ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠦᠷᠭᠡᠵᠢᠯ᠎ᠡ
ᠨᠡᠶᠢᠲᠡᠯᠡᠭᠰᠡᠨ ᠴᠠᠭ᠄
2019-01-21
     2018 ᠤᠨ ᠤ 1 ᠰᠠᠷ᠎ᠠ 1᠎ ᠤ ᠡᠳᠦᠷ ᠠᠴᠠ ᠡᠬᠢᠯᠡᠨ᠂ ᠬᠦᠬᠡᠬᠤᠲᠠ ᠶᠢᠨ ᠨᠡᠶᠢᠭᠡᠮ ᠤᠨ  ᠲᠠᠭᠠᠳᠬᠠᠯ ᠳᠤ ᠤᠷᠤᠯᠴᠠᠭᠰᠠᠳ ᠲᠤᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ᠂ ᠲᠤᠭᠲᠠᠭᠰᠠᠨ ᠴᠠᠭ ᠤᠨ  ᠰᠤᠯᠠ ᠪᠠᠷ ᠪᠤᠷᠤᠯᠠᠭᠤᠯᠬᠤ ᠡᠮ ᠤᠨ ᠲᠡᠯᠭᠡᠬᠦᠷ ᠲᠤ ᠤᠨᠤᠰᠢᠯᠠᠭᠤᠯᠤᠨ ᠡᠮ ᠬᠤᠳᠠᠯᠳᠤᠨ ᠠᠪᠬᠤ ᠦᠶ᠎ᠡ ᠳᠤ᠂  ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠪᠦᠬᠦ ᠲᠠᠯ᠎ᠠ ᠪᠠᠷ ᠬᠡᠷᠡᠭᠯᠡᠵᠤ᠂ ᠡᠮ ᠡᠮᠨᠡᠯᠭᠡ ᠶᠢᠨ  ᠵᠠᠷᠤᠳᠠᠯ ᠢᠶᠠᠨ ᠰᠢᠭᠤᠳ ᠳ᠋ᠦᠡᠭᠨᠡᠨ ᠪᠤᠳᠤᠵᠤ ᠪᠤᠯᠬᠤ ᠭᠠᠷ ᠬᠦᠢᠴᠡᠳᠭᠡᠯ ᠤᠨ ᠠᠵᠢᠯ ᠢᠶᠠᠨ ᠡᠬᠢᠯᠡᠬᠦᠯᠬᠦ ᠪᠠᠷ ᠪᠤᠯᠪᠠ᠃ ᠤᠶᠢᠷ᠎ᠠ ᠳᠤ ᠬᠦᠬᠡᠬᠤᠲᠠ ᠶᠢᠨ ᠴᠦᠬᠡᠨ ᠪᠤᠰᠤ ᠰᠠᠭᠤᠭᠠᠯᠢ ᠠᠷᠠᠳ ᠰᠢᠨ᠎ᠡ ᠬᠠᠭᠤᠴᠢᠨ ᠨᠡᠶᠢᠭᠡᠮ ᠤᠨ  ᠪᠠᠲᠤᠯᠠᠪᠤᠷᠢ ᠶᠢᠨ ᠺᠠᠷᠲ ᠢ ᠰᠤᠯᠢᠬᠤ ᠡᠰᠡᠬᠦ ᠲᠤᠬᠠᠢ ᠠᠩᠬᠠᠷᠴᠤ ᠪᠠᠶᠢᠨ᠎ᠠ᠃ ᠺᠠᠷᠲ ᠶᠢᠨ ᠰᠤᠯᠢᠪᠠᠯ ᠤᠤᠯ ᠤᠨ  ᠺᠠᠷᠲ ᠲᠠᠬᠢ ᠵᠤᠭᠤᠰ ᠢᠶᠠᠨ ᠶᠠᠭᠠᠬᠢᠳᠠᠭ ᠪᠢᠯᠡ︖ ᠪᠤᠰᠤᠳ ᠬᠦᠮᠦᠨ ᠳᠤ ᠨᠠᠶᠢᠳᠠᠨ ᠭᠠᠷ ᠬᠦᠢᠴᠡᠳᠭᠡᠯ ᠢ ᠤᠷᠤᠯᠠᠨ  ᠬᠢᠯᠬᠡᠵᠤ ᠪᠤᠯᠬᠤ ᠪᠤᠯ ᠤᠤ︖ ᠨᠡᠶᠢᠭᠡᠮ ᠤᠨ ᠪᠠᠲᠤᠯᠠᠪᠤᠷᠢ ᠶᠢᠨ ᠺᠡᠷᠲ ᠢᠶᠠᠨ ᠬᠡᠬᠡᠭᠰᠡᠨ ᠪᠤᠯ ᠶᠠᠭᠠᠬᠢᠳᠠᠭ ᠪᠢᠯᠠ︖  ᠭᠡᠬᠦ ᠵᠡᠷᠭᠡ ᠠᠰᠠᠭᠤᠳᠠᠯ ᠳᠤ ᠴᠢᠭᠯᠡᠬᠦᠯᠦᠨ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ  ᠪᠠᠶᠠᠯᠢᠭ ᠪᠠ ᠨᠠᠶᠢᠭᠡᠮ ᠤᠨ ᠪᠠᠲᠤᠯᠠᠪᠤᠷᠢ ᠶᠢᠨ ᠲᠢᠩᠬᠢᠮ ᠤᠨ ᠮᠡᠳᠡᠭᠡ ᠵᠠᠩᠬᠢ ᠶᠢᠨ ᠲᠦᠪ ᠵᠢᠴᠢ ᠬᠦᠬᠡᠬᠤᠲᠠ ᠶᠢᠨ  ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠬᠠᠮᠢᠶᠠᠷᠤᠯᠲᠠ ᠢ ᠲᠤᠪᠴᠢᠶ᠎ᠠ ᠵᠡᠷᠭᠡ  ᠬᠤᠯᠪᠤᠭᠳᠠᠯ ᠪᠦᠬᠦᠢ ᠪᠠᠶᠢᠭᠤᠯᠤᠯᠭ᠎ᠠ ᠠᠴᠠ ᠪᠤᠲᠠᠲᠠᠢ ᠬᠠᠷᠢᠭᠤᠯᠲᠠ ᠬᠦᠰᠡᠮᠵᠢᠯᠡᠵᠤ ᠪᠠᠶᠢᠯ᠎ᠠ᠃ ᠨᠡᠶᠢᠭᠡᠮ ᠤᠨ  ᠪᠠᠳᠤᠯᠠᠪᠤᠷᠢ ᠶᠢᠨ ᠺᠠᠷᠲ ᠢ ᠰᠤᠯᠢᠬᠤ ᠠᠵᠢᠯ ᠥᠨᠳᠥᠰᠤᠨ ᠳᠡᠭᠡᠨ ᠲᠠᠭᠤᠰᠪᠠ 2000 ᠤᠨ ᠠᠴᠠ ᠡᠬᠢᠯᠡᠨ᠂  ᠬᠥᠬᠡᠬᠤᠳᠠ ᠤᠷᠢᠳ ᠬᠤᠵᠢᠳ ᠮᠥᠡᠭᠭᠦᠨ ᠬᠥᠢᠯᠭᠡᠭᠡ ᠶᠢᠨ ᠡᠬᠦᠷᠭᠡ ᠴᠢᠳᠠᠪᠬᠢ ᠦᠭᠡᠢ ᠬᠤᠶᠠᠷ ᠵᠦᠢᠯ ᠤᠨ  ᠨᠡᠶᠢᠭᠡᠮ ᠤᠨ ᠪᠠᠳᠤᠯᠠᠪᠤᠷᠢ ᠶᠢᠨ ᠺᠠᠷᠲ ︵ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠬᠡᠵᠥ  ᠨᠢᠬᠡᠳᠭᠡᠨ ᠨᠡᠷᠡᠯᠡᠪᠡ︶᠎ ᠢ ᠲᠠᠷᠬᠠᠭᠠᠪᠠ᠃ 2013 ᠤᠨ ᠤ 10 ᠰᠠᠷ᠎ᠠ ᠳᠤ᠂ ᠥᠪᠡᠷᠳᠡᠭᠡᠨ ᠵᠠᠰᠠᠬᠤ ᠤᠷᠤᠨ ᠤ  ᠱᠠᠭᠠᠷᠳᠠᠯᠭ᠎ᠠ ᠶᠤᠰᠤᠭᠠᠷ᠂ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠲᠠᠷᠬᠠᠭᠠᠪᠠ᠃  ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠡᠭᠭᠡᠨ ᠲᠠᠯ᠎ᠠ ᠳᠤ ᠴᠡᠬᠢᠮ ᠪᠤᠯᠤᠨ  ᠰᠤᠷᠢᠨᠵᠢᠨ ᠭᠤᠤᠯ ᠵᠢᠴᠢ ︽ᠲᠤᠮᠳᠠᠳᠤ ᠤᠯᠤᠰ ᠤᠨ ᠪᠠᠩᠭᠢ︾ ᠬᠡᠬᠦ ᠥᠰᠥᠭ ᠲᠠᠢ᠂ ᠨᠢᠬᠡᠨ ᠴᠡᠬᠢᠮ ᠤᠨ ᠲᠡᠭᠡᠷ᠎ᠠ  ᠲᠠᠯᠳᠠ ᠬᠡᠯᠪᠡᠷᠢ ᠶᠢᠨ ᠰᠤᠷᠢᠨᠵᠢᠨ ᠭᠤᠤᠯ ᠢ ᠬᠠᠪᠰᠤᠷᠭᠠᠬᠰᠠᠨ ᠺᠠᠷᠲ ᠪᠠᠶᠢᠵᠥ᠂ ᠨᠢᠬᠡᠳᠤᠭᠡᠷ ᠥᠶ᠎ᠠ ᠶᠢᠨ  ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠢ ᠬᠠᠮᠤᠬ ᠤᠨ ᠶᠡᠭᠡ ᠢᠯᠭᠠᠭ᠎ᠠ ᠲᠠᠢ ᠵᠦᠢᠯ ᠪᠤᠯ ᠪᠠᠩᠭᠢ ᠶᠢᠨ ᠮᠥᠡᠭᠭᠦᠨ  ᠬᠥᠢᠯᠭᠡᠭᠡ ᠶᠢᠨ ᠡᠬᠦᠷᠭᠡ ᠴᠢᠳᠠᠪᠬᠢ ᠲᠠᠢ ᠪᠤᠯᠤᠭᠰᠠᠨ ᠶᠤᠮ᠃              ᠥᠪᠡᠷᠳᠡᠭᠡᠨ ᠵᠠᠰᠠᠬᠤ ᠤᠷᠤᠨ ᠤ ᠬᠥᠮᠥᠨ ᠤ ᠬᠥᠴᠥᠨ ᠤ ᠡᠬᠢ ᠪᠡᠶᠡᠯᠢᠬ ᠪᠠ ᠨᠡᠶᠢᠭᠡᠮ ᠤᠨ  ᠪᠠᠳᠤᠯᠠᠪᠤᠷᠢ ᠶᠢᠨ ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠳᠠᠳ ᠤᠨ ᠢᠯᠡᠳᠭᠡᠭᠰᠡᠨ ᠢᠶᠠᠷ᠂ ᠬᠠᠭᠤᠴᠢᠨ  ᠺᠠᠷᠲ ᠢᠶᠠᠨ ᠰᠤᠯᠢᠬᠰᠠᠨ ᠤ ᠲᠠᠷᠠᠭ᠎ᠠ ᠺᠠᠷᠲ ᠲᠠᠬᠢ ᠤᠤᠯ ᠤᠨ ᠵᠤᠭᠤᠰ ᠬᠡᠭᠡᠭᠳᠡᠬᠦ ᠥᠬᠡᠢ᠃ ᠰᠢᠨ᠎ᠠ ᠺᠠᠷᠲ ᠤᠨ  ᠡᠬᠦᠷᠭᠡ ᠴᠢᠳᠠᠪᠬᠢ ᠠᠰᠢᠬᠯᠠᠯᠲᠠ ᠳᠤ ᠤᠷᠤᠬᠰᠠᠨ ᠤ ᠲᠠᠷᠠᠭ᠎ᠠ ᠤᠤᠯ ᠤᠨ ᠥᠯᠡᠳᠡᠪᠤᠷᠢ ᠵᠤᠭᠤᠰ ᠠᠶᠠᠨᠳᠠᠭᠠᠨ ᠰᠢᠨ᠎ᠠ  ᠨᠡᠶᠢᠭᠡᠮ ᠤᠨ ᠪᠠᠳᠤᠯᠠᠪᠤᠷᠢ ᠶᠢᠨ ᠺᠠᠷᠲ ᠲᠤ ᠰᠢᠯᠵᠢᠨ ᠤᠷᠤᠨ᠎ᠠ᠃ ᠪᠤᠰᠤᠳ ᠬᠥᠮᠥᠨ ᠳᠤ ᠨᠡᠶᠢᠳᠠᠨ ᠭᠠᠷ  ᠬᠥᠢᠴᠡᠳᠭᠡᠯ ᠤᠷᠤᠯᠠᠨ ᠬᠢᠯᠭᠡᠵᠥ ᠪᠤᠯᠤᠨ᠎ᠠ ᠤᠤ︖ ᠲᠥᠷᠥᠬᠦᠬᠡᠨ ᠬᠥᠬᠡᠬᠤᠳᠠ ᠶᠢᠨ ᠰᠠᠶᠢᠬᠠᠨ ᠲᠤᠭᠤᠷᠢᠬ ᠤᠨ  ᠤᠯᠠᠭᠠᠨᠴᠠᠪ ᠵᠡᠬᠦᠨ ᠵᠠᠮ ᠤᠨ ᠰᠢᠶᠠᠨ ᠹᠸᠡᠭ ᠰᠠᠭᠤᠭᠠᠯᠢ ᠠᠷᠠᠳ ᠤᠨ ᠲᠤᠭᠤᠷᠢᠬ ᠲᠤ ᠰᠠᠭᠤᠭ᠎ᠠ ᠬᠢᠯᠪᠠᠭ᠎ᠠ᠂  ᠠᠪᠤ ᠨᠢ 80 ᠭᠠᠷᠴᠢᠬᠠᠬᠰᠠᠨ ᠪᠤᠯᠬᠤᠷ ᠶᠠᠪᠤᠵᠥ ᠰᠠᠭᠤᠬᠤ ᠳᠤ ᠲᠥᠬᠦᠮ ᠥᠬᠡᠢ᠂ ᠬᠤᠶᠠᠳᠤᠭᠠᠷ ᠥᠶ᠎ᠠ ᠶᠢᠨ  ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠨᠢ ᠤᠷᠤᠯᠠᠨ ᠭᠠᠷ ᠬᠥᠢᠴᠡᠳᠭᠡᠯ ᠬᠢᠯᠭᠡᠵᠥ ᠪᠤᠯᠬᠤ ᠶᠤᠮ ᠤᠤ︖ ᠬᠡᠵᠥ  ᠠᠰᠠᠭᠤᠨ ᠰᠤᠷᠠᠬᠯᠠᠵᠥ ᠪᠠᠶᠢᠯ᠎ᠠ᠃ ᠥᠪᠡᠷᠳᠡᠭᠡᠨ ᠵᠠᠰᠠᠬᠤ ᠤᠷᠤᠨ ᠤ ᠬᠥᠮᠥᠨ ᠤ ᠬᠥᠴᠥᠨ ᠤ ᠡᠬᠢ ᠪᠡᠶᠡᠯᠢᠬ ᠪᠠ  ᠨᠡᠶᠢᠭᠡᠮ ᠤᠨ ᠪᠠᠳᠤᠯᠠᠪᠤᠷᠢ ᠶᠢᠨ ᠲᠢᠩᠭᠢᠮ ᠤᠨ ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠳᠠᠳ ᠤᠨ  ᠲᠠᠨᠢᠯᠴᠠᠭᠤᠯᠤᠬᠰᠠᠨ ᠢ ᠥᠨᠳᠥᠰᠤᠯᠠᠪᠠᠯ᠂ ᠬᠥᠬᠡᠬᠤᠳᠠ ᠶᠢᠨ ᠨᠠᠰᠤᠨ ᠳᠤ ᠥᠯᠥ ᠬᠥᠷᠥᠭᠰᠡᠳ ᠵᠢᠴᠢ ᠪᠤᠰᠤᠳ  ᠢᠷᠭᠡᠨ ᠤ ᠶᠠᠪᠤᠳᠠᠯ ᠤᠨ ᠠᠵᠢᠯᠯᠠᠭ᠎ᠠ ᠳᠤ ᠤᠷᠤᠯᠴᠠᠬᠤ ᠴᠢᠳᠠᠪᠤᠷᠢ ᠥᠬᠡᠢ ᠬᠤᠪᠢ ᠬᠥᠮᠥᠨ᠂ ᠨᠠᠰᠤᠳᠠᠶᠢᠴᠤᠳ᠂  ᠵᠡᠮᠳᠡᠭᠴᠤᠳ ᠬᠤᠪᠢ ᠬᠥᠮᠥᠨ ᠤ ᠰᠢᠯᠳᠠᠭᠠᠨ ᠠᠴᠠ ᠪᠤᠯᠵᠥ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ  ᠬᠥᠢᠴᠡᠳᠭᠡᠯ ᠢᠶᠠᠨ ᠬᠢᠵᠥ ᠲᠡᠶᠢᠯᠬᠦ ᠥᠬᠡᠢ ᠪᠠᠶᠢᠳᠠᠯ ᠲᠤᠤᠷ᠎ᠠ᠂ ᠪᠤᠰᠤᠳ ᠬᠥᠮᠥᠨ ᠳᠤ ᠨᠠᠶᠢᠳᠠᠨ ᠭᠠᠷ  ᠬᠥᠢᠴᠡᠳᠭᠡᠯ ᠢᠶᠠᠨ ᠤᠷᠤᠯᠠᠨ ᠬᠢᠯᠬᠡᠵᠥ ᠪᠤᠯᠤᠨ᠎ᠠ᠃ ᠤᠷᠤᠯᠠᠨ ᠬᠥᠢᠴᠡᠳᠭᠡᠭᠴᠢ ᠪᠠᠩᠭᠢ ᠳᠤ ᠬᠥᠷᠴᠤ ᠬᠤᠶᠠᠳᠤᠭᠠᠷ  ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡ ︵ᠺᠠᠷᠲ ᠠᠪᠬᠤ᠂ ᠺᠠᠷᠲ ᠢ ᠮᠥᠡᠭᠭᠦᠨ  ᠬᠥᠢᠯᠭᠡᠭᠡ ᠶᠢᠨ ᠠᠰᠢᠬᠯᠠᠯᠳᠠ ᠳᠤ ᠤᠷᠤᠭᠤᠯᠬᠤ ᠵᠡᠷᠭᠡ︶᠎ ᠶᠢᠨ ᠭᠠᠷ ᠬᠥᠢᠴᠡᠳᠭᠡᠯ ᠬᠢᠬᠦ ᠥᠶᠡᠰ᠂ ᠤᠷᠤᠯᠠᠨ  ᠬᠥᠢᠴᠡᠳᠭᠡᠭᠴᠢ ᠬᠤᠪᠢ ᠬᠥᠮᠥᠨ ᠤ ᠪᠡᠶ᠎ᠠ ᠶᠢᠨ ᠥᠨᠡᠮᠯᠡᠯ ᠪᠠ ᠨᠠᠶᠢᠳᠠᠬᠴᠢ ᠶᠢᠨ ᠪᠡᠶ᠎ᠠ ᠶᠢᠨ ᠥᠨᠡᠮᠯᠡᠯ ᠢ ᠠᠪᠬᠤ ᠶᠢᠨ  ᠬᠠᠮᠳᠤ᠂ ᠭᠡᠷᠡᠴᠢ ᠬᠢᠬᠦ ᠪᠠᠶᠢᠭᠤᠯᠤᠮᠵᠢ ᠶᠢᠨ ᠭᠡᠷᠡᠴᠢᠯᠡᠭᠰᠡᠨ ᠬᠤᠯᠪᠤᠬᠳᠠᠯ ᠪᠥᠬᠦᠢ ᠵᠥᠪᠯᠡᠯᠴᠡᠭᠡᠷ ᠤᠨ ᠪᠢᠴᠢᠭ  ᠮᠠᠲ᠋ᠧᠷᠢᠶᠠᠯ ᠢ ᠪᠥᠷᠢᠯᠳᠥᠬᠦᠯᠥᠨ ᠭᠠᠷ ᠬᠥᠢᠴᠡᠳᠭᠡᠯ ᠬᠢᠬᠦ ᠭᠡᠷᠡᠭᠳᠠᠢ ᠬᠡᠵᠥ ᠡᠯ᠎ᠠ ᠬᠤᠯᠪᠤᠬᠳᠠᠯ ᠪᠥᠬᠦᠢ ᠰᠠᠯᠠᠭ᠎ᠠ  ᠮᠥᠴᠢᠷ ᠤᠨ ᠬᠠᠷᠢᠭᠤᠴᠠᠯᠭᠠᠳᠠᠳ ᠰᠠᠨᠠᠭᠤᠯᠵᠥ ᠪᠤᠢ᠃ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠡᠬᠡᠭᠰᠡᠨ ᠪᠤᠯ  ᠶᠠᠭᠠᠬᠢᠬᠤ ᠪᠤᠢ︖ ᠲᠥᠷᠥᠬᠦᠬᠡᠨ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠤᠯᠠᠬ ᠪᠠᠭᠰᠢ  ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠵᠢᠯ ᠤᠨ ᠡᠬᠢᠨ ᠳᠤ ᠠᠪᠤᠬᠰᠠᠨ ᠪᠤᠯᠪᠠᠴᠤ  ᠲᠤᠬᠠᠢ ᠶᠢᠨ ᠥᠶ᠎ᠠ ᠳᠤ ᠬᠠᠮᠢᠭ᠎ᠠ ᠬᠠᠳᠠᠭᠠᠯᠠᠬᠰᠠᠨ ᠢᠶᠠᠨ ᠪᠤᠳᠤᠵᠥ ᠤᠯᠬᠤ ᠥᠬᠡᠢ ᠪᠤᠯᠵᠥ᠂ ᠰᠢᠨ᠎ᠠ ᠺᠠᠷᠲ ᠢ  ᠬᠡᠬᠡᠭᠰᠡᠨ ᠪᠤᠯ ᠶᠠᠭᠠᠬᠢᠵᠥ ᠨᠥᠬᠦᠪᠤᠷᠢᠯᠡᠬᠦ ᠲᠤᠬᠠᠢ ᠠᠰᠠᠭᠤᠵᠥ ᠪᠠᠶᠢᠯ᠎ᠠ᠃            ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠠᠵᠢᠯᠳᠠᠨ ᠤ ᠲᠠᠨᠢᠯᠴᠠᠭᠤᠯᠤᠬᠰᠠᠨ ᠢᠶᠠᠷ᠂ 2018 ᠤᠨ ᠤ 1  ᠰᠠᠷ᠎ᠠ ᠶᠢᠨ 1᠎ ᠤ ᠡᠳᠤᠷ ᠠᠴᠠ ᠡᠮᠥᠨ᠎ᠠ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ  ᠬᠡᠬᠡᠭᠰᠡᠨ ᠪᠤᠯ᠂ 5181372 ᠨᠤᠮᠧᠷ ᠲᠤ ᠤᠳᠠᠰᠤᠳᠠᠵᠥ᠂ ᠺᠠᠷᠲ ᠭᠡᠭᠡᠭᠰᠡᠨ ᠢᠯᠡᠷᠭᠡᠶᠢᠯᠠᠯᠳᠠ ᠶᠢᠨ ᠭᠠᠷ  ᠬᠥᠢᠴᠡᠳᠭᠡᠯ ᠬᠢᠵᠥ ᠪᠤᠯᠤᠨ᠎ᠠ᠃ ᠡᠰᠡᠬᠦᠯ᠎ᠠ ᠬᠥᠬᠡᠬᠤᠳᠠ ᠶᠢᠨ ᠬᠥᠮᠥᠨ ᠤ ᠬᠥᠴᠥᠨ ᠤ ᠡᠬᠢ ᠪᠡᠶᠡᠯᠢᠬ ᠪᠠ  ᠨᠡᠶᠢᠭᠡᠮ ᠤᠨ ᠪᠠᠳᠤᠯᠠᠪᠤᠷᠢ ᠶᠢᠨ ᠬᠠᠮᠢᠶᠠᠷᠤᠯᠳᠠ ᠶᠢᠨ ᠲᠤᠪᠴᠢᠶ᠎ᠠ ᠳᠤ ᠬᠥᠷᠴᠤ᠂ ᠺᠠᠷᠲ ᠭᠡᠭᠡᠭᠰᠡᠨ  ᠢᠯᠡᠷᠭᠡᠶᠢᠯᠡᠯᠳᠠ ᠶᠢ ᠬᠥᠢᠴᠡᠳᠭᠡᠵᠥ ᠪᠤᠯᠤᠨ᠎ᠠ᠃ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠤ  ᠲᠠᠬᠢᠵᠥ ᠨᠥᠬᠦᠬᠦ ᠭᠠᠷ ᠬᠥᠢᠴᠡᠳᠭᠡᠯ ᠤᠨ ᠥᠢᠯᠡᠴᠢᠯᠡᠭᠡ ᠬᠢᠬᠦ ᠥᠬᠡᠢ᠃ ᠬᠤᠳᠠ ᠶᠢᠨ ᠰᠠᠭᠤᠭᠠᠯᠢ ᠠᠷᠠᠳ  12333 ᠨᠤᠮᠧᠷᠳᠤ ᠤᠳᠠᠰᠤ ᠪᠠᠷ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠲᠤᠬᠠᠢ  ᠥᠢᠯᠡᠴᠢᠯᠡᠭᠡᠨ ᠤ ᠪᠠᠶᠢᠳᠠᠯ ᠢ ᠠᠰᠠᠭᠤᠨ ᠯᠠᠪᠯᠠᠵᠥ ᠪᠤᠯᠤᠨ᠎ᠠ᠃ ᠮᠥᠨ ᠴᠤ 12333 ᠨᠤᠮᠧᠷᠳᠤ ᠥᠢᠯᠡᠴᠢᠯᠡᠭᠡᠨ ᠤ  ᠤᠳᠠᠰᠤ ᠪᠠᠷ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠡᠭᠡᠭᠰᠡᠨ ᠢᠯᠡᠷᠭᠡᠶᠢᠯᠡᠯᠳᠠ ᠶᠢ  ᠬᠢᠵᠥ ᠪᠤᠯᠤᠨ᠎ᠠ᠂ ᠬᠡᠭᠡᠭᠰᠡᠨ ᠢᠯᠡᠷᠭᠡᠶᠢᠯᠡᠯᠳᠠ ᠬᠢᠭᠰᠡᠨ ᠤ ᠲᠠᠷᠠᠭ᠎ᠠ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ  ᠡᠬᠦᠷᠭᠡ ᠴᠢᠳᠠᠪᠬᠢ ᠶᠢ ᠨᠢ ᠪᠠᠷᠢᠨ ᠵᠤᠬᠰᠤᠭᠠᠨ᠎ᠠ᠃ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ  ᠺᠠᠷᠲ ᠢ ᠨᠥᠬᠦᠬᠦ ᠳᠤ᠂ ᠰᠢᠭᠤᠳ ᠲᠤᠮᠳᠠᠳᠤ ᠤᠯᠤᠰ ᠤᠨ ᠪᠠᠩᠭᠢ ᠶᠢᠨ ᠺᠠᠷᠲ ᠲᠠᠷᠬᠠᠭᠠᠬᠤ ᠲᠥᠪ ᠲᠤ ᠬᠥᠷᠴᠤ  ᠪᠥᠬᠦ ᠭᠠᠷ ᠬᠥᠢᠴᠡᠳᠭᠡᠯ ᠢ ᠬᠢᠵᠥ ᠪᠤᠯᠤᠨ᠎ᠠ᠃ ᠬᠤᠪᠢ ᠬᠥᠮᠥᠨ ᠤ ᠮᠡᠳᠡᠭᠡ ᠵᠠᠩᠭᠢ ᠲᠠᠢ ᠥᠯᠥ ᠲᠤᠬᠢᠷᠠᠯᠴᠠᠬᠤ  ᠵᠦᠢᠯ ᠪᠠᠶᠢᠪᠠᠯ ᠶᠠᠭᠠᠬᠢᠬᠤ ᠪᠤᠢ︖ ᠬᠥᠬᠡᠬᠤᠳᠠ ᠶᠢᠨ ᠰᠠᠭᠤᠭᠠᠯᠢ ᠠᠷᠠᠳ ᠵᠠᠩ ᠤᠪᠤᠬᠳᠤ ᠶᠢᠨ ᠲᠤᠰᠬᠠᠬᠰᠠᠨ ᠢᠶᠠᠷ  ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡᠨ ᠤ ᠮᠠᠰᠢᠨ ᠲᠤᠨᠤᠬᠯᠠᠯ ᠤᠳ ᠳᠡᠭᠡᠷ᠎ᠡ ᠠᠴᠠ ᠲᠡᠬᠦᠨ ᠤ  ᠠᠪᠤ ᠶᠢᠨ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠬᠢ ᠮᠡᠳᠡᠭᠡ ᠵᠠᠩᠭᠢ ᠶᠢ ᠨᠢ ᠠᠰᠠᠭᠤᠨ  ᠯᠠᠪᠯᠠᠵᠥ ᠲᠠᠶᠢᠯᠬᠦ ᠥᠬᠡᠢ᠂ ᠤᠯᠠᠨ ᠰᠠᠯᠠᠭ᠎ᠠ ᠮᠥᠴᠢᠷ ᠠᠴᠠ ᠠᠰᠠᠭᠤᠬᠰᠠᠨ ᠳᠤ ᠨᠡᠶᠢᠭᠡᠮ ᠤᠨ ᠪᠠᠳᠤᠯᠠᠪᠤᠷᠢ ᠶᠢᠨ  ᠺᠠᠷᠲ ᠲᠠᠬᠢ ᠮᠡᠳᠡᠭᠡ ᠵᠠᠩᠭᠢ ᠪᠤᠯᠤᠨ ᠬᠤᠪᠢ ᠬᠥᠮᠥᠨ ᠤ ᠮᠡᠳᠡᠭᠡ ᠵᠠᠩᠭᠢ ᠨᠢ ᠲᠤᠬᠢᠷᠡᠯᠴᠠᠬᠰᠠᠨ ᠥᠬᠡᠢ ᠠᠴᠠ  ᠪᠤᠯᠤᠬᠰᠠᠨ ᠭᠡᠵᠡᠢ᠃ ᠡᠶᠢᠮᠥᠷᠬᠦ ᠪᠠᠶᠢᠳᠠᠯ ᠲᠤᠯᠭᠠᠷᠠᠪᠠᠯ ᠶᠠᠭᠠᠬᠢᠬᠤ ᠪᠤᠢ︖ ᠬᠡᠵᠤ ᠵᠠᠩ ᠤᠪᠤᠬᠳᠤ ᠰᠠᠨᠳᠤᠷᠴᠤ  ᠪᠠᠶᠢᠯ᠎ᠠ᠃ ᠥᠢᠯᠠᠭᠠᠬᠰᠠᠨ ᠢᠶᠠᠷ᠂ ᠡᠶᠢᠮᠦᠷᠬᠦ ᠨᠡᠶᠢᠭᠡᠮ ᠤᠨ ᠪᠠᠳᠤᠯᠠᠪᠤᠷᠢ ᠶᠢᠨ ᠰᠢᠨ᠎ᠡ ᠺᠠᠷᠲ ᠢᠶᠠᠨ ᠭᠡᠷᠡᠭᠯᠡᠵᠥ ᠲᠠᠶᠢᠯᠬᠦ  ᠥᠬᠡᠢ ᠥᠵᠡᠭᠳᠡᠯ ᠬᠡᠷᠡᠭᠯᠡᠭᠴᠢᠳ ᠤᠨ ᠳᠤᠮᠳᠠ ᠴᠥᠬᠡᠨ ᠪᠤᠰᠤ ᠭᠠᠷᠴᠤ ᠪᠤᠢ᠃ ᠡᠨᠡ ᠨᠢ ᠨᠡᠶᠢᠭᠡᠮ ᠤᠨ  ᠪᠠᠳᠤᠯᠠᠪᠤᠷᠢ ᠶᠢᠨ ᠺᠠᠷᠲ ᠲᠠᠬᠢ ᠮᠡᠳᠡᠭᠡ ᠵᠠᠩᠭᠢ ᠪᠠ ᠬᠤᠪᠢ ᠬᠥᠮᠥᠨ ᠤ ᠮᠡᠳᠡᠭᠡ ᠵᠠᠩᠭᠢ ᠨᠢ ᠥᠯᠥ  ᠲᠤᠬᠢᠷᠠᠯᠴᠠᠬᠤ ᠠᠴᠠ ᠪᠤᠯᠤᠬᠰᠠᠨ ᠪᠠᠶᠢᠳᠠᠬ᠃ ᠡᠶᠢᠮᠥᠷᠬᠦ ᠪᠠᠶᠢᠳᠠᠯ ᠳᠤᠬᠢᠶᠠᠯᠳᠤᠪᠠᠯ ᠪᠡᠶ᠎ᠠ ᠶᠢᠨ ᠥᠨᠡᠮᠯᠠᠯ ᠢᠶᠠᠨ  ᠠᠪᠴᠤ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠬᠢᠬᠦ ᠪᠠᠶᠢᠭᠤᠯᠤᠮᠵᠢ ᠳᠤ ᠬᠥᠷᠴᠤ᠂  ᠤᠤᠯ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠥᠴᠥᠨ ᠥᠬᠡᠢ ᠪᠤᠯᠭᠠᠬᠤ ᠭᠡᠷᠡᠭᠳᠠᠢ᠃ ᠤᠪᠤᠬ ᠨᠡᠷ᠎ᠠ᠂  ᠪᠡᠶ᠎ᠠ ᠶᠢᠨ ᠥᠨᠡᠮᠯᠡᠯ ᠤᠨ ᠨᠤᠮᠧᠷ ᠨᠢ ᠵᠥᠷᠢᠭᠰᠡᠨ ᠪᠠᠶᠢᠪᠠᠯ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ  ᠬᠥᠢᠴᠡᠳᠭᠡᠯ ᠬᠢᠬᠦ ᠪᠠᠶᠢᠭᠤᠯᠤᠮᠵᠢ ᠠᠴᠠ ᠮᠡᠳᠡᠭᠡ ᠵᠠᠩᠭᠢ ᠶᠢ ᠬᠠᠯᠠᠨ ᠥᠬᠡᠷᠡᠴᠢᠯᠡᠬᠦ ᠥᠢᠯᠡᠴᠢᠯᠡᠭᠡ ᠬᠠᠨᠭ᠍ᠭᠠᠬᠤ  ᠪᠤᠯᠤᠨ᠎ᠠ᠃ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠵᠥᠪ ᠢᠶᠠᠷ ᠭᠡᠷᠡᠭᠯᠡᠬᠦ ᠶᠢᠨ ᠤᠴᠢᠷ ᠲᠤ ᠨᠡᠶᠢᠭᠡᠮ ᠤᠨ  ᠲᠠᠭᠠᠳᠬᠠᠯ ᠪᠤᠯ ᠨᠡᠶᠢᠭᠡᠮ ᠤᠨ ᠪᠠᠳᠤᠯᠠᠪᠤᠷᠢ ᠶᠢᠨ ᠲᠥᠷᠢᠮ ᠤᠨ ᠨᠢᠭᠡᠨ ᠬᠠᠮᠤᠭ ᠤᠨ ᠴᠢᠬᠤᠯᠠ ᠪᠦᠷᠢᠯᠲᠦᠭᠦᠨ ᠬᠡᠰᠡᠭ  ᠪᠤᠯᠬᠤ ᠶᠤᠮ᠃ ᠡᠬᠦᠨ ᠳᠤ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ᠂ ᠠᠵᠢᠯ ᠠᠯᠳᠠᠭᠰᠠᠳ ᠤᠨ  ᠲᠠᠭᠠᠳᠬᠠᠯ᠂ ᠠᠵᠢᠯ ᠢᠶᠠᠷ ᠰᠢᠷᠬᠠᠳᠤᠬᠰᠠᠳ ᠤᠨ ᠲᠠᠭᠠᠳᠬᠠᠯ ᠪᠠ ᠥᠷᠡᠵᠢᠯ ᠤᠨ ᠲᠠᠭᠠᠳᠬᠠᠯ ᠵᠡᠷᠭᠡ ᠲᠠᠪᠤᠨ  ᠲᠠᠭᠠᠳᠬᠠᠯ ᠢ ᠪᠠᠭᠳᠠᠭᠠᠵᠥ ᠪᠤᠢ᠃              ᠲᠠᠭᠠᠳᠬᠠᠯ ᠳᠤ ᠤᠷᠤᠯᠴᠠᠬᠰᠠᠳ ᠲᠤ ᠨᠡᠩ ᠰᠠᠶᠢᠨ ᠨᠡᠩ ᠲᠥᠬᠦᠮ ᠲᠥᠷᠭᠡᠨ ᠥᠢᠯᠡᠴᠢᠯᠡᠭᠡ  ᠬᠠᠨᠭ᠍ᠭᠠᠬᠤ ᠶᠢᠨ ᠲᠥᠯᠥᠭᠡ᠂ ᠬᠥᠬᠡᠬᠤᠳᠠ ᠶᠢᠨ ᠬᠤᠯᠪᠤᠬᠳᠠᠯ ᠪᠥᠬᠦᠢ ᠰᠠᠯᠠᠭ᠎ᠠ ᠮᠥᠴᠢᠷ ᠠᠴᠠ ᠬᠤᠶᠠᠳᠤᠭᠠᠷ  ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠡᠬᠢᠯᠡᠨ ᠲᠠᠷᠬᠠᠭᠠᠵᠥ᠂ ᠡᠮ ᠡᠮᠨᠡᠯᠭᠡ ᠶᠢᠨ ᠵᠠᠷᠤᠳᠠᠯ ᠢ  ᠰᠢᠭᠤᠳ ᠳ᠋ᠥᠡᠭᠨᠠᠨ ᠪᠤᠳᠤᠬᠤ ᠪᠠ ᠨᠠᠰᠤᠵᠢᠯ ᠤᠨ ᠲᠠᠭᠠᠳᠬᠠᠯ ᠤᠨ ᠬᠠᠷᠠᠮᠵᠢ ᠤᠯᠭᠤᠮᠵᠢ ᠶᠢ ᠲᠠᠷᠬᠠᠭᠠᠬᠤ  ᠥᠢᠯᠡᠴᠢᠯᠡᠭᠡᠨ ᠤ ᠠᠵᠢᠯ ᠢ ᠥᠷᠨᠢᠬᠦᠯᠵᠥ ᠡᠬᠢᠯᠡᠪᠠ᠃ ᠡᠨᠡ ᠨᠢ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ  ᠥᠢᠯᠡᠴᠢᠯᠡᠭᠡ ᠶᠢᠨ ᠬᠥᠷᠢᠶ᠎ᠠ ᠬᠡᠪᠴᠢᠶ᠎ᠠ ᠨᠡᠩ ᠥᠷᠭᠡᠵᠢᠭᠰᠡᠨ ᠢ ᠬᠠᠷᠠᠭᠤᠯᠵᠥ ᠪᠤᠢ᠃ ᠨᠡᠶᠢᠭᠡᠮ ᠤᠨ ᠪᠠᠳᠤᠯᠠᠪᠤᠷᠢ ᠶᠢᠨ  ᠺᠠᠷᠲ ᠤᠨ ᠡᠬᠦᠷᠭᠡ ᠴᠢᠳᠠᠪᠬᠢ ᠬᠦᠢᠴᠡᠳ ᠪᠤᠯᠵᠦ᠂ ᠮᠠᠨ ᠤ ᠡᠳᠤᠷ ᠲᠤᠳᠤᠮ ᠤᠨ ᠠᠮᠢᠳᠤᠷᠠᠯ ᠤᠨ ᠲᠤᠮᠳᠠ  ᠥᠷᠭᠡᠨ ᠢᠶᠠᠷ ᠭᠡᠷᠡᠭᠯᠡᠭᠳᠡᠵᠥ᠂ ᠪᠤᠰᠤᠳ ᠭᠠᠵᠠᠷ ᠲᠤ ᠡᠪᠡᠳᠴᠢᠨ ᠥᠵᠡᠬᠦᠯᠬᠦ᠂ ᠡᠮ ᠬᠤᠳᠠᠯᠳᠤᠨ ᠠᠪᠴᠤ  ᠪᠤᠯᠬᠤ ᠠᠴᠠ ᠭᠠᠳᠠᠨ᠎ᠠ ᠤᠰᠤ ᠴᠠᠬᠢᠯᠭᠠᠨ ᠤ ᠰᠦᠢᠳᠭᠡᠯ ᠲᠤᠰᠢᠶᠠᠬᠤ᠂ ᠨᠤᠮ ᠵᠢᠬᠡᠯᠡᠬᠦ᠂ ᠰᠥᠯᠵᠢᠶ᠎ᠠ ᠪᠠᠷ  ᠳ᠋ᠤᠭᠠᠷᠯᠠᠬᠤ᠂ ᠨᠠᠶᠢᠳᠠ ᠶᠢᠨ ᠮᠠᠰᠢᠨ ᠳᠤ ᠰᠠᠭᠤᠬᠤ ᠵᠡᠷᠭᠡ ᠤᠯᠠᠨ ᠲᠠᠯ᠎ᠠ ᠶᠢᠨ ᠡᠬᠦᠷᠭᠡ ᠴᠢᠳᠠᠪᠬᠢ ᠶᠢ ᠬᠥᠢᠴᠡᠳᠭᠡᠬᠦ  ᠪᠤᠯᠵᠥ ᠪᠤᠢ᠃ ᠬᠥᠮᠥᠨ ᠤ ᠬᠥᠴᠥᠨ ᠤ ᠡᠬᠢ ᠪᠠᠶᠠᠯᠢᠬ ᠪᠠ ᠨᠠᠶᠢᠭᠡᠮ ᠤᠨ ᠪᠠᠳᠤᠯᠠᠪᠤᠷᠢ ᠶᠢᠨ ᠶᠠᠮᠤᠨ ᠤ ᠪᠥᠷᠢᠳᠭᠡᠯ ᠢ  ᠥᠨᠳᠥᠰᠥᠯᠡᠪᠡᠯ᠂ ᠪᠥᠬᠦ ᠤᠯᠤᠰ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠠᠪᠤᠬᠰᠠᠨ ᠬᠦ᠋ᠮᠥᠨ ᠤ ᠲᠤᠭ᠎ᠠ 9.75  ᠳ᠋ᠥᠡᠭᠰᠢᠭᠤᠷ ᠲᠤ ᠬᠥᠷᠥᠭᠰᠡᠨ ᠪᠠᠶᠢᠨ᠎ᠠ᠃ ᠤᠳᠤᠬᠠᠨ ᠳᠤ ᠨᠡᠶᠢᠭᠡᠮ ᠤᠨ ᠪᠠᠳᠤᠯᠠᠪᠤᠷᠢ ᠶᠢᠨ ᠬᠤᠯᠪᠤᠬᠳᠠᠯ ᠪᠥᠬᠦᠢ  ᠰᠠᠯᠠᠭ᠎ᠠ ᠮᠥᠴᠢᠷ ᠠᠴᠠ ︽ᠲᠠᠪᠤᠨ ᠲᠠᠭᠠᠳᠬᠠᠯ ᠤᠨ ᠭᠡᠷᠡᠴᠢ ᠶᠢ ᠨᠡᠶᠢᠳᠭᠡᠨ ᠲᠠᠩᠰᠠᠯᠠᠬᠤ︾ ᠲᠥᠷᠢᠮ ᠤᠨ  ᠥᠬᠡᠷᠡᠴᠢᠯᠠᠯᠳᠠ ᠶᠢ ᠬᠥᠨᠵᠡᠬᠡᠢ ᠠᠬᠢᠭᠤᠯᠵᠥ᠂ ᠨᠡᠶᠢᠭᠡᠮ ᠤᠨ ᠪᠠᠳᠤᠯᠠᠪᠤᠷᠢ ᠶᠢᠨ ᠥᠢᠯᠡᠴᠢᠯᠡᠭᠡᠨ ᠤ  ᠪᠠᠷᠢᠮᠵᠢᠶᠠᠵᠢᠯᠳᠠ ᠶᠢᠨ ᠰᠢᠰᠲ᠋ᠧᠮ ᠢ ᠪᠥᠷᠢᠨᠰᠢᠬᠦᠯᠵᠥ᠂ ᠨᠡᠶᠢᠭᠡᠮ ᠤᠨ ᠪᠠᠳᠤᠯᠠᠪᠤᠷᠢ ᠶᠢᠨ ᠭᠠᠷ ᠬᠥᠢᠴᠡᠳᠭᠡᠯ ᠬᠢᠬᠦ  ᠲᠥᠷᠢᠮᠵᠢᠯᠳᠠ᠂ ᠮᠡᠳᠡᠭᠡ ᠵᠠᠩᠬᠢᠵᠢᠯᠳᠠ᠂ ᠲᠤᠰᠬᠠᠢᠢᠵᠢᠯᠳᠠ ᠶᠢᠨ ᠲᠥᠪᠰᠢᠨ ᠢ ᠲᠡᠭᠡᠭᠰᠢᠯᠡᠬᠦᠯᠵᠥ᠂ ᠠᠷᠠᠳ  ᠢᠷᠭᠡᠳ ᠲᠤ ᠨᠠᠩ ᠲᠥᠬᠦᠮ ᠥᠢᠯᠡᠴᠢᠯᠡᠭᠡ ᠬᠠᠨᠭ᠍ᠭᠠᠬᠤ ᠪᠠᠷ ᠴᠢᠷᠮᠠᠶᠢᠵᠥ ᠪᠤᠢ᠃ ᠵᠡᠷᠢᠮ ᠬᠥᠮᠥᠰ ᠤᠨ  ᠲᠤᠰᠬᠠᠬᠰᠠᠨ ᠢᠶᠠᠷ᠂ ᠬᠥᠬᠡᠬᠤᠳᠠ ᠶᠢᠨ ᠰᠠᠭᠤᠭᠠᠯᠢ ᠠᠷᠠᠳ ᠤᠨ ᠲᠤᠮᠳᠠ ᠬᠤᠶᠠᠳᠤᠭᠠᠷ ᠥᠶ᠎ᠠ ᠶᠢᠨ ᠨᠡᠶᠢᠭᠡᠮ ᠤᠨ  ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠬᠢᠬᠦ ᠳᠤ ᠬᠠᠭᠤᠷᠮᠠᠬ ᠬᠡᠷᠡᠴᠢ ᠬᠠᠨᠭ᠍ᠭᠠᠬᠤ ᠪᠠ ᠠᠰᠢᠬᠯᠠᠬᠤ  ᠶᠠᠪᠤᠴᠠ ᠳᠤ ᠬᠤᠳᠠᠯ ᠬᠠᠭᠤᠷᠮᠠᠬ ᠵᠦᠢᠯ ᠵᠤᠬᠢᠶᠠᠬᠤ ᠵᠢᠴᠢ ᠨᠡᠶᠢᠭᠡᠮ ᠤᠨ ᠪᠠᠳᠤᠯᠠᠪᠤᠷᠢ ᠶᠢᠨ ᠺᠠᠷᠲ ᠪᠠ ᠡᠮ  ᠡᠮᠨᠡᠯᠭᠡ ᠶᠢᠨ ᠲᠠᠭᠠᠳᠬᠠᠯ ᠤᠨ ᠺᠠᠷᠲ ᠢ ᠬᠤᠳᠬᠤᠯᠳᠤᠭᠤᠯᠤᠨ ᠵᠠᠷᠤᠬᠤ ᠵᠡᠷᠭᠡ ᠲᠥᠪ ᠪᠤᠰᠤ ᠥᠵᠡᠭᠳᠡᠯ ᠢᠯᠡᠷᠡᠵᠥ᠂  ᠥᠢᠯᠡᠳᠪᠤᠷᠢᠯᠡᠯ ᠠᠮᠢᠳᠤᠷᠠᠯ ᠤᠨ ᠲᠤᠮᠳᠠ ᠴᠥᠬᠡᠨ ᠪᠤᠰᠤ ᠠᠰᠠᠭᠤᠳᠠᠯ ᠭᠠᠷᠭᠠᠪᠠ᠃ ᠡᠷᠡᠬᠦᠥ ᠶᠢᠨ ᠬᠠᠤᠯᠢ ᠳᠤ  ᠵᠠᠰᠠᠪᠤᠷᠢ ᠤᠷᠤᠭᠤᠯᠬᠤ ᠲᠥᠰᠥᠯ ︵ᠶᠢᠰᠥ︶᠎ ᠳᠤ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠷ ᠬᠠᠤᠯᠢ ᠶᠤᠰᠤᠭᠠᠷ  ᠪᠡᠶ᠎ᠠ ᠶᠢᠨ ᠥᠨᠡᠮᠯᠡᠯ ᠤᠨ ᠡᠬᠦᠷᠬᠡ ᠴᠢᠳᠠᠪᠬᠢ ᠶᠢ ᠬᠥᠢᠴᠡᠳᠭᠡᠵᠥ ᠪᠤᠯᠤᠨ᠎ᠠ᠃ ᠲᠡᠬᠦᠨ ᠢ ᠬᠠᠭᠤᠷᠮᠠᠬᠯᠠᠨ ᠵᠤᠬᠢᠶᠠᠬᠤ᠂  ᠥᠬᠡᠷᠡᠴᠢᠯᠡᠨ ᠵᠠᠷᠤᠬᠤ᠂ ︽ᠺᠠᠷᠲ ᠢᠶᠠᠷ ᠠᠷᠠᠯᠵᠢᠶ᠎ᠠ ᠬᠢᠬᠦ︾ ᠵᠡᠷᠭᠡ ᠬᠠᠤᠯᠢ ᠪᠤᠰᠤ ᠠᠵᠢᠯᠯᠠᠭ᠎ᠠ ᠠᠴᠠ ᠬᠠᠤᠯᠢ  ᠶᠤᠰᠤᠭᠠᠷ ᠡᠷᠡᠬᠦᠥ ᠶᠢᠨ ᠬᠠᠷᠢᠭᠤᠴᠠᠯᠭ᠎ᠠ ᠨᠡᠭᠡᠮᠵᠢᠯᠡᠨ᠎ᠠ ᠬᠡᠵᠥ ᠲᠤᠬᠳᠠᠭᠠᠪᠠ᠃ ᠡᠶᠢᠮᠥ ᠠᠴᠠ ᠭᠡᠷᠡᠭᠯᠡᠭᠴᠢᠳ ᠮᠠᠨᠢ  ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠡᠬᠦᠷᠭᠡ ᠴᠢᠳᠠᠪᠬᠢ ᠶᠢ ᠰᠠᠶᠢᠳᠤᠷ ᠠᠰᠢᠬᠯᠠᠵᠥ᠂ ᠥᠢᠯᠡᠳᠪᠤᠷᠢᠯᠡᠯ  ᠠᠮᠢᠳᠤᠷᠠᠯ ᠳᠠᠭᠠᠨ ᠨᠠᠩ ᠤᠨᠤᠪᠴᠢᠳᠠᠢ ᠭᠡᠷᠡᠭᠯᠡᠬᠦ ᠶᠢ ᠴᠢᠬᠤᠯᠠᠴᠢᠯᠠᠪᠠᠯ ᠵᠤᠬᠢᠨ᠎ᠠ᠃              ᠬᠤᠯᠪᠤᠭᠠᠰᠤ ᠠᠰᠠᠭᠤᠨ ᠯᠠᠪᠯᠠᠭ᠎ᠠ ᠶᠢᠨ ᠥᠢᠯᠡᠴᠢᠯᠡᠭᠡ ᠶᠢᠨ ᠲᠠᠪᠴᠠᠩ ● ᠨᠡᠶᠢᠭᠡᠮ ᠤᠨ ᠪᠠᠳᠤᠯᠠᠪᠤᠷᠢ ᠶᠢᠨ  ᠺᠠᠷᠲ ᠤᠨ ᠥᠢᠯᠡᠴᠢᠯᠡᠭᠡ ᠶᠢᠨ ᠠᠰᠠᠭᠤᠨ ᠯᠠᠪᠯᠠᠭ᠎ᠠ ᠶᠢᠨ ᠤᠳᠠᠰᠤ 12333᠎ ᠳᠤ ᠤᠳᠠᠰᠤᠳᠠᠵᠥ ᠠᠰᠠᠭᠤᠨ  ᠯᠠᠪᠯᠠᠵᠥ ᠪᠤᠯᠤᠨ᠎ᠠ᠃ ● ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠷᠬᠠᠭᠠᠬᠰᠠᠨ ᠪᠠᠩᠭᠢ ᠶᠢᠨ ᠲᠤᠷ᠎ᠠ ᠶᠢᠨ ᠨᠢᠬᠡᠨ  ᠡᠵᠡᠩᠨᠡᠯᠳᠠ ᠶᠢᠨ ᠲᠤᠤᠷ ᠴᠢᠬ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠲᠤᠰᠬᠠᠢ ᠥᠢᠯᠡᠴᠢᠯᠡᠭᠡᠨ ᠤ  ᠴᠤᠩᠬᠤᠪᠴᠢ ᠠᠴᠠ ᠠᠰᠠᠭᠤᠨ ᠯᠠᠪᠯᠠᠵᠥ ᠪᠤᠯᠤᠨ᠎ᠠ᠃ ● ᠬᠥᠬᠡᠬᠤᠳᠠ ᠶᠢᠨ ᠬᠥᠮᠥᠨ ᠤ ᠬᠥᠴᠥᠨ ᠤ ᠡᠬᠢ ᠪᠡᠶᠡᠯᠢᠬ  ᠪᠠ ᠨᠡᠶᠢᠭᠡᠮ ᠤᠨ ᠪᠠᠳᠤᠯᠠᠪᠤᠷᠢ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ  ᠥᠢᠯᠡᠴᠢᠯᠡᠭᠡᠨ ᠤ ᠴᠤᠩᠬᠤᠪᠴᠢ ᠠᠴᠠ ᠠᠰᠠᠭᠤᠨ ᠯᠠᠪᠯᠠᠵᠥ ᠪᠤᠯᠤᠨ᠎ᠠ᠃ ● ᠬᠤᠷᠰᠢᠨ ᠠᠵᠢᠯᠯᠠᠬᠤ ᠪᠠᠩᠭᠢ ᠶᠢᠨ  ᠲᠤᠰᠬᠠᠢ ᠥᠢᠯᠡᠴᠢᠯᠡᠭᠡᠨ ᠤ ᠬᠠᠯᠠᠮᠰᠢᠯ ᠤᠳᠠᠰᠤ ᠪᠠᠷ ᠲᠠᠮᠵᠢᠨ ᠠᠰᠠᠭᠤᠨ ᠯᠠᠪᠯᠠᠵᠥ ᠪᠤᠯᠤᠨ᠎ᠠ᠃            ᠨ᠊ᠡᠶᠢᠭᠡᠮ ᠤᠨ ᠪᠠᠳᠤᠯᠠᠪᠤᠷᠢ ᠶᠢᠨ ᠺᠠᠷᠲ ᠪᠠ ᠡᠮ ᠡᠮᠨᠡᠯᠭᠡ ᠶᠢᠨ ᠲᠠᠭᠠᠳᠬᠠᠯ ᠤᠨ ᠺᠠᠷᠲ ᠤᠨ ᠢᠯᠭᠠᠭ᠎ᠠ ●  ᠡᠮ ᠡᠮᠨᠡᠯᠭᠡ ᠶᠢᠨ ᠲᠠᠭᠠᠳᠬᠠᠯ ᠤᠨ ᠺᠠᠷᠲ ᠪᠤᠯ ᠬᠥᠮᠤᠰ ᠤᠨ ᠡᠳᠤᠷ ᠲᠤᠳᠤᠮ ᠤᠨ ᠡᠪᠡᠳᠴᠢᠨ ᠥᠵᠡᠬᠦᠯᠬᠦ ᠳᠤ  ᠬᠤᠳᠠᠯᠳᠤᠨ ᠠᠪᠤᠬᠰᠠᠨ ᠴᠢᠬᠤᠯᠠ ᠭᠡᠷᠡᠴᠢ ᠪᠠᠷᠢᠮᠳᠠ ᠪᠤᠯᠬᠤ ᠶᠤᠮ᠃ ᠡᠮ ᠡᠮᠨᠡᠯᠭᠡ ᠶᠢᠨ ᠲᠠᠭᠠᠳᠬᠠᠯ ᠤᠨ ᠬᠤᠪᠢ  ᠬᠥᠮᠥᠨ ᠤ ᠲᠠᠩᠰᠠᠨ ᠤ ᠠᠴᠢᠶᠠᠯᠠᠪᠤᠷᠢ᠂ ᠲᠠᠭᠠᠳᠬᠠᠯ ᠳᠤ ᠤᠷᠤᠯᠴᠠᠬᠰᠠᠨ ᠬᠥᠮᠥᠨ ᠤ ᠥᠨᠳᠥᠰᠤᠨ ᠮᠡᠳᠡᠭᠡ  ᠵᠠᠩᠭᠢ ᠶᠢ ᠲᠡᠮᠳᠡᠭᠯᠡᠳᠡᠭ᠃ ᠡᠬᠦᠨ ᠳᠤ ᠬᠤᠪᠢ ᠬᠥᠮᠥᠨ ᠤ ᠲᠤᠰᠢᠶᠠᠬᠰᠠᠨ ᠥᠨᠳᠥᠰᠥᠨ ᠡᠮ ᠡᠮᠨᠡᠯᠭᠡ ᠶᠢᠨ  ᠲᠠᠭᠠᠳᠬᠠᠯ ᠤᠨ ᠵᠠᠷᠤᠳᠠᠯ᠂ ᠪᠠᠶᠢᠭᠤᠯᠤᠯᠭ᠎ᠠ ᠨᠢᠬᠡᠴᠡ ᠠᠴᠠ ᠨᠢ ᠲᠤᠰᠢᠶᠠᠬᠰᠠᠨ ᠥᠨᠳᠥᠰᠥᠨ ᠡᠮ ᠡᠮᠨᠡᠯᠭᠡ ᠶᠢᠨ  ᠲᠠᠭᠠᠳᠬᠠᠯ ᠤᠨ ᠵᠤᠭᠤᠰ᠂ ᠪᠤᠰᠤᠳ ᠪᠡᠯᠡ ᠮᠥᠡᠭᠭᠦ᠂ ᠠᠰᠢᠬ ᠭᠠᠶᠢᠯᠢ ᠵᠡᠷᠭᠡ ᠶᠢ ᠪᠠᠭᠳᠠᠭᠠᠳᠠᠬ᠃ ᠲᠡᠷᠡ ᠪᠤᠯ  ᠲᠠᠭᠠᠳᠬᠠᠯ ᠳᠤ ᠤᠷᠤᠯᠴᠠᠬᠰᠠᠨ ᠬᠥᠮᠥᠰ ᠲᠤ ᠬᠢᠭᠰᠡᠨ ᠥᠨᠳᠥᠰᠤᠨ ᠡᠮ ᠡᠮᠨᠡᠯᠭᠡ ᠶᠢᠨ ᠭᠡᠷᠡᠭᠯᠡᠭᠡ ᠳᠤ  ᠵᠤᠷᠢᠭᠤᠯᠤᠬᠰᠠᠨ ᠮᠥᠡᠭᠭᠦᠨ ᠬᠥᠢᠯᠭᠡᠭᠡ ᠶᠢᠨ ᠪᠤᠰᠤ ᠲᠤᠰᠬᠠᠢ ᠭᠡᠷᠡᠭᠯᠡᠭᠡᠨ ᠤ ᠺᠠᠷᠲ ᠪᠤᠯᠬᠤ ᠶᠤᠮ᠃ ●  ᠨᠡᠶᠢᠭᠡᠮ ᠤᠨ ᠪᠠᠳᠤᠯᠠᠪᠤᠷᠢ ᠶᠢᠨ ᠺᠠᠷᠲ ᠪᠤᠯ ᠬᠥᠳᠡᠯᠮᠥᠷᠢ ᠪᠤᠯᠤᠨ ᠨᠡᠶᠢᠭᠡᠮ ᠤᠨ ᠪᠠᠳᠤᠯᠠᠪᠤᠷᠢ ᠶᠢᠨ ᠶᠠᠮᠤᠨ ᠠᠴᠠ  ᠨᠢᠭᠡᠳᠤᠯᠳᠠᠢ ᠲᠥᠯᠥᠪᠵᠢᠬᠦᠯᠵᠥ᠂ ᠡᠯ᠎ᠠ ᠭᠠᠵᠠᠷ ᠤᠷᠤᠨ ᠤ ᠬᠥᠳᠡᠯᠮᠥᠷᠢ ᠶᠢᠨ ᠪᠠᠳᠤᠯᠠᠪᠤᠷᠢ ᠶᠢᠨ ᠰᠠᠯᠠᠭ᠎ᠠ ᠮᠥᠴᠢᠷ  ᠨᠡᠶᠢᠭᠡᠮ ᠳᠤ ᠬᠠᠨᠳᠤᠭᠤᠯᠤᠨ ᠲᠠᠷᠬᠠᠭᠠᠬᠰᠠᠨ ᠬᠥᠳᠡᠯᠮᠥᠷᠢ ᠪᠠ ᠨᠡᠶᠢᠭᠡᠮ ᠤᠨ ᠪᠠᠳᠤᠯᠠᠪᠤᠷᠢ ᠶᠢᠨ ᠡᠯ᠎ᠠ ᠵᠦᠢᠯ ᠤᠨ  ᠥᠢᠯᠡᠴᠢᠯᠡᠭᠡᠨ ᠤ ᠬᠥᠷᠢᠶ᠎ᠠ ᠳᠤ ᠭᠡᠷᠡᠭᠯᠡᠬᠦ ᠤᠯᠠᠨ ᠡᠬᠦᠷᠭᠡ ᠴᠢᠳᠠᠪᠬᠢᠳᠤ ᠺᠠᠷᠲ ︵IC ᠺᠠᠷᠲ︶ ᠪᠤᠯᠤᠨ᠎ᠠ᠃  ᠡᠬᠦᠨ ᠳᠤ ᠬᠤᠳᠠ ᠪᠠᠯᠭᠠᠰᠤᠨ ᠤ ᠠᠵᠢᠯ ᠠᠯᠪᠠ ᠬᠠᠭᠠᠬᠰᠠᠳ᠂ ᠠᠵᠢᠯ ᠠᠯᠳᠠᠬᠰᠠᠳ ᠪᠠ ᠠᠵᠢᠯ ᠠᠴᠠ ᠪᠠᠨ  ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠬᠰᠠᠳ ᠲᠤ ᠲᠠᠷᠬᠠᠭᠠᠬᠰᠠᠨ ᠨᠠᠶᠢᠭᠡᠮ ᠤᠨ ᠪᠠᠳᠤᠯᠠᠪᠤᠷᠢ ︵ᠬᠤᠪᠢ  ᠬᠥᠮᠥᠨ︶᠎ ᠶᠢᠨ ᠺᠠᠷᠲ᠂ ᠠᠵᠢᠯᠳᠠᠨ ᠭᠡᠷᠡᠭᠯᠡᠬᠦ ᠪᠠᠶᠢᠭᠤᠯᠤᠯᠭ᠎ᠠ ᠠᠴᠠ ᠲᠠᠷᠬᠠᠭᠠᠬᠰᠠᠨ ᠨᠡᠶᠢᠭᠡᠮ ᠤᠨ ᠪᠠᠳᠤᠯᠠᠪᠤᠷᠢ ︵ ᠠᠵᠢᠯᠳᠠᠨ ᠭᠡᠷᠡᠭᠯᠡᠬᠦ ᠪᠠᠶᠢᠭᠤᠯᠤᠯᠭ᠎ᠠ︶᠎ ᠶᠢᠨ ᠺᠠᠷᠲ ᠢ ᠪᠠᠭᠳᠠᠭᠠᠵᠥ ᠪᠤᠢ᠃ ● ᠡᠮ ᠡᠮᠨᠡᠯᠭᠡ ᠶᠢᠨ ᠲᠠᠭᠠᠳᠬᠠᠯ ᠤᠨ  ᠺᠠᠷᠲ ᠢ ᠠᠯᠭᠤᠷ ᠢᠶᠠᠷ ᠬᠥᠴᠥᠨ ᠥᠬᠡᠢ ᠪᠤᠯᠭᠠᠵᠥ ᠪᠤᠢ᠂ ᠤᠳᠤᠬᠠᠨ ᠳᠤ ᠴᠥᠭᠡᠨ ᠪᠤᠰᠤ ᠭᠠᠵᠠᠷ ᠤᠷᠤᠨ ᠨᠢᠬᠡᠨᠳᠠ  ᠬᠥᠴᠥᠨ ᠥᠬᠡᠢ ᠪᠤᠯᠭᠠᠵᠥ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠷ ᠰᠤᠯᠢᠵᠥ ᠪᠤᠢ᠃ ᠲᠠᠷᠤᠢ ᠨᠡᠶᠢᠭᠡᠮ ᠤᠨ  ᠪᠠᠳᠤᠯᠠᠪᠤᠷᠢ ᠶᠢᠨ ᠺᠠᠷᠲ ᠤᠨ ᠲᠤᠩ ᠤᠯᠠᠨ ᠡᠬᠦᠷᠭᠡ ᠴᠢᠳᠠᠪᠬᠢ ᠲᠠᠢ ᠪᠠᠶᠢᠵᠥ᠂ ᠡᠮ ᠡᠮᠨᠡᠯᠭᠡ ᠶᠢᠨ ᠲᠠᠭᠠᠳᠬᠠᠯ ᠤᠨ  ᠺᠠᠷᠲ ᠤᠨ ᠡᠬᠦᠷᠭᠡ ᠴᠢᠳᠠᠪᠬᠢ ᠶᠢ ᠪᠠᠭᠳᠠᠭᠠᠬᠰᠠᠨ ᠪᠠᠶᠢᠳᠠᠬ᠃        
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号