ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠡᠯ ᠪᠢᠨ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-25
     11 ᠰᠠᠷ᠎ᠠ ᠶᠢᠨ 21᠎ ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠡᠤ ᠡᠯ ᠪᠢᠨ ᠨᠠᠷ ᠮᠠᠨ ᠤ ᠲᠣᠭᠤᠷᠢᠭ ᠤᠨ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ᠂ ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠰᠤᠷᠭᠠᠨ ᠬᠥᠮᠦᠵᠢᠯ ᠤᠨ ᠬᠥᠭᠵᠢᠯᠲᠡ ᠶᠢᠨ ᠠᠵᠢᠯ ᠢ ᠵᠢᠭᠠᠨ ᠵᠢᠯᠣᠭᠤᠳᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠠᠨ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠾᠧ ᠱᠧᠩ ᠵᠢᠴᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠤᠯᠲᠠ ᠬᠢᠪᠡ᠃
     ᠡᠤ ᠡᠯ ᠪᠢᠨ ᠨᠠᠷ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠰᠤᠷᠭᠠᠭᠤᠯᠢ ᠶᠢᠨ ᠣᠶᠢᠷ᠎ᠠ ᠶᠢᠨ ᠵᠢᠯ ᠤᠨ ᠲᠤᠷᠰᠢᠬᠢ《40+20》ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠦᠭᠰᠡᠨ᠂ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠤᠤᠰ ᠪᠣᠯᠤᠯᠴᠠᠨ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠦᠭᠰᠡᠨ᠂ ᠳᠡᠰ ᠬᠤᠪᠢᠶᠠᠨ ᠵᠢᠭᠠᠨ ᠰᠤᠷᠭᠠᠬᠤ ᠶᠢ ᠥᠷᠨᠢᠭᠦᠯᠦᠭᠰᠡᠨ᠂ ᠪᠠᠭᠰᠢ ᠶᠢᠨ ᠲᠤᠰᠬᠠᠶᠢᠵᠢᠨ ᠦᠰᠦᠨ ᠪᠤᠶᠢᠵᠢᠬᠤ ᠶᠢ ᠠᠬᠢᠭᠤᠯᠤᠭᠰᠠᠨ ᠪᠠ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠳᠠᠪᠲᠠᠯᠭ᠎ᠠ ᠰᠢᠯᠭᠠᠯᠲᠠ ᠪᠡᠯᠡᠳᠬᠡᠭᠰᠡᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠶ ᠰᠣᠨᠣᠰᠪᠠ᠃
     ᠦ᠋ ᠡᠯ ᠪᠢᠨ᠂ ᠰᠤᠷᠭᠠᠭᠤᠯᠢ ᠶᠢ ᠬᠥᠭᠵᠢᠯᠲᠡ ᠶᠢᠨ ᠰᠠᠭᠤᠷᠢ ᠪᠠᠨ ᠪᠠᠲᠤᠳᠬᠠᠵᠤ᠂ ᠪᠠᠶᠢᠷᠢ ᠲᠣᠭᠲᠠᠭᠠᠯᠲᠠ ᠪᠠᠨ ᠲᠣᠭᠲᠠᠭᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠭᠤᠷᠬᠠᠢ ᠶᠢᠨ ᠲᠣᠭᠤᠷᠢᠭ ᠤᠨ ᠠᠷᠠᠳ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠶᠢ ᠵᠣᠷᠢᠭᠵᠢᠭᠤᠯᠪᠠ᠃      ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠳ᠋ᠤ᠋‌‍ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ᠂ ᠡᠤ ᠡᠯ ᠪᠢᠨ ᠰᠤᠷᠭᠠᠭᠤᠯᠢ ᠶᠢᠨ ᠡᠳᠦᠷ ᠲᠣᠲᠤᠮ ᠤᠨ ᠬᠠᠮᠢᠶᠠᠷᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠡᠷᠬᠢᠯᠡᠬᠦ ᠣᠨᠴᠠᠯᠢᠭ ᠵᠡᠷᠭᠡ ᠠᠵᠢᠯ ᠢ ᠨᠠᠷᠢᠨ ᠬᠢᠨᠠᠮᠠᠭᠠᠶ ᠰᠣᠨᠣᠰᠴᠤ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠮᠠᠭᠲᠠᠨ ᠰᠠᠶᠢᠰᠢᠶᠠᠵᠤ ᠨᠤᠲᠠᠯᠠᠪᠠ᠂ ᠲᠡᠷᠡ ᠰᠤᠷᠭᠠᠭᠤᠯᠢ ᠶᠢ ᠪᠦᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠶᠠᠰᠤ ᠴᠢᠨᠠᠷ ᠰᠢᠯᠢᠳᠡᠭ ᠰᠤᠷᠭᠠᠭᠤᠯᠢ ᠪᠠᠷ ᠦᠨᠡᠯᠡᠨ ᠮᠠᠭᠠᠳᠯᠠᠬᠤ ᠪᠠᠷ ᠠᠵᠠ ᠲᠣᠬᠢᠶᠠᠯ ᠪᠣᠯᠭᠠᠵᠤ᠂ ᠴᠢᠨᠠᠷ ᠰᠠᠶᠢᠲᠠᠶ ᠰᠤᠷᠭᠠᠭᠤᠯᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠷᠡᠭᠡᠳᠦᠶ ᠶᠢᠨ ᠰᠤᠷᠭᠠᠨ ᠬᠥᠮᠦᠵᠢᠯ ᠤᠨ ᠦᠷᠭᠦᠯᠵᠢᠯᠡᠬᠦ ᠬᠥᠭᠵᠢᠯᠲᠡ ᠶᠢᠨ ᠠᠰᠠᠭᠤᠳᠠᠯ ᠳᠤ᠂ ᠦ᠋ ᠡᠯ ᠪᠢᠨ ᠲᠣᠭᠤᠷᠢᠭ ᠤᠨ ᠤᠳᠤᠷᠢᠳᠤᠯᠭ᠎ᠠ ᠲᠠᠢ ᠭᠠᠵᠠᠷ ᠣᠷᠣᠨ ᠤ ᠰᠤᠷᠭᠠᠨ ᠬᠥᠮᠦᠵᠢᠯ ᠤᠨ ᠪᠠᠢᠷᠢᠰᠢᠭᠤᠯᠤᠯ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠰᠤᠷᠤᠭᠴᠢ ᠶᠢᠨ ᠢᠷᠡᠯᠲᠡ ᠶᠢᠨ ᠲᠣᠭᠲᠠᠭᠤᠨ ᠵᠡᠷᠭᠡ ᠲᠠᠯ᠎ᠠ ᠶᠢᠨ ᠶᠠᠪᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠪᠠᠶ᠋ᠬᠠᠣᠪᠤᠭ᠎ᠠ ᠶᠢᠨ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号