ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-25
     11 ᠰᠠᠷ᠎ᠠ ᠶᠢᠨ 20᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤᠸᠠᠢ ᠵᠢᠶᠠᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠲᠠᠨ ᠰᠢᠤᠸᠠᠢ ᠸᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠩ ᡁᠢ ᠢᠩ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠤ ᡁᠢ ᠾᠥᠩ᠂ ᠵᠠᠩ ᠵᠢᠶᠠᠨ ᠯᠢ᠂ ᠹᠸᠢ ᠪᠦᠦ ᠷᠦᠩ᠂ ᠥᠷᠭᠡᠨ ᠬᠤᠷᠠᠯ ᠳᠤ ᠣᠷᠣᠯᠴᠠᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠨ ᠪᠠ ᠠᠯᠪᠠᠨ ᠭᠡᠷ᠂ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠃
     ᠬᠤᠷᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠠᠮᠵᠢᠭᠤᠯᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ《ᠠᠵᠢᠯ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》᠎ ᠢ ᠬᠢᠨᠠᠨ ᠵᠥᠪᠯᠡᠵᠦ ᠪᠠᠲᠤᠯᠠᠪᠠ᠃ ᠰᠦᠩ ᡁᠢ ᠶᠢᠩ 2019 ᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠪᠡ᠃      ᠬᠤᠷᠠᠯ ᠳᠤ᠂ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠰᠢᠰᠲ᠋ᠧᠮ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠣᠶᠢᠯᠠᠭᠠᠬᠤ ᠪᠠᠷ ᠳᠠᠮᠵᠢᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠳᠲᠡᠷ ᠲᠦᠷᠭᠡᠨ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠲᠥᠪᠯᠡᠷᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠥᠬᠦᠳᠡ ᠬᠤᠷᠠᠯ ᠳᠤ ᠴᠢᠬᠤᠯᠠᠴᠢᠯᠠᠭᠰᠠᠨ《ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠥᠷᠦ ᠶᠢᠨ ᠵᠥᠪᠯᠡᠯᠭᠡ ᠬᠢᠬᠦ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ》ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠢ ᠣᠶᠢᠯᠠᠭᠠᠵᠤ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠲᠥᠷᠥ ᠶᠢ ᠵᠠᠰᠠᠬᠤ ᠰᠢᠰᠲ᠋ᠧᠮ ᠳᠠᠬᠢ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠡᠭᠦᠷᠭᠡ ᠬᠠᠷᠢᠭᠤᠴᠠᠯᠭ᠎ᠠ ᠢ ᠲᠣᠳᠣᠷᠬᠠᠶᠢᠯᠠᠵᠤ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠦ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠶ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠯᠬᠦᠮᠳᠡᠯ ᠢ ᠴᠢᠩᠭᠠᠳᠬᠠᠨ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠤᠰ ᠴᠢᠭᠯᠡᠯ ᠢᠶᠠᠷ ᠬᠦᠴᠦᠯᠡᠬᠦ ᠵᠢᠷᠤᠮ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠠᠬᠢ ᠥᠪᠡᠷᠮᠢᠴᠡ ᠪᠥᠭᠡᠳ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠢᠶᠠᠨ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠠᠷᠠᠯᠲᠠ ᠪᠠᠨ ᠲᠣᠳᠣᠷᠬᠠᠶᠢᠯᠠᠵᠤ᠂ ᠨᠢᠮᠪᠠᠶ ᠵᠣᠬᠢᠶᠠᠨ ᠪᠠᠶᠢᠭᠤᠯᠵᠤ᠂ ᠠᠶᠢᠵᠠᠮ ᠢ ᠡᠵᠡᠮᠳᠡᠨ᠂ ᠢᠳᠡᠪᠬᠢᠲᠡᠢ ᠠᠬᠢᠭᠤᠯᠵᠤ᠂ ᠦᠨᠡᠯᠡᠨ ᠶᠠᠷᠢᠯᠴᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠣᠨ ᠤ ᠠᠷᠠᠳᠴᠢᠯᠠᠯ ᠤᠨ ᠦᠨᠡᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠤᠷᠠᠯ ᠳᠤ ᠵᠢᠭᠠᠵᠤ ᠭᠠᠷᠭᠠᠪᠠ᠃      ᠬᠤᠷᠠᠯ ᠳᠤ᠂ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠪᠣᠯ ᠨᠢᠭᠡ ᠵᠦᠢᠯ ᠤᠨ ᠤᠯᠤᠰ ᠲᠥᠷᠥ ᠶᠢᠨ ᠴᠢᠨᠠᠷ᠂ ᠲᠥᠷᠦ ᠶᠢᠨ ᠪᠣᠳᠣᠯᠭ᠎ᠠ ᠶᠢᠨ ᠴᠢᠨᠠᠷ ᠢᠶᠠᠷ ᠮᠠᠰᠢ ᠴᠢᠩᠭ᠎ᠠ ᠠᠵᠢᠯ ᠪᠣᠯᠤᠨ᠎ᠠ᠂ ᠨᠠᠮ ᠤᠨ ᠬᠤᠷᠢᠶ᠎ᠠ ᠵᠠᠰᠠᠭ ᠤᠨ ᠣᠷᠳᠣᠨ ᠴᠢᠬᠤᠯᠠᠴᠢᠯᠠᠨ ᠦᠵᠡᠵᠦ᠂ ᠭᠡᠰᠢᠭᠦᠨ᠂ ᠣᠯᠠᠨ ᠲᠦᠮᠡᠨ ᠬᠠᠯᠠᠮᠵᠢᠯᠠᠵᠤ᠂ ᠨᠡᠶᠢᠭᠡᠮ ᠤᠨ ᠡᠯ᠎ᠡ ᠡᠲᠡᠭᠡᠳ ᠠᠩᠬᠠᠷᠴᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠬᠥᠭᠵᠢᠯᠲᠡ ᠪᠣᠯᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠢᠨ᠎ᠡ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠵᠤ᠂ ᠭᠡᠰᠢᠭᠦᠳ ᠪᠣᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠳᠤ ᠬᠠᠷᠢᠭᠤᠯᠲᠠ ᠥᠭᠴᠦ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠭᠡᠰᠢᠭᠦᠳ ᠤᠨ ᠲᠤᠰᠢᠶᠠᠯ ᠠᠴᠠ ᠪᠠᠭᠤᠬᠤ ᠪᠠ ᠭᠡᠰᠢᠭᠦᠳ ᠤᠨ ᠬᠢᠷᠢ ᠬᠡᠮ ᠢ ᠬᠠᠰᠤᠬᠤ ᠵᠡᠷᠭᠡ ᠶᠠᠪᠤᠳᠠᠯ ᠤᠳ ᠢ ᠰᠤᠳᠤᠯᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号