ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤ
ᠨᠡᠶᠢᠲᠡᠯᠡᠭᠰᠡᠨ ᠴᠠᠭ᠄
2019-10-01
ᠭᠤᠤᠯ ᠰᠡᠳᠦᠪ᠄ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤᠴᠠᠭ᠄ 2019-10-01ᠵᠣᠴᠢᠨ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩᠠᠬᠤᠢ ᠪᠠᠶᠢᠳᠠᠯ᠄ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤᠰᠤᠷᠪᠤᠯᠵᠢᠯᠠᠭᠴᠢ᠄ ᠲᠠ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤ ᠳᠤᠮᠳᠠ ᠶᠠᠭᠤ ᠣᠯᠵᠤ ᠰᠣᠷᠣᠭᠰᠠᠨ ᠪᠤᠢ︖      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤ ᠳᠤᠮᠳᠠ ᠤᠭ ᠰᠠᠨᠠᠭ᠎ᠠ ᠶᠢ ᠨᠢ ᠣᠶᠢᠯᠠᠭᠠᠵᠠᠢ᠃ ᠰᠢᠨ᠎ᠡ ᠳᠤᠮᠳᠠᠳᠤ ᠤᠯᠤᠰ ᠤᠨ ᠲᠡᠤᠬᠡ ᠶᠢ ᠰᠤᠷᠤᠯᠴᠠᠬᠤ ᠪᠠᠷ ᠳᠠᠮᠵᠢᠨ ᠰᠠᠶ᠋ᠢ ᠮᠠᠨ ᠤ ᠨᠠᠮ ᠤᠨ ᠤᠷᠲᠤ ᠬᠤᠭᠤᠴᠠᠭ᠎ᠠ ᠪᠠᠷ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠨᠢ ᠬᠡᠨ ᠤ ᠲᠥᠯᠥᠭᠡ᠂ ᠬᠡᠨ ᠢ ᠲᠦᠰᠢᠭᠯᠡᠬᠦ ᠪᠣᠶ ᠂ ᠪᠢ ᠬᠡᠨ ᠪᠣᠶ ᠭᠡᠳᠡᠭ ᠢ ᠭᠦᠨᠵᠡᠭᠡᠶ ᠰᠡᠳᠬᠢᠵᠦ ᠴᠢᠳᠠᠨ᠎ᠠ᠃ ᠰᠠᠶ᠋ᠢ ᠡᠪ ᠬᠠᠮᠲᠤᠴᠤᠳ ᠪᠠ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠴᠢᠰᠤ ᠤᠷᠤᠰᠬᠠᠨ ᠠᠮᠢ ᠪᠠᠨ ᠦᠷᠡᠭᠳᠡᠭᠦᠯᠵᠦ ᠨᠠᠮ ᠪᠠ ᠠᠷᠠᠳ ᠲᠦᠮᠡᠨ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠭᠦᠨᠵᠡᠭᠡᠶ ᠣᠶᠢᠯᠠᠭᠠᠵᠤ ᠴᠢᠳᠠᠨ᠎ᠠ᠃ ᠰᠠᠶ᠋ᠢ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠶᠢᠨ ᠠᠷᠤ ᠳᠠᠬᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ ᠰᠣᠶᠣᠯ ᠤᠨ ᠳᠠᠪᠠᠭᠤᠯᠢᠭ ᠢ ᠭᠦᠨᠵᠡᠭᠡᠶ ᠣᠶᠢᠯᠠᠭᠠᠵᠤ ᠴᠢᠳᠠᠨ᠎ᠠ᠃      ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤ ᠳᠤᠮᠳᠠ ᠤᠭ ᠰᠠᠨᠠᠭ᠎ᠠ ᠶᠢ ᠤᠬᠠᠭᠠᠷᠠᠵᠠᠢ᠃ ᠰᠣᠩᠭᠤᠳᠠᠭ ᠵᠣᠬᠢᠶᠠᠯ ᠢ ᠰᠤᠷᠤᠯᠴᠠᠬᠤ ᠪᠠ ᠰᠤᠳᠤᠯᠤᠨ ᠤᠩᠰᠢᠬᠤ ᠪᠠᠷ ᠳᠠᠮᠵᠢᠨ ᠰᠠᠶ᠋ᠢ ᠲᠡᠭᠦᠨ ᠤ ᠳᠣᠲᠣᠷ᠎ᠠ ᠠᠭᠤᠯᠤᠭᠳᠠᠵᠤ ᠪᠠᠶᠢᠭ᠎ᠠ ᠦᠵᠡᠯ ᠰᠠᠨᠠᠭᠠᠨ ᠤ ᠰᠣᠷᠢᠨᠵᠢᠨ ᠬᠦᠴᠦ᠂ ᠣᠨᠣᠯ ᠤᠨ ᠲᠠᠲᠠᠬᠤ ᠬᠦᠴᠦ᠂ ᠦᠢᠯᠡᠳᠦᠯᠭᠡ ᠶᠢᠨ ᠬᠥᠪᠴᠢ ᠬᠦᠴᠦ ᠶᠢ ᠣᠶᠢᠯᠠᠭᠠᠵᠤ ᠴᠢᠳᠠᠨ᠎ᠠ᠃ ᠰᠠᠶ᠋ᠢ ᠲᠡᠭᠦᠨ ᠤ ᠳᠤᠮᠳᠠ ᠠᠴᠠ ᠣᠶᠤᠨ ᠤᠬᠠᠭᠠᠨ ᠤ ᠰᠢᠮ᠎ᠡ ᠲᠡᠵᠢᠭᠡᠯ ᠬᠦᠷᠲᠡᠵᠦ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠶ ᠪᠠᠷ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠨ᠎ᠠ᠃ ᠰᠠᠶ᠋ᠢ ᠮᠠᠷᠺᠰ ᠤᠨ ᠦᠵᠡᠯ ᠤᠨ ᠭᠤᠤᠯ ᠦᠨᠳᠦᠰᠦᠯᠡᠯ ᠢ ᠡᠵᠡᠮᠰᠢᠨ ᠮᠡᠳᠡᠵᠦ᠂ ᠡᠭᠦᠨ ᠤ ᠤᠯᠠᠮ ᠠᠴᠠ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃      ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠴᠤ ᠤᠭ ᠶᠣᠰᠣ ᠶᠢ ᠤᠬᠠᠬᠤ ᠳᠤᠮᠳᠠ ᠤᠭ ᠰᠠᠨᠠᠭ᠎ᠠ ᠪᠠᠨ ᠪᠠᠲᠤᠳᠬᠠᠪᠠ᠃ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠦᠨᠡᠨᠬᠦ ᠠᠳᠬᠤᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠳᠠᠲᠠᠶ ᠠᠵᠢᠯᠯᠠᠬᠤ ᠪᠠᠷ ᠪᠣᠳᠠᠲᠤ ᠦᠷ᠎ᠡ ᠪᠦᠲᠦᠮᠵᠢ ᠶᠢ ᠡᠷᠢᠯᠬᠢᠯᠡᠨ᠎ᠡ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦ ᠣᠷᠣᠭᠤᠯᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠤᠳᠤᠯᠭᠠᠨ ᠤ ᠬᠦᠷᠢᠶᠡᠯᠡᠩ ᠤᠨ ᠬᠠᠮ ᠲᠤᠷᠰᠢᠯᠲᠠ ᠶᠢᠨ ᠪᠦᠲᠦᠭᠡᠭᠳᠡᠬᠦᠨ ᠵᠢᠴᠢ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂《ᠲᠠᠪᠤᠨ ᠥᠩᠭᠡᠲᠦ ᠡᠷᠳᠡᠨᠢ ᠠᠭᠤᠯᠠ》᠂《ᠪᠣᠬᠢᠷᠲᠤᠯ ᠦᠭᠡᠢ ᠠᠭᠤᠷᠬᠠᠶ》᠎ ᠶᠢᠨ ᠰᠢᠨ᠎ᠡ ᠨᠡᠷ᠎ᠡ ᠬᠠᠭᠤᠳᠠᠰᠤ ᠶᠢ ᠴᠣᠭᠴᠠᠯᠠᠵᠤ᠂ ᠨᠢᠭᠡ ᠨᠢᠭᠡ ᠪᠣᠳᠠᠲᠠᠶ ᠶᠠᠪᠤᠳᠠᠯ ᠢ ᠰᠠᠶᠢᠲᠤᠷ ᠬᠢᠵᠦ᠂ ᠨᠢᠭᠡ ᠨᠢᠭᠡ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠨ᠂ ᠠᠷᠠᠳ ᠲᠤ ᠦᠢᠯᠡᠴᠢᠯᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号