《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ ᠲᠣᠭᠲᠠᠴᠠ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2019-11-02
《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ ᠲᠣᠭᠲᠠᠴᠠ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》᠎ ᠢ ᠲᠣᠭᠲᠠᠭᠠᠬᠤ ᠲᠤᠬᠠᠶ ᠲᠠᠶᠢᠯᠤᠮᠵᠢ      《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ》᠎ ᠳᠤ ᠵᠠᠰᠠᠪᠤᠷᠢ ᠣᠷᠣᠭᠤᠯᠬᠤ ᠲᠤᠬᠠᠶ ᠲᠣᠳᠣᠷᠬᠠᠶᠢᠯᠠᠯᠲᠠ      ᠨᠢᠭᠡ᠂ ᠵᠠᠰᠠᠪᠤᠷᠢ ᠣᠷᠣᠭᠤᠯᠬᠤ ᠵᠠᠷᠴᠢᠮ      ᠨᠢᠭᠡ ᠳᠤ ᠳᠡᠭᠡᠳᠦ ᠱᠠᠲᠤᠨ ᠤ ᠡᠯ᠎ᠡ ᠵᠦᠶᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠪᠴᠢᠶ᠎ᠡ ᠶᠢ ᠨᠢ ᠥᠷᠭᠡᠳᠬᠡᠬᠦ ᠥᠬᠡᠶ ᠪᠣᠯ ᠪᠠᠷᠢᠮᠵᠢᠶ᠎ᠠ ᠶᠢ ᠨᠢ ᠥᠨᠳᠥᠷᠳᠡᠭᠦᠯᠬᠦ ᠥᠬᠡᠶ᠃ ᠣᠷᠣᠯᠭ᠎ᠠ ᠪᠠᠭᠠᠲᠠᠶ ᠬᠥᠮᠦᠰ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ︵ᠲᠥᠷᠥ ᠶᠢᠨ ᠪᠣᠳᠣᠯᠭ᠎ᠠ ᠨᠢᠭᠡᠳᠦᠯᠲᠡᠶ ᠲᠣᠭᠲᠠᠭᠠᠬᠤ ᠪᠠᠷᠢᠮᠵᠢᠶ᠎ᠠ ᠲᠠᠢ︶᠂ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠥᠮᠦᠰ ︵ᠠᠮᠢᠳᠤᠷᠠᠯ ᠎ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1 — 1.5 ᠳᠠᠬᠢᠨ︶᠂ ᠣᠨᠴᠠ ᠬᠦᠴᠢᠷᠳᠡᠯᠲᠡᠶ ᠬᠥᠮᠦᠰ ︵ᠲᠥᠷᠥ ᠶᠢᠨ ᠪᠣᠳᠣᠯᠭ᠎ᠠ ᠨᠢᠭᠡᠳᠦᠯᠲᠡᠶ ᠲᠣᠭᠲᠠᠭᠠᠬᠤ ᠪᠠᠷᠢᠮᠵᠢᠶ᠎ᠠ ᠲᠠᠢ︶ ᠪᠠᠭᠲᠠᠨ᠎ᠠ᠂ ᠣᠳᠣᠬᠠᠨ ᠳᠤ ᠮᠥᠨ ᠬᠦ ᠳᠡᠭᠡᠷᠡᠬᠢ ᠭᠤᠷᠪᠠᠨ ᠲᠥᠷᠥᠯ ᠤᠨ ᠬᠥᠮᠦᠰ ᠪᠠᠶᠢᠵᠤ᠂ ᠪᠦᠬᠦᠯᠢ ᠴᠣᠭᠴᠠ ᠶᠢᠨ ᠬᠠᠷᠠᠭᠠᠯᠵᠠᠯ ᠤᠨ ᠲᠥᠷᠥ ᠎ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠᠷ ᠭᠤᠤᠯ ᠪᠣᠯᠭᠠᠵᠤ᠂ ᠲᠣᠭᠤᠷᠢᠭ ᠤᠨ ᠱᠠᠲᠤᠨ ᠤ ᠡᠳ᠋ ᠤᠨ ᠵᠠᠰᠠᠭ ᠤᠨ ᠳᠠᠷᠤᠭᠠᠰᠤ ᠶᠢ ᠰᠢᠨ᠎ᠡ ᠪᠠᠷ ᠨᠡᠮᠡᠭᠳᠡᠭᠦᠯᠬᠦ ᠥᠬᠡᠶ᠃      ᠬᠤᠶᠠᠷ ᠲᠤ ᠬᠥᠮᠦᠨ ᠢᠶᠠᠷ ᠦᠨᠳᠦᠰᠦ ᠪᠣᠯᠭᠠᠵᠤ᠂《ᠬᠤᠷᠢᠭ᠎ᠠ ᠱᠤᠭᠤᠮ ᠢ ᠪᠠᠲᠤᠯᠠᠬᠤ᠂ ᠨᠢᠭᠲᠠ ᠲᠣᠤᠷ ᠰᠦᠯᠵᠢᠬᠦ᠂ ᠲᠣᠭᠲᠠᠴᠠ ᠪᠠᠶᠢᠭᠤᠯᠬᠤ》ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨᠴᠢ ᠪᠠᠷᠢᠮᠵᠢᠶ᠎ᠠ ᠲᠠᠢ᠂ ᠣᠯᠠᠨ ᠶᠠᠩᠵᠤ ᠶᠢᠨ ᠠᠷᠭ᠎ᠠ ᠬᠡᠯᠪᠡᠷᠢ ᠲᠠᠢ᠂ ᠬᠠᠮᠢᠶᠠᠷᠤᠯᠲᠠ ᠵᠢᠷᠤᠮᠵᠢᠭᠰᠠᠨ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ᠃      ᠭᠤᠷᠪᠠ ᠳᠤ ᠪᠠᠷᠢᠮᠵᠢᠶ᠎ᠠ ᠶᠢ ᠴᠢᠩᠳᠠᠯᠠᠵᠤ᠂ ᠶᠠᠪᠤᠴᠠ ᠶᠢ ᠵᠢᠷᠤᠮᠵᠢᠭᠤᠯᠤᠨ᠎ᠠ᠃ ᠳᠡᠰ ᠳᠠᠷᠠᠭᠠᠯᠠᠯ ᠢ ᠪᠣᠳᠠᠲᠠᠶᠢᠵᠢᠭᠤᠯᠤᠭᠰᠠᠨ ᠦᠭᠡᠢ᠂ ᠵᠢᠷᠤᠮᠵᠢᠯ ᠦᠭᠡᠢ ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠣᠷᠣᠯᠭ᠎ᠠ ᠪᠠᠭᠠᠲᠠᠶ ᠶᠢ ᠬᠢᠨᠠᠨ ᠵᠥᠪᠰᠢᠶᠡᠷᠡᠬᠦ ᠠᠵᠢᠯ ᠤᠨ ᠴᠤᠪᠤᠷᠠᠯ ᠪᠣᠯᠤᠨ ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠦᠨ᠎ᠡ᠃      ᠳᠥᠷᠪᠡ ᠳᠤ ᠲᠦᠷ ᠴᠠᠭ ᠤᠨ ᠠᠪᠤᠷᠠᠨ ᠲᠤᠰᠠᠯᠠᠬᠤ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠡᠷᠴᠢᠮ ᠢ ᠴᠢᠩᠭᠠᠷᠠᠭᠤᠯᠤᠨ᠎ᠠ᠃ ᠲᠦᠷ ᠴᠠᠭ ᠠᠪᠤᠷᠠᠨ ᠲᠤᠰᠠᠯᠠᠬᠤ ᠠᠵᠢᠯ ᠨᠢ ᠬᠠᠷᠢᠴᠠᠩᠭᠤᠶ ᠠᠮᠢᠳᠤᠯᠢᠭ ᠪᠥᠭᠡᠳ ᠳᠥᠭᠦᠮ ᠳᠥᠲᠡ ᠪᠠᠶᠢᠵᠤ᠂ ᠴᠠᠭ ᠲᠤᠬᠠᠶ ᠳᠤᠨᠢ ᠣᠨᠣᠪᠴᠢᠲᠠᠶ ᠪᠥᠭᠡᠳ ᠳᠡᠭᠡᠳᠦ ᠱᠠᠲᠤᠨ ᠤ ᠳᠡᠮᠵᠢᠬᠦ ᠡᠷᠴᠢᠮ ᠨᠢ ᠶᠡᠭᠡ ᠪᠠᠶᠢᠳᠠᠭ᠂ ᠰᠠᠯᠠᠭ᠎ᠠ ᠮᠥᠴᠢᠷ ᠨᠢ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠪᠤᠷᠠᠨ ᠲᠤᠰᠠᠯᠠᠬᠤ ᠠᠭᠤᠯᠭ᠎ᠠ ᠶᠢ ᠪᠠᠶᠠᠯᠢᠭᠵᠢᠭᠤᠯᠵᠤ ᠪᠣᠯᠤᠨ᠎ᠠ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠲᠦᠷ ᠴᠠᠭ ᠠᠪᠤᠷᠠᠨ ᠲᠤᠰᠠᠯᠠᠬᠤ ᠠᠭᠤᠯᠭ᠎ᠠ ᠪᠠ ᠰᠠᠯᠠᠭ᠎ᠠ ᠮᠥᠴᠢᠷ ᠤᠨ ᠵᠣᠬᠢᠴᠠᠭᠤᠯᠬᠤ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠰᠠᠨᠠᠯ》ᠪᠠ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠯᠭ᠎ᠠ ᠪᠠᠭᠠᠲᠠᠶ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ ᠲᠣᠭᠲᠠᠴᠠ》᠎ ᠶᠢ ᠲᠣᠭᠲᠠᠭᠠᠪᠠ᠃      ᠲᠠᠪᠤ ᠳᠤ ᠪᠠᠶᠢᠴᠠᠭᠠᠯᠲᠠ ᠶᠢᠨ ᠲᠠᠰᠤᠭ ᠪᠠᠶᠢᠭᠤᠯᠤᠨ᠎ᠠ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ  ᠲᠣᠭᠲᠠᠴᠠ》᠎ ᠢ ᠲᠣᠭᠲᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ᠂ ᠠᠯᠳᠠᠰᠢ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃    ᠵᠢᠷᠭᠤᠭ᠎ᠠ ᠳᠤ ᠬᠤᠶᠠᠷ ᠵᠢᠯ ᠤᠨ ᠲᠤᠷᠰᠢᠬᠢ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ᠂ ᠠᠪᠤᠷᠠᠨ ᠲᠤᠰᠠᠯᠠᠬᠤ ᠠᠭᠤᠯᠭ᠎ᠠ ᠳᠤ ᠵᠣᠬᠢᠰᠲᠠᠶ ᠲᠣᠬᠢᠷᠠᠭᠤᠯᠤᠯᠲᠠ ᠬᠢᠨ᠎ᠡ᠃      ᠬᠤᠶᠠᠷ᠂ ᠵᠠᠰᠠᠪᠤᠷᠢ ᠣᠷᠣᠭᠤᠯᠤᠭᠰᠠᠨ ᠪᠠᠶᠢᠳᠠᠯ      ᠲᠣᠬᠢᠷᠠᠭᠤᠯᠤᠭᠰᠠᠨ ᠤ ᠳᠠᠷᠠᠭᠠᠬᠢ ᠲᠥᠰᠦᠯ ᠢ ᠳᠥᠷᠪᠡᠨ ᠬᠡᠰᠡᠭ ᠬᠤᠪᠢᠶᠠᠨ᠎ᠠ᠃      ᠨᠢᠭᠡᠳᠦᠭᠡᠷ ᠬᠡᠰᠡᠭ  ᠶᠡᠷᠦᠩᠬᠡᠶ ᠱᠠᠭᠠᠷᠳᠠᠯᠭ᠎ᠠ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠦᠨᠳᠦᠰᠦᠨ ᠵᠦᠶᠯ ᠢ ᠪᠠᠲᠤᠯᠠᠬᠤ ᠪᠠᠲᠤᠯᠠᠭ᠎ᠠ ᠶᠢᠨ ᠵᠣᠷᠢᠭ ᠰᠠᠨᠠᠭ᠎ᠠ ᠵᠢᠴᠢ ᠮᠠᠨ ᠎ ᠤ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠲᠤᠬᠠᠶ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠢᠯᠡᠷᠡᠭᠦᠯᠪᠡ᠃      ᠬᠤᠶᠠᠳᠤᠭᠠᠷ ᠬᠡᠰᠡᠭ  ᠬᠡᠷᠡᠭᠵᠢᠭᠦᠯᠬᠦ ᠵᠠᠷᠴᠢᠮ᠃ ᠨᠢᠭᠡ ᠳᠤ ᠨᠠᠮ ᠵᠠᠰᠠᠭ ᠭᠤᠤᠯᠯᠠᠨ ᠤᠳᠤᠷᠢᠳᠬᠤ᠂ ᠨᠡᠶᠢᠭᠡᠮ ᠤᠨ ᠣᠷᠣᠯᠴᠠᠬᠤ ᠵᠠᠷᠴᠢᠮ ᠢ ᠪᠠᠷᠢᠮᠲᠠᠯᠠᠨ᠎ᠠ᠃ ᠬᠤᠶᠠᠷ ᠲᠤ ᠪᠦᠬᠦᠯᠢ ᠴᠣᠭᠴᠠ ᠪᠠᠷ ᠨᠢ ᠠᠬᠢᠭᠤᠯᠬᠤ᠂ ᠲᠥᠷᠥᠯ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠭᠤᠷᠪᠠ ᠳᠤ ᠬᠥᠮᠦᠨ ᠢᠶᠠᠷ ᠦᠨᠳᠦᠰᠦ ᠪᠣᠯᠭᠠᠬᠤ ᠵᠠᠷᠴᠢᠮ ᠢ ᠪᠠᠷᠢᠮᠲᠠᠯᠠᠨ᠎ᠠ᠃ ᠳᠥᠷᠪᠡ ᠳᠤ ᠪᠣᠳᠠᠲᠤ ᠦᠷ᠎ᠡ ᠪᠦᠲᠦᠮᠵᠢ ᠶᠢ ᠳᠣᠪᠣᠶᠢᠯᠭᠠᠬᠤ᠂ ᠬᠥᠮᠦᠨ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠲᠠᠪᠤ ᠳᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠮᠢᠳᠤᠯᠢᠭ ᠬᠦᠴᠦᠨ ᠢ ᠬᠥᠭᠵᠢᠭᠡᠬᠦ ᠵᠠᠷᠴᠢᠮ ᠢ ᠪᠠᠷᠢᠮᠲᠠᠯᠠᠨ᠎ᠠ᠃      ᠭᠤᠷᠪᠠᠳᠤᠭᠠᠷ ᠬᠡᠰᠡᠭ  ᠪᠣᠳᠠᠲᠠᠶ ᠠᠷᠭ᠎ᠠ ᠬᠡᠮᠵᠢᠶ᠎ᠡ᠃ ᠵᠢᠷᠭᠤᠭᠠᠨ ᠲᠠᠯ᠎ᠠ ᠶᠢ ᠬᠠᠮᠤᠷᠤᠨ᠎ᠠ᠄ ᠨᠢᠭᠡ ᠳᠤ ᠡᠮ ᠡᠮᠨᠡᠯᠭᠡ ᠶᠢᠨ ᠠᠪᠤᠷᠠᠨ ᠲᠤᠰᠠᠯᠠᠬᠤ ᠲᠠᠯ᠎ᠠ ᠪᠠᠷ᠂ 4 ᠵᠦᠶᠯ ᠤᠨ ᠠᠷᠭ᠎ᠠ ᠬᠡᠮᠵᠢᠶ᠎ᠡ ᠠᠪᠴᠤ᠂ 1᠂ 3᠂ 4 ᠳ᠋ᠦ᠋ᠭᠡᠷ ᠵᠦᠶᠯ ᠳᠤ ᠥᠩᠭᠡᠷᠡᠭᠡᠭᠰᠡᠨ ᠤ ᠠᠭᠤᠯᠭ᠎ᠠ ᠶᠢ ᠦᠷᠭᠦᠯᠵᠢᠯᠡᠨ ᠬᠡᠷᠡᠭᠯᠡᠵᠦ᠂ 2 ᠳ᠋ᠤᠭᠠᠷ ᠵᠤᠷᠪᠤᠰ ᠲᠤ ᠲᠦᠷ ᠴᠠᠭ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠭᠤᠯᠭ᠎ᠠ ᠵᠢᠴᠢ ᠰᠠᠯᠠᠭ᠎ᠠ ᠮᠥᠴᠢᠷ᠂ ᠬᠠᠮᠲᠤᠷᠠᠨ ᠠᠪᠤᠷᠠᠨ ᠲᠤᠰᠠᠯᠠᠬᠤ ᠲᠣᠭᠲᠠᠴᠠ ᠶᠢ ᠨᠡᠮᠡᠨ᠎ᠡ᠃ ᠬᠤᠶᠠᠷ ᠲᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠲᠠᠯ᠎ᠠ ᠪᠠᠷ᠂ ᠬᠤᠶᠠᠷ ᠵᠢᠯ ᠎ ᠤᠨ ᠲᠤᠷᠰᠢᠬᠢ ᠦᠷ᠎ᠡ ᠪᠦᠲᠦᠮᠵᠢ ᠮᠠᠭᠤ ᠤᠴᠢᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠥᠮᠦᠰ ᠤᠨ ᠤᠶᠤᠲᠠᠳ ᠲᠤ ᠠᠪᠤᠷᠠᠨ ᠲᠤᠰᠠᠯᠠᠬᠤ ᠮᠥᠩᠭᠦ ᠣᠯᠭᠤᠬᠤ ᠎ ᠶᠢ ᠬᠦᠴᠦᠨ ᠥᠬᠡᠶ ᠪᠣᠯᠭᠠᠪᠠ ︵2017 ᠣᠨ ᠠᠴᠠ ᠡᠬᠢᠯᠡᠨ‌‍ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠰᠤᠷᠤᠯᠴᠠᠵᠤ ᠪᠠᠶᠢᠭ᠎ᠠ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 800 ᠲᠥᠭᠦᠷᠢᠭ ᠨᠥᠬᠦᠪᠥᠷᠢᠯᠡᠨ᠎ᠡ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠰᠤᠷᠤᠯᠴᠠᠵᠤ ᠪᠠᠶᠢᠭ᠎ᠠ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 500 ᠲᠥᠭᠦᠷᠢᠭ ᠤᠨ ᠲᠤᠰᠠᠯᠠᠮᠵᠢ ᠣᠯᠭᠤᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ 2 ᠲᠦᠮᠡᠨ ᠲᠥᠭᠦᠷᠢᠭ᠂ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠪᠦᠷᠢ 1.5 ᠲᠦᠮᠡᠨ ᠲᠥᠭᠦᠷᠢᠭ ︿ᠲᠣᠭᠤᠷᠢᠭ ᠤᠨ ᠡᠳ᠋ ᠤᠨ ᠵᠠᠰᠠᠭ ᠤᠨ ᠪᠠᠯᠠ ᠮᠥᠩᠭᠦ﹀ ᠲᠤᠰᠠᠯᠠᠪᠠ᠃︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ《ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠰᠠᠨᠠᠯ》᠎ ᠢ ᠦᠯᠡᠳᠡᠭᠡᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠨᠠᠷ ᠵᠢᠩᠬᠢᠨᠢ ᠠᠩᠭᠢ ᠳᠤ 4 ᠲᠦᠮᠡᠨ ᠲᠥᠭᠦᠷᠢᠭ᠂ ᠲᠤᠰᠬᠠᠶ ᠮᠡᠷᠭᠡᠵᠢᠯ ᠎ ᠤᠨ ᠰᠤᠷᠭᠠᠭᠤᠯᠢ ᠶᠢᠨ ᠰᠤᠷᠤᠭᠴᠢ ᠳᠤ 3 ᠲᠦᠮᠡᠨ ᠲᠥᠭᠦᠷᠢᠭ ︵ᠳᠡᠭᠡᠳᠦ ᠱᠠᠲᠤᠨ ᠤ ᠲᠤᠰᠬᠠᠶ ᠲᠥᠷᠥᠯ ᠵᠦᠶᠯ︶ ᠲᠤᠰᠠᠯᠠᠨ᠎ᠠ᠃ ᠨᠢᠭᠡ ᠵᠦᠶᠯ ᠨᠡᠮᠡᠵᠦ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠠᠴᠤᠳ ᠎ ᠲᠠᠢ ᠬᠠᠷᠢᠯᠴᠠᠬᠤ ᠡᠷᠴᠢᠮ ᠢᠶᠠᠨ ᠨᠡᠮᠡᠭᠳᠡᠭᠦᠯᠵᠦ᠂ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢ ᠲᠡᠳᠬᠦᠬᠦ ᠨᠠᠩ ᠣᠯᠠᠨ ᠲᠥᠷᠥᠯ ᠵᠦᠶᠯ ᠢ ᠴᠢᠷᠮᠠᠶᠢᠨ ᠣᠯᠬᠤ ᠬᠡᠷᠡᠭᠲᠡᠶ᠃ ᠭᠤᠷᠪᠠ ᠳᠤ ᠵᠡᠮᠳᠡᠭᠴᠦᠳ ᠢ ᠲᠡᠩᠬᠡᠷᠡᠭᠦᠯᠦᠨ ᠲᠤᠰᠠᠯᠠᠬᠤ ᠲᠠᠯ᠎ᠠ ᠪᠠᠷ᠂ ᠥᠩᠭᠡᠷᠡᠭᠡᠭᠰᠡᠨ ᠤ ᠬᠤᠶᠠᠷ ᠵᠦᠶᠯ ᠢ ᠦᠷᠭᠦᠯᠵᠢᠯᠡᠨ ᠬᠡᠷᠡᠭᠯᠡᠭᠰᠡᠨ ᠰᠠᠭᠤᠷᠢᠨ ᠳᠡᠭᠡᠷ᠎ᠡ᠂ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠬᠥᠮᠦᠰ ᠢ ᠲᠡᠩᠬᠡᠷᠡᠭᠦᠯᠦᠨ ᠲᠤᠰᠠᠯᠠᠬᠤ ᠨᠢᠭᠡ ᠵᠦᠶᠯ ᠨᠡᠮᠡᠵᠦ᠂《ᠪᠦᠬᠦ ᠲᠣᠭᠤᠷᠢᠭ ᠤᠨ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠬᠥᠮᠦᠰ ᠢ ᠲᠡᠩᠬᠡᠷᠡᠭᠦᠯᠦᠨ ᠲᠤᠰᠠᠯᠠᠬᠤ ᠲᠤᠬᠠᠶ ᠲᠥᠰᠦᠯ》᠎ ᠢ ᠲᠣᠭᠲᠠᠭᠠᠨ ᠨᠡᠶᠢᠲᠡᠯᠡᠵᠦ᠂ ᠵᠠᠷᠤᠳᠠᠯ ᠢ ᠨᠢ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠡᠪᠯᠡᠯ ᠠᠴᠠ ᠥᠪᠡᠷ ᠲᠡᠭᠡᠨ ᠴᠤᠭᠯᠠᠭᠤᠯᠤᠨ᠎ᠠ᠃ ᠳᠥᠷᠪᠡ ᠳᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠠᠯ᠎ᠠ ᠪᠠᠷ ᠮᠥᠨ ᠤᠤᠯ ᠤᠨ ᠠᠭᠤᠯᠭ᠎ᠠ ᠶᠢ ᠬᠡᠷᠡᠭᠯᠡᠵᠦ᠂ ᠠᠵᠢᠯ ᠣᠯᠭᠤᠯᠲᠠ ᠶᠢᠨ ᠪᠣᠯᠪᠠᠰᠤᠷᠠᠯ ᠢ ᠭᠤᠤᠯᠳᠠᠯᠭ᠎ᠠ ᠲᠠᠢ ᠳᠣᠪᠣᠶᠢᠯᠭᠠᠨ᠎ᠠ᠃ ᠲᠠᠪᠤ ᠳᠤ ᠺᠠᠳ᠋ᠷ ᠬᠤᠤᠰᠯᠠᠵᠤ ᠬᠠᠪᠰᠤᠷᠤᠨ ᠲᠡᠳᠬᠦᠬᠦ ᠲᠠᠯ᠎ᠠ ᠪᠠᠷ᠂ ᠨᠢᠭᠡ ᠨᠢᠭᠡ ᠪᠠᠷ ᠲᠣᠬᠢᠷᠠᠭᠤᠯᠵᠤ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠥᠮᠦᠰ ᠢ ᠤᠨᠢᠨ ᠳᠡᠭᠡᠷ᠎ᠡ ᠨᠢ ᠲᠤᠰᠠᠯᠠᠬᠤ ᠶᠢ ᠳᠣᠪᠣᠶᠢᠯᠭᠠᠨ᠎ᠠ᠃ ᠵᠢᠷᠭᠤᠭ᠎ᠠ ᠳᠤ ᠪᠤᠰᠤᠳ ᠠᠪᠤᠷᠠᠨ ᠲᠤᠰᠠᠯᠠᠬᠤ ᠲᠠᠯ᠎ᠠ ᠪᠠᠷ᠂ ᠨᠢᠭᠡ ᠵᠦᠶᠯ ᠢ ᠬᠦᠴᠦᠨ ᠥᠬᠡᠶ ᠪᠣᠯᠭᠠᠵᠤ ︵ᠣᠷᠣᠯᠭ᠎ᠠ ᠪᠠᠭᠠᠲᠠᠶ ᠬᠥᠮᠦᠰ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠡᠷᠦᠬᠡ ᠳᠤ ᠣᠷᠣᠬᠤ ᠵᠠᠷᠤᠳᠠᠯ ᠵᠢᠴᠢ ᠰᠢᠲᠠᠮᠠᠬᠠᠶ ᠬᠡᠢ ᠎ ᠶᠢᠨ ᠵᠤᠤᠬ᠎ᠠ ᠶᠢ ᠬᠤᠳᠠᠯᠳᠤᠨ ᠠᠪᠬᠤ ᠵᠠᠷᠤᠳᠠᠯ ᠤᠨ ᠨᠥᠬᠦᠪᠥᠷᠢ︶᠂ ᠭᠤᠷᠪᠠᠨ ᠵᠦᠶᠯ ᠳᠤ ᠲᠣᠬᠢᠷᠠᠭᠤᠯᠤᠯᠲᠠ ᠬᠢᠨ᠎ᠡ ︵ᠠᠮᠤ ᠪᠤᠳᠠᠭ᠎ᠠ ᠭᠤᠯᠢᠷ ᠲᠣᠰᠣ ᠲᠠᠷᠬᠠᠭᠠᠬᠤ ᠶᠢ ᠠᠮᠢᠳᠤᠷᠠᠯ ᠤᠨ ᠬᠡᠷᠡᠭᠰᠡᠯ ᠪᠣᠯᠭᠠᠨ ᠬᠤᠪᠢᠷᠠᠭᠤᠯᠤᠨ᠎ᠠ᠃ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠥᠮᠦᠰ ᠲᠤ ᠳᠠᠩᠰᠠ ᠲᠠᠶᠢᠯᠬᠤ 312 ᠲᠥᠭᠦᠷᠢᠭ ᠤᠨ ᠤᠲᠠᠰᠤᠲᠤ ᠲᠧᠯᠸᠢᠰ ᠤᠨ ᠰᠦᠶᠳᠬᠡᠯ ᠢ 320 ᠲᠥᠭᠦᠷᠢᠭ ᠤᠨ ᠲᠧᠯᠸᠢᠰ ᠪᠠ ᠭᠠᠷ ᠤᠲᠠᠰᠤᠨ ᠤ ᠤᠷᠤᠰᠴᠠ ᠪᠣᠯᠭᠠᠨ ᠲᠣᠬᠢᠷᠠᠭᠤᠯᠪᠠ᠃ ᠡᠯ᠎ᠡ ᠲᠥᠷᠥᠯ ᠤᠨ ᠲᠦᠷ ᠴᠠᠭ ᠠᠪᠤᠷᠠᠨ ᠲᠤᠰᠠᠯᠠᠬᠤ ᠡᠷᠴᠢᠮ ᠢ ᠨᠡᠮᠡᠭᠳᠡᠭᠦᠯᠦᠨ᠎ᠡ︶᠂ ᠨᠠᠰᠤᠵᠢᠯ ᠪᠠ ᠣᠷᠣᠰᠢᠭᠤᠯᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠮᠡᠭᠳᠡᠭᠦᠯᠦᠨ᠎ᠡ᠃      ᠳᠥᠷᠪᠡᠳᠦᠭᠡᠷ ᠬᠡᠰᠡᠭ  ᠠᠵᠢᠯ ᠤᠨ ᠱᠠᠭᠠᠷᠳᠠᠯᠭ᠎ᠠ᠃ ᠨᠢᠭᠡ ᠳᠤ ᠨᠠᠷᠢᠯᠢᠭ ᠣᠨᠣᠴᠠᠲᠠᠶ ᠢᠯᠭᠠᠨ ᠲᠠᠨᠢᠵᠤ᠂ ᠶᠠᠪᠤᠴᠠ ᠶᠢ ᠵᠢᠷᠤᠮᠵᠢᠭᠤᠯᠤᠨ᠎ᠠ᠃ ᠬᠤᠶᠠᠷ ᠲᠤ ᠬᠥᠳᠡᠯᠦᠩᠭᠦᠶ ᠬᠠᠮᠢᠶᠠᠷᠤᠯᠲᠠ ᠶᠢ ᠡᠮᠬᠢ ᠵᠢᠷᠤᠮ ᠲᠠᠢ ᠪᠠᠶᠢᠯᠭᠠᠨ᠎ᠠ᠃ ᠭᠤᠷᠪᠠ ᠳᠤ ᠪᠠᠯᠠ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠳᠥᠷᠪᠡ ᠳᠤ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ ᠲᠠᠪᠤ ᠳᠤ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠢᠷᠭᠤᠭ᠎ᠠ ᠳᠤ ᠥᠷᠭᠡᠨ ᠢᠶᠠᠷ ᠤᠬᠠᠭᠤᠯᠤᠨ ᠳᠠᠶᠢᠴᠢᠯᠠᠨ᠎ᠠ᠃      ᠣᠨᠴᠠᠭᠠᠶᠢᠯᠠᠨ ᠲᠣᠳᠣᠷᠬᠠᠶᠢᠯᠠᠪᠠ          ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ            2019 ᠣᠨ ᠤ 10 ᠰᠠᠷ᠎ᠠ ᠶᠢᠨ 16᠎ ᠤ ᠡᠳᠦᠷ      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ ᠲᠣᠭᠲᠠᠴᠠ ᠶᠢᠨ ᠪᠠᠶᠢᠳᠠᠯ ᠤᠨ ᠲᠣᠳᠣᠷᠬᠠᠢᠯᠠᠯᠲᠠ      ᠨᠢᠭᠡ᠂ ᠲᠣᠭᠲᠠᠭᠠᠭᠰᠠᠨ ᠦᠨᠳᠦᠰᠦᠯᠡᠯ ᠪᠠ ᠠᠴᠢ ᠬᠤᠯᠪᠣᠭᠳᠠᠯ      ᠪᠤᠭᠤᠲᠤ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠠᠷᠬᠠᠭᠠᠭᠰᠠᠨ〔 2019 〕29 ᠳ᠋ᠦ᠋ᠭᠡᠷ ᠲᠣᠭᠠᠲᠤ《ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠨ ᠳᠠᠭᠠᠭᠠᠵᠤ ᠶᠠᠳᠠᠭᠤ ᠠᠴᠠ ᠠᠩᠭᠢᠵᠢᠷᠠᠭᠤᠯᠬᠤ ᠠᠵᠢᠯ ᠎ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠲᠤᠬᠠᠶ ᠮᠡᠳᠡᠭᠳᠡᠯ》᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠠᠪᠤᠷᠠᠨ ᠲᠤᠰᠠᠯᠠᠬᠤ ᠠᠵᠢᠯ ᠳᠤ ᠬᠡᠰᠡᠭᠷᠡᠭᠰᠡᠨ ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠦᠨ᠂ ᠵᠣᠬᠢᠴᠠᠭᠤᠯᠬᠤ ᠲᠣᠭᠲᠠᠴᠠ ᠲᠣᠭᠲᠠᠭᠠᠬᠤ ᠪᠠᠷ ᠳᠠᠮᠵᠢᠭᠤᠯᠤᠨ᠂ ᠬᠠᠮᠲᠤᠷᠠᠭᠰᠠᠨ ᠬᠤᠷᠠᠯ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠬᠦᠴᠢᠷ ᠠᠰᠠᠭᠤᠳᠠᠯ ᠢ ᠬᠠᠮᠲᠤᠪᠠᠷ ᠰᠢᠶᠳᠪᠦᠷᠢᠯᠡᠨ᠂ ᠠᠪᠤᠷᠠᠨ ᠲᠤᠰᠠᠯᠠᠬᠤ ᠪᠡᠯᠡ ᠮᠥᠩᠭᠦ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠣᠬᠢᠷᠠᠭᠤᠯᠵᠤ᠂ ᠪᠦᠬᠦᠯᠢ ᠴᠣᠭᠴᠠ ᠪᠠᠷ ᠨᠢ ᠨᠠᠶᠢᠳᠠᠪᠤᠷᠢᠵᠢᠭᠤᠯᠤᠨ᠎ᠠ᠃      ᠬᠤᠶᠠᠷ᠂ ᠬᠡᠷᠡᠭᠵᠢᠭᠦᠯᠬᠦ ᠰᠠᠨᠠᠯ ᠢ ᠳᠥᠷᠪᠡᠨ ᠬᠡᠰᠡᠭ ᠬᠤᠪᠢᠶᠠᠨ᠎ᠠ      ᠨᠢᠭᠡᠳᠦᠭᠡᠷ ᠬᠡᠰᠡᠭ ᠨᠢ ᠠᠵᠢᠯ ᠤᠨ ᠲᠣᠭᠲᠠᠴᠠ ᠪᠠᠶᠢᠵᠤ᠂ ᠠᠵᠢᠯ ᠤᠨ ᠪᠡᠶᠡᠴᠢ ᠴᠣᠭᠴᠠ ᠪᠠ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃      ᠬᠤᠶᠠᠳᠤᠭᠠᠷ ᠬᠡᠰᠡᠭ ᠨᠢ ᠠᠵᠢᠯ ᠤᠨ ᠳᠦᠷᠢᠮ ᠪᠠᠶᠢᠵᠤ᠂ ᠨᠢᠭᠡ ᠳᠤ ᠬᠤᠷᠠᠯ ᠤᠨ ᠴᠠᠭ ᠪᠠ ᠠᠭᠤᠯᠭ᠎ᠠ ᠶᠢ ᠲᠣᠳᠣᠷᠬᠠᠶᠢᠯᠠᠨ᠎ᠠ᠂ ᠬᠤᠶᠠᠷ ᠲᠤ ᠡᠳᠦᠷ ᠲᠤᠲᠤᠮ ᠤᠨ ᠰᠣᠯᠢᠯᠴᠠᠭ᠎ᠠ ᠪᠠ ᠨᠡᠪᠲᠡᠷᠡᠯᠴᠡᠭᠡ ᠪᠠᠨ ᠴᠢᠩᠭᠠᠳᠬᠠᠨ᠎ᠠ᠃ ᠭᠤᠷᠪᠠ ᠳᠤ ᠬᠤᠯᠪᠣᠭᠠᠯᠠᠨ ᠬᠥᠳᠡᠯᠦᠯᠴᠡᠬᠦ ᠴᠢᠳᠠᠮᠵᠢ ᠶᠢ ᠳᠣᠪᠤᠶᠢᠯᠭᠠᠨ᠎ᠠ᠃ ᠳᠥᠷᠪᠡ ᠳᠤ ᠬᠥᠮᠦᠨ ᠢᠶᠠᠷ ᠦᠨᠳᠦᠰᠦ ᠪᠣᠯᠭᠠᠬᠤ᠂ ᠥᠨᠳᠥᠷ ᠦᠷ᠎ᠡ ᠪᠦᠲᠦᠮᠵᠢᠲᠡᠶ ᠪᠥᠭᠡᠳ ᠠᠷᠠᠳ ᠲᠤ ᠳᠥᠭᠦᠮ ᠦᠵᠡᠭᠦᠯᠬᠦ ᠵᠠᠷᠴᠢᠮ ᠢ  ᠪᠠᠷᠢᠮᠲᠠᠯᠠᠨ᠎ᠠ᠃      ᠭᠤᠷᠪᠠᠳᠤᠭᠠᠷ ᠬᠡᠰᠡᠭ ᠨᠢ ᠠᠵᠢᠯ ᠤᠨ ᠠᠭᠤᠯᠭ᠎ᠠ ᠪᠠᠶᠢᠵᠤ᠂ ᠪᠣᠳᠠᠲᠠᠶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠦᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠲᠣᠬᠢᠷᠠᠭᠤᠯᠬᠤ ᠶᠢ ᠬᠠᠷᠢᠭᠤᠴᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠎ ᠲᠠᠢ ᠪᠠᠨ ᠤᠶᠠᠯᠳᠤᠭᠤᠯᠤᠨ ᠬᠠᠷᠠᠭᠠᠯᠵᠠᠭᠰᠠᠨ ᠨᠡᠶᠢᠲᠡ ᠴᠣᠭᠴᠠ ᠶᠢᠨ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠦᠨ᠎ᠡ᠃      ᠳᠥᠷᠪᠡᠳᠦᠭᠡᠷ ᠬᠡᠰᠡᠭ ᠨᠢ ᠠᠵᠢᠯ ᠤᠨ ᠱᠠᠭᠠᠷᠳᠠᠯᠭ᠎ᠠ ᠪᠠᠶᠢᠵᠤ᠂ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠬᠤᠶᠠᠷ ᠲᠤ᠂ ᠲᠤᠰᠬᠠᠶ ᠬᠥᠮᠦᠨ ᠢ ᠲᠣᠳᠣᠷᠬᠠᠶᠢᠯᠠᠵᠤ᠂ ᠬᠠᠷᠢᠯᠴᠠᠭ᠎ᠠ ᠪᠠᠨ ᠴᠢᠩᠭᠠᠳᠬᠠᠨ᠎ᠠ᠃ ᠭᠤᠷᠪᠠ ᠳᠤ ᠪᠠᠯᠠ ᠮᠥᠩᠭᠦ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠳᠥᠷᠪᠡ ᠳᠤ ᠠᠪᠤᠷᠠᠨ ᠲᠤᠰᠠᠯᠠᠬᠤ ᠶᠠᠪᠤᠴᠠ ᠶᠢ ᠵᠢᠷᠤᠮᠵᠢᠭᠤᠯᠤᠨ᠎ᠠ᠃      ᠠᠷᠤ ᠳᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠯᠭ᠎ᠠ ᠪᠠᠭᠠᠲᠠᠶ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠡᠷᠡᠰ ᠢ ᠳᠠᠭᠠᠯᠳᠤᠭᠤᠯᠪᠠ᠃      ᠣᠨᠴᠠᠭᠠᠶᠢᠯᠠᠨ ᠲᠣᠳᠣᠷᠬᠠᠶᠢᠯᠠᠪᠠ          ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ            2019 ᠣᠨ ᠤ 10 ᠰᠠᠷ᠎ᠠ ᠶᠢᠨ 16᠎ ᠤ ᠡᠳᠦᠷ      《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》᠎ ᠤᠨ ᠲᠣᠳᠣᠷᠬᠠᠶᠢᠯᠠᠯᠲᠠ      ᠣᠶᠢᠷ᠎ᠠ ᠶᠢᠨ ᠵᠢᠯ ᠤᠨ ᠲᠤᠷᠰᠢ᠂ ᠮᠠᠨ ᠤ ᠲᠣᠭᠤᠷᠢᠭ ᠲᠦᠷ ᠴᠠᠭ ᠠᠪᠤᠷᠠᠨ ᠲᠤᠰᠠᠯᠠᠬᠤ ᠬᠡᠷᠡᠭᠵᠢᠭᠦᠯᠬᠦ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ ᠡᠷᠦᠬᠡ ᠳᠤ ᠣᠴᠢᠬᠤ᠂ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠳᠦᠷᠢᠮ ᠤᠨ ᠬᠦᠴᠦᠨ ᠴᠢᠳᠠᠪᠤᠷᠢ ᠪᠠᠨ ᠭᠦᠶᠴᠡᠳ ᠪᠠᠳᠠᠷᠠᠭᠤᠯᠤᠭᠰᠠᠨ ᠦᠭᠡᠢ᠂ ᠠᠪᠤᠷᠠᠨ ᠲᠤᠰᠠᠯᠠᠬᠤ ᠬᠢᠷᠢ ᠬᠡᠮᠵᠢᠶ᠎ᠡ ᠪᠠᠨ ᠪᠠᠳᠠᠷᠠᠭᠤᠯᠤᠭᠰᠠᠨ ᠦᠭᠡᠢ᠂ ᠠᠪᠤᠷᠠᠨ ᠲᠤᠰᠠᠯᠠᠬᠤ ᠲᠠᠯ᠎ᠠ ᠪᠠᠷ ᠴᠢᠩᠭ᠎ᠠ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃      ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠰᠠᠶᠢᠲᠤᠷ ᠪᠠᠲᠤᠯᠠᠬᠤ ᠶᠢᠨ ᠲᠥᠯᠥᠭᠡ᠂ ᠮᠠᠨ ᠤ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂《ᠲᠦᠷ ᠴᠠᠭ ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ》︵ᠥᠪᠥᠷ ᠵᠠᠰᠠᠭ ᠲᠠᠷᠬᠠᠭᠠᠭᠰᠠᠨ ﹇2015﹈ 47 ᠳ᠋ᠤᠭᠠᠷ ᠲᠣᠭᠠᠲᠤ︶᠂《ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ〈ᠪᠤᠭᠤᠲᠤ ᠬᠤᠲᠠ ᠶᠢᠨ ᠲᠦᠷ ᠴᠠᠭ ᠠᠪᠤᠷᠠᠨ ᠲᠤᠰᠠᠯᠠᠬᠤ ᠬᠡᠷᠡᠭᠵᠢᠭᠦᠯᠬᠦ ᠠᠷᠭ᠎ᠠ〉᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》︵ᠪᠤᠭᠤᠲᠤ ᠶᠢᠨ ᠵᠠᠰᠠᠭ ᠠᠯᠪᠠᠨ ᠲᠠᠷᠬᠠᠭᠠᠭᠰᠠᠨ ﹇2015﹈ ᠳ᠋ᠤᠭᠠᠷ ᠲᠣᠭᠠᠲᠤ︶ ᠪᠣᠯᠤᠨ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ《ᠲᠦᠷ ᠴᠠᠭ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ》︵ᠪᠤᠭᠤᠲᠤ ᠠᠷᠠᠳ ᠲᠠᠷᠬᠠᠭᠠᠭᠰᠠᠨ ﹇2018﹈ 68 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》᠎ ᠢ ᠲᠣᠭᠲᠠᠭᠠᠪᠠ᠃      ᠣᠨᠴᠠᠭᠠᠶᠢᠯᠠᠨ ᠲᠣᠳᠣᠷᠬᠠᠶᠢᠯᠠᠪᠠ          ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ            2019 ᠣᠨ ᠤ 10 ᠰᠠᠷ᠎ᠠ ᠶᠢᠨ 16᠎ ᠤ ᠡᠳᠦᠷ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号