《ᠪᠥᠬᠦᠳᠡ ᠨᠠᠶᠢᠷᠠᠮᠳᠠᠬᠤ ᠤᠯᠤᠰ ᠲᠠᠢ ᠬᠠᠮᠲᠤ ᠪᠠᠷ ᠥᠰᠦᠨ ᠪᠣᠶᠢᠵᠢᠵᠤ᠂ ᠰᠢᠨ᠎ᠡ ᠴᠠᠭ ᠦᠶ᠎ᠡ ᠲᠠᠢ ᠬᠠᠮᠲᠤ ᠡᠷᠡᠯᠬᠡᠭᠯᠡᠨ ᠤᠷᠤᠭᠰᠢᠯᠠᠬᠤ》— ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠦᠬᠦ ᠠᠭᠤᠷᠬᠠᠢ ᠶᠢᠨ ᠲᠣᠭᠤᠷᠢᠭ ᠤᠨ ᠠᠵᠢᠯᠲᠠᠨ ᠎ ᠤ ᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠯ᠎ᠡ
ᠨᠡᠶᠢᠲᠡᠯᠡᠭᠰᠡᠨ ᠴᠠᠭ᠄
2019-10-21
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠪᠦᠬᠦ ᠲᠣᠭᠤᠷᠢᠭ ᠤᠨ ᠠᠵᠢᠯᠲᠠᠨ ᠤ ᠪᠥᠬᠦᠳᠡ ᠨᠠᠶᠢᠷᠠᠮᠳᠠᠬᠤ ᠤᠯᠤᠰ ᠲᠤ ᠪᠡᠯᠡᠭ ᠪᠣᠯᠭᠠᠨ ᠡᠷᠭᠦᠬᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠪᠦᠬᠦ ᠲᠣᠭᠤᠷᠢᠭ ᠲᠤ ᠪᠦᠯᠬᠦᠮᠳᠡᠨ ᠳᠠᠪᠰᠢᠬᠤ᠂ ᠭᠠᠪᠰᠢᠭᠠᠶᠢᠯᠠᠨ ᠲᠡᠮᠡᠴᠡᠬᠦ ᠵᠣᠷᠢᠭ ᠰᠠᠨᠠᠭ᠎ᠠ ᠶᠢ ᠪᠣᠶ ᠪᠣᠯᠭᠠᠬᠤ ᠶᠢᠨ ᠲᠥᠯᠥᠭᠡ᠂ ᠲᠣᠭᠤᠷᠢᠭ ᠤᠨ ᠠᠵᠢᠯᠲᠠᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠪᠣᠯᠤᠨ ᠰᠣᠶᠣᠯ ᠪᠡᠶ᠎ᠡ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠲᠤᠪᠠᠷ 《ᠪᠥᠬᠦᠳᠡ ᠨᠠᠶᠢᠷᠠᠮᠳᠠᠬᠤ ᠤᠯᠤᠰ ᠲᠠᠢ ᠬᠠᠮᠲᠤ ᠪᠠᠷ ᠥᠰᠦᠨ ᠪᠣᠶᠢᠵᠢᠵᠤ᠂ ᠰᠢᠨ᠎ᠡ ᠴᠠᠭ ᠦᠶ᠎ᠡ ᠲᠠᠢ ᠬᠠᠮᠲᠤ ᠡᠷᠡᠯᠬᠡᠭᠯᠡᠨ ᠤᠷᠤᠭᠰᠢᠯᠠᠬᠤ》ᠪᠦᠬᠦ ᠠᠭᠤᠷᠬᠠᠢ ᠶᠢᠨ ᠲᠣᠭᠤᠷᠢᠭ ᠤᠨ ᠠᠵᠢᠯᠲᠠᠨ ᠤ ᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠢ ᠡᠷᠬᠢᠯᠡᠪᠡ᠃ ᠮᠠᠨ ᠤ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠨ ᠪᠤᠭᠤᠲᠤ ᠶᠢᠨ ᠪᠣᠯᠣᠳ ᠲᠡᠮᠦᠷ ᠤᠨ ᠪᠠᠶ᠋ᠬᠠᠣᠪᠤᠭ᠎ᠠ ᠲᠡᠮᠦᠷ ᠤᠨ ᠠᠭᠤᠷᠬᠠᠶ᠂ ᠪᠦᠦ ᠱᠠᠨ ᠠᠭᠤᠷᠬᠠᠢ ᠶᠢᠨ ᠦᠢᠯᠡᠰ᠂ ᠪᠠ ᠷᠦᠨ ᠺᠣᠮᠫᠠᠨᠢ ᠵᠡᠷᠭᠡ ᠲᠣᠭᠤᠷᠢᠭ ᠲᠤ ᠰᠠᠭᠤᠭ᠎ᠠ ᠲᠣᠮᠣ ᠠᠵᠤ ᠠᠬᠤᠶᠢᠯᠠᠯ ᠤᠨ 36 ᠲᠥᠯᠥᠭᠡᠯᠡᠭᠴᠢᠳ ᠤᠨ ᠠᠩᠭᠢ᠂ 300 ᠭᠠᠷᠤᠶ ᠲᠠᠮᠢᠷᠴᠢᠨ ᠤᠷᠤᠯᠳᠤᠭᠤᠨ ᠳᠤ ᠣᠷᠣᠯᠴᠠᠪᠠ᠃ ᠪᠦᠬᠦ ᠭᠡᠰᠢᠭᠦᠳ ᠵᠣᠷᠢᠭᠲᠠᠶ ᠲᠡᠮᠡᠴᠡᠵᠦ᠂ ᠮᠠᠨ ᠤ ᠠᠭᠤᠷᠬᠠᠢ ᠶᠢᠨ ᠲᠣᠭᠤᠷᠢᠭ ᠤᠨ ᠺᠠᠳ᠋ᠷ ᠠᠵᠢᠯᠲᠠᠨ ᠤ ᠰᠠᠶᠢᠨ ᠰᠠᠶᠢᠬᠠᠨ ᠴᠤᠭ ᠵᠢᠪᠬᠤᠭ᠎ᠠ ᠶᠢ ᠢᠯᠡᠷᠡᠭᠦᠯᠵᠦ᠂ ᠲᠣᠰ ᠤᠳᠠᠭ᠎ᠠ ᠶᠢᠨ ᠤᠷᠤᠯᠳᠤᠭᠤᠨ ᠢ ᠪᠦᠯᠬᠦᠮᠳᠡᠨ ᠲᠡᠮᠡᠴᠡᠬᠦ᠂ ᠡᠷᠴᠢ ᠵᠣᠷᠢᠭ ᠢᠶᠠᠨ ᠬᠥᠪᠴᠢᠯᠡᠬᠦ᠂ ᠡᠶ᠎ᠡ ᠵᠣᠬᠢᠴᠠᠯ ᠢ ᠬᠠᠮᠲᠤᠪᠠᠷ ᠪᠠᠶᠢᠭᠤᠯᠬᠤ᠂ ᠡᠬᠡ ᠤᠯᠤᠰ ᠲᠠᠭᠠᠨ ᠪᠡᠯᠡᠭ ᠬᠦᠷᠭᠡᠬᠦ ᠦᠪᠡᠳᠡᠭᠰᠢ ᠶᠡᠭᠡ ᠬᠤᠷᠠᠯ ᠪᠣᠯᠭᠠᠭᠰᠠᠨ ᠪᠠᠶᠢᠨ᠎ᠠ᠃ 16 ᠡᠳᠦᠷ ᠤᠨ 114 ᠲᠠᠯᠠᠪᠤᠷ ᠪᠠᠴᠢᠮ ᠰᠢᠷᠦᠭᠦᠨ ᠤᠷᠤᠯᠳᠤᠭᠠᠨ ᠢᠶᠠᠷ ᠳᠠᠮᠵᠢᠭᠠᠳ᠂ ᠤᠷᠤᠯᠳᠤᠭᠠᠨ ᠨᠢ ᠲᠡᠭᠦᠰ ᠠᠮᠵᠢᠯᠲᠠ ᠲᠠᠢ ᠲᠡᠭᠦᠰᠪᠡ᠃
     10 ᠰᠠᠷ᠎ᠠ ᠶᠢᠨ 16᠎ ᠤ ᠡᠳᠦᠷ ᠤᠨ ᠦᠳᠡ ᠬᠤᠶᠢᠨᠠᠬᠢ 4 ᠴᠠᠭ ᠲᠤ᠂ ᠭᠤᠲᠠᠭᠠᠷ ᠪᠠ ᠲᠡᠷᠢᠭᠦᠨ ᠳᠡᠳ᠋ ᠪᠤᠯᠢᠶᠠᠯᠳᠤᠬᠤ ᠤᠷᠤᠯᠳᠤᠭᠠᠨ ᠶᠠᠪᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠶᠦᠩ ᠳ᠋ᠦᠩ᠂ ᠬᠤᠸᠠᠩ ᠮᠢᠨ ᠂ ᠬᠤᠤ ᠶᠢᠨ ᠬᠤᠸᠠ᠂ ᠰᠢᠤᠸᠠᠢ ᠵᠢᠶᠠᠨ᠂ ᠭᠦᠸᠧ ᠾᠦᠢ ᠸᠧᠨ᠂ ᠵᠠᠩ ᠡᡁᠧ ᠱᠧᠩ᠂ ᠶᠠᠩ ᠵᠢᠶᠠᠨ ᠹᠧᠩ᠂ ᠵᠢᠶᠠᠩ ᠵᠢᠶᠠᠨ ᠮᠢᠩ᠂ ᠦ᠋ ᡁᠢ ᠴᠢᠶᠠᠩ ᠪᠣᠯᠤᠨ ᠤᠷᠤᠯᠳᠤᠭᠠᠨ ᠳᠤ ᠣᠷᠣᠯᠴᠠᠭᠰᠠᠨ ᠠᠵᠤ ᠠᠬᠤᠶᠢᠯᠠᠯ ᠤᠨ ᠤᠳᠤᠷᠢᠳᠤᠯᠭ᠎ᠠ ᠴᠢᠨ ᠫᠧᠩ ᠶᠤᠸᠠᠨ᠂ ᠶᠠᠨ ᠴᠠᠩ ᠯᠦ᠂ ᠶᠠᠩ ᡁᠢ ᠴᠢᠶᠠᠩ ᠲᠤᠬᠠᠶ ᠶᠢᠨ ᠲᠠᠯᠠᠪᠠᠢ ᠳᠤ ᠬᠦᠷᠴᠦ ᠤᠷᠤᠯᠳᠤᠭᠤᠨ ᠢ ᠰᠣᠨᠢᠷᠬᠠᠭᠰᠠᠨ ᠪᠥᠭᠡᠳ ᠲᠡᠭᠦᠰᠬᠡᠯ ᠤᠨ ᠶᠣᠰᠣᠯᠠᠯ ᠤᠨ ᠱᠠᠩᠨᠠᠯ ᠣᠯᠭᠤᠬᠤ ᠬᠦᠨᠳᠦᠲᠦ ᠵᠣᠴᠢᠨ ᠤ ᠲᠤᠰᠢᠶᠠᠯ ᠢ ᠡᠭᠦᠷᠭᠡᠯᠡᠪᠡ᠃ ᠲᠤᠬᠠᠶ ᠶᠢᠨ ᠲᠠᠯᠠᠪᠤᠷ ᠲᠤ ᠬᠦᠷᠦᠭᠰᠡᠨ ᠤᠳᠤᠷᠢᠳᠤᠯᠭ᠎ᠠ ᠡᠨᠡ ᠤᠳᠠᠭᠠᠨ ᠤ ᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠤᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ᠪᠦᠬᠦ᠋ᠢᠯᠡ ᠤᠷᠤᠯᠳᠤᠭᠠᠨ ᠤ ᠶᠠᠪᠤᠴᠠ ᠨᠢ ᠪᠠᠴᠢᠮ ᠪᠥᠭᠡᠳ ᠡᠮᠬᠢ ᠴᠡᠭᠴᠡ ᠲᠠᠢ ᠪᠠᠶᠢᠵᠤ᠂ ᠬᠡᠪ ᠨᠠᠮᠪᠠ ᠲᠠᠢ᠂ ᠬᠢᠷᠢ ᠲᠦᠪᠰᠢᠨ ᠲᠠᠢ᠂ ᠪᠦᠯᠬᠦᠮᠳᠡᠯ ᠲᠠᠢ ᠪᠠᠶᠢᠵᠤ᠂ ᠪᠦᠬᠦ ᠠᠭᠤᠷᠬᠠᠢ ᠶᠢᠨ ᠲᠣᠭᠤᠷᠢᠭ ᠤᠨ ᠺᠠᠳ᠋ᠷ ᠠᠵᠢᠯᠲᠠᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠡᠶ᠃
     ᠰᠢᠢᠳᠪᠦᠷᠢᠲᠦ ᠤᠷᠤᠯᠳᠤᠭᠠᠨ ᠤ ᠠᠬᠤᠶ ᠲᠠᠯᠠᠪᠠᠢ ᠳᠤ᠂ ᠲᠠᠮᠢᠷᠴᠢᠳ ᠰᠡᠳᠬᠢᠯ ᠰᠠᠨᠠᠭ᠎ᠠ ᠪᠠᠨ ᠣᠯᠣᠯᠴᠠᠵᠤ᠂ ᠬᠠᠷᠢᠯᠴᠠᠨ ᠬᠠᠪᠰᠤᠷᠤᠯᠴᠠᠵᠤ᠂ ᠳᠠᠭᠠᠷᠢᠯᠲᠠ ᠬᠢᠵᠦ ᠰᠠᠬᠢᠨ ᠬᠠᠮᠠᠭᠠᠯᠠᠬᠤ᠂ ᠦᠰᠦᠷᠴᠦ ᠬᠠᠷᠠᠶᠢᠬᠤ᠂ ᠲᠣᠤᠷ ᠢ ᠬᠦᠴᠦᠯᠡᠨ ᠬᠠᠰᠢᠬᠤ ᠁ ᠪᠠᠴᠢᠮ᠂ ᠬᠤᠷᠴᠠ ᠰᠢᠷᠦᠭᠦᠨ᠂ ᠭᠤᠶᠢᠳᠠ ᠰᠠᠶᠢᠬᠠᠨ ᠤᠷᠤᠯᠳᠤᠭᠠᠨ ᠤᠳᠠᠭ᠎ᠠ ᠳᠠᠷᠠᠭᠠᠯᠠᠨ ᠢᠯᠡᠷᠡᠵᠦ᠂ ᠲᠠᠮᠢᠷᠴᠢᠳ ᠤᠨ ᠣᠷᠭᠢᠯᠤᠮ᠎ᠠ ᠰᠡᠳᠬᠢᠯᠭᠡ᠂ ᠠᠮᠢᠵᠢᠷᠠᠯ ᠤᠨ ᠬᠦᠴᠦᠨ ᠪᠣᠯᠤᠨ ᠤᠷ᠎ᠠ ᠮᠡᠷᠭᠡᠵᠢᠯ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠣᠯᠤᠨ ᠤᠷᠠᠶ ᠳᠠᠭᠤᠨ ᠢ ᠲᠠᠰᠤᠷᠠᠯᠲᠠ ᠦᠭᠡᠢ ᠣᠯᠵᠤ ᠪᠠᠶᠢᠯ᠎ᠠ᠃ ᠬᠤᠶᠠᠷ ᠴᠠᠭ ᠤᠨ ᠰᠢᠷᠦᠭᠦᠨ ᠤᠷᠤᠯᠳᠤᠭᠠᠨ ᠢᠶᠠᠷ ᠳᠠᠮᠵᠢᠨ᠂ ᠲᠣᠰ ᠤᠳᠠᠭᠠᠨ ᠤ ᠤᠷᠤᠯᠳᠤᠭᠠᠨ ᠤ ᠲᠥᠷᠥᠬᠦᠦ ᠳᠥᠷᠪᠡᠨ ᠨᠡᠷᠡᠰ ᠢ ᠲᠣᠭᠲᠠᠭᠠᠪᠠ᠃      ᠤᠷᠤᠯᠳᠤᠭᠠᠨ ᠤ ᠳᠠᠷᠠᠭ᠎ᠠ ᠲᠡᠭᠦᠰᠬᠡᠯ ᠤᠨ ᠶᠣᠰᠣᠯᠠᠯ ᠶᠠᠪᠤᠭᠤᠯᠵᠤ᠂ ᠲᠡᠭᠦᠰᠬᠡᠯ ᠤᠨ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠨᠢ ᠲᠦᠷᠦᠭᠦᠤ ᠳᠥᠷᠪᠡᠨ ᠨᠡᠷᠡᠰ ᠤᠨ ᠲᠥᠯᠥᠭᠡᠯᠡᠭᠴᠢᠳ ᠤᠨ ᠠᠩᠭᠢ ᠪᠠ 16 ᠱᠠᠩᠨᠠᠯ ᠣᠯᠤᠭᠰᠠᠨ ᠲᠥᠯᠥᠭᠡᠯᠡᠭᠴᠢᠳ ᠤᠨ ᠠᠩᠭᠢ ᠳᠤ ᠲᠣᠰ ᠲᠣᠰ ᠱᠠᠩᠨᠠᠯ ᠤᠨ ᠮᠧᠳᠠᠯ ᠪᠠ ᠱᠠᠩᠨᠠᠯ ᠤᠨ ᠪᠣᠳᠠᠰ ᠢ ᠭᠠᠷᠳᠠᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ ᠪᠠᠶᠠᠷ ᠤᠨ ᠦᠭᠡ ᠬᠡᠯᠡᠪᠡ᠃      ᠪᠡᠶ᠎ᠡ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠪᠣᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠮᠥᠨ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠂ ᠪᠠᠰᠠ ᠴᠤ ᠰᠢᠨ᠎ᠡ ᠴᠠᠭ ᠦᠶ᠎ᠡ ᠳᠤ《 ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠪᠦᠲᠦᠮᠵᠢᠲᠡᠶ ᠠᠴᠢᠶᠠᠯᠠᠪᠤᠷᠢ ᠮᠥᠨ᠃ ᠮᠠᠨ ᠤ ᠲᠣᠭᠤᠷᠢᠭ ᠡᠯᠪᠡᠭ ᠪᠠᠶᠠᠯᠢᠭ ᠰᠣᠶᠣᠯ ᠪᠡᠶ᠎ᠡ ᠲᠠᠮᠢᠷ ᠤᠨ ᠠᠭᠤᠯᠤᠭᠳᠠᠬᠤᠨ ᠲᠠᠢ ᠪᠠᠶᠢᠵᠤ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠣᠯᠠᠨ ᠲᠥᠷᠥᠯ ᠵᠦᠢᠯ ᠤᠨ ᠤᠯᠠᠮᠵᠢᠯᠠᠯᠲᠤ ᠳᠠᠪᠠᠭᠤᠯᠢᠭ ᠲᠠᠢ ᠶᠤᠮ᠃ ᠣᠶᠢᠷ᠎ᠠ ᠶᠢᠨ ᠵᠢᠯ ᠠᠴᠠ ᠨᠠᠭᠠᠰᠢ᠂ ᠬᠡᠢ ᠠᠯᠠᠭᠠᠳᠠᠬᠤ ᠪᠥᠮᠪᠦᠭᠡ ᠶᠢᠨ ᠬᠥᠳᠡᠯᠭᠡᠭᠡᠨ ᠨᠢ ᠠᠮᠠᠷᠬᠠᠨ ᠭᠠᠷ ᠲᠠᠰᠤᠳᠠᠭ ᠢᠶᠠᠷ ᠢᠶᠠᠨ᠂ ᠣᠷᠣᠯᠴᠠᠳᠠᠭ ᠬᠥᠮᠥᠨ ᠣᠯᠠᠨ ᠠᠴᠠ ᠪᠣᠯᠵᠤ᠂ ᠥᠷᠭᠡᠨ ᠣᠯᠠᠨ ᠠᠵᠢᠯᠲᠠᠳ ᠤᠨ ᠳᠤᠷ᠎ᠠ ᠪᠠᠬ᠎ᠠ ᠶᠢ ᠲᠠᠲᠠᠭᠰᠠᠨ ᠪᠠᠶᠢᠨ᠎ᠠ᠃      ᠭᠦᠸᠧ ᠾᠦᠢ ᠸᠧᠨ᠂ ᠨᠥᠬᠦᠷᠯᠡᠯ ᠨᠢᠭᠡᠳᠦᠭᠡᠷ᠂ ᠮᠥᠷᠦ᠋ᠢᠴᠡᠭᠡᠨ ᠬᠤᠶᠠᠳᠤᠭᠠᠷ᠂  ᠤᠷᠤᠯᠳᠤᠭᠠᠨ ᠳᠤ ᠣᠷᠣᠯᠴᠠᠬᠤ ᠨᠢ ᠴᠢᠬᠤᠯᠠ ᠪᠠᠶᠢᠵᠤ᠂ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠴᠢᠬᠤᠯᠠᠴᠢᠯᠠᠵᠤ᠂ ᠪᠦᠯᠬᠦᠮᠳᠡᠨ ᠨᠢᠭᠲᠠᠷᠠᠬᠤ ᠬᠦᠴᠦᠨ ᠢ ᠬᠥᠭᠡᠭᠡᠴᠡᠯᠳᠦᠵᠦ᠂ ᠡᠷᠡᠭᠦᠯ ᠴᠢᠭᠢᠷᠠᠭ ᠪᠠᠶᠠᠷ ᠬᠥᠷ ᠲᠠᠢ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠥᠷᠭᠡᠨ ᠣᠯᠠᠨ ᠺᠠᠳ᠋ᠷ ᠠᠵᠢᠯᠲᠠᠨ ᠴᠢᠩ ᠦᠨᠡᠨᠴᠢ ᠪᠠᠷ ᠪᠦᠯᠬᠦᠮᠳᠡᠬᠦ᠂ ᠰᠢᠷᠭᠠᠭᠤ ᠬᠠᠲᠠᠭᠤᠵᠢᠯᠲᠠᠶ ᠲᠡᠮᠡᠴᠡᠬᠦ᠂ ᠥᠨᠳᠥᠷ ᠣᠷᠭᠢᠯ ᠳᠤ ᠡᠷᠡᠯᠬᠡᠭᠯᠡᠨ ᠠᠪᠠᠷᠢᠬᠤ ᠤᠷᠤᠯᠳᠤᠭᠠᠨ ᠤ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠬᠤᠶᠢᠰᠢᠳᠠ ᠶᠢᠨ ᠰᠤᠷᠤᠯᠴᠠᠯᠭ᠎ᠠ ᠪᠣᠯᠤᠨ ᠪᠣᠳᠠᠲᠠᠶ ᠠᠵᠢᠯ ᠤᠨ ᠳᠤᠮᠳᠠ ᠪᠠᠨ ᠪᠠᠳᠠᠷᠠᠭᠤᠯᠵᠤ᠂ ᠡᠪ ᠬᠠᠮᠲᠤ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠦᠢᠯᠡᠳᠦᠯᠭᠡᠵᠢᠭᠦᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠷᠳᠡᠮ ᠴᠢᠳᠠᠪᠤᠷᠢ ᠪᠠᠨ ᠬᠠᠲᠠᠭᠤᠵᠢᠯᠲᠠᠶ ᠪᠣᠯᠪᠠᠰᠤᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠣᠳ ᠪᠣᠯᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠡᠯᠡᠬᠡᠶ ᠶᠢᠨ《ᠬᠤᠪᠣᠷ ᠰᠢᠷᠣᠶ ᠶᠢᠨ ᠨᠤᠲᠤᠭ》ᠪᠠᠶ᠋ᠬᠠᠣᠪᠤᠭ᠎ᠠ ᠶᠢᠨ ᠪᠦᠬᠦ ᠲᠠᠯ᠎ᠠ ᠶᠢᠨ ᠬᠥᠭᠵᠢᠯ ᠮᠠᠨᠳᠤᠯ ᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ︕ᠱᠠᠩᠨᠠᠯ ᠬᠦᠷᠲᠡᠭᠰᠡᠨ ᠡᠮᠦᠨ᠎ᠡ ᠳᠥᠷᠪᠡᠨ ᠨᠡᠷᠡᠰᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠡᠷᠡᠭᠲᠡᠶ ᠶᠢᠨ ᠳᠤᠭᠤᠶᠢᠯᠠᠩ᠄      ᠨᠢᠭᠡᠳᠦᠭᠡᠷ ᠨᠡᠷ᠎ᠡ᠄ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠲᠥᠯᠥᠭᠡᠯᠡᠭᠴᠢᠳ ᠤᠨ ᠠᠩᠭᠢ      ᠬᠤᠶᠠᠳᠤᠭᠠᠷ ᠨᠡᠷ᠎ᠡ᠄ ᠪᠦᠲᠦᠭᠡᠨ ᠪᠠᠶᠢᠭᠤᠯᠬᠤ ᠰᠢᠰᠲ᠋ᠧᠮ ᠤᠨ ᠲᠥᠯᠥᠭᠡᠯᠡᠭᠴᠢᠳ ᠤᠨ ᠠᠩᠭᠢ      ᠭᠤᠷᠪᠠᠳᠤᠭᠠᠷ ᠨᠡᠷ᠎ᠡ᠄ ᠪᠠ ᠷᠦᠨ ᠺᠣᠮᠫᠠᠨᠢ ᠶᠢᠨ ᠲᠥᠯᠥᠭᠡᠯᠡᠭᠴᠢᠳ ᠤᠨ ᠠᠩᠭᠢ      ᠳᠥᠷᠪᠡᠳᠦᠭᠡᠷ ᠨᠡᠷ᠎ᠡ᠄ ᠪᠣᠣ ᠱᠠᠨ ᠠᠭᠤᠷᠬᠠᠢ ᠶᠢᠨ ᠦᠢᠯᠡᠰ ᠤᠨ ᠲᠥᠯᠥᠭᠡᠯᠡᠭᠴᠢᠳ ᠤᠨ ᠠᠩᠭᠢᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠡᠮᠡᠭᠲᠡᠶ ᠶᠢᠨ ᠳᠤᠭᠤᠶᠢᠯᠠᠩ ᠳᠤ᠄      ᠨᠢᠭᠡᠳᠦᠭᠡᠷ ᠨᠡᠷ᠎ᠡ᠄ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠲᠥᠯᠥᠭᠡᠯᠡᠭᠴᠢᠳ ᠤᠨ ᠠᠩᠭᠢ      ᠬᠤᠶᠠᠳᠤᠭᠠᠷ ᠨᠡᠷ᠎ᠡ᠄ ᠪᠠ ᠷᠦᠨ ᠺᠣᠮᠫᠠᠨᠢ ᠶᠢᠨ ᠲᠥᠯᠥᠭᠡᠯᠡᠭᠴᠢᠳ ᠤᠨ ᠠᠩᠭᠢ      ᠭᠤᠷᠪᠠᠳᠤᠭᠠᠷ ᠨᠡᠷ᠎ᠡ᠄ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ ᠶᠢᠨ 2 ᠳ᠋ᠤᠭᠠᠷ ᠳᠤᠭᠤᠶᠢᠯᠠᠩ      ᠳᠥᠷᠪᠡᠳᠦᠭᠡᠷ ᠨᠡᠷ᠎ᠡ᠄ ᠰᠤᠷᠭᠠᠨ ᠬᠥᠮᠦᠵᠢᠯ ᠤᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ
     ᠨᠢᠭᠡᠳᠦᠭᠡᠷ ᠲᠤ᠄ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠲᠥᠯᠥᠭᠡᠯᠡᠭᠴᠢᠳ ᠤᠨ ᠠᠩᠭᠢ ᠶᠢᠨ ᠡᠷᠡᠭᠲᠡᠶ ᠡᠮᠡᠭᠲᠡᠶ ᠳᠤᠭᠤᠶᠢᠯᠠᠩ
     ᠬᠤᠶᠠᠳᠤᠭᠠᠷ ᠲᠤ᠂ ᠪᠦᠲᠦᠭᠡᠨ ᠪᠠᠶᠢᠭᠤᠯᠬᠤ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠪᠠ ᠷᠦᠨ ᠺᠣᠮᠫᠠᠨᠢ ᠶᠢᠨ ᠲᠥᠯᠥᠭᠡᠯᠡᠭᠴᠢᠳ ᠤᠨ ᠠᠩᠭᠢ
     ᠭᠤᠷᠪᠠᠳᠤᠭᠠᠷ ᠲᠤ᠄ ᠪᠠ ᠷᠦᠨ ᠺᠣᠮᠫᠠᠨᠢ ᠶᠢᠨ ᠲᠥᠯᠥᠭᠡᠯᠡᠭᠴᠢᠳ ᠤᠨ ᠠᠩᠭᠢ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ ᠶᠢᠨ 2 ᠳ᠋ᠤᠭᠠᠷ ᠳᠤᠭᠤᠶᠢᠯᠠᠩ
     ᠳᠥᠷᠪᠡᠳᠦᠭᠡᠷ ᠲᠤ᠄ ᠪᠣᠣ ᠱᠠᠨ ᠠᠭᠤᠷᠬᠠᠢ ᠶᠢᠨ ᠦᠢᠯᠡᠰ ᠤᠨ ᠲᠥᠯᠥᠭᠡᠯᠡᠭᠴᠢᠳ ᠤᠨ ᠠᠩᠭᠢ᠂ ᠰᠤᠷᠭᠠᠨ ᠬᠥᠮᠦᠵᠢᠯ ᠤᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢᠳᠠᠩ ᠵᠦᠢᠯ ᠤᠨ ᠱᠠᠩᠨᠠᠯ ᠤᠨ ᠨᠡᠷᠡᠰ ᠤᠨ ᠵᠢᠭᠰᠠᠭᠠᠯᠲᠠ 《ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ》᠄      ᠨᠠᠮ ᠵᠠᠰᠠᠭ ᠤᠨ ᠪᠠᠶᠢᠭᠤᠯᠭ᠎ᠠ ᠶᠢᠨ ᠲᠥᠯᠥᠭᠡᠯᠡᠭᠴᠢᠳ ᠤᠨ ᠠᠩᠭᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠩᠭᠢ᠂ ᠤᠯᠤᠰ ᠲᠥᠷᠥ ᠶᠢᠨ ᠵᠥᠪᠯᠡᠯᠭᠡᠨ ᠤ ᠲᠥᠯᠥᠭᠡᠯᠡᠭᠴᠢᠳ ᠤᠨ ᠠᠩᠭᠢ᠂ ᠠᠵᠤ ᠠᠬᠤᠶ ᠠᠷᠠᠯᠵᠢᠶᠠᠨ ᠤ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠲᠥᠯᠥᠭᠡᠯᠡᠭᠴᠢᠳ ᠤᠨ ᠠᠩᠭᠢ᠂ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠥᠭᠡᠯᠡᠭᠴᠢᠳ ᠤᠨ ᠠᠩᠭᠢ᠂ ᠰᠤᠷᠭᠠᠨ ᠬᠥᠮᠦᠵᠢᠯ ᠤᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠠᠷᠠᠳ ᠤᠨ ᠬᠤᠯᠪᠣᠭᠠᠲᠤ ᠬᠤᠷᠰᠢᠶᠠᠨ ᠤ ᠲᠥᠯᠥᠭᠡᠯᠡᠭᠴᠢᠳ ᠤᠨ ᠠᠩᠭᠢ᠂ ᠮᠥᠩᠭᠦᠨ ᠭᠦᠢᠯᠭᠡᠭᠡᠨ ᠤ ᠬᠤᠯᠪᠣᠭᠠᠲᠤ ᠠᠩᠭᠢ ᠶᠢᠨ ᠲᠥᠯᠥᠭᠡᠯᠡᠭᠴᠢᠳ ᠤᠨ ᠠᠩᠭᠢ᠂ ᠴᠠᠬᠢᠯᠭᠠᠨ ᠮᠡᠳᠡᠭᠡ ᠵᠠᠩᠭᠢ ᠬᠤᠯᠪᠣᠭᠠᠨ ᠤ ᠲᠥᠯᠥᠭᠡᠯᠡᠭᠴᠢᠳ ᠤᠨ ᠠᠩᠭᠢ᠂ ᠵᠥᠩ ᠬᠤᠣ ᠰᠢᠲᠠᠮᠠᠬᠠᠶ ᠬᠡᠢ ᠶᠢᠨ ᠲᠥᠯᠥᠭᠡᠯᠡᠬᠦ ᠠᠩᠭᠢ《ᠬᠠᠮᠤᠭ ᠤᠨ ᠰᠠᠶᠢᠨ ᠲᠡᠮᠡᠴᠡᠯ ᠤᠨ ᠱᠠᠩᠨᠠᠯ》᠄      ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠮᠣᠩᠭᠤᠯ ᠬᠢᠲᠠᠳ ᠡᠮᠨᠡᠯᠭᠡ ᠶᠢᠨ ᠲᠥᠯᠥᠭᠡᠯᠡᠭᠴᠢᠳ ᠤᠨ ᠠᠩᠭᠢ《ᠬᠠᠮᠤᠭ ᠤᠨ ᠰᠠᠶᠢᠨ ᠳᠠᠪᠰᠢᠯᠲᠠ ᠶᠢᠨ ᠱᠠᠩᠨᠠᠯ》᠄      ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ᠂ ᠠᠭᠤᠷᠬᠠᠢ ᠶᠢᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠠᠩᠭᠢ᠂ ᠲᠦᠩ ᠶᠠᠩ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠠᠩᠭᠢ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号