ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠲᠠᠷᠬᠠᠭᠠᠭᠰᠠᠨ ﹇2019﹈ 27 ᠳ᠋ᠤᠭᠠᠷ ᠲᠣᠭᠠᠲᠤ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ | | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ | ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠡᠯ᠎ᠡ ᠨᠡᠶᠢᠭᠡᠮ ᠲᠣᠭᠤᠷᠢᠭ᠂ ᠡᠯ᠎ᠡ ᠠᠷᠠᠳ ᠤᠨ ᠪᠦᠯᠬᠦᠮ ᠳᠤ᠄ | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠲᠣᠭᠤᠷᠢᠭ ᠤᠨ | ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠢᠭᠡᠨᠲᠡ | ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 3 ᠰᠠᠷ᠎ᠠ ᠶᠢᠨ 29 ᠤ ᠡᠳᠦᠷ | | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ | ᠵᠠᠰᠠᠭ ᠤ ᠣᠷᠳᠣᠨ ᠤ ᠵᠥᠪᠰᠢᠶᠡᠷᠡᠭᠰᠡᠨ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ》ᠪᠣᠯᠤᠨ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ》 ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ︵ᠳᠣᠷᠣᠭᠰᠢ《 ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠭᠡᠵᠦ ᠲᠣᠪᠴᠢᠯᠠᠨ᠎ᠠ︶ ᠪᠣᠯ ᠵᠢᠩᠬᠢᠨᠢ ᠰᠠᠯᠠᠭᠠᠨ ᠤ ᠳᠡᠰ ᠪᠣᠯᠤᠨ᠎ᠠ᠃ | ᠭᠤᠷᠪᠠᠳᠤᠭᠠᠷ ᠵᠦᠶᠯ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ | ᠲᠥᠪ ᠬᠤᠷᠢᠶ᠎ᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠪᠣᠷ ᠰᠢᠷᠣᠶ ᠶᠢᠨ | ᠠᠵᠤ ᠦᠢᠯᠡᠰ ᠤᠨ ᠬᠥᠭᠵᠢᠯᠲᠡ᠂ ᠲᠣᠮᠣ ᠳ᠋ᠠᠶᠢᠲ᠋ᠠ ᠶᠢᠨ ᠬᠠᠮᠢᠶᠠᠷᠤᠯᠲᠠ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠠᠵᠢᠯ ᠤᠨ | ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ | ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ | ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠰᠢᠨ᠎ᠡ ᠮᠠᠶ᠋ᠢᠭ ᠤᠨ ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ | ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠯᠪᠣᠭᠳᠠᠯ ᠪᠦᠬᠦᠢ ᠵᠢᠷᠤᠮᠵᠢᠯ | ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠪᠦᠬᠦ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠶᠯᠡᠳᠪᠦᠷᠢᠵᠢᠯᠲᠡ ᠶᠢᠨ | ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠪᠦᠬᠦ ᠲᠣᠭᠤᠷᠢᠭ ᠤᠨ ᠠᠵᠤ ᠦᠶᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ | ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ | ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ ᠠᠵᠤ ᠦᠶᠯᠡᠳᠪᠦᠷᠢ ᠶᠢᠨ ᠠᠵᠢᠯᠯᠠᠭᠠᠨ ᠤ ᠳᠤᠮᠳᠠᠬᠢ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠭᠤᠷᠪᠠ︶ ᠪᠦᠬᠦ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠪᠣᠯᠤᠨ ᠴᠢᠭᠯᠡᠯ ᠵᠢᠴᠢ ᠳᠡᠭᠡᠳᠦ | ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠡᠯᠡ | ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠲᠥᠷᠥᠯ ᠵᠦᠶᠯ ᠢ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ᠂ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠶᠢᠨ ᠲᠥᠷᠥᠯ ᠵᠦᠶᠯ ᠢ ᠳᠠᠩᠰᠠᠯᠠᠭᠤᠯᠬᠤ ᠬᠡᠷᠡᠭᠲᠡᠶ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠶᠯᠡᠰ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ | ︵ᠳᠥᠷᠪᠡ︶ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠪᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ | ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ | ᠠᠵᠤ ᠦᠶᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶ᠎ᠡ ᠬᠡᠪᠴᠢᠶᠡᠨ | ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠲᠣᠭᠤᠷᠢᠭ ᠤᠨ ᠴᠠᠬᠢᠯᠭᠠᠨ ᠬᠦᠴᠦᠨ ᠤ ᠠᠵᠢᠯ ᠲᠥᠷᠥᠯ ᠤᠨ | ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ | ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠪᠦᠬᠦ ᠲᠣᠭᠤᠷᠢᠭ ᠤᠨ ᠠᠷᠠᠳ ᠤᠨ ᠬᠡᠷᠡᠭᠯᠡᠭᠡᠨ ᠤ | ᠳᠡᠯᠪᠡᠷᠡᠬᠦ ᠡᠳ᠋ ᠪᠣᠳᠠᠰ ᠤᠨ ᠠᠶᠤᠯ ᠦᠭᠡᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠨᠡᠭᠦᠷᠡᠰᠦᠨ ᠤ | ᠡᠵᠡᠩᠨᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠭᠦᠷᠡᠰᠦᠨ ᠤ | ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠨᠡᠭᠦᠷᠡᠰᠦᠨ ᠤ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ | ︵ᠲᠠᠪᠤ︶ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ | ᠦᠶᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠮᠠᠶ᠋ᠢᠭ ᠤᠨ ᠠᠷᠢᠭᠤᠨ ᠴᠡᠪᠡᠷ | ᠦᠶᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠪᠣᠯᠤᠨ ᠰᠢᠨ᠎ᠡ | ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠦᠶᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ | ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ | ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠶᠯᠡᠳᠪᠦᠷᠢ ᠶᠢᠨ ᠠᠵᠢᠯ ᠲᠥᠷᠥᠯ | ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃ | ︵ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠮᠡᠷᠭᠡᠵᠢᠯ ᠲᠣᠨᠣᠭᠯᠠᠯ ᠤᠨ ᠬᠥᠭᠵᠢᠯᠲᠡ ᠪᠣᠯᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠶᠯ ᠤᠨ | ᠬᠡᠷᠡᠭᠵᠢᠭᠦᠯᠦᠯᠲᠡ ᠶᠢ ᠵᠣᠬᠢᠴᠠᠭᠤᠯᠬᠤ ᠳᠤ ᠲᠦᠰᠢᠭᠯᠡᠨ᠂ ᠮᠡᠷᠭᠡᠵᠢᠯ ᠲᠣᠨᠣᠭᠯᠠᠯ ᠤᠨ ᠤᠯᠤᠰ ᠲᠠᠭᠠᠨ ᠦᠶᠯᠡᠳᠪᠦᠷᠢᠯᠡᠬᠦ ᠶᠢ ᠲᠦᠯᠬᠢᠨ ᠠᠬᠢᠭᠤᠯᠵᠤ᠂ ᠮᠡᠷᠭᠡᠵᠢᠯ | ᠲᠣᠨᠣᠭᠯᠠᠯ ᠤᠨ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠤᠨ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ | ︵ᠨᠠᠶᠮᠠ︶ ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠢᠯ ᠲᠥᠷᠥᠯ ᠤᠨ ᠬᠥᠭᠵᠢᠯᠲᠡ ᠶᠢ ᠴᠢᠩᠭᠠᠳᠬᠠᠬᠤ ᠶᠡᠭᠡ ᠲᠠᠯ᠎ᠠ ᠶᠢᠨ ᠲᠣᠬᠢᠷᠠᠭᠤᠯᠭ᠎ᠠ | ᠡᠵᠡᠮᠰᠢᠯ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠨᠠᠶᠢᠳᠠᠪᠤᠷᠢᠵᠢᠭᠤᠯᠵᠤ᠂ ᠬᠤᠪᠣᠷ ᠰᠢᠷᠣᠶ ᠶᠢᠨ ᠦᠶᠯᠡᠳᠪᠦᠷᠢᠯᠡᠯ ᠤᠨ | ᠶᠡᠷᠦᠩᠬᠡᠶ ᠬᠡᠮᠵᠢᠶ᠎ᠡ ᠶᠢ ᠡᠵᠡᠮᠳᠡᠬᠦ ᠲᠥᠯᠥᠪᠯᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠪᠦᠬᠦ ᠲᠣᠭᠤᠷᠢᠭ ᠤᠨ ᠬᠤᠪᠣᠷ ᠰᠢᠷᠣᠶ ᠶᠢᠨ | ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠬᠤᠲᠠ ᠶᠢᠨ | ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠤᠪᠣᠷ ᠰᠢᠷᠣᠢ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠠᠵᠢᠯ ᠢ ᠰᠠᠶᠢᠲᠤᠷ ᠬᠢᠨ᠎ᠡ᠃ | ︵ᠶᠢᠰᠦ︶ ᠪᠥᠬᠦ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠠᠬᠢᠭᠤᠯᠤᠨ᠎ᠠ᠃ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠠᠵᠢᠯ ᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠣᠮᠣ ᠳ᠋ᠠᠶᠢᠲ᠋ᠠ ᠶᠢᠨ ᠠᠵᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠠᠷᠪᠠ︶ ᠮᠡᠳᠡᠭᠡ ᠵᠠᠩᠭᠢᠵᠢᠯᠲᠠ ᠪᠠ ᠠᠵᠤ ᠦᠶᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ | ᠢᠨᠲ᠋ᠧᠷ ᠰᠦᠯᠵᠢᠶ᠎ᠡ᠂ ᠵᠢᠵᠢᠭ ᠰᠠᠵᠢᠭ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ | ᠦᠶᠯᠡᠳᠪᠦᠷᠢ ᠶᠢᠨ ᠲᠣᠤᠷ ᠰᠦᠯᠵᠢᠶ᠎ᠡ ᠶᠢ ᠬᠠᠷᠢᠭᠤᠴᠠᠨ᠎ᠠ᠃ ᠴᠢᠮᠡᠭᠡ ᠬᠤᠯᠪᠣᠭᠠᠨ ᠤ ᠰᠦᠯᠵᠢᠶ᠎ᠡ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠴᠢᠮᠡᠭᠡ ᠬᠤᠯᠪᠣᠭ᠎ᠠ ᠶᠢᠨ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢᠨ ᠡᠬᠢ ᠪᠠᠶᠠᠯᠢᠭ ᠢ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠲᠣᠤᠷ ᠤᠨ ᠪᠦᠲᠦᠭᠡᠨ | ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠳᠤᠮᠳᠠ ᠵᠢᠵᠢᠭ ᠠᠵᠤ ᠠᠬᠤᠶᠢᠯᠠᠯ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠶᠢᠨ | ᠵᠢᠯᠣᠭᠤᠳᠣᠯᠭ᠎ᠠ ᠶᠢ ᠬᠠᠷᠢᠭᠤᠴᠠᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ | ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ | ᠳᠤᠮᠳᠠ ᠵᠢᠵᠢᠭ ᠠᠵᠤ ᠠᠬᠤᠶᠢᠯᠠᠯ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ︵ᠠᠷᠪᠠᠨ ᠬᠤᠶᠠᠷ︶ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠢᠯᠣᠭᠤᠳᠤᠨ ᠠᠬᠢᠭᠤᠯᠤᠨ᠎ᠠ᠃ ᠪᠦᠬᠦ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ | ᠶᠢᠨ ᠠᠵᠤ ᠠᠬᠤᠶᠢᠯᠠᠯ ᠤᠨ ᠬᠤᠭᠤᠷᠣᠨᠳᠣᠬᠢ ᠠᠵᠤ ᠦᠢᠯᠡᠰ ᠤᠨ ᠬᠠᠮᠵᠢᠯᠴᠠᠨ ᠢᠵᠢ ᠪᠦᠷᠢᠳᠦᠭᠦᠯᠬᠦ ᠠᠵᠢᠯ ᠥᠷᠨᠢᠭᠦᠯᠬᠦ ᠶᠢ ᠵᠢᠯᠣᠭᠤᠳᠬᠤ ᠪᠠ ᠵᠣᠬᠢᠶᠠᠨ | ᠪᠠᠶᠢᠭᠤᠯᠬᠤ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠬᠦᠷᠢᠶᠡᠨ ᠤ ᠠᠵᠤ ᠦᠢᠯᠡᠰ ᠤᠨ | ᠰᠢᠯᠵᠢᠯᠲᠡ ᠶᠢ ᠵᠠᠯᠭᠠᠵᠤ ᠠᠪᠬᠤ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠣᠶᠤᠨ ᠤ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠣᠷᠣᠭᠤᠯᠤᠨ | ᠠᠪᠴᠢᠷᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ | ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ | ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠳᠠᠯ ᠦᠶᠯᠡᠰ | ᠴᠣᠭᠴᠠᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠠᠷᠪᠠᠨ ᠲᠠᠪᠤ︶ ᠪᠦᠬᠦ ᠲᠣᠭᠤᠷᠢᠭ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ | ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠶᠢ ᠲᠦᠯᠬᠢᠨ | ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ | ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ | ︵ᠠᠷᠪᠠᠨ ᠳᠣᠯᠤᠭ᠎ᠠ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠶᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ | ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠯᠠᠨ ᠡᠰᠢᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠶᠯ᠂ | ᠰᠠᠭᠤᠷᠢ ᠮᠥᠩᠭᠦ ᠵᠡᠷᠭᠡ︶ ᠶᠢ ᠵᠣᠬᠢᠴᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠠᠷᠪᠠᠨ ᠨᠠᠶᠮᠠ︶ ᠪᠦᠬᠦ ᠲᠣᠭᠤᠷᠢᠭ ᠤᠨ ᠰᠠᠭᠤᠷᠢ ᠰᠤᠳᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠴᠢᠬᠤᠯᠠ ᠶᠡᠭᠡ ᠰᠠᠭᠤᠷᠢ ᠰᠤᠳᠤᠯᠤᠯ ᠪᠣᠯᠤᠨ ᠬᠡᠷᠡᠭᠯᠡᠭᠡᠨ ᠤ ᠰᠠᠭᠤᠷᠢ ᠰᠤᠳᠤᠯᠤᠯ ᠢ | ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠠᠷᠪᠠ ᠶᠢᠰᠦ︶ ᠪᠦᠬᠦ ᠲᠣᠭᠤᠷᠢᠭ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠯ ᠤᠨ ᠲᠥᠪ | ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ | ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤᠪᠠᠷ ᠡᠳᠯᠡᠬᠦ ᠶᠢ ᠲᠦᠯᠬᠢᠨ | ᠠᠬᠢᠭᠤᠯᠤᠨ᠎ᠠ᠃ | ︵ᠬᠤᠷᠢ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ | ᠪᠦᠬᠦ ᠲᠣᠭᠤᠷᠢᠭ ᠤᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠮᠡᠷᠭᠡᠵᠢᠯ ᠤᠨ ᠬᠥᠭᠵᠢᠯᠲᠡ ᠶᠢᠨ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠷᠢᠨ ᠨᠢᠭᠡ︶ ᠪᠦᠬᠦ ᠲᠣᠭᠤᠷᠢᠭ ᠤᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ | ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ | ᠃ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠦᠶᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | ︵ᠬᠤᠷᠢᠨ ᠬᠤᠶᠠᠷ︶ ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ | ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠷᠢᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠳᠦᠷᠢᠮ ᠤᠨ | ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ | ︵ᠬᠤᠷᠢᠨ ᠳᠥᠷᠪᠡ︶ ᠪᠦᠬᠦ ᠲᠣᠭᠤᠷᠢᠭ ᠤᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠪᠠ ᠮᠡᠷᠭᠡᠵᠢᠯ ᠤᠨ | ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢᠨ ᠲᠠᠪᠤ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ | ᠨᠡᠭᠡᠭᠡᠯᠲᠡ ᠬᠢᠵᠦ ᠬᠤᠷᠰᠢᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠵᠤ᠂ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠭ᠎ᠠ | ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃ | ︵ᠬᠤᠷᠢᠨ ᠵᠢᠷᠭᠤᠭ᠎ᠠ︶ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠵᠤ ᠢᠷᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠲᠠᠵᠤ | ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠶᠯᠡᠴᠢᠯᠡᠬᠦ ᠲᠣᠭᠲᠠᠴᠠ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ᠪᠤᠭᠤᠲᠤ ᠬᠤᠲᠠ ᠶᠢᠨ ᠭᠠᠳᠠᠭᠠᠳᠤ ︵ᠬᠢᠯᠢ︶ ᠳᠤ ᠭᠠᠷᠬᠤ ᠪᠣᠯᠪᠠᠰᠤᠷᠠᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ | ᠪᠣᠯᠤᠨ ᠣᠨ ᠤ ᠲᠥᠯᠥᠪᠯᠡᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠳᠣᠯᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ ᠨᠠᠶᠮᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠲᠣᠭᠤᠷᠢᠭ ᠢᠶᠠᠨ ᠮᠠᠨᠳᠤᠭᠤᠯᠬᠤ᠂ | ᠴᠢᠳᠠᠪᠤᠷᠢᠲᠠᠨ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠶᠯᠡᠴᠢᠯᠡᠭᠡᠨ ᠤ | ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠬᠤᠪᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠠ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠡᠭᠡ ᠲᠠᠯ᠎ᠠ ᠶᠢᠨ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠴᠢᠩᠭᠠᠳᠬᠠᠨ᠂ ᠪᠠᠭ᠎ᠠ ᠲᠠᠯ᠎ᠠ ᠶᠢᠨ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠶᠯᠡᠴᠢᠯᠡᠭᠡ ᠲᠡᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶᠯ ᠢ ᠰᠢᠭᠤᠳ | ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠨ ᠲᠥᠷᠥᠯ ᠵᠦᠶᠯ ᠢ ᠭᠥᠯᠢᠶᠡᠨ | ᠠᠪᠴᠤ ᠰᠢᠶᠳᠪᠦᠷᠢᠯᠡᠬᠦ᠂ ᠬᠢᠨᠠᠨ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠵᠦᠶᠯᠡᠰ ᠢ ᠳᠠᠬᠢᠵᠤ ᠬᠢᠨᠠᠨ ᠬᠠᠷᠭᠤᠭᠤᠯᠬᠤ ᠦᠭᠡᠢ᠂ | ᠲᠥᠯᠥᠪᠵᠢᠭᠦᠯᠭᠡ ᠶᠢᠨ ᠪᠠᠶᠢᠷᠢᠰᠢᠭᠤᠯᠤᠯ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠣᠭᠤᠷᠢᠭ ᠤᠨ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠣᠭᠤᠷᠢᠭ ᠤᠨ ᠭᠠᠳᠠᠨᠠᠬᠢ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ | ᠲᠥᠯᠥᠪᠯᠡᠨ᠎ᠡ᠃ | ︵ᠬᠤᠷᠢ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠤᠨ | ᠬᠤᠭᠤᠷᠣᠨᠳᠤᠬᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠵᠤ ᠦᠢᠯᠡᠳᠪᠦᠷᠢ ᠶᠢᠨ ᠲᠣᠣᠷ ᠰᠦᠯᠵᠢᠶ᠎ᠡ ᠬᠢᠭᠡᠳ ᠮᠡᠳᠡᠭᠡ ᠵᠠᠩᠭᠢᠵᠢᠯᠲᠠ ᠶᠢ ᠬᠠᠷᠢᠭᠤᠴᠠᠵᠤ᠂ ᠪᠦᠬᠦ | ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ | ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠨᠢ ᠪᠥᠬᠦ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ | ᠥᠷᠨᠢᠭᠦᠯᠬᠦ ᠶᠢ ᠬᠠᠷᠢᠭᠤᠴᠠᠵᠤ᠂ ᠮᠡᠳᠡᠭᠡ ᠵᠠᠩᠭᠢᠵᠢᠯᠲᠠ ᠶᠢᠨ ᠠᠵᠢᠯ ᠢ ᠵᠣᠬᠢᠴᠠᠭᠤᠯᠤᠨ᠎ᠠ᠃ | 2᠃ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ | ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠲᠣᠭᠤᠷᠢᠭ ᠤᠨ ᠴᠠᠬᠢᠯᠭᠠᠨ ᠬᠦᠴᠦᠨ ᠤ ᠠᠵᠢᠯ | ᠲᠥᠷᠥᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠶᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠨᠡᠭᠦᠷᠡᠰᠦᠨ ᠤ ᠡᠵᠡᠩᠨᠡᠯᠲᠡ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠨᠡᠭᠦᠷᠡᠰᠦᠨ ᠤ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠲᠣᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠦᠬᠦ ᠲᠣᠭᠤᠷᠢᠭ ᠤᠨ ᠨᠡᠭᠦᠷᠡᠰᠦ᠂ ᠴᠠᠬᠢᠯᠭᠠᠨ ᠬᠦᠴᠦᠨ ᠵᠡᠷᠭᠡ ᠡᠨᠧᠷᠭᠢ ᠶᠢᠨ ᠨᠡᠭᠡᠭᠡᠯᠲᠡ ᠶᠢᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠶᠴᠡᠳᠬᠡᠬᠦ ᠠᠵᠢᠯ ᠪᠣᠯᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭᠠᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠳᠥᠷᠪᠡᠳᠦᠭᠡᠷ ᠵᠦᠶᠯ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ | ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ᠲᠠᠪᠤᠳᠤᠭᠠᠷ ᠵᠦᠶᠯ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠨᠡᠷᠡᠰ᠂ ᠲᠣᠪᠴᠢᠶᠠᠨ ᠳᠠᠷᠤᠭ᠎ᠠ 1 ᠨᠡᠷᠡᠰ᠂ ᠳᠡᠳ᠋ ᠲᠣᠪᠴᠢᠶᠠᠨ ᠳᠠᠷᠤᠭ᠎ᠠ 2 ᠨᠡᠷᠡᠰ | ᠲᠣᠬᠢᠷᠠᠭᠤᠯᠤᠨ᠎ᠠ᠃ | ᠵᠢᠷᠭᠤᠳᠤᠭᠠᠷ ᠵᠦᠶᠯ ᠲᠣᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ | ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠳᠠᠬᠢᠨ | ᠲᠣᠭᠲᠠᠭᠠᠨ᠎ᠠ᠃ | ᠳᠣᠯᠣᠳᠤᠭᠠᠷ ᠵᠦᠶᠯ ᠲᠣᠰ ᠲᠣᠭᠲᠠᠭᠠᠯ ᠤᠨ ᠲᠠᠶᠢᠯᠪᠤᠷᠢᠯᠠᠬᠤ ᠭᠦᠶᠴᠡᠳᠬᠡᠬᠦ ᠠᠵᠢᠯ ᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ | ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ᠎ᠠ᠂ ᠲᠡᠭᠦᠨ ᠤ ᠲᠣᠬᠢᠷᠠᠭᠤᠯᠤᠯᠲᠠ ᠶᠢ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠶᠠᠪᠤᠭᠳᠠᠭᠤᠯᠤᠨ ᠭᠦᠢᠴᠡᠳᠬᠡᠨ᠎ᠡ᠃ | ᠨᠠᠶᠮᠠᠳᠤᠭᠠᠷ ᠵᠦᠶᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | 2019 ᠣᠨ 3 ᠤ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |