ᠲᠡᠯᠭᠡᠷ ᠤᠨ ᠮᠤᠩᠭᠤᠯ  ᠢᠶᠠᠷ ᠨᠠᠶᠢᠷᠠᠭᠤᠯᠤᠭᠰᠠᠨ ︽ᠠᠩᠭ᠍ᠯᠢ ᠬᠡᠯᠡ ᠵᠦᠢ︾ ᠭᠡᠬᠦ ᠨᠤᠮ ᠳᠤ ᠲᠤᠰᠬᠠᠢ ᠮᠡᠷᠭᠡᠵᠢᠯᠳᠡᠨ  ᠤ ᠬᠢᠨᠠᠨ ᠲᠤᠭᠳᠠᠭᠠᠯ ᠬᠢᠪᠡ
ᠨᠡᠶᠢᠲᠡᠯᠡᠭᠰᠡᠨ ᠴᠠᠭ᠄
2019-01-21
     2018 ᠤᠨ  ᠤ 11  ᠰᠠᠷ᠎ᠠ  ᠶᠢᠨ 28 ᠎ ᠤ ᠦᠳᠡ ᠶᠢᠨ ᠡᠮᠦᠨ᠎ᠡ᠂ ᠦᠪᠦᠷ ᠮᠤᠩᠭᠤᠯ  ᠤᠨ ᠶᠡᠭᠡ ᠰᠤᠷᠭᠠᠭᠤᠯᠢ ᠶᠢᠨ ᠨᠤᠮ ᠤᠨ ᠰᠠᠩ ᠳᠤ ᠮᠠᠨ ᠤ ᠪᠠᠶᠢᠭᠤᠯᠭ᠎ᠠ ᠶᠢᠨ ᠲᠡᠯᠭᠡᠷ ᠪᠠᠭᠰᠢ ᠶᠢᠨ ᠮᠤᠩᠭᠤᠯ  ᠢᠶᠠᠷ ᠨᠠᠶᠢᠷᠠᠭᠤᠯᠤᠭᠰᠠᠨ ︽ᠠᠩᠭ᠍ᠯᠢ ᠬᠡᠯᠡ ᠵᠦᠢ︾ ᠭᠡᠬᠦ ᠨᠤᠮ ᠳᠤ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯ ᠤᠨ ᠬᠤᠷᠠᠯ ᠬᠢᠪᠠ᠃  ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯ ᠤᠨ ᠰᠠᠨᠠᠯ᠄      ᠨᠢᠭᠡ᠂ ᠴᠢᠬᠤᠯᠠ ᠴᠢᠨᠠᠷ᠄ ᠲᠤᠰ ᠨᠤᠮ ᠪᠤᠯ ᠮᠤᠩᠭᠤᠯ ᠬᠡᠯᠡ ᠪᠠᠷ ᠠᠩᠭ᠍ᠯᠢ ᠬᠡᠯᠡ ᠰᠤᠷᠤᠭᠰᠠᠳ ᠤᠨ ᠬᠡᠷᠡᠭᠰᠡᠬᠦ ᠨᠢᠭᠡᠨ ᠲᠤᠩ ᠰᠠᠶᠢᠨ ᠪᠠᠭᠠᠵᠢ ᠬᠡᠷᠡᠭᠯᠡᠭᠦᠷ ᠨᠤᠮ ᠪᠤᠯᠤᠨ᠎ᠠ᠃ ᠤᠯᠤᠰ ᠤᠨ ᠲᠤᠳᠤᠭᠠᠳᠤ  ᠭᠠᠳᠠᠭᠠᠳᠤ ᠶᠢᠨ ᠤᠯᠠᠮᠵᠢᠯᠠᠯᠳᠤ ᠮᠤᠩᠭᠤᠯ ᠪᠢᠴᠢᠭ ᠤᠨ ᠠᠩᠭ᠍ᠯᠢ ᠬᠡᠯᠡ ᠵᠦᠢ ᠶᠢᠨ ᠬᠤᠭᠤᠰᠤᠨ ᠢ ᠨᠦᠭᠦᠪᠤᠷᠢᠯᠡᠪᠡ᠃      ᠬᠤᠶᠠᠷ᠂ ᠪᠠᠷᠢᠮᠵᠢᠶᠠᠳᠤ ᠴᠢᠨᠠᠷ᠄ ᠲᠤᠰ ᠨᠤᠮ ᠨᠢ ᠪᠠᠭᠠᠵᠢ ᠬᠡᠷᠡᠭᠯᠡᠭᠦᠷ ᠨᠤᠮ ᠪᠤᠯᠤᠭᠰᠠᠨ ᠤ ᠬᠤᠪᠢ ᠳᠤ᠂ ᠠᠩᠭ᠍ᠯᠢ ᠬᠡᠯᠡ ᠵᠦᠢ ᠶᠢᠨ ᠨᠤᠮ ᠢ ᠨᠠᠶᠢᠷᠠᠭᠤᠯᠤᠨ ᠪᠢᠴᠢᠬᠦ ᠵᠤᠬᠢᠶᠠᠮᠵᠢ ᠶᠢᠨ ᠪᠦᠳᠦᠴᠡ ᠶᠢᠨ ᠵᠢᠷᠤᠮ ᠢ ᠨᠠᠷᠢᠨ ᠬᠢᠨᠠᠮᠠᠭᠠᠢ ᠵᠢᠷᠤᠮᠯᠠᠨ ᠨᠠᠶᠢᠷᠠᠭᠤᠯᠤᠨ ᠵᠤᠬᠢᠶᠠᠵᠤ᠂ ᠨᠡᠷ᠎ᠡ ᠲᠤᠮᠢᠶ᠎ᠠ ᠶᠢᠨ ᠲᠠᠯ᠎ᠠ ᠪᠠᠷ ᠮᠤᠩᠭᠤᠯ ᠬᠡᠯᠡ ᠵᠦᠢ ᠶᠢᠨ ᠲᠠᠯ᠎ᠠ ᠎ ᠪᠠᠷ ᠬᠢ ᠴᠢᠬᠤᠯᠠ ᠰᠤᠷᠪᠤᠯᠵᠢ ᠪᠢᠴᠢᠭ ᠤᠳ ᠢ ᠠᠰᠢᠭᠯᠠᠵᠠᠢ᠃     ᠭᠤᠷᠪᠠ᠂ ᠨᠠᠷᠢᠨ ᠬᠢᠨᠠᠮᠠᠭᠠᠢ ᠴᠢᠨᠠᠷ᠄ ᠲᠤᠰ ᠨᠤᠮ ᠤᠨ ᠪᠤᠢ ᠪᠦᠬᠦᠢ ᠠᠭᠤᠯᠭ᠎ᠠ ᠶᠢ ᠴᠦᠮ ᠨᠠᠷᠢᠨ ᠬᠦᠨᠵᠡᠭᠡᠢ ᠲᠤᠩᠭᠠᠭᠠᠨ ᠪᠤᠯᠪᠠᠰᠤᠷᠠᠭᠤᠯᠵᠤ᠂ ᠬᠤᠯᠪᠤᠭᠳᠠᠯ ᠪᠦᠭᠦᠢ ᠡᠷᠬᠡ ᠰᠦᠷᠳᠤ ᠰᠤᠷᠪᠤᠯᠵᠢ ᠪᠢᠴᠢᠭ ᠢ ᠯᠠᠪᠯᠠᠨ ᠨᠠᠶᠢᠷᠠᠭᠤᠯᠤᠨ ᠪᠢᠴᠢᠵᠠᠢ᠃     ᠳᠦᠷᠪᠡ᠂ ᠰᠢᠨ᠎ᠡ ᠶᠢ ᠡᠭᠦᠳᠦᠭᠴᠢ ᠴᠢᠨᠠᠷ᠄ ᠮᠤᠩᠭᠤᠯ ᠬᠡᠯᠡᠨ  ᠤ ᠬᠠᠷᠢᠯᠴᠠᠨ ᠬᠠᠷᠠᠭᠠᠯᠵᠠᠬᠤ ᠨᠡᠷ᠎ᠡ ᠲᠤᠮᠢᠶ᠎ᠠ ᠪᠠᠶᠢᠭᠰᠠᠨ ᠦᠭᠡᠢ ᠪᠠᠶᠢᠳᠠᠯ ᠲᠤᠤᠷ᠎ᠠ᠂ ᠮᠤᠩᠭᠤᠯ ᠬᠡᠯᠡ ᠪᠠᠷ ᠵᠦᠪ ᠤᠨᠤᠪᠴᠢᠳᠠᠢ ᠲᠠᠶᠢᠯᠪᠤᠷᠢᠯᠠᠨ ᠢᠯᠡᠳᠭᠡᠵᠦ᠂ ᠪᠠᠰᠠ ᠲᠤᠰ ᠨᠤᠮ ᠳᠤ ᠠᠪᠢᠶ᠎ᠠ ᠵᠦᠢ ᠪᠤᠯᠤᠨ ᠨᠠᠶᠢᠷᠠᠭᠤᠯᠭ᠎ᠠ ᠵᠦᠢ ᠶᠢᠨ ᠠᠭᠤᠯᠭ᠎ᠠ  ᠶᠢᠨ ᠬᠡᠰᠡᠭ  ᠢ ᠨᠡᠮᠡᠨ ᠤᠷᠤᠭᠤᠯᠵᠠᠢ᠃     ᠲᠠᠪᠤ᠂ ᠪᠤᠳᠠᠳᠤ ᠬᠡᠷᠡᠭᠯᠡᠭᠡᠨ ᠤ ᠴᠢᠨᠠᠷ᠄ ᠲᠤᠰ ᠨᠤᠮ ᠳᠤ ᠮᠤᠩᠭᠤᠯ ᠬᠡᠯᠡ ᠪᠠᠷ ᠠᠩᠭ᠍ᠯᠢ ᠬᠡᠯᠡ ᠵᠢᠭᠠᠳᠠᠭ ᠪᠤᠶᠤ ᠰᠤᠷᠳᠠᠭ ᠪᠠᠭᠰᠢ ᠰᠤᠷᠤᠭᠴᠢᠳ ᠤᠨ ᠬᠢᠴᠢᠶᠡᠯ ᠬᠦᠮᠦᠵᠢᠯ ᠪᠤᠯᠤᠨ ᠰᠤᠷᠤᠯᠴᠠᠯᠭ᠎ᠠ ᠶᠢᠨ ᠤᠨᠴᠠᠯᠢᠭ ᠢ ᠬᠦᠢᠴᠡᠳ ᠪᠤᠳᠤᠯᠬᠢᠯᠠᠵᠤ᠂ ᠮᠤᠩᠭᠤᠯ ᠬᠢᠲᠠᠳ ᠠᠩᠭ᠍ᠯᠢ ᠭᠤᠷᠪᠠᠨ ᠬᠡᠯᠡᠨ ᠤ ᠨᠠᠷ᠎ᠠ ᠲᠤᠮᠢᠶ᠎ᠠ ᠶᠢ ᠬᠠᠷᠠᠭᠠᠯᠵᠠᠭᠤᠯᠤᠨ ᠬᠠᠳᠠᠵᠤ᠂ ᠲᠡᠳᠡᠨᠡᠷ ᠤᠨ ᠰᠤᠷᠴᠤ ᠬᠡᠷᠡᠭᠯᠡᠬᠦ ᠳᠤ ᠳᠦᠭᠦᠮ ᠪᠤᠯᠭᠠᠵᠠᠢ᠃      ᠲᠤᠰ ᠨᠤᠮ  ᠤᠨ ᠤᠨᠴᠠᠯᠢᠭ ᠲᠤᠪᠤᠶᠢᠮ᠎ᠠ᠂ ᠠᠩᠭ᠍ᠯᠢ ᠬᠡᠯᠡᠨ ᠤ ᠵᠦᠢ ᠪᠤᠯᠤᠨ ᠮᠤᠩᠭᠤᠯ ᠬᠡᠯᠡᠨ ᠤ ᠵᠦᠢ ᠶᠢᠨ ᠠᠳᠠᠯᠢᠪᠳᠤᠷ ᠲᠠᠯ᠎ᠠ  ᠶᠢ ᠰᠢᠨ᠎ᠡ ᠪᠦᠭᠡᠳ ᠪᠦᠳᠦᠭᠡᠯᠴᠢ ᠪᠠᠷ ᠬᠠᠷᠢᠴᠠᠭᠤᠯᠵᠤ᠂ ᠡᠯ᠎ᠡ ᠲᠡᠰ ᠤᠨ ᠰᠤᠷᠤᠭᠴᠢᠳ ᠤᠨ ᠠᠩᠭ᠍ᠯᠢ ᠬᠡᠯᠡ ᠰᠤᠷᠤᠯᠴᠠᠬᠤ ᠳᠤ ᠵᠤᠬᠢᠴᠠᠭᠤᠯᠵᠠᠢ᠃      ᠲᠤᠰ ᠨᠤᠮ ᠢ ᠨᠠᠶᠢᠷᠠᠭᠤᠯᠤᠨ ᠪᠢᠴᠢᠭᠰᠡᠨ ᠵᠤᠬᠢᠶᠠᠮᠵᠢ ᠶᠢᠨ ᠪᠦᠳᠦᠴᠡ ᠨᠢ ᠰᠢᠨᠵᠢᠯᠡᠬᠦ ᠤᠬᠠᠭᠠᠨᠴᠢ᠂  ᠡᠷᠳᠡᠮ ᠰᠢᠨᠵᠢᠯᠡᠭᠡᠨ ᠤ ᠤᠪᠤᠷ ᠬᠠᠨᠳᠤᠯᠭ᠎ᠠ ᠪᠠᠷ ᠨᠠᠷᠢᠨ ᠬᠢᠨᠠᠮᠠᠭᠠᠢ᠂ ᠲᠤᠰ ᠨᠤᠮ ᠢ ᠡᠩ ᠲᠡᠷᠢᠭᠦᠨ ᠳᠤ ᠰᠠᠩᠬᠦᠵᠢᠭᠦᠯᠦᠨ ᠳᠡᠮᠵᠢᠵᠤ ᠬᠡᠪᠯᠡᠭᠦᠯᠪᠠᠯ ᠵᠤᠬᠢᠨ᠎ᠠ ᠭᠡᠵᠤ ᠲᠤᠰᠬᠠᠢ ᠮᠡᠷᠭᠡᠵᠢᠯᠳᠡᠨ ᠤ ᠲᠤᠭᠤᠶᠢᠯᠠᠩ ᠤᠨ ᠬᠢᠨ ᠰᠠᠨᠠᠯ ᠨᠢᠭᠡᠳᠡᠢ ᠦᠵᠡᠵᠦ ᠪᠠᠶᠢᠨ᠎ᠠ᠃      ᠲᠤᠭᠤᠶᠢᠯᠠᠩ  ᠤᠨ ᠳᠠᠷᠤᠭ᠎ᠠ᠄  ᠪᠠᠢ ᠮᠸᠡᠭ ᠰᠢᠤᠸᠠᠨ᠂ ᠳᠡᠳ᠋ ᠫᠷᠤᠹᠧᠰᠰᠤᠷ᠂ ᠦᠪᠦᠷ ᠮᠤᠩᠭᠤᠯ  ᠤᠨ ᠶᠡᠭᠡ ᠰᠤᠷᠭᠠᠭᠤᠯᠢ  ᠶᠢᠨ ᠮᠤᠩᠭᠤᠯ ᠰᠤᠳᠤᠯᠤᠯ  ᠤᠨ ᠳᠡᠭᠡᠳᠤ ᠰᠤᠷᠭᠠᠭᠤᠯᠢ  ᠂ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ  ᠶᠢᠨ ᠮᠡᠳᠡᠯᠭᠡᠳᠡᠨ ᠴᠤᠯᠠᠳᠤ ᠰᠤᠳᠤᠯᠤᠨ ᠰᠤᠷᠤᠭᠴᠢ  ᠤᠨ ᠵᠢᠯᠤᠭᠤᠳᠤᠭᠴᠢ ᠪᠠᠭᠰᠢ᠃      ᠲᠤᠰᠬᠠᠢ ᠮᠡᠷᠭᠡᠵᠢᠯᠳᠡᠨ  ᠤ ᠲᠤᠭᠤᠶᠢᠯᠠᠩ  ᠤᠨ ᠭᠡᠰᠢᠭᠦᠨ᠄      ᠮᠠ ᠵᠠᠨ ᠰᠢᠶᠠᠩ᠂ ᠫᠷᠤᠹᠧᠰᠰᠤᠷ᠂ ᠦᠪᠦᠷ ᠮᠤᠩᠭᠤᠯ  ᠤᠨ ᠪᠠᠭᠰᠢ  ᠶᠢᠨ ᠶᠡᠭᠡ ᠰᠤᠷᠭᠠᠭᠤᠯᠢ  ᠶᠢᠨ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ  ᠶᠢᠨ ᠮᠡᠳᠡᠯᠭᠡᠳᠡᠨ ︵ᠮᠠᠰᠲ᠋ᠧᠷ︶ ᠴᠤᠯᠠᠳᠤ ᠰᠤᠳᠤᠯᠤᠨ ᠰᠤᠷᠤᠭᠴᠢ ᠎ ᠤᠨ ᠵᠢᠯᠤᠭᠤᠳᠤᠭᠴᠢ ᠪᠠᠭᠰᠢ᠃      ᠴᠧᠨ ᠶᠠ ᠵᠢᠶᠧ᠂ ᠫᠷᠤᠹᠧᠰᠰᠤᠷ᠂ ᠦᠪᠦᠷ ᠮᠤᠩᠭᠤᠯ  ᠤᠨ ᠠᠵᠤ ᠦᠢᠯᠡᠳᠪᠤᠷᠢ  ᠶᠢᠨ ᠶᠡᠭᠡ ᠰᠤᠷᠭᠠᠭᠤᠯᠢ ᠎ ᠶᠢᠨ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ  ᠶᠢᠨ ᠮᠡᠳᠡᠯᠭᠡᠳᠡᠨ ᠴᠤᠯᠠᠳᠤ ᠰᠤᠳᠤᠯᠤᠨ ᠰᠤᠷᠤᠭᠴᠢ  ᠤᠨ ᠵᠢᠯᠤᠭᠤᠳᠤᠭᠴᠢ ᠪᠠᠭᠰᠢ᠃      ᠪᠠᠢ ᠮᠸᠡᠭ ᠰᠢᠤᠸᠠᠨ᠂ ᠳᠡᠳ᠋ ᠫᠷᠤᠹᠧᠰᠰᠤᠷ᠂ ᠦᠪᠦᠷ ᠮᠤᠩᠭᠤᠯ  ᠤᠨ ᠶᠡᠭᠡ ᠰᠤᠷᠭᠠᠭᠤᠯᠢ  ᠶᠢᠨ ᠮᠤᠩᠭᠤᠯ ᠰᠤᠳᠤᠯᠤᠯ  ᠤᠨ ᠳᠡᠭᠡᠳᠤ ᠰᠤᠷᠭᠠᠭᠤᠯᠢ  ᠂ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ  ᠶᠢᠨ ᠮᠡᠳᠡᠯᠭᠡᠳᠡᠨ ᠴᠤᠯᠠᠳᠤ ᠰᠤᠳᠤᠯᠤᠨ ᠰᠤᠷᠤᠭᠴᠢ  ᠤᠨ ᠵᠢᠯᠤᠭᠤᠳᠤᠭᠴᠢ ᠪᠠᠭᠰᠢ᠃      ᠸᠠᠩ ᠰᠦᠡᠭ ᠲᠤᠤ᠂ ᠳᠡᠳ᠋ ᠫᠷᠤᠹᠧᠰᠰᠤᠷ᠂ ᠦᠪᠦᠷ ᠮᠤᠩᠭᠤᠯ  ᠤᠨ ᠶᠡᠭᠡ ᠰᠤᠷᠭᠠᠭᠤᠯᠢ  ᠶᠢᠨ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ  ᠶᠢᠨ ᠮᠡᠳᠡᠯᠭᠡᠳᠡᠨ ᠴᠤᠯᠠᠳᠤ ᠰᠤᠳᠤᠯᠤᠨ ᠰᠤᠷᠤᠭᠴᠢ  ᠤᠨ ᠵᠢᠯᠤᠭᠤᠳᠤᠭᠴᠢ ᠪᠠᠭᠰᠢ᠃      ᠠᠰᠠᠷᠤ᠂ ᠲᠤᠰᠠᠯᠠᠭᠴᠢ ᠪᠠᠭᠰᠢ᠂ ᠦᠪᠦᠷ ᠮᠤᠩᠭᠤᠯ  ᠤᠨ ᠲᠠᠷᠢᠶᠠᠯᠠᠩ  ᠤᠨ ᠶᠡᠭᠡ ᠰᠤᠷᠭᠠᠭᠤᠯᠢ  ᠶᠢᠨ ᠭᠠᠳᠠᠭᠠᠳᠤ ᠬᠡᠯᠡᠨ  ᠤ ᠳᠡᠭᠡᠳᠤ ᠰᠤᠷᠭᠠᠭᠤᠯᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠰᠤᠳᠤᠯᠤᠯ ᠤᠨ ᠰᠤᠷᠠᠭ ᠵᠠᠩᠬᠢ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号