《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ | ᠲᠥᠰᠦᠯ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠵᠣᠬᠢᠴᠠᠭᠤᠯᠬᠤ ᠲᠣᠭᠲᠠᠴᠠ》᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》 ᠢ | ᠲᠣᠭᠲᠠᠭᠠᠬᠤ ᠲᠤᠬᠠᠶ ᠲᠠᠶᠢᠯᠤᠮᠵᠢ | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠤᠨ | ᠬᠡᠷᠡᠭᠵᠢᠭᠦᠯᠬᠦ ᠲᠥᠰᠦᠯ》 ᠳᠤ ᠵᠠᠰᠠᠪᠤᠷᠢ ᠣᠷᠣᠭᠤᠯᠬᠤ ᠲᠤᠬᠠᠶ ᠲᠣᠳᠣᠷᠬᠠᠶᠢᠯᠠᠯᠲᠠ | ᠨᠢᠭᠡ᠂ ᠵᠠᠰᠠᠪᠤᠷᠢ ᠣᠷᠣᠭᠤᠯᠬᠤ ᠵᠠᠷᠴᠢᠮ | ᠨᠢᠭᠡ ᠳᠤ ᠳᠡᠭᠡᠳᠦ ᠱᠠᠲᠤᠨ ᠤ ᠡᠯ᠎ᠡ ᠵᠦᠶᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠪᠴᠢᠶ᠎ᠡ ᠶᠢ ᠨᠢ | ᠥᠷᠭᠡᠳᠬᠡᠬᠦ ᠥᠬᠡᠶ ᠪᠣᠯ ᠪᠠᠷᠢᠮᠵᠢᠶ᠎ᠠ ᠶᠢ ᠨᠢ ᠥᠨᠳᠥᠷᠳᠡᠭᠦᠯᠬᠦ ᠥᠬᠡᠶ᠃ ᠣᠷᠣᠯᠭ᠎ᠠ ᠪᠠᠭᠠᠲᠠᠶ ᠬᠥᠮᠦᠰ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ︵ | ᠲᠥᠷᠥ ᠶᠢᠨ ᠪᠣᠳᠣᠯᠭ᠎ᠠ ᠨᠢᠭᠡᠳᠦᠯᠲᠡᠶ ᠲᠣᠭᠲᠠᠭᠠᠬᠤ ᠪᠠᠷᠢᠮᠵᠢᠶ᠎ᠠ ᠲᠠᠢ︶᠂ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠥᠮᠦᠰ ︵ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1 — 1.5 ᠳᠠᠬᠢᠨ︶᠂ ᠣᠨᠴᠠ ᠬᠦᠴᠢᠷᠳᠡᠯᠲᠡᠶ ᠬᠥᠮᠦᠰ ︵ᠲᠥᠷᠥ ᠶᠢᠨ ᠪᠣᠳᠣᠯᠭ᠎ᠠ ᠨᠢᠭᠡᠳᠦᠯᠲᠡᠶ | ᠲᠣᠭᠲᠠᠭᠠᠬᠤ ᠪᠠᠷᠢᠮᠵᠢᠶ᠎ᠠ ᠲᠠᠢ︶ ᠪᠠᠭᠲᠠᠨ᠎ᠠ᠂ ᠣᠳᠣᠬᠠᠨ ᠳᠤ ᠮᠥᠨ ᠬᠦ ᠳᠡᠭᠡᠷᠡᠬᠢ ᠭᠤᠷᠪᠠᠨ ᠲᠥᠷᠥᠯ ᠤᠨ ᠬᠥᠮᠦᠰ ᠪᠠᠶᠢᠵᠤ᠂ ᠪᠦᠬᠦᠯᠢ ᠴᠣᠭᠴᠠ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠᠷ ᠭᠤᠤᠯ ᠪᠣᠯᠭᠠᠵᠤ᠂ ᠲᠣᠭᠤᠷᠢᠭ ᠤᠨ ᠱᠠᠲᠤᠨ ᠤ ᠡᠳ᠋ ᠤᠨ ᠵᠠᠰᠠᠭ ᠤᠨ ᠳᠠᠷᠤᠭᠠᠰᠤ | ᠶᠢ ᠰᠢᠨ᠎ᠡ ᠪᠠᠷ ᠨᠡᠮᠡᠭᠳᠡᠭᠦᠯᠬᠦ ᠥᠬᠡᠶ᠃ | ᠬᠤᠶᠠᠷ ᠲᠤ ᠬᠥᠮᠦᠨ ᠢᠶᠠᠷ ᠦᠨᠳᠦᠰᠦ ᠪᠣᠯᠭᠠᠵᠤ᠂《ᠬᠤᠷᠢᠭ᠎ᠠ ᠱᠤᠭᠤᠮ ᠢ ᠪᠠᠲᠤᠯᠠᠬᠤ᠂ ᠨᠢᠭᠲᠠ ᠲᠣᠤᠷ ᠰᠦᠯᠵᠢᠬᠦ᠂ ᠲᠣᠭᠲᠠᠴᠠ | ᠪᠠᠶᠢᠭᠤᠯᠬᠤ》ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨᠴᠢ ᠪᠠᠷᠢᠮᠵᠢᠶ᠎ᠠ ᠲᠠᠢ᠂ | ᠣᠯᠠᠨ ᠶᠠᠩᠵᠤ ᠶᠢᠨ ᠠᠷᠭ᠎ᠠ ᠬᠡᠯᠪᠡᠷᠢ ᠲᠠᠢ᠂ ᠬᠠᠮᠢᠶᠠᠷᠤᠯᠲᠠ ᠵᠢᠷᠤᠮᠵᠢᠭᠰᠠᠨ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ᠃ | | ᠭᠤᠷᠪᠠ ᠳᠤ ᠪᠠᠷᠢᠮᠵᠢᠶ᠎ᠠ ᠶᠢ ᠴᠢᠩᠳᠠᠯᠠᠵᠤ᠂ ᠶᠠᠪᠤᠴᠠ ᠶᠢ ᠵᠢᠷᠤᠮᠵᠢᠭᠤᠯᠤᠨ᠎ᠠ᠃ ᠳᠡᠰ ᠳᠠᠷᠠᠭᠠᠯᠠᠯ ᠢ ᠪᠣᠳᠠᠲᠠᠶᠢᠵᠢᠭᠤᠯᠤᠭᠰᠠᠨ ᠦᠭᠡᠢ᠂ ᠵᠢᠷᠤᠮᠵᠢᠯ ᠦᠭᠡᠢ | ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠣᠷᠣᠯᠭ᠎ᠠ ᠪᠠᠭᠠᠲᠠᠶ ᠶᠢ ᠬᠢᠨᠠᠨ ᠵᠥᠪᠰᠢᠶᠡᠷᠡᠬᠦ ᠠᠵᠢᠯ ᠤᠨ | ᠴᠤᠪᠤᠷᠠᠯ ᠪᠣᠯᠤᠨ ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠦᠨ᠎ᠡ᠃ | ᠳᠥᠷᠪᠡ ᠳᠤ ᠲᠦᠷ ᠴᠠᠭ ᠤᠨ ᠠᠪᠤᠷᠠᠨ ᠲᠤᠰᠠᠯᠠᠬᠤ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠡᠷᠴᠢᠮ ᠢ ᠴᠢᠩᠭᠠᠷᠠᠭᠤᠯᠤᠨ᠎ᠠ᠃ ᠲᠦᠷ | ᠴᠠᠭ ᠠᠪᠤᠷᠠᠨ ᠲᠤᠰᠠᠯᠠᠬᠤ ᠠᠵᠢᠯ ᠨᠢ ᠬᠠᠷᠢᠴᠠᠩᠭᠤᠶ ᠠᠮᠢᠳᠤᠯᠢᠭ ᠪᠥᠭᠡᠳ ᠳᠥᠭᠦᠮ ᠳᠥᠲᠡ ᠪᠠᠶᠢᠵᠤ᠂ ᠴᠠᠭ ᠲᠤᠬᠠᠶ ᠳᠤᠨᠢ ᠣᠨᠣᠪᠴᠢᠲᠠᠶ ᠪᠥᠭᠡᠳ ᠳᠡᠭᠡᠳᠦ | ᠱᠠᠲᠤᠨ ᠤ ᠳᠡᠮᠵᠢᠬᠦ ᠡᠷᠴᠢᠮ ᠨᠢ ᠶᠡᠭᠡ ᠪᠠᠶᠢᠳᠠᠭ᠂ ᠰᠠᠯᠠᠭ᠎ᠠ ᠮᠥᠴᠢᠷ ᠨᠢ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠪᠤᠷᠠᠨ ᠲᠤᠰᠠᠯᠠᠬᠤ | ᠠᠭᠤᠯᠭ᠎ᠠ ᠶᠢ ᠪᠠᠶᠠᠯᠢᠭᠵᠢᠭᠤᠯᠵᠤ ᠪᠣᠯᠤᠨ᠎ᠠ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠲᠦᠷ ᠴᠠᠭ ᠠᠪᠤᠷᠠᠨ ᠲᠤᠰᠠᠯᠠᠬᠤ ᠠᠭᠤᠯᠭ᠎ᠠ ᠪᠠ ᠰᠠᠯᠠᠭ᠎ᠠ | ᠮᠥᠴᠢᠷ ᠤᠨ ᠵᠣᠬᠢᠴᠠᠭᠤᠯᠬᠤ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ | ᠲᠦᠷ ᠴᠠᠭ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠰᠠᠨᠠᠯ》ᠪᠠ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠯᠭ᠎ᠠ ᠪᠠᠭᠠᠲᠠᠶ ᠬᠥᠮᠥᠰ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ ᠲᠣᠭᠲᠠᠴᠠ》 ᠶᠢ ᠲᠣᠭᠲᠠᠭᠠᠪᠠ᠃ | ᠲᠠᠪᠤ ᠳᠤ ᠪᠠᠶᠢᠴᠠᠭᠠᠯᠲᠠ ᠶᠢᠨ ᠲᠠᠰᠤᠭ ᠪᠠᠶᠢᠭᠤᠯᠤᠨ᠎ᠠ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ | ᠲᠣᠭᠲᠠᠴᠠ》 ᠢ ᠲᠣᠭᠲᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ᠂ ᠠᠯᠳᠠᠰᠢ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ | ᠵᠢᠷᠭᠤᠭ᠎ᠠ ᠳᠤ ᠬᠤᠶᠠᠷ ᠵᠢᠯ ᠤᠨ ᠲᠤᠷᠰᠢᠬᠢ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ᠂ ᠠᠪᠤᠷᠠᠨ ᠲᠤᠰᠠᠯᠠᠬᠤ ᠠᠭᠤᠯᠭ᠎ᠠ ᠳᠤ ᠵᠣᠬᠢᠰᠲᠠᠶ | ᠲᠣᠬᠢᠷᠠᠭᠤᠯᠤᠯᠲᠠ ᠬᠢᠨ᠎ᠡ᠃ | ᠬᠤᠶᠠᠷ᠂ ᠵᠠᠰᠠᠪᠤᠷᠢ ᠣᠷᠣᠭᠤᠯᠤᠭᠰᠠᠨ ᠪᠠᠶᠢᠳᠠᠯ | ᠲᠣᠬᠢᠷᠠᠭᠤᠯᠤᠭᠰᠠᠨ ᠤ ᠳᠠᠷᠠᠭᠠᠬᠢ ᠲᠥᠰᠦᠯ ᠢ ᠳᠥᠷᠪᠡᠨ ᠬᠡᠰᠡᠭ ᠬᠤᠪᠢᠶᠠᠨ᠎ᠠ᠃ | ᠨᠢᠭᠡᠳᠦᠭᠡᠷ ᠬᠡᠰᠡᠭ ᠶᠡᠷᠦᠩᠬᠡᠶ ᠱᠠᠭᠠᠷᠳᠠᠯᠭ᠎ᠠ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠶᠡᠷᠦᠩᠬᠡᠶ ᠱᠠᠭᠠᠷᠳᠠᠯᠭ᠎ᠠ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠦᠨᠳᠦᠰᠦᠨ ᠵᠦᠶᠯ ᠢ ᠪᠠᠲᠤᠯᠠᠬᠤ ᠪᠠᠲᠤᠯᠠᠭ᠎ᠠ | ᠶᠢᠨ ᠵᠣᠷᠢᠭ ᠰᠠᠨᠠᠭ᠎ᠠ ᠵᠢᠴᠢ ᠮᠠᠨ ᠤ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠲᠤᠬᠠᠶ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ | ᠢᠯᠡᠷᠡᠭᠦᠯᠪᠡ᠃ | ᠬᠤᠶᠠᠳᠤᠭᠠᠷ ᠬᠡᠰᠡᠭ ᠬᠡᠷᠡᠭᠵᠢᠭᠦᠯᠬᠦ ᠵᠠᠷᠴᠢᠮ᠃ ᠨᠢᠭᠡ ᠳᠤ ᠨᠠᠮ ᠵᠠᠰᠠᠭ ᠭᠤᠤᠯᠯᠠᠨ ᠤᠳᠤᠷᠢᠳᠬᠤ᠂ ᠨᠡᠶᠢᠭᠡᠮ ᠤᠨ ᠣᠷᠣᠯᠴᠠᠬᠤ ᠵᠠᠷᠴᠢᠮ ᠢ | ᠪᠠᠷᠢᠮᠲᠠᠯᠠᠨ᠎ᠠ᠃ ᠬᠤᠶᠠᠷ ᠲᠤ ᠪᠦᠬᠦᠯᠢ ᠴᠣᠭᠴᠠ ᠪᠠᠷ ᠨᠢ ᠠᠬᠢᠭᠤᠯᠬᠤ᠂ ᠲᠥᠷᠥᠯ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠭᠤᠷᠪᠠ ᠳᠤ ᠬᠥᠮᠦᠨ | ᠢᠶᠠᠷ ᠦᠨᠳᠦᠰᠦ ᠪᠣᠯᠭᠠᠬᠤ ᠵᠠᠷᠴᠢᠮ ᠢ ᠪᠠᠷᠢᠮᠲᠠᠯᠠᠨ᠎ᠠ᠃ ᠳᠥᠷᠪᠡ ᠳᠤ ᠪᠣᠳᠠᠲᠤ ᠦᠷ᠎ᠡ ᠪᠦᠲᠦᠮᠵᠢ ᠶᠢ ᠳᠣᠪᠣᠶᠢᠯᠭᠠᠬᠤ᠂ ᠬᠥᠮᠦᠨ ᠳᠤᠨᠢ ᠲᠤᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠲᠠᠪᠤ ᠳᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠮᠢᠳᠤᠯᠢᠭ ᠬᠦᠴᠦᠨ ᠢ ᠬᠥᠭᠵᠢᠭᠡᠬᠦ ᠵᠠᠷᠴᠢᠮ ᠢ | ᠪᠠᠷᠢᠮᠲᠠᠯᠠᠨ᠎ᠠ᠃ | ᠭᠤᠷᠪᠠᠳᠤᠭᠠᠷ ᠬᠡᠰᠡᠭ ᠪᠣᠳᠠᠲᠠᠶ ᠠᠷᠭ᠎ᠠ ᠬᠡᠮᠵᠢᠶ᠎ᠡ᠃ ᠵᠢᠷᠭᠤᠭᠠᠨ ᠲᠠᠯ᠎ᠠ ᠶᠢ ᠬᠠᠮᠤᠷᠤᠨ᠎ᠠ᠄ ᠨᠢᠭᠡ ᠳᠤ ᠡᠮ ᠡᠮᠨᠡᠯᠭᠡ ᠶᠢᠨ ᠠᠪᠤᠷᠠᠨ ᠲᠤᠰᠠᠯᠠᠬᠤ ᠲᠠᠯ᠎ᠠ | ᠪᠠᠷ᠂ 4 ᠵᠦᠶᠯ ᠤᠨ ᠠᠷᠭ᠎ᠠ ᠬᠡᠮᠵᠢᠶ᠎ᠡ ᠠᠪᠴᠤ᠂ 1᠂ 3᠂ 4 ᠳ᠋ᠦ᠋ᠭᠡᠷ ᠵᠦᠶᠯ ᠳᠤ ᠥᠩᠭᠡᠷᠡᠭᠡᠭᠰᠡᠨ ᠤ ᠠᠭᠤᠯᠭ᠎ᠠ ᠶᠢ ᠦᠷᠭᠦᠯᠵᠢᠯᠡᠨ ᠬᠡᠷᠡᠭᠯᠡᠵᠦ᠂ 2 ᠳ᠋ᠤᠭᠠᠷ | ᠵᠤᠷᠪᠤᠰ ᠲᠤ ᠲᠦᠷ ᠴᠠᠭ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠭᠤᠯᠭ᠎ᠠ ᠵᠢᠴᠢ ᠰᠠᠯᠠᠭ᠎ᠠ ᠮᠥᠴᠢᠷ᠂ ᠬᠠᠮᠲᠤᠷᠠᠨ ᠠᠪᠤᠷᠠᠨ ᠲᠤᠰᠠᠯᠠᠬᠤ ᠲᠣᠭᠲᠠᠴᠠ ᠶᠢ | ᠨᠡᠮᠡᠨ᠎ᠡ᠃ ᠬᠤᠶᠠᠷ ᠲᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠲᠠᠯ᠎ᠠ ᠪᠠᠷ᠂ ᠬᠤᠶᠠᠷ ᠵᠢᠯ ᠤᠨ ᠲᠤᠷᠰᠢᠬᠢ ᠦᠷ᠎ᠡ ᠪᠦᠲᠦᠮᠵᠢ ᠮᠠᠭᠤ ᠤᠴᠢᠷ ᠠᠴᠠ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠥᠮᠦᠰ ᠤᠨ ᠤᠶᠤᠲᠠᠳ ᠲᠤ ᠠᠪᠤᠷᠠᠨ ᠲᠤᠰᠠᠯᠠᠬᠤ | ᠮᠥᠩᠭᠦ ᠣᠯᠭᠤᠬᠤ ᠶᠢ ᠬᠦᠴᠦᠨ ᠥᠬᠡᠶ ᠪᠣᠯᠭᠠᠪᠠ ︵2017 ᠣᠨ ᠠᠴᠠ ᠡᠬᠢᠯᠡᠨᠪᠠᠶ᠋ᠬᠠᠣᠪᠤᠭᠠ ᠠᠭᠤᠷᠬᠠᠢ ᠶᠢᠨ ᠲᠣᠭᠤᠷᠢᠭ ᠲᠤ ᠰᠤᠷᠤᠯᠴᠠᠵᠤ ᠪᠠᠶᠢᠭ᠎ᠠ | ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 800 ᠲᠥᠭᠦᠷᠢᠭ | ᠨᠥᠬᠦᠪᠥᠷᠢᠯᠡᠨ᠎ᠡ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠰᠤᠷᠤᠯᠴᠠᠵᠤ ᠪᠠᠶᠢᠭ᠎ᠠ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ | ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢ ᠨᠢᠭᠡᠪᠦᠷᠢ ᠳᠤ ᠵᠢᠯ | ᠪᠦᠷᠢ 500 ᠲᠥᠭᠦᠷᠢᠭ ᠤᠨ ᠲᠤᠰᠠᠯᠠᠮᠵᠢ ᠣᠯᠭᠤᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ 2 ᠲᠦᠮᠡᠨ | ᠲᠥᠭᠦᠷᠢᠭ᠂ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠪᠦᠷᠢ 1.5 ᠲᠦᠮᠡᠨ ᠲᠥᠭᠦᠷᠢᠭ ︿ᠲᠣᠭᠤᠷᠢᠭ ᠤᠨ ᠡᠳ᠋ ᠤᠨ ᠵᠠᠰᠠᠭ ᠤᠨ ᠪᠠᠯᠠ ᠮᠥᠩᠭᠦ | ﹀ ᠲᠤᠰᠠᠯᠠᠪᠠ᠃︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ《ᠭᠡᠷ ᠪᠦᠯᠢ ᠶᠢᠨ ᠠᠵᠤ | ᠠᠬᠤᠶ ᠨᠢ ᠬᠦᠴᠢᠷᠳᠡᠯᠲᠡᠶ ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠡᠳ᠋ ᠮᠥᠩᠭᠦ ᠪᠠᠷ | ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠰᠠᠨᠠᠯ》 ᠢ ᠦᠯᠡᠳᠡᠭᠡᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠨᠠᠷ ᠵᠢᠩᠬᠢᠨᠢ ᠠᠩᠭᠢ ᠳᠤ 4 ᠲᠦᠮᠡᠨ ᠲᠥᠭᠦᠷᠢᠭ᠂ | ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠳᠤ 3 ᠲᠦᠮᠡᠨ ᠲᠥᠭᠦᠷᠢᠭ ︵ᠳᠡᠭᠡᠳᠦ ᠱᠠᠲᠤᠨ ᠤ ᠲᠤᠰᠬᠠᠶ ᠲᠥᠷᠥᠯ ᠵᠦᠶᠯ︶ ᠲᠤᠰᠠᠯᠠᠨ᠎ᠠ᠃ ᠨᠢᠭᠡ | ᠵᠦᠶᠯ ᠨᠡᠮᠡᠵᠦ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠠᠴᠤᠳ ᠲᠠᠢ ᠬᠠᠷᠢᠯᠴᠠᠬᠤ ᠡᠷᠴᠢᠮ ᠢᠶᠠᠨ ᠨᠡᠮᠡᠭᠳᠡᠭᠦᠯᠵᠦ᠂ ᠨᠡᠶᠢᠲᠡ ᠶᠢᠨ | ᠠᠰᠠᠷᠠᠮᠵᠢ ᠶᠢᠨ ᠰᠤᠷᠤᠯᠭ᠎ᠠ ᠶᠢ ᠲᠡᠳᠬᠦᠬᠦ ᠨᠠᠩ ᠣᠯᠠᠨ ᠲᠥᠷᠥᠯ ᠵᠦᠶᠯ ᠢ ᠴᠢᠷᠮᠠᠶᠢᠨ ᠣᠯᠬᠤ ᠬᠡᠷᠡᠭᠲᠡᠶ᠃ ᠭᠤᠷᠪᠠ ᠳᠤ ᠵᠡᠮᠳᠡᠭᠴᠦᠳ ᠢ ᠲᠡᠩᠬᠡᠷᠡᠭᠦᠯᠦᠨ | ᠲᠤᠰᠠᠯᠠᠬᠤ ᠲᠠᠯ᠎ᠠ ᠪᠠᠷ᠂ ᠥᠩᠭᠡᠷᠡᠭᠡᠭᠰᠡᠨ ᠤ ᠬᠤᠶᠠᠷ ᠵᠦᠶᠯ ᠢ ᠦᠷᠭᠦᠯᠵᠢᠯᠡᠨ ᠬᠡᠷᠡᠭᠯᠡᠭᠰᠡᠨ ᠰᠠᠭᠤᠷᠢᠨ ᠳᠡᠭᠡᠷ᠎ᠡ᠂ ᠣᠨᠴᠠ ᠬᠦᠴᠢᠷᠳᠡᠯᠲᠡᠶ ᠴᠢᠳᠠᠪᠤᠷᠢ ᠪᠠᠨ | ᠠᠯᠳᠠᠭᠰᠠᠨ ᠬᠥᠮᠦᠰ ᠢ ᠲᠡᠩᠬᠡᠷᠡᠭᠦᠯᠦᠨ ᠲᠤᠰᠠᠯᠠᠬᠤ ᠨᠢᠭᠡ ᠵᠦᠶᠯ ᠨᠡᠮᠡᠵᠦ᠂《ᠪᠦᠬᠦ ᠲᠣᠭᠤᠷᠢᠭ ᠤᠨ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ | ᠬᠥᠮᠦᠰ ᠢ ᠲᠡᠩᠬᠡᠷᠡᠭᠦᠯᠦᠨ ᠲᠤᠰᠠᠯᠠᠬᠤ ᠲᠤᠬᠠᠶ ᠲᠥᠰᠦᠯ》 ᠢ ᠲᠣᠭᠲᠠᠭᠠᠨ ᠨᠡᠶᠢᠲᠡᠯᠡᠵᠦ᠂ ᠵᠠᠷᠤᠳᠠᠯ ᠢ ᠨᠢ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠡᠪᠯᠡᠯ | ᠠᠴᠠ ᠥᠪᠡᠷ ᠲᠡᠭᠡᠨ ᠴᠤᠭᠯᠠᠭᠤᠯᠤᠨ᠎ᠠ᠃ ᠳᠥᠷᠪᠡ ᠳᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠠᠯ᠎ᠠ ᠪᠠᠷ ᠮᠥᠨ ᠤᠤᠯ ᠤᠨ ᠠᠭᠤᠯᠭ᠎ᠠ ᠶᠢ | ᠬᠡᠷᠡᠭᠯᠡᠵᠦ᠂ ᠠᠵᠢᠯ ᠣᠯᠭᠤᠯᠲᠠ ᠶᠢᠨ ᠪᠣᠯᠪᠠᠰᠤᠷᠠᠯ ᠢ ᠭᠤᠤᠯᠳᠠᠯᠭ᠎ᠠ ᠲᠠᠢ ᠳᠣᠪᠣᠶᠢᠯᠭᠠᠨ᠎ᠠ᠃ ᠲᠠᠪᠤ ᠳᠤ ᠺᠠᠳ᠋ᠷ ᠬᠤᠤᠰᠯᠠᠵᠤ ᠬᠠᠪᠰᠤᠷᠤᠨ ᠲᠡᠳᠬᠦᠬᠦ ᠲᠠᠯ᠎ᠠ ᠪᠠᠷ᠂ | ᠨᠢᠭᠡ ᠨᠢᠭᠡ ᠪᠠᠷ ᠲᠣᠬᠢᠷᠠᠭᠤᠯᠵᠤ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠥᠮᠦᠰ ᠢ ᠤᠨᠢᠨ ᠳᠡᠭᠡᠷ᠎ᠡ ᠨᠢ ᠲᠤᠰᠠᠯᠠᠬᠤ ᠶᠢ ᠳᠣᠪᠣᠶᠢᠯᠭᠠᠨ᠎ᠠ᠃ ᠵᠢᠷᠭᠤᠭ᠎ᠠ | ᠳᠤ ᠪᠤᠰᠤᠳ ᠠᠪᠤᠷᠠᠨ ᠲᠤᠰᠠᠯᠠᠬᠤ ᠲᠠᠯ᠎ᠠ ᠪᠠᠷ᠂ ᠨᠢᠭᠡ ᠵᠦᠶᠯ ᠢ ᠬᠦᠴᠦᠨ ᠥᠬᠡᠶ ᠪᠣᠯᠭᠠᠵᠤ ︵ᠣᠷᠣᠯᠭ᠎ᠠ ᠪᠠᠭᠠᠲᠠᠶ ᠬᠥᠮᠦᠰ ᠤᠨ ᠪᠠᠶᠢᠭᠠᠯᠢ ᠶᠢᠨ ᠰᠢᠲᠠᠮᠠᠬᠠᠶ | ᠬᠡᠢ ᠶᠢᠨ ᠡᠷᠦᠬᠡ ᠳᠤ ᠣᠷᠣᠬᠤ ᠵᠠᠷᠤᠳᠠᠯ ᠵᠢᠴᠢ ᠰᠢᠲᠠᠮᠠᠬᠠᠶ ᠬᠡᠢ ᠶᠢᠨ ᠵᠤᠤᠬ᠎ᠠ ᠶᠢ ᠬᠤᠳᠠᠯᠳᠤᠨ ᠠᠪᠬᠤ ᠵᠠᠷᠤᠳᠠᠯ ᠤᠨ ᠨᠥᠬᠦᠪᠥᠷᠢ︶᠂ ᠭᠤᠷᠪᠠᠨ ᠵᠦᠶᠯ ᠳᠤ | ᠲᠣᠬᠢᠷᠠᠭᠤᠯᠤᠯᠲᠠ ᠬᠢᠨ᠎ᠡ ︵ᠠᠮᠤ ᠪᠤᠳᠠᠭ᠎ᠠ ᠭᠤᠯᠢᠷ ᠲᠣᠰᠣ ᠲᠠᠷᠬᠠᠭᠠᠬᠤ ᠶᠢ ᠠᠮᠢᠳᠤᠷᠠᠯ ᠤᠨ ᠬᠡᠷᠡᠭᠰᠡᠯ ᠪᠣᠯᠭᠠᠨ ᠬᠤᠪᠢᠷᠠᠭᠤᠯᠤᠨ᠎ᠠ᠃ ᠣᠷᠣᠯᠭ᠎ᠠ ᠪᠠᠭᠠᠲᠠᠶ | ᠶᠠᠳᠠᠭᠤ ᠬᠦᠴᠢᠷᠳᠡᠯᠲᠡᠶ ᠬᠥᠮᠦᠰ ᠲᠤ ᠳᠠᠩᠰᠠ ᠲᠠᠶᠢᠯᠬᠤ 312 ᠲᠥᠭᠦᠷᠢᠭ ᠤᠨ ᠤᠲᠠᠰᠤᠲᠤ ᠲᠧᠯᠸᠢᠰ ᠤᠨ ᠰᠦᠶᠳᠬᠡᠯ ᠢ 320 ᠲᠥᠭᠦᠷᠢᠭ ᠤᠨ ᠲᠧᠯᠸᠢᠰ | ᠪᠠ ᠭᠠᠷ ᠤᠲᠠᠰᠤᠨ ᠤ ᠤᠷᠤᠰᠴᠠ ᠪᠣᠯᠭᠠᠨ ᠲᠣᠬᠢᠷᠠᠭᠤᠯᠪᠠ᠃ ᠡᠯ᠎ᠡ ᠲᠥᠷᠥᠯ ᠤᠨ ᠲᠦᠷ ᠴᠠᠭ ᠠᠪᠤᠷᠠᠨ ᠲᠤᠰᠠᠯᠠᠬᠤ ᠡᠷᠴᠢᠮ ᠢ ᠨᠡᠮᠡᠭᠳᠡᠭᠦᠯᠦᠨ᠎ᠡ︶᠂ | ᠨᠠᠰᠤᠵᠢᠯ ᠪᠠ ᠣᠷᠣᠰᠢᠭᠤᠯᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠮᠡᠭᠳᠡᠭᠦᠯᠦᠨ᠎ᠡ᠃ | ᠳᠥᠷᠪᠡᠳᠦᠭᠡᠷ ᠬᠡᠰᠡᠭ ᠠᠵᠢᠯ ᠤᠨ ᠱᠠᠭᠠᠷᠳᠠᠯᠭ᠎ᠠ᠃ ᠨᠢᠭᠡ ᠳᠤ ᠨᠠᠷᠢᠯᠢᠭ ᠣᠨᠣᠴᠠᠲᠠᠶ ᠢᠯᠭᠠᠨ ᠲᠠᠨᠢᠵᠤ᠂ ᠶᠠᠪᠤᠴᠠ ᠶᠢ ᠵᠢᠷᠤᠮᠵᠢᠭᠤᠯᠤᠨ᠎ᠠ᠃ ᠬᠤᠶᠠᠷ | ᠲᠤ ᠬᠥᠳᠡᠯᠦᠩᠭᠦᠶ ᠬᠠᠮᠢᠶᠠᠷᠤᠯᠲᠠ ᠶᠢ ᠡᠮᠬᠢ ᠵᠢᠷᠤᠮ ᠲᠠᠢ ᠪᠠᠶᠢᠯᠭᠠᠨ᠎ᠠ᠃ ᠭᠤᠷᠪᠠ ᠳᠤ ᠪᠠᠯᠠ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠳᠥᠷᠪᠡ ᠳᠤ | ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ ᠲᠠᠪᠤ ᠳᠤ ᠬᠢᠨᠠᠨ ᠰᠢᠯᠭᠠᠵᠤ ᠬᠢᠨᠠᠯᠲᠠ ᠲᠠᠯᠪᠢᠬᠤ ᠶᠢ | ᠴᠢᠩᠭᠠᠳᠬᠠᠨ᠎ᠠ᠃ ᠵᠢᠷᠭᠤᠭ᠎ᠠ ᠳᠤ ᠥᠷᠭᠡᠨ ᠢᠶᠠᠷ ᠤᠬᠠᠭᠤᠯᠤᠨ ᠳᠠᠶᠢᠴᠢᠯᠠᠨ᠎ᠠ᠃ | ᠣᠨᠴᠠᠭᠠᠶᠢᠯᠠᠨ ᠲᠣᠳᠣᠷᠬᠠᠶᠢᠯᠠᠪᠠ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ | 2019 ᠣᠨ ᠤ 10 ᠰᠠᠷ᠎ᠠ ᠶᠢᠨ 16 ᠤ ᠡᠳᠦᠷ | | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠤᠷ᠎ᠠ ᠣᠷᠣᠯᠭ᠎ᠠ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠣᠬᠢᠴᠠᠭᠤᠯᠬᠤ | ᠲᠣᠭᠲᠠᠴᠠ ᠶᠢᠨ ᠪᠠᠶᠢᠳᠠᠯ ᠤᠨ ᠲᠣᠳᠣᠷᠬᠠᠢᠯᠠᠯᠲᠠ | ᠨᠢᠭᠡ᠂ ᠲᠣᠭᠲᠠᠭᠠᠭᠰᠠᠨ ᠦᠨᠳᠦᠰᠦᠯᠡᠯ ᠪᠠ ᠠᠴᠢ ᠬᠤᠯᠪᠣᠭᠳᠠᠯ | ᠪᠤᠭᠤᠲᠤ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠠᠷᠬᠠᠭᠠᠭᠰᠠᠨ〔 2019 〕29 ᠳ᠋ᠦ᠋ᠭᠡᠷ ᠲᠣᠭᠠᠲᠤ《ᠨᠠᠭᠠᠳᠤ ᠵᠠᠬ᠎ᠠ ᠶᠢᠨ ᠪᠠᠲᠤᠯᠠᠭ᠎ᠠ | ᠶᠢᠨ ᠪᠠᠲᠤᠯᠠᠨ ᠳᠠᠭᠠᠭᠠᠵᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ | ᠪᠠᠶᠢᠭᠤᠯᠬᠤ ᠲᠤᠬᠠᠶ ᠮᠡᠳᠡᠭᠳᠡᠯ》 ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠠᠪᠤᠷᠠᠨ ᠲᠤᠰᠠᠯᠠᠬᠤ ᠠᠵᠢᠯ ᠳᠤ ᠬᠡᠰᠡᠭᠷᠡᠭᠰᠡᠨ | ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠦᠨ᠂ ᠵᠣᠬᠢᠴᠠᠭᠤᠯᠬᠤ ᠲᠣᠭᠲᠠᠴᠠ ᠲᠣᠭᠲᠠᠭᠠᠬᠤ ᠪᠠᠷ ᠳᠠᠮᠵᠢᠭᠤᠯᠤᠨ᠂ ᠬᠠᠮᠲᠤᠷᠠᠭᠰᠠᠨ ᠬᠤᠷᠠᠯ ᠤᠨ ᠮᠡᠳᠡᠭᠡ | ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠬᠦᠴᠢᠷ ᠠᠰᠠᠭᠤᠳᠠᠯ ᠢ ᠬᠠᠮᠲᠤᠪᠠᠷ ᠰᠢᠶᠳᠪᠦᠷᠢᠯᠡᠨ᠂ ᠠᠪᠤᠷᠠᠨ ᠲᠤᠰᠠᠯᠠᠬᠤ ᠪᠡᠯᠡ ᠮᠥᠩᠭᠦ ᠪᠠ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠣᠬᠢᠷᠠᠭᠤᠯᠵᠤ᠂ ᠪᠦᠬᠦᠯᠢ ᠴᠣᠭᠴᠠ ᠪᠠᠷ ᠨᠢ ᠨᠠᠶᠢᠳᠠᠪᠤᠷᠢᠵᠢᠭᠤᠯᠤᠨ᠎ᠠ᠃ | ᠬᠤᠶᠠᠷ᠂ ᠬᠡᠷᠡᠭᠵᠢᠭᠦᠯᠬᠦ ᠰᠠᠨᠠᠯ ᠢ ᠳᠥᠷᠪᠡᠨ ᠬᠡᠰᠡᠭ ᠬᠤᠪᠢᠶᠠᠨ᠎ᠠ | ᠨᠢᠭᠡᠳᠦᠭᠡᠷ ᠬᠡᠰᠡᠭ ᠨᠢ ᠠᠵᠢᠯ ᠤᠨ ᠲᠣᠭᠲᠠᠴᠠ ᠪᠠᠶᠢᠵᠤ᠂ ᠠᠵᠢᠯ ᠤᠨ ᠪᠡᠶᠡᠴᠢ ᠴᠣᠭᠴᠠ ᠪᠠ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ ᠨᠢ ᠠᠵᠢᠯ ᠤᠨ ᠳᠦᠷᠢᠮ ᠪᠠᠶᠢᠵᠤ᠂ ᠨᠢᠭᠡ ᠳᠤ ᠬᠤᠷᠠᠯ ᠤᠨ ᠴᠠᠭ ᠪᠠ ᠠᠭᠤᠯᠭ᠎ᠠ ᠶᠢ ᠲᠣᠳᠣᠷᠬᠠᠶᠢᠯᠠᠨ᠎ᠠ᠂ ᠬᠤᠶᠠᠷ ᠲᠤ ᠡᠳᠦᠷ | ᠲᠤᠲᠤᠮ ᠤᠨ ᠰᠣᠯᠢᠯᠴᠠᠭ᠎ᠠ ᠪᠠ ᠨᠡᠪᠲᠡᠷᠡᠯᠴᠡᠭᠡ ᠪᠠᠨ ᠴᠢᠩᠭᠠᠳᠬᠠᠨ᠎ᠠ᠃ ᠭᠤᠷᠪᠠ ᠳᠤ ᠬᠤᠯᠪᠣᠭᠠᠯᠠᠨ ᠬᠥᠳᠡᠯᠦᠯᠴᠡᠬᠦ ᠴᠢᠳᠠᠮᠵᠢ ᠶᠢ ᠳᠣᠪᠤᠶᠢᠯᠭᠠᠨ᠎ᠠ᠃ ᠳᠥᠷᠪᠡ | ᠳᠤ ᠬᠥᠮᠦᠨ ᠢᠶᠠᠷ ᠦᠨᠳᠦᠰᠦ ᠪᠣᠯᠭᠠᠬᠤ᠂ ᠥᠨᠳᠥᠷ ᠦᠷ᠎ᠡ ᠪᠦᠲᠦᠮᠵᠢᠲᠡᠶ ᠪᠥᠭᠡᠳ ᠠᠷᠠᠳ ᠲᠤ ᠳᠥᠭᠦᠮ ᠦᠵᠡᠭᠦᠯᠬᠦ ᠵᠠᠷᠴᠢᠮ ᠢ ᠪᠠᠷᠢᠮᠲᠠᠯᠠᠨ᠎ᠠ᠃ | ᠭᠤᠷᠪᠠᠳᠤᠭᠠᠷ ᠬᠡᠰᠡᠭ ᠨᠢ ᠠᠵᠢᠯ ᠤᠨ ᠠᠭᠤᠯᠭ᠎ᠠ ᠪᠠᠶᠢᠵᠤ᠂ ᠪᠣᠳᠠᠲᠠᠶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠦᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠡᠳᠦᠷ | ᠲᠤᠲᠤᠮ ᠤᠨ ᠠᠵᠢᠯ ᠢ ᠵᠣᠬᠢᠴᠠᠭᠤᠯᠤᠨ ᠲᠣᠬᠢᠷᠠᠭᠤᠯᠬᠤ ᠶᠢ ᠬᠠᠷᠢᠭᠤᠴᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ ᠬᠠᠷᠠᠭᠠᠯᠵᠠᠭᠰᠠᠨ ᠨᠡᠶᠢᠲᠡ ᠴᠣᠭᠴᠠ ᠶᠢᠨ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠦᠨ᠎ᠡ᠃ | ᠳᠥᠷᠪᠡᠳᠦᠭᠡᠷ ᠬᠡᠰᠡᠭ ᠨᠢ ᠠᠵᠢᠯ ᠤᠨ ᠱᠠᠭᠠᠷᠳᠠᠯᠭ᠎ᠠ ᠪᠠᠶᠢᠵᠤ᠂ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ | ᠬᠡᠷᠡᠭᠲᠡᠶ᠃ ᠬᠤᠶᠠᠷ ᠲᠤ᠂ ᠲᠤᠰᠬᠠᠶ ᠬᠥᠮᠦᠨ ᠢ ᠲᠣᠳᠣᠷᠬᠠᠶᠢᠯᠠᠵᠤ᠂ ᠬᠠᠷᠢᠯᠴᠠᠭ᠎ᠠ ᠪᠠᠨ ᠴᠢᠩᠭᠠᠳᠬᠠᠨ᠎ᠠ᠃ ᠭᠤᠷᠪᠠ ᠳᠤ ᠪᠠᠯᠠ ᠮᠥᠩᠭᠦ ᠶᠢᠨ ᠪᠠᠲᠤᠯᠠᠭ᠎ᠠ ᠶᠢᠨ | ᠡᠷᠴᠢᠮ ᠢ ᠴᠢᠩᠭᠠᠷᠠᠭᠤᠯᠤᠨ᠎ᠠ᠃ ᠳᠥᠷᠪᠡ ᠳᠤ ᠠᠪᠤᠷᠠᠨ ᠲᠤᠰᠠᠯᠠᠬᠤ ᠶᠠᠪᠤᠴᠠ ᠶᠢ ᠵᠢᠷᠤᠮᠵᠢᠭᠤᠯᠤᠨ᠎ᠠ᠃ | ᠠᠷᠤ ᠳᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠯᠭ᠎ᠠ ᠪᠠᠭᠠᠲᠠᠶ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠨᠡᠷᠡᠰ ᠢ ᠳᠠᠭᠠᠯᠳᠤᠭᠤᠯᠪᠠ᠃ | ᠣᠨᠴᠠᠭᠠᠶᠢᠯᠠᠨ ᠲᠣᠳᠣᠷᠬᠠᠶᠢᠯᠠᠪᠠ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ | 2019 ᠣᠨ ᠤ 10 ᠰᠠᠷ᠎ᠠ ᠶᠢᠨ 16 ᠤ ᠡᠳᠦᠷ | | | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》 ᠤᠨ ᠲᠣᠳᠣᠷᠬᠠᠶᠢᠯᠠᠯᠲᠠ | ᠣᠶᠢᠷ᠎ᠠ ᠶᠢᠨ ᠵᠢᠯ ᠤᠨ ᠲᠤᠷᠰᠢ᠂ ᠮᠠᠨ ᠤ ᠲᠣᠭᠤᠷᠢᠭ ᠲᠦᠷ ᠴᠠᠭ ᠠᠪᠤᠷᠠᠨ ᠲᠤᠰᠠᠯᠠᠬᠤ ᠬᠡᠷᠡᠭᠵᠢᠭᠦᠯᠬᠦ ᠰᠠᠨᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠠᠪᠤᠴᠠ ᠳᠤ᠂ ᠡᠷᠦᠬᠡ ᠳᠤ ᠣᠴᠢᠬᠤ᠂ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠣᠯᠠᠨ ᠵᠦᠶᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠳᠦᠷᠢᠮ ᠤᠨ ᠬᠦᠴᠦᠨ | ᠴᠢᠳᠠᠪᠤᠷᠢ ᠪᠠᠨ ᠭᠦᠶᠴᠡᠳ ᠪᠠᠳᠠᠷᠠᠭᠤᠯᠤᠭᠰᠠᠨ ᠦᠭᠡᠢ᠂ ᠠᠪᠤᠷᠠᠨ ᠲᠤᠰᠠᠯᠠᠬᠤ ᠬᠢᠷᠢ ᠬᠡᠮᠵᠢᠶ᠎ᠡ ᠪᠠᠨ ᠪᠠᠳᠠᠷᠠᠭᠤᠯᠤᠭᠰᠠᠨ ᠦᠭᠡᠢ᠂ ᠠᠪᠤᠷᠠᠨ ᠲᠤᠰᠠᠯᠠᠬᠤ ᠲᠠᠯ᠎ᠠ | ᠪᠠᠷ ᠴᠢᠩᠭ᠎ᠠ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ | ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ | ᠢ ᠦᠨᠡᠨᠬᠦ ᠰᠠᠶᠢᠲᠤᠷ ᠪᠠᠲᠤᠯᠠᠬᠤ ᠶᠢᠨ ᠲᠥᠯᠥᠭᠡ᠂ ᠮᠠᠨ ᠤ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂《ᠲᠦᠷ ᠴᠠᠭ ᠠᠪᠤᠷᠠᠨ ᠲᠤᠰᠠᠯᠠᠬᠤ | ᠳᠦᠷᠢᠮ ᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ》︵ᠥᠪᠥᠷ ᠵᠠᠰᠠᠭ ᠲᠠᠷᠬᠠᠭᠠᠭᠰᠠᠨ ﹇2015﹈ 47 ᠳ᠋ᠤᠭᠠᠷ ᠲᠣᠭᠠᠲᠤ︶᠂《ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ〈ᠪᠤᠭᠤᠲᠤ ᠬᠤᠲᠠ ᠶᠢᠨ ᠲᠦᠷ ᠴᠠᠭ ᠠᠪᠤᠷᠠᠨ ᠲᠤᠰᠠᠯᠠᠬᠤ ᠬᠡᠷᠡᠭᠵᠢᠭᠦᠯᠬᠦ ᠠᠷᠭ᠎ᠠ〉 ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ》︵ᠪᠤᠭᠤᠲᠤ ᠶᠢᠨ ᠵᠠᠰᠠᠭ ᠠᠯᠪᠠᠨ ᠲᠠᠷᠬᠠᠭᠠᠭᠰᠠᠨ ﹇2015﹈ ᠳ᠋ᠤᠭᠠᠷ ᠲᠣᠭᠠᠲᠤ︶ ᠪᠣᠯᠤᠨ ᠪᠤᠭᠤᠲᠤ ᠬᠤᠲᠠ ᠶᠢᠨ ᠠᠷᠠᠳ | ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ《ᠲᠦᠷ ᠴᠠᠭ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ》︵ᠪᠤᠭᠤᠲᠤ ᠠᠷᠠᠳ ᠲᠠᠷᠬᠠᠭᠠᠭᠰᠠᠨ ﹇2018﹈ 68 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠣᠰᠣᠭᠠᠷ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠦᠷ ᠴᠠᠭ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠰᠠᠨᠠᠯ》 ᠢ ᠲᠣᠭᠲᠠᠭᠠᠪᠠ᠃ | | ᠣᠨᠴᠠᠭᠠᠶᠢᠯᠠᠨ ᠲᠣᠳᠣᠷᠬᠠᠶᠢᠯᠠᠪᠠ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ | 2019 ᠣᠨ ᠤ 10 ᠰᠠᠷ᠎ᠠ ᠶᠢᠨ 16 ᠤ ᠡᠳᠦᠷ |