᠢ᠃      2.ᠮᠡᠳᠡᠭᠡ ᠵᠠᠩᠬᠢ ᠶᠢᠨ ᠠᠵᠢᠯ ᠨᠢ ᠬᠡᠮᠵᠢᠶᠡᠯᠡᠵᠦ ᠬᠤᠪᠢ ᠲᠡᠮᠳᠡᠭᠯᠡᠬᠦ ᠠᠷᠭ᠎ᠠ ᠶᠢ ᠠᠪᠴᠤ᠂ ᠮᠡᠳᠡᠭᠡ ᠵᠠᠩᠬᠢ ᠶᠢᠨ ᠬᠡᠷᠡᠭᠯᠡᠭᠳᠡᠭᠰᠡᠨ ᠪᠠᠶᠢᠳᠠᠯ ᠪᠠ ᠤᠳᠤᠷᠢᠳᠤᠯᠭ᠎ᠠ ᠪᠠᠷ ᠴᠣᠬᠤᠯᠠᠪᠤᠷᠢᠯᠠᠭᠰᠠᠨ ᠪᠠᠶᠢᠳᠠᠯ ᠢᠶᠠᠷ ᠪᠠᠷᠢᠮᠵᠢᠶ᠎ᠠ ᠪᠣᠯᠭᠠᠨ᠂ ᠲᠣᠭᠤᠷᠢᠭ ᠤᠨ ᠠᠯᠪᠠᠨ ᠭᠡᠷ ᠲᠤ ᠬᠡᠷᠡᠭᠯᠡᠭᠳᠡᠪᠡᠯ1 ᠮᠡᠳᠡᠭᠡ ᠵᠠᠩᠬᠢ ᠨᠢ 2 ᠬᠤᠪᠢ ᠲᠡᠮᠳᠡᠭᠯᠡᠵᠦ᠂ ᠬᠤᠲᠠ ᠶᠢᠨ ᠵᠠᠰᠠᠭ ᠤᠨ ᠣᠷᠳᠤᠨ ᠳᠤ ᠬᠡᠷᠡᠭᠯᠡᠭᠳᠡᠪᠡᠯ1 ᠮᠡᠳᠡᠭᠡ ᠵᠠᠩᠬᠢ ᠨᠢ 5 ᠬᠤᠪᠢ ᠲᠡᠮᠳᠡᠭᠯᠡᠵᠦ᠂ ᠣᠷᠤᠨ ᠤ ᠵᠠᠰᠠᠭ ᠤᠨ ᠣᠷᠳᠤᠨ ᠳᠤ ᠬᠡᠷᠡᠭᠯᠡᠭᠳᠡᠪᠡᠯ 1 ᠮᠡᠳᠡᠭᠡ ᠵᠠᠩᠬᠢ ᠨᠢ 5 ᠬᠤᠪᠢ ᠲᠡᠮᠳᠡᠭᠯᠡᠵᠦ᠂  ᠠᠯᠢᠪᠠ ᠤᠳᠤᠷᠢᠳᠤᠯᠭ᠎ᠠ ᠪᠠᠷ ᠴᠣᠬᠤᠯᠠᠪᠤᠷᠢᠯᠠᠭᠰᠠᠨ ᠮᠡᠳᠡᠭᠡ ᠵᠠᠩᠬᠢ ᠨᠢ ᠪᠦᠷ5 ᠬᠤᠪᠢ ᠳᠡᠮᠳᠡᠭᠯᠡᠨ᠎ᠡ᠃      3.ᠡᠯ᠎ᠡ ᠪᠠᠶᠢᠭᠤᠯᠭ᠎ᠠ ᠨᠢᠭᠡᠴᠢ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠢ 2019 ᠣᠨ ᠤ ᠣᠨ ᠤ ᠰᠢᠯᠭᠠᠨ ᠪᠠᠶᠢᠴᠠᠭᠠᠬᠤ ᠴᠢᠬᠤᠯᠠ ᠲᠥᠷᠥᠯ ᠳᠤ ᠣᠷᠤᠭᠤᠯᠵᠤ᠂ ᠰᠠᠷ᠎ᠠ ᠪᠣᠯᠭᠠᠨ ᠮᠡᠳᠡᠭᠡ ᠵᠠᠩᠬᠢ ᠶᠢᠨ ᠮᠡᠳᠡᠭᠦᠯᠦᠯᠲᠡ ᠶᠢᠨ ᠠᠵᠢᠯ ᠢ ᠳᠠᠭᠤᠰᠬᠠᠬᠤ ᠬᠡᠷᠡᠭᠲᠡᠢ᠃ ᠰᠢᠯᠢᠳᠡᠭ ᠬᠢᠷᠢ ᠪᠦᠲᠦᠮᠵᠢ ᠲᠠᠢ ᠮᠡᠳᠡᠭᠡᠯᠡᠭᠴᠢ ᠶᠢ ᠬᠥᠬᠢᠭᠦᠯᠦᠨ ᠰᠠᠶᠢᠰᠢᠶᠠᠵᠤ᠂ ᠬᠥᠨᠳᠦ ᠨᠣᠴᠢᠲᠠᠢ ᠮᠠᠭᠤ ᠨᠥᠯᠦᠭᠡ ᠳᠤᠰᠬᠠᠯ ᠲᠠᠢ ᠶᠢ ᠨᠢ ᠵᠠᠷᠯᠠᠨ ᠰᠢᠭᠦᠮᠵᠢᠯᠡᠵᠦ᠂ ᠣᠨ ᠤ ᠰᠢᠯᠢᠳᠡᠭ ᠤᠨ ᠰᠤᠩᠭᠤᠯᠲᠠ ᠶᠢᠨ ᠡᠷᠬᠡ ᠶᠢ ᠨᠢ ᠬᠠᠰᠤᠨ᠎ᠠ᠃︵ᠭᠤᠷᠪᠠ︶  ᠲᠣᠭᠲᠠᠭᠰᠠᠨ ᠬᠤᠭᠤᠴᠠᠬ᠎ᠠ ᠲᠠᠢ ᠡᠬᠡ ᠪᠢᠴᠢᠭ ᠡᠯᠰᠡᠬᠦ ᠲᠣᠭᠤᠷᠢᠭ ᠤᠨ ᠵᠠᠰᠠᠭ ᠤᠨ ᠣᠷᠳᠤᠨ ᠤ ᠠᠵᠢᠯ ᠤᠨ ᠳᠣᠬᠢᠷᠠᠭᠤᠯᠤᠯᠲᠠ ᠶᠢ ᠦᠨᠳᠦᠰᠦᠯᠡᠨ᠂ ᠵᠠᠰᠠᠭ ᠤᠨ ᠣᠷᠳᠤᠨ ᠤ ᠠᠯᠪᠠᠨ ᠭᠡᠷ ᠠᠴᠠ ᠲᠣᠭᠲᠠᠭᠰᠠᠨ ᠬᠤᠭᠤᠴᠠᠭ᠎ᠠ ᠲᠠᠢ ᠪᠠᠷ ᠡᠯ᠎ᠡ ᠪᠠᠶᠢᠭᠤᠯᠭ᠎ᠠ ᠠᠴᠠ ᠡᠬᠡ ᠪᠢᠴᠢᠭ ᠡᠯᠰᠡᠨ᠎ᠡ᠃ ᠲᠠᠪᠤ᠂ ᠠᠵᠢᠯ ᠤᠨ ᠱᠠᠭᠠᠷᠳᠠᠯᠭ᠎ᠠ︵ᠨᠢᠭᠡ︶   ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠤᠭᠤᠰᠢᠯᠠᠭᠤᠯᠬᠤ᠃︵ᠬᠤᠶᠠᠷ︶  ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠶᠠᠰᠤ ᠴᠢᠨᠠᠷ  ᠪᠠᠲᠤᠯᠠᠨ᠎ᠠ᠃︵ᠭᠤᠷᠪᠠ︶ ᠬᠢᠨᠠᠨ ᠵᠢᠯᠣᠭᠤᠳᠬᠤ ᠳᠣᠭᠲᠠᠴᠠ ᠳᠤ ᠲᠣᠳᠤᠷᠬᠠᠢ ᠪᠠᠶᠢᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号