ᠠᠷᠠᠳ ᠤᠨ ᠪᠠᠶᠢᠳᠠᠯ ᠢ ᠣᠶᠢᠯᠠᠭᠠᠵᠤ ᠦᠨᠡᠨ ᠰᠡᠳᠬᠢᠯ ᠠᠴᠠ ᠪᠠᠨ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2019-11-26
     ᠭᠤᠷᠪᠠᠳᠤᠭᠠᠷ ᠵᠡᠭᠡᠯᠢ ᠭᠤᠳᠤᠮᠵᠢ ᠶᠢᠨ ᠰᠢᠷᠣᠶ ᠶᠢᠨ ᠵᠠᠮ ᠪᠠᠬᠢᠵᠢᠪᠡ᠃ ᠬᠤᠶᠠᠳᠤᠭᠠᠷ ᠨᠣᠮᠧᠷᠲᠤ ᠠᠰᠠᠷ ᠤᠨ 2-1ᠠᠰᠠᠷ ᠤᠨ ᠭᠤᠳᠤᠮᠵᠢᠨ ᠤ ᠤᠰᠤᠨ ᠬᠤᠭᠤᠯᠠᠶ ᠠᠴᠠ ᠤᠰᠤ ᠭᠤᠭᠤᠵᠢᠬᠤ ᠦᠭᠡᠢ ᠪᠣᠯᠪᠠ᠃ ᠨᠠᠢᠮᠠᠳᠤᠭᠠᠷ ᠨᠣᠮᠧᠷᠲᠤ ᠠᠰᠠᠷ ᠤᠨ 6 ᠪᠠ 7 ᠠᠰᠠᠷ ᠤᠨ ᠬᠤᠭᠤᠷᠣᠨᠳᠣ ᠨᠤᠷᠠᠭᠰᠠᠨ ᠵᠠᠮ ᠢ ᠪᠥᠭᠯᠡᠭᠰᠡᠨ ᠪᠥᠭᠡᠳ ᠪᠠᠰᠠ ᠰᠢᠨ᠎ᠡ《H ᠬᠡᠯᠪᠡᠷᠢᠲᠦ ᠲᠣᠭᠤᠰᠬ᠎ᠠ》ᠳᠡᠪᠢᠰᠦᠭᠰᠡᠨ ᠪᠠᠶᠢᠨ᠎ᠠ᠃ ᠰᠢᠤᠳᠠᠨ ᠲᠣᠪᠴᠢᠶ᠎ᠠ ᠶᠢᠨ ᠠᠰᠠᠷ ᠳᠣᠤᠷ᠎ᠠ ᠤᠰᠤ ᠬᠤᠭᠤᠯᠠᠢ ᠪᠥᠭᠯᠡᠷᠡᠵᠦ᠂ ᠭᠡᠷ ᠤᠨ ᠣᠷᠣᠢ ᠪᠣᠷᠣᠭᠠᠨ ᠭᠤᠭᠤᠵᠢᠬᠤ ᠶᠢ ᠬᠠᠮᠢᠶᠠᠷᠬᠤ ᠬᠥᠮᠦᠨ ᠲᠠᠢ ᠪᠣᠯᠵᠠᠶ ᠁ ᠣᠶᠢᠷ᠎ᠠ ᠳᠤ᠂ ᠪᠦᠦ ᠱᠠᠨ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠡᠪᠦᠭᠡᠨ ᠠᠪᠤ᠂ ᠬᠥᠭᠰᠢᠨ ᠠᠨᠢᠶ᠎ᠠ ᠨᠠᠷ ᠬᠠᠷᠢᠯᠴᠠᠨ ᠰᠡᠳᠬᠢᠯ ᠢᠶᠠᠨ ᠮᠡᠳᠡᠯᠴᠡᠵᠦ ᠪᠠᠶᠢᠯ᠎ᠠ᠃
     ᠬᠠᠷᠢᠶ᠎ᠠ ᠲᠣᠭᠤᠷᠢᠭ ᠤᠨ ᠵᠢᠵᠢᠭ ᠭᠤᠳᠤᠮᠵᠢ ᠠᠴᠠ ᠠᠰᠠᠷ ᠤᠨ ᠭᠤᠳᠤᠮᠵᠢ ᠶᠢᠨ ᠨᠢᠭᠡᠴᠢ ᠬᠦᠷᠲᠡᠯ᠎ᠡ᠂ ᠵᠢᠵᠢᠭ ᠬᠤᠳᠠᠯᠳᠤᠭ᠎ᠠ ᠵᠢᠵᠢᠭ ᠫᠦᠰᠡ ᠠᠴᠠ ᠳᠠᠬᠢᠨ ᠰᠠᠭᠤᠭᠠᠯᠢ ᠠᠷᠠᠳ ᠤᠨ ᠬᠦᠷᠢᠶ᠎ᠡ ᠬᠦᠷᠲᠡᠯ᠎ᠡ᠂ ᠪᠦᠦ ᠱᠠᠨ ᠨᠡᠶᠢᠭᠡᠮ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ᠂ ᠦᠨᠳᠦᠰᠦᠨ ᠱᠠᠲᠤ ᠶᠢ ᠬᠢᠴᠢᠶᠡᠯ ᠤᠨ ᠲᠠᠩᠬᠢᠮ ᠪᠣᠯᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠦᠨᠡᠨ ᠰᠡᠳᠬᠢᠯ ᠠᠴᠠ ᠪᠠᠨ ᠠᠰᠠᠭᠤᠳᠠᠯ ᠢ ᠰᠢᠢᠳᠪᠦᠷᠢᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号