《 ᠬᠤᠶᠠᠷ ᠬᠤᠷᠠᠯ ᠤᠨ ᠲᠠᠭᠤᠨ》ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2019-01-29
           ᠴᠠᠭ᠄  2019-01-29            ᠡᠷᠬᠢᠮ ᠵᠣᠴᠢᠨ᠄ ᠸᠠᠩ ᠢᠦᠢ ᠵᠧᠨ᠂ ᠯᠢ ᠪᠣᠣ᠂ ᠰᠦᠨ ᠰᠢᠶᠠᠩ ᠶᠠᠩ      ᠠᠬᠤᠢ ᠪᠠᠶᠢᠳᠠᠯ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠶᠠᠷ ᠬᠤᠷᠠᠯ ᠶᠠᠪᠤᠭᠳᠠᠬᠤ ᠳᠤᠮᠳᠠ᠂ ᠡᠯ᠎ᠡ ᠠᠵᠢᠯ ᠲᠥᠷᠥᠯ ᠠᠴᠠ ᠢᠷᠡᠭᠰᠡᠨ ᠲᠥᠯᠥᠭᠡᠯᠡᠭᠴᠢᠳ ᠭᠡᠰᠢᠭᠦᠳ ᠤᠨ ᠤᠷᠮ᠎ᠠ ᠵᠣᠷᠢᠭ ᠣᠷᠭᠢᠯᠤᠮ᠎ᠠ ᠪᠠᠶᠢᠵᠦ᠂ ᠭᠤᠷᠪᠠᠨ ᠡᠳᠦᠷ ᠤᠨ ᠴᠠᠭ ᠬᠤᠭᠤᠴᠠᠭᠠᠨ ᠤ ᠳᠣᠲᠣᠷ᠎ᠠ ᠨᠢᠭᠡ ᠲᠠᠩᠬᠢᠮ ᠳᠤ ᠴᠤᠭᠯᠠᠷᠠᠨ  ᠬᠦᠴᠦᠨ ᠴᠢᠳᠠᠯ ᠢᠶᠠᠨ ᠨᠢᠭᠲᠠᠷᠠᠭᠤᠯᠤᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠨ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠠᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠨᠥᠳᠥᠷ《 ᠪᠠᠶ᠋ᠬᠠᠣᠪᠤᠭ᠎ᠠ ᠶᠢᠨ ᠬᠠᠷᠠᠭᠠᠰᠤ》᠎ ᠠᠴᠠ ᠭᠤᠷᠪᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠢ ᠣᠨᠴᠠ ᠤᠷᠢᠭᠰᠠᠨ ᠪᠠᠶᠢᠨ᠎ᠠ᠃ ᠳᠣᠣᠷ᠎ᠠ ᠬᠠᠮᠲᠤᠪᠠᠷ ᠲᠡᠳᠡᠨ ᠤ《ᠬᠤᠶᠠᠷ ᠬᠤᠷᠠᠯ ᠤᠨ ᠲᠠᠭᠤᠨ》᠎ ᠢ ᠰᠣᠨᠣᠰᠤᠶ᠎ᠠ᠃      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠶᠠᠷ ᠬᠤᠷᠠᠯ ᠶᠠᠪᠤᠭᠳᠠᠬᠤ ᠳᠤᠮᠳᠠ᠂ ᠡᠯ᠎ᠡ ᠠᠵᠢᠯ ᠲᠥᠷᠥᠯ ᠠᠴᠠ ᠢᠷᠡᠭᠰᠡᠨ ᠲᠥᠯᠥᠭᠡᠯᠡᠭᠴᠢᠳ ᠭᠡᠰᠢᠭᠦᠳ ᠤᠨ ᠤᠷᠮ᠎ᠠ ᠵᠣᠷᠢᠭ ᠣᠷᠭᠢᠯᠤᠮ᠎ᠠ ᠪᠠᠶᠢᠵᠦ᠂ ᠭᠤᠷᠪᠠᠨ ᠡᠳᠦᠷ ᠤᠨ ᠴᠠᠭ ᠬᠤᠭᠤᠴᠠᠭᠠᠨ ᠤ ᠳᠣᠲᠣᠷ᠎ᠠ ᠨᠢᠭᠡ ᠲᠠᠩᠬᠢᠮ ᠳᠤ ᠴᠤᠭᠯᠠᠷᠠᠨ  ᠬᠦᠴᠦᠨ ᠴᠢᠳᠠᠯ ᠢᠶᠠᠨ ᠨᠢᠭᠲᠠᠷᠠᠭᠤᠯᠤᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠨ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠠᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠨᠥᠳᠥᠷ《 ᠪᠠᠶ᠋ᠬᠠᠣᠪᠤᠭ᠎ᠠ ᠶᠢᠨ ᠬᠠᠷᠠᠭᠠᠰᠤ》᠎ ᠠᠴᠠ ᠭᠤᠷᠪᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠢ ᠣᠨᠴᠠ ᠤᠷᠢᠭᠰᠠᠨ ᠪᠠᠶᠢᠨ᠎ᠠ᠃ ᠳᠣᠣᠷ᠎ᠠ ᠬᠠᠮᠲᠤᠪᠠᠷ ᠲᠡᠳᠡᠨ ᠤ《ᠬᠤᠶᠠᠷ ᠬᠤᠷᠠᠯ ᠤᠨ ᠲᠠᠭᠤᠨ》᠎ ᠢ ᠰᠣᠨᠣᠰᠤᠶ᠎ᠠ᠃      ᠰᠤᠷᠪᠤᠯᠵᠢᠯᠠᠭᠴᠢ᠄ ᠲᠠ《ᠬᠤᠶᠠᠷ ᠬᠤᠷᠠᠯ》᠎ ᠶᠢᠨ ᠲᠤᠬᠠᠢ ᠲᠠᠨᠢᠯᠲᠠ ᠪᠠ ᠨᠥᠯᠥᠭᠡ ᠶᠢ ᠬᠡᠷᠬᠢᠨ ᠦᠵᠡᠵᠦ ᠪᠠᠶᠢᠬᠤ ᠪᠣᠢ︖      ᠸᠠᠩ ᠢᠦᠢ ᠵᠧᠨ᠄ ᠥᠨᠥᠳᠥᠷ ᠰᠢᠥᠸ᠋ ᠲᠡᠷᠢᠭᠦᠯᠡᠭᠴᠢ ᠶᠢᠨ ᠠᠵᠢᠯ ᠤᠨ ᠢᠯᠡᠳᠭᠡᠯ ᠢ ᠰᠣᠨᠣᠰᠤᠭᠠᠳ ᠰᠡᠳᠬᠢᠯ ᠲᠤᠩ ᠥᠨᠳᠥᠷ ᠪᠠᠶᠢᠨ᠎ᠠ᠃ ᠨᠢᠭᠡ ᠵᠢᠯ ᠤᠨ ᠲᠤᠷᠰᠢ᠂ ᠡᠯ᠎ᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠥᠮ ᠥᠪᠡᠷ ᠤᠨ ᠢᠳᠡᠪᠬᠢ ᠦᠢᠯᠡᠳᠦᠯ ᠢᠶᠠᠨ ᠪᠠᠳᠠᠷᠠᠭᠤᠯᠪᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠭᠡᠰᠢᠭᠦᠨ ᠪᠣᠯᠤᠭᠰᠠᠨ ᠤ ᠬᠤᠪᠢ ᠳᠤ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠡᠨᠡᠬᠦ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠣᠲᠠᠲᠠᠢ ᠤᠯᠠᠮᠵᠢᠯᠠᠵᠤ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢᠨ ᠬᠠᠮᠲᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠰᠤᠷᠪᠤᠯᠵᠢᠯᠠᠭᠴᠢ᠄ ᠲᠠ《ᠬᠤᠶᠠᠷ ᠬᠤᠷᠠᠯ》᠎ ᠶᠢᠨ ᠲᠤᠬᠠᠢ ᠲᠠᠨᠢᠯᠲᠠ ᠪᠠ ᠨᠥᠯᠥᠭᠡ ᠶᠢ ᠬᠡᠷᠬᠢᠨ ᠦᠵᠡᠵᠦ ᠪᠠᠶᠢᠬᠤ ᠪᠣᠢ︖      ᠯᠢ ᠪᠣᠣ᠄ ᠰᠠᠶ᠋ᠢ ᠰᠢᠥᠸ᠋ ᠲᠡᠷᠢᠭᠦᠯᠡᠭᠴᠢ ᠶᠢᠨ ᠠᠵᠢᠯ ᠤᠨ ᠢᠯᠡᠳᠭᠡᠯ ᠢ ᠰᠣᠨᠣᠰᠤᠭᠠᠳ ᠮᠠᠰᠢ ᠶᠡᠭᠡ ᠵᠣᠷᠢᠭᠵᠢᠭᠤᠯᠤᠯ ᠣᠯᠣᠭᠰᠠᠨ ᠪᠠᠶᠢᠨ᠎ᠠ᠃ ᠨᠢᠭᠡ ᠵᠢᠯ ᠤᠨ ᠲᠤᠷᠰᠢ ᠲᠣᠭᠤᠷᠢᠭ ‍ᠤᠨ‌ᠤᠯᠤᠰ ᠲᠥᠷᠥ ᠶᠢᠨ ᠵᠥᠪᠯᠡᠯᠭᠡᠨ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃      ᠰᠢᠥᠸ᠋ ᠲᠡᠷᠢᠭᠦᠯᠡᠭᠴᠢ ᠶᠢᠨ ᠠᠵᠢᠯ ᠤᠨ ᠢᠯᠡᠳᠭᠡᠯ ᠳᠤᠮᠳᠠ 2018 ᠣᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠡᠷᠭᠢᠴᠡᠭᠦᠯᠦᠯ ᠢ ᠬᠢᠭᠰᠡᠨ ᠮᠥᠷᠲᠡᠭᠡᠨ 2019 ᠣᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠳᠤ ᠪᠦᠬᠦ ᠲᠠᠯ᠎ᠠ ᠶᠢᠨ ᠰᠢᠰᠲ᠋ᠧᠮ ᠲᠠᠢ ᠲᠣᠬᠢᠷᠠᠭᠤᠯᠤᠭ᠎ᠠ ᠬᠢᠭᠰᠡᠨ ᠪᠠᠶᠢᠨ᠎ᠠ᠃ ᠰᠢᠥᠸ᠋ ᠲᠡᠷᠢᠭᠦᠯᠡᠭᠴᠢ ᠶᠢᠨ ᠠᠵᠢᠯ ᠤᠨ ᠢᠯᠡᠳᠭᠡᠯ ᠬᠡᠷᠡᠭᠵᠢᠭᠦᠯᠦᠰᠢᠲᠡᠢ ᠮᠥᠷᠲᠡᠭᠡᠨ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠲᠤ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠵᠢᠯᠣᠭᠤᠳᠤᠯᠭ᠎ᠠ ᠶᠢᠨ ᠴᠢᠨᠠᠷᠲᠠᠢ ᠶᠤᠮ᠃ ᠡᠪ ᠬᠠᠮᠲᠤ ᠨᠠᠮ ᠤᠨ ᠡᠪᠯᠡᠯ ᠤᠨ ᠬᠤᠭᠤᠴᠠᠭᠠᠨ ᠤ ᠭᠡᠰᠢᠭᠦᠨ ᠤ ᠲᠥᠯᠦᠭᠡᠯᠡᠭᠴᠢ ᠪᠣᠯᠤᠭᠰᠠᠨ ᠬᠤᠪᠢ ᠳᠤ ᠮᠥᠨᠴᠦ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠪᠣᠯᠤᠭᠰᠠᠨ ᠬᠤᠪᠢ ᠳᠤ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡᠯᠡᠪᠡᠰᠦ ᠵᠣᠬᠢᠬᠤ ᠡᠭᠦᠷᠭᠡ ᠪᠠ ᠡᠷᠭᠦᠨ ᠵᠣᠷᠢᠭᠤᠯᠬᠤ ᠳᠤ ᠪᠡᠯᠡᠬᠡᠨ ᠪᠠᠶᠢᠨ᠎ᠠ᠃      ᠰᠤᠷᠪᠤᠯᠵᠢᠯᠠᠭᠴᠢ᠄ ᠲᠠ《ᠬᠤᠶᠠᠷ ᠬᠤᠷᠠᠯ》᠎ ᠶᠢᠨ ᠲᠤᠬᠠᠢ ᠲᠠᠨᠢᠯᠲᠠ ᠪᠠ ᠨᠥᠯᠥᠭᠡ ᠶᠢ ᠬᠡᠷᠬᠢᠨ ᠦᠵᠡᠵᠦ ᠪᠠᠶᠢᠬᠤ ᠪᠣᠢ︖      ᠰᠦᠨ ᠰᠢᠶᠠᠩ ᠶᠠᠩ  ᠄ ᠰᠠᠶ᠋ᠢ ᠰᠢᠥᠸ᠋ ᠲᠡᠷᠢᠭᠦᠯᠡᠭᠴᠢ ᠶᠢᠨ ᠠᠵᠢᠯ ᠤᠨ ᠢᠯᠡᠳᠭᠡᠯ ᠢ ᠰᠣᠨᠣᠰᠤᠭᠠᠳ᠂ ᠮᠠᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ 2018 ᠣᠨ ᠳᠤ ᠬᠢᠭᠰᠡᠨ ᠶᠡᠭᠡ ᠬᠡᠮᠵᠢᠶᠡᠨ ᠤ ᠠᠵᠢᠯ ᠢ ᠪᠡᠶ᠎ᠡ ᠪᠠᠷ ᠢᠶᠠᠨ ᠣᠶᠢᠯᠭᠠᠭᠰᠠᠨ ᠶᠤᠮ᠂ ᠰᠢᠥᠸ᠋ ᠲᠡᠷᠢᠭᠦᠯᠡᠭᠴᠢ ᠠᠷᠠᠳ ᠤᠨ ᠠᠮᠢᠳᠤᠷᠠᠯ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠠᠴᠠ ᠲᠦᠢᠯ ᠤᠨ ᠨᠠᠷᠢᠨ ᠨᠢᠭᠲᠠ ᠲᠣᠳᠣᠷᠬᠠᠶᠢᠯᠠᠨ ᠦᠭᠦᠯᠡᠭᠰᠡᠨ ᠢᠶᠠᠷ ᠪᠠᠷᠠᠬᠤ ᠦᠭᠡᠢ ᠬᠡᠷᠡᠭ ᠪᠣᠯᠭᠠᠨ ᠳᠠᠩᠰᠠᠯᠠᠬᠤ᠂ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠦᠷᠢᠯᠡᠬᠦ ᠵᠡᠷᠭᠡ ᠨᠢ ᠠᠵᠢᠯ ᠤᠨ ᠦᠷ᠎ᠡ ᠪᠦᠲᠦᠮᠵᠢ᠂ ᠠᠷᠠᠳ ᠤᠨ ᠪᠣᠳᠠᠳᠣ ᠠᠰᠢᠭ ᠤᠨ ᠲᠠᠯ᠎ᠠ ᠠᠴᠠ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃2019 ᠣᠨ ᠳᠤ ᠲᠣᠭᠤᠷᠢᠭ ᠤᠨ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠳᠣᠣᠷ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠡᠯ᠎ᠡ ᠠᠵᠢᠯ ᠲᠥᠷᠥᠯ ᠴᠡᠴᠡᠭᠯᠡᠨ ᠬᠥᠭᠵᠢᠵᠦ᠂ ᠨᠡᠩ ᠰᠠᠶᠢᠨ ᠬᠥᠭᠵᠢᠯᠲᠡ ᠲᠠᠢ ᠪᠣᠯᠣᠨ᠎ᠠ᠃ ᠤᠳᠬ᠎ᠠ ᠤᠷᠠᠯᠢᠭ ᠤᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢᠳᠠᠨ ᠡᠭᠦᠷᠭᠡ ᠲᠤᠰᠢᠶᠠᠯ ᠠᠷᠭ᠎ᠠ ᠵᠥᠪᠯᠡᠯᠭᠡ ᠳᠤᠷᠠᠳᠬᠤ ᠲᠠᠯ᠎ᠠ ᠪᠠᠷ ᠢᠳᠡᠪᠬᠢᠲᠡᠢ ᠣᠯᠠᠨ ᠨᠡᠶᠢᠲᠡ ᠶᠢᠨ ᠣᠬᠠᠭᠠᠨ ᠢ ᠲᠥᠪᠯᠡᠷᠡᠭᠦᠯᠦᠨ᠂ ᠠᠷᠠᠳ ᠤᠨ ᠠᠮᠢᠳᠤᠷᠠᠯ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠤᠭᠯᠠᠷᠠᠭᠤᠯᠤᠨ ᠢᠲᠡᠭᠡᠭᠦᠯᠬᠦ ᠬᠦᠴᠦᠨ ᠲᠠᠢ ᠳᠤᠷᠠᠳᠤᠯᠭ᠎ᠠ ᠪᠣᠯᠭᠠᠨ ᠬᠤᠷᠠᠮᠳᠤᠭᠤᠯᠵᠤ ᠳᠡᠭᠡᠳᠦ ᠱᠠᠲᠤᠨ ᠳᠤ  ᠲᠤᠰᠢᠶᠠᠨ ᠮᠠᠨ ᠤ ᠤᠯᠤᠰ ᠲᠥᠷᠦ ᠶᠢᠨ ᠵᠥᠪᠯᠡᠯᠭᠡᠨ ᠤ ᠲᠥᠯᠦᠭᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠦ ᠠᠬᠤᠢ ᠶᠢᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠶ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号