ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠤᠨ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2019-01-29
     ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠣᠭᠤᠲᠤ ᠬᠤᠲᠠ᠂ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠲᠣᠬᠢᠷᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠬᠠᠷ᠎ᠠ ᠪᠥᠯᠦᠭᠲᠡᠨ ᠬᠠᠷᠬᠢᠰ ᠬᠦᠴᠦᠨ ᠢ ᠦᠨᠡᠨᠬᠦ ᠠᠷᠢᠯᠭᠠᠵᠤ᠂ ᠬᠠᠷ᠎ᠠ ᠪᠥᠯᠦᠭᠲᠡᠨ ᠬᠠᠷᠬᠢᠰ ᠬᠦᠴᠦᠨ ᠳᠤ ᠴᠣᠬᠢᠯᠲᠠ ᠥᠭᠬᠦ ᠪᠠ ᠰᠡᠷᠭᠡᠶᠢᠯᠡᠬᠦ ᠲᠣᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠨᠢ ᠪᠤᠲᠠᠲᠠᠢ ᠪᠠᠶᠢᠳᠠᠯ ᠢ ᠦᠨᠳᠦᠰᠦᠯᠡᠨ᠂ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠣᠳᠣᠬᠠᠨ ᠤ ᠬᠠᠷ᠎ᠠ ᠪᠥᠯᠦᠭᠲᠡᠨ ᠬᠠᠷᠬᠢᠰ ᠬᠦᠴᠦᠨ ᠤ ᠠᠰᠠᠭᠤᠳᠠᠯ ᠳᠤ ᠬᠠᠨᠳᠤᠭᠤᠯᠵᠤ᠂ ᠲᠤᠰᠬᠠᠢ ᠲᠥᠷᠦᠯ ᠤᠨ ᠵᠠᠰᠠᠯᠲᠠ ᠶᠢ ᠰᠢᠰᠲ᠋ᠧᠮᠲᠦ ᠵᠠᠰᠠᠯᠲᠠ ᠪᠠ ᠶᠡᠷᠦᠩᠬᠡᠶᠢᠯᠡᠭᠰᠡᠨ ᠵᠠᠰᠠᠯᠲᠠ ᠲᠠᠢ ᠤᠶᠠᠯᠳᠤᠭᠤᠯᠵᠤ᠂ ᠦᠵᠡᠯ ᠰᠠᠨᠠᠭ᠎ᠠ᠂ ᠤᠯᠤᠰ ᠲᠥᠷᠦ  ᠪᠠ ᠠᠵᠢᠯᠯᠠᠭᠠᠨ ᠢᠶᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠪᠣᠭᠤᠲᠤ ᠬᠤᠲᠠ᠂ ᠲᠣᠭᠤᠷᠢᠭ ᠤᠨ ᠨᠠᠮ ᠤᠨ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠥᠨᠳᠦᠷ ᠪᠥᠲᠦᠮᠵᠢ ᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠲᠣᠭᠲᠠᠭᠤᠨ ᠨᠡᠶᠢᠭᠡᠮ ᠤᠨ ᠣᠷᠴᠢᠨ ᠢ ᠪᠤᠢ ᠪᠣᠯᠭᠠᠨ᠎ᠠ᠃ᠬᠤᠶᠠᠷ᠂ ᠠᠵᠢᠯ ᠤᠨ ᠬᠠᠷᠠᠯᠲᠠ     ᠬᠠᠷ᠎ᠠ ᠪᠥᠯᠦᠭᠲᠡᠨ ᠬᠠᠷᠬᠢᠰ ᠬᠦᠴᠦᠨ ᠪᠠ ᠲᠡᠭᠦᠨ ᠤ ᠥᠮᠦᠭ ᠬᠠᠯᠬᠠᠪᠴᠢ ᠶᠢ ᠡᠷᠡᠰ ᠠᠶᠢᠯᠭᠠᠨ᠎ᠠ᠃ ᠬᠠᠷ᠎ᠠ ᠪᠥᠯᠦᠭᠲᠡᠨ ᠬᠠᠷᠬᠢᠰ ᠬᠦᠴᠦᠨ ᠳᠤ ᠴᠣᠬᠢᠯᠲᠠ ᠥᠭᠬᠦ ᠪᠠ ᠰᠡᠷᠭᠡᠶᠢᠯᠡᠬᠦ ᠲᠣᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠬᠠᠷᠬᠢᠰ ᠬᠦᠴᠦᠨ ᠪᠤᠢ ᠪᠣᠯᠬᠤ ᠶᠢ ᠬᠤᠷᠢᠭᠯᠠᠨ᠂ ᠬᠠᠷᠬᠢᠰ ᠬᠦᠴᠦᠨ ᠤ ᠣᠷᠤᠰᠢᠨ ᠲᠣᠭᠲᠠᠨᠢᠬᠤ ᠬᠥᠷᠦᠰᠦ ᠰᠢᠷᠤᠢ ᠶᠢ ᠡᠷᠡᠰ ᠠᠷᠢᠯᠭᠠᠨ᠎ᠠ᠃ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠶᠠᠷ ᠳᠠᠮᠵᠢᠭᠤᠯᠤᠨ᠂ ᠨᠡᠶᠢᠭᠡᠮ ᠤᠨ ᠠᠮᠤᠷ ᠲᠥᠪᠰᠢᠨ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ᠭᠤᠷᠪᠠ᠂ ᠠᠵᠢᠯ ᠤᠨ ᠠᠷᠭ᠎ᠠ ᠠᠪᠴᠢᠯ      ︵ᠨᠢᠭᠡ︶  ᠰᠥᠪᠡᠭᠴᠢ ᠶᠢ ᠪᠠᠶᠢᠴᠠᠭᠠᠬᠤ᠂ ᠠᠵᠢᠯ ᠤᠨ ᠬᠠᠷᠠᠭᠠᠨ ᠳᠤ ᠣᠷᠤᠭᠤᠯᠬᠤ ᠶᠢ ᠴᠢᠩᠭᠠᠳᠬᠠᠨ᠎ᠠ᠃ ᠪᠥᠬᠦ ᠲᠠᠯ᠎ᠠ ᠪᠠᠷ ᠪᠠᠶᠢᠴᠠᠭᠠᠯᠲᠠ ᠬᠢᠵᠦ᠂ ᠪᠠᠶᠢᠳᠠᠯ ᠢ ᠲᠣᠳᠤᠷᠬᠠᠢ ᠮᠡᠳᠡᠬᠦ ᠶᠢ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠵᠢᠴᠢ ᠵᠠᠰᠠᠭ ᠤᠨ ᠣᠷᠳᠤᠨ ᠤ ᠰᠦᠯᠵᠢᠶ᠎ᠡ ᠶᠢ ᠠᠰᠢᠭᠯᠠᠨ ᠣᠶᠢᠷ᠎ᠠ ᠶᠢᠨ ᠵᠢᠯ ᠤᠨ ᠡᠶᠢᠮᠦᠷᠬᠦᠦ ᠬᠡᠷᠡᠭ ᠤᠨ ᠰᠦᠪᠡᠭᠴᠢ ᠶᠢ ᠡᠷᠢᠵᠦ᠂ ᠣᠯᠵᠤ ᠮᠡᠳᠡᠭᠰᠡᠨ ᠰᠦᠪᠡᠭᠴᠢ ᠶᠢ ᠴᠠᠭ ᠲᠤᠬᠠᠢ ᠳᠤ ᠨᠢ ᠪᠠᠶᠢᠴᠠᠭᠠᠨ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠭᠦᠨ᠎ᠡ᠃      ︵ᠬᠤᠶᠠᠷ︶ ᠬᠢᠨᠠᠯᠲᠠ ᠺᠠᠳ᠋ᠷ ᠲᠠᠯᠪᠢᠵᠦ ᠰᠠᠬᠢᠯᠭ᠎ᠠ ᠪᠠᠲᠤ ᠬᠡᠷᠡᠭᠵᠢᠭᠦᠯᠬᠦ᠂ ᠬᠠᠷ᠎ᠠ ᠪᠥᠯᠦᠭᠲᠡᠨ ᠬᠠᠷᠬᠢᠰ ᠬᠦᠴᠦᠨ ᠤ ᠥᠮᠭ ᠬᠠᠯᠬᠠᠪᠴᠢ ᠶᠢ ᠭᠦᠨ ᠠᠭᠤᠳᠠᠯᠬᠤ ᠶᠢ ᠴᠢᠩᠭᠠᠳᠬᠠᠨ᠎ᠠ᠃ ᠵᠠᠰᠠᠭ ᠤᠨ ᠣᠷᠳᠤᠨ ᠤ ᠠᠯᠪᠠᠨ ᠭᠡᠷ ᠎ ᠨᠢ ᠪᠠᠶᠢᠭᠤᠯᠭ᠎ᠠ ᠶᠢᠨ ᠨᠠᠮ ᠤᠨ ᠬᠡᠰᠢᠭᠦᠨ᠂ ᠺᠠᠳ᠋ᠷ ᠤᠨ ᠬᠠᠷ᠎ᠠ ᠪᠥᠯᠦᠭᠲᠡᠨ ᠬᠠᠷᠬᠢᠰ ᠬᠦᠴᠦᠨ ᠲᠠᠢ ᠬᠤᠯᠪᠤᠭᠳᠠᠭᠰᠠᠨ ᠠᠰᠠᠭᠤᠳᠠᠯ ᠢ ᠣᠯᠠᠨ ᠲᠦᠮᠡᠨ ᠤ ᠳᠡᠷᠭᠡᠲᠡᠬᠢ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠪᠣᠯᠭᠠᠨ᠂ ᠰᠠᠬᠢᠯᠭ᠎ᠠ ᠪᠠᠲᠤ ᠬᠢᠨᠠᠯᠲᠠ ᠲᠠᠯᠪᠢᠬᠤ ᠠᠵᠢᠯ ᠤᠨ ᠠᠭᠤᠯᠭ᠎ᠠ ᠳᠤ ᠣᠷᠤᠭᠤᠯᠵᠤ᠂ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯ ᠤᠨ ᠳᠤᠮᠳᠡ ᠢᠯᠡᠷᠡᠭᠦᠯᠦᠭᠰᠡᠨ ᠥᠮᠦᠭ ᠬᠠᠯᠬᠠᠪᠴᠢ ᠶᠢᠨ ᠠᠰᠠᠭᠤᠳᠠᠯ ᠤᠨ ᠰᠦᠪᠡᠭᠴᠢ ᠶᠢ ᠤᠷᠢᠳᠠᠪᠡᠷ ᠰᠢᠢᠳᠪᠦᠷᠢᠯᠡᠵᠦ᠂ ᠬᠡᠨ ᠲᠠᠢ ᠬᠤᠯᠪᠤᠭᠳᠠᠭᠰᠠᠨ ᠴᠦ ᠡᠴᠦᠰ ᠲᠤ ᠨᠢ ᠲᠤᠯᠲᠠᠯ᠎ᠠ ᠪᠠᠶᠢᠴᠠᠭᠠᠬᠤ ᠬᠡᠷᠡᠭᠲᠡᠢ᠃      ︵ᠭᠤᠷᠪᠠ︶  ᠡᠬᠢ ᠡᠭᠦᠰᠦᠯ ᠢ ᠨᠢ ᠰᠡᠷᠭᠡᠶᠢᠯᠡᠨ ᠵᠠᠰᠠᠵᠤ᠂  ᠴᠣᠬᠢᠯᠲᠠ ᠥᠭᠬᠦ ᠪᠠ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ ᠶᠢ ᠴᠢᠩᠭᠠᠳᠬᠠᠨ᠎ᠠ᠃ ᠡᠷᠲᠡ ᠴᠣᠬᠢᠯᠲᠠ ᠥᠭᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠬᠠᠷᠬᠢᠰ ᠬᠦᠴᠦᠨ ᠤ ᠣᠷᠤᠰᠢᠨ ᠲᠣᠭᠲᠠᠨᠢᠬᠤ ᠬᠥᠷᠦᠰᠦ ᠰᠢᠷᠤᠢ ᠶᠢ ᠡᠷᠡᠰ ᠠᠷᠢᠯᠭᠠᠨ᠎ᠠ᠃ ᠬᠠᠷ᠎ᠠ ᠪᠥᠯᠦᠭᠲᠡᠨ ᠬᠠᠷᠬᠢᠰ ᠬᠦᠴᠦᠨ ᠳᠤ ᠴᠣᠬᠢᠯᠲᠠ ᠥᠭᠬᠦ ᠪᠠ ᠰᠡᠷᠭᠡᠶᠢᠯᠡᠬᠦ ᠲᠣᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠬᠠᠷ᠎ᠠ ᠪᠥᠯᠦᠭᠲᠡᠨ ᠬᠠᠷᠬᠢᠰ ᠬᠦᠴᠦᠨ ᠤ ᠡᠭᠦᠰᠬᠦ ᠣᠷᠤᠨ ᠵᠠᠢ ᠶᠢ ᠬᠠᠮᠤᠭ ᠶᠡᠭᠡ ᠬᠡᠮᠵᠢᠶ᠎ᠡ ᠪᠠᠷ ᠰᠢᠬᠠᠨ᠎ᠠ᠃ ᠡᠳᠦᠷ ᠳᠣᠲᠤᠮ ᠤᠨ ᠬᠢᠨᠠᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠬᠠᠥᠯᠢ ᠴᠠᠭᠠᠵᠠ ᠶᠢᠨ ᠪᠠᠶᠢᠭᠤᠯᠭ᠎ᠠ ᠬᠤᠯᠪᠣᠭᠠᠯᠠᠨ᠂ ᠠᠵᠢᠯᠯᠠᠬᠤ ᠲᠣᠭᠲᠠᠴᠠ ᠶᠢ ᠪᠠᠶᠢᠭᠤᠯᠵᠤ᠂ ᠬᠠᠷ᠎ᠠ ᠪᠥᠯᠦᠭᠲᠡᠨ ᠬᠠᠷᠬᠢᠰ ᠬᠦᠴᠦᠨ ᠳᠤ ᠬᠥᠨᠳᠦ ᠴᠣᠬᠢᠯᠲᠠ ᠥᠭᠭᠦᠨ᠎ᠡ      ︵ᠳᠥᠷᠪᠡ︶  ᠤᠬᠠᠭᠤᠯᠤᠨ ᠳᠠᠶᠢᠴᠢᠯᠠᠵᠤ᠂ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠬᠦᠴᠦᠷᠬᠡᠭ ᠶᠡᠭᠡ ᠰᠦᠷ ᠬᠦᠴᠦᠨ ᠢ ᠴᠢᠩᠭᠠᠳᠬᠠᠨ᠎ᠠ᠃ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠣᠷᠳᠤᠨ ᠤ ᠰᠦᠯᠵᠢᠶ᠎ᠡ ᠪᠠ ᠰᠢᠭᠤᠳ ᠢᠯᠡᠴᠢᠯᠡᠨ ᠮᠡᠳᠡᠭᠦᠯᠬᠦ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠠᠷᠠᠳ ᠣᠯᠠᠨ ᠢ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠠᠯ ᠳᠤ ᠳᠠᠶᠢᠴᠢᠯᠠᠨ ᠣᠷᠤᠯᠴᠠᠭᠤᠯᠤᠨ᠎ᠠ᠃                  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ                                 2018ᠣᠨ ᠤ7 ᠰᠠᠷ᠎ᠠ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号