ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠠᠷᠪᠠᠨ ᠬᠤᠶᠠᠳᠤᠭᠠᠷ ᠬᠤᠭᠤᠴᠠᠭᠠᠨ ᠤ ᠪᠢᠴᠢᠬᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠳᠤ ᠴᠣᠯᠠ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-11-22
     ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 20᠎ ᠤ ᠦᠳᠡ ᠶᠢᠨ ᠡᠮᠦᠨ᠎ᠡ ᠰᠤᠷᠭᠠᠭᠤᠯᠢ ᠶᠢᠨ ᠣᠯᠠᠨ ᠴᠢᠳᠠᠮᠵᠢᠲᠤ ᠶᠡᠭᠡ ᠲᠢᠩᠬᠢᠮ ᠳᠤ ᠠᠷᠪᠠᠨ ᠬᠤᠶᠠᠳᠤᠭᠠᠷ ᠬᠤᠭᠤᠴᠠᠭᠠᠨ ᠤ ᠪᠢᠴᠢᠬᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠳᠤ ᠴᠣᠯᠠ ᠣᠯᠭᠤᠬᠤ ᠶᠣᠰᠣᠯᠠᠯ ᠶᠠᠪᠤᠭᠤᠯᠪᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠭᠤᠷᠪᠠᠳᠤᠭᠠᠷ ᠳᠤᠮᠳᠠ ᠠᠩᠭᠢ ᠶᠢᠨ ᠳᠤᠮᠳᠠ ᠠᠩᠭᠢ ᠶᠢᠨ ᠳᠠᠷᠤᠭ᠎ᠠ ᠯᠢᠦ ᠢ᠂ ᠠᠷᠠᠳ ᠤᠨ ᠴᠠᠭᠳᠠᠭ᠎ᠠ ᠵᠧᠩ ᠬᠤᠩ ᠢᠦᠶ᠂ ᠰᠢ ᠨᠠᠨ᠂ ᠵᠤᠤ ᠸᠧᠨ ᠵᠦᠩ᠂ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠱᠦᠵᠢ ᠶᠦᠨ ᠢᠦᠶ ᠹᠧᠩ ᠵᠢᠴᠢ ᠴᠣᠯᠠ ᠣᠯᠭᠤᠬᠤ ᠳᠥᠷᠪᠡᠳᠦᠭᠡᠷ ᠣᠨ ᠤ  ᠪᠦᠬᠦ ᠪᠠᠭᠰᠢ ᠰᠤᠷᠤᠭᠴᠢᠳ ᠶᠣᠰᠣᠯᠠᠯ ᠳᠤ ᠣᠷᠣᠯᠴᠠᠪᠠ᠃
     ᠶᠣᠰᠣᠯᠠᠯ ᠳᠡᠭᠡᠷ᠎ᠡ ᠯᠢᠦ ᠠᠩᠭᠢ ᠶᠢᠨ ᠳᠠᠷᠤᠭ᠎ᠠ ᠶᠠᠷᠢᠶ᠎ᠠ ᠲᠠᠯᠪᠢᠵᠤ᠂ ᠰᠤᠷᠤᠭᠴᠢᠳ ᠲᠤ ᠣᠳᠣᠬᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠣᠳᠣᠬᠢ ᠪᠠᠶᠢᠳᠠᠯ ᠢ ᠵᠢᠭᠠᠵᠤ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠨ᠂ ᠵᠠᠮ ᠬᠠᠷᠢᠯᠴᠠᠭᠠᠨ ᠤ ᠠᠶᠤᠯ ᠠᠴᠠ ᠵᠠᠶᠢᠯᠠᠬᠤ ᠶᠢ ᠮᠡᠳᠡᠬᠦ ᠬᠡᠷᠡᠭᠲᠡᠶ ᠭᠡᠵᠦ ᠤᠷᠢᠶᠠᠯᠠᠪᠠ᠃ ᠳᠠᠷᠠᠭ᠎ᠠ ᠳᠤᠨᠢ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠶᠦᠨ ᠢᠦᠶ ᠹᠧᠩ ᠪᠥᠬᠦ ᠰᠤᠷᠤᠭᠴᠢᠳ ᠲᠤ ︽ᠵᠠᠮ ᠬᠠᠷᠢᠯᠴᠠᠭᠠᠨ ᠤ ᠪᠢᠴᠢᠬᠠᠨ ᠴᠠᠭᠳᠠᠭ᠎ᠠ︾᠎ ᠶᠢᠨ ᠡᠭᠦᠷᠭᠡ ᠬᠠᠷᠢᠭᠤᠴᠠᠯᠭ᠎ᠠ ᠪᠠ ᠠᠴᠢ ᠬᠤᠯᠪᠣᠭᠳᠠᠯ ᠢ ᠲᠠᠶᠢᠯᠪᠤᠷᠢᠯᠠᠨ᠂ ᠰᠣᠷᠣᠭᠴᠢᠳ ᠢ ᠦᠢᠯᠡᠳᠦᠯᠭᠡ ᠶᠢᠨ ᠳᠤᠮᠳᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠶᠢᠨ ᠬᠠᠮᠲᠤ ᠳᠡᠷᠭᠡᠳᠡᠬᠢ ᠬᠥᠮᠦᠰ ᠢᠶᠠᠨ ᠳᠠᠶᠢᠴᠢᠯᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯ᠎ᠠ ᠪᠠᠷ ᠳᠡᠭᠡᠳᠦ ᠬᠡᠮᠵᠢᠶᠡᠨ‌‍ᠤ ᠬᠠᠷᠢᠭᠤᠴᠠᠯᠭᠠᠲᠤ ᠰᠡᠳᠬᠢᠯᠭᠡ ᠲᠠᠢ  ᠪᠠᠶᠢᠬᠤ ᠶᠢ  ᠬᠦᠰᠡᠨ ᠤᠬᠠᠭᠤᠯᠪᠠ᠃
     ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠰᠤᠷᠭᠠᠭᠴᠢ ᠰᠢᠨ᠎ᠡ  ᠭᠡᠰᠢᠭᠦᠳ ᠳᠤ ᠬᠤᠪᠴᠠᠰᠤ ᠲᠠᠷᠬᠠᠨ᠂ ᠳᠤᠮᠳᠠ ᠠᠩᠭᠢ ᠶᠢᠨ ᠳᠠᠷᠤᠭ᠎ᠠ ᠯᠢᠦ ᠢ ᠬᠡᠤᠬᠡᠳ ᠤᠳ ᠲᠤ ᠴᠣᠯᠠ ᠣᠯᠭᠤᠭᠰᠠᠨ ᠪᠥᠭᠡᠳ 48 ᠨᠡᠷᠡᠰ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠭᠡᠰᠢᠭᠦᠨ ᠢ ᠳᠠᠭᠠᠭᠤᠯᠤᠨ ᠲᠥᠪ ᠴᠢᠩᠭ᠎ᠠ ᠪᠠᠷ ᠲᠠᠩᠭᠠᠷᠢᠭᠯᠠᠵᠤ᠂ ᠰᠤᠷᠭᠠᠭᠴᠢ ᠠᠴᠠ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠭᠡᠰᠢᠭᠦᠳ ᠲᠤ ᠵᠠᠮ ᠬᠠᠷᠢᠯᠴᠠᠭᠠᠨ ᠤ ᠵᠢᠯᠣᠭᠤᠳᠬᠤ ᠭᠠᠷ ᠤᠨ ᠳᠣᠬᠢᠶ᠎ᠠ ᠶᠢ ᠪᠣᠯᠪᠠᠰᠤᠷᠠᠭᠤᠯᠵᠤ᠂ ᠬᠡᠤᠬᠡᠳ ᠤᠳ ᠨᠠᠷᠢᠨ ᠬᠢᠨᠠᠮᠠᠭᠠᠶ ᠰᠣᠷᠣᠯᠴᠠᠬᠤ ᠶᠢᠨ ᠲᠠᠭᠠᠤ ᠲᠡᠭᠦᠨ ᠤ ᠵᠣᠷᠢᠭ ᠰᠠᠨᠠᠭ᠎ᠠ ᠶᠢ ᠨᠢ ᠣᠶᠢᠯᠭᠠᠨ᠎ᠠ᠃      ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ︽ᠵᠠᠮ ᠬᠠᠷᠢᠯᠴᠠᠭᠠᠨ ᠤ ᠪᠢᠴᠢᠬᠠᠨ ᠴᠠᠭᠳᠠᠭ᠎ᠠ︾᠎ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠰᠤᠷᠤᠭᠴᠢᠳ ᠢ ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠪᠣᠯᠪᠠᠰᠤᠨ ᠶᠠᠪᠤᠵᠤ ᠰᠠᠭᠤᠬᠤ ᠤᠬᠠᠮᠰᠠᠷ ᠢ ᠪᠤᠢ ᠪᠣᠯᠭᠠᠨ᠂ ᠨᠢᠭᠡ ᠰᠤᠷᠤᠭᠴᠢ ᠶᠢ ᠰᠤᠷᠭᠠᠨ ᠬᠥᠮᠦᠵᠢᠭᠦᠯᠵᠦ ᠨᠢᠭᠡ ᠭᠡᠷ ᠪᠦᠯᠢ ᠶᠢ ᠨᠥᠯᠥᠭᠡᠯᠡᠬᠦ ᠦᠷ᠎ᠡ ᠪᠦᠲᠦᠮᠵᠢ ᠳᠤ ᠬᠦᠷᠭᠡᠭᠰᠡᠨ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号