ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠷᠢᠶᠠᠲᠤ ᠲᠣᠭᠤᠷᠢᠭ ᠤᠨ《ᠬᠠᠭᠤᠴᠢᠨ ᠠᠰᠠᠷ》᠎ ᠲᠤ ᠠᠰᠠᠷ ᠤᠨ ᠭᠤᠳᠤᠮᠵᠢ ᠶᠢᠨ ᠰᠢᠯ ᠰᠣᠯᠢᠵᠤ ᠥᠭᠪᠡ
ᠨᠡᠶᠢᠲᠡᠯᠡᠭᠰᠡᠨ ᠴᠠᠭ᠄
2019-11-26
     《ᠥᠩᠭᠡᠷᠡᠭᠡᠭᠰᠡᠨ ᠳᠤ ᠣᠯᠠᠨ ᠨᠡᠶᠢᠲᠡ ᠶᠢᠨ ᠠᠰᠠᠷ ᠤᠨ ᠭᠤᠳᠤᠮᠵᠢ ᠶᠢᠨ ᠰᠢᠯ ᠬᠠᠭᠠᠷᠴᠤ᠂ ᠡᠪᠦᠯ ᠤᠨ ᠤᠯᠠᠷᠢᠯ ᠪᠣᠯᠤᠮᠠᠭᠴᠠ ᠳᠤᠯᠠᠭᠠᠮᠵᠢ ᠶᠢᠨ ᠬᠤᠭᠤᠯᠠᠶ ᠬᠥᠯᠳᠡᠳᠡᠭ᠂ ᠣᠳᠣ ᠨᠡᠶᠢᠭᠡᠮ ᠲᠣᠭᠤᠷᠢᠭ  ᠪᠣᠶ ᠪᠦᠬᠦᠢ ᠬᠠᠭᠠᠷᠠᠵᠤ ᠡᠪᠳᠡᠷᠡᠭᠰᠡᠨ ᠰᠢᠯ ᠢ ᠪᠦᠷ ᠰᠣᠯᠢᠵᠠᠶ᠂ ᠡᠨᠡ ᠨᠢ ᠪᠢᠳᠡᠨ ᠳᠤ ᠦᠨᠡᠬᠡᠷ ᠶᠡᠭᠡ ᠰᠠᠶᠢᠨ ᠶᠠᠪᠤᠳᠠᠯ ᠬᠢᠵᠦ ᠥᠭᠴᠡᠶ᠃》ᠭᠠᠯ ᠲᠡᠷᠭᠡᠨ ᠥᠷᠲᠡᠭᠡᠨ ᠤ ᠭᠡᠷ ᠪᠦᠯᠢ ᠶᠢᠨ ᠬᠠᠷᠢᠶᠠᠲᠤ ᠠᠰᠠᠷ ᠤᠨ ᠰᠠᠭᠤᠭᠠᠯᠢ ᠠᠷᠠᠳ ᠡᠷᠡᠬᠡᠢ ᠬᠤᠷᠤᠭᠤ ᠭᠠᠷᠭᠠᠨ ᠮᠠᠭᠲᠠᠵᠤ ᠪᠠᠶᠢᠯ᠎ᠠ᠃
     ᠰᠢᠶᠠᠩ ᠶᠦᠨ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠲᠠᠬᠢ ᠪᠡᠯᠡ ᠴᠤᠭᠯᠠᠭᠤᠯᠬᠤ ᠠᠰᠠᠷ ᠪᠠ ᠭᠠᠯᠲᠤ ᠲᠡᠷᠭᠡᠨ ᠥᠷᠲᠡᠭᠡᠨ ᠤ ᠭᠡᠷ ᠪᠦᠯᠢ ᠶᠢᠨ ᠬᠠᠷᠢᠶᠠᠲᠤ ᠠᠰᠠᠷ ᠢ ᠪᠦᠲᠦᠭᠡᠨ ᠪᠠᠶᠢᠭᠤᠯᠤᠭᠠᠳ ᠨᠡᠯᠢᠶᠡᠳ ᠤᠷᠲᠤ ᠬᠤᠭᠤᠴᠠᠭ᠎ᠠ ᠪᠣᠯᠣᠭᠰᠠᠨ ᠠᠴᠠ ᠪᠣᠯᠵᠤ᠂ ᠬᠡᠳᠦᠨ ᠠᠷᠪᠠᠨ ᠵᠢᠯ ᠤᠨ ᠰᠠᠯᠬᠢ ᠪᠣᠷᠣᠭᠠᠨ ᠳᠤ ᠴᠣᠬᠢᠨ ᠨᠣᠷᠣᠭᠳᠠᠵᠤ᠂ ᠠᠰᠠᠷ ᠤᠨ ᠭᠤᠳᠤᠮᠵᠢ ᠶᠢᠨ ᠴᠣᠩᠬᠤᠨ ᠳᠤ ᠪᠦᠷ ᠠᠳᠠᠯᠢ ᠪᠤᠰᠤ ᠬᠡᠮᠵᠢᠶᠡᠨ ᠤ ᠰᠢᠯ ᠬᠠᠭᠠᠷᠠᠵᠤ ᠡᠪᠳᠡᠷᠡᠬᠦ ᠦᠵᠡᠭᠳᠡᠯ ᠣᠷᠣᠰᠢᠵᠤ᠂ ᠠᠰᠠᠷ ᠤᠨ ᠭᠤᠳᠤᠮᠵᠢ ᠶᠢᠨ ᠳᠣᠲᠣᠷᠠᠬᠢ ᠣᠷᠴᠢᠨ ᠲᠣᠭᠤᠷᠢᠨ ᠮᠠᠰᠢ ᠮᠠᠭᠤ ᠪᠣᠯᠵᠠᠶ᠃ ᠬᠠᠷᠢᠶ᠎ᠠ ᠲᠣᠭᠤᠷᠢᠭ ᠤᠨ《ᠬᠦᠢᠲᠡᠨ ᠵᠢᠪᠠᠷ ᠨᠡᠪᠲᠡᠷᠡᠬᠦ》ᠬᠠᠭᠤᠴᠢᠨ ᠠᠰᠠᠷ ᠤᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠢ ᠪᠠᠲᠤᠯᠠᠵᠤ ᠬᠦᠢᠲᠡᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠡᠨᠡ ᠬᠤᠶᠠᠷ ᠰᠠᠭᠤᠭᠠᠯᠢ ᠠᠷᠠᠳ ᠤᠨ ᠲᠣᠭᠤᠷᠢᠭ ᠲᠤ 150 ᠭᠠᠷᠤᠶ ᠰᠢᠨ᠎ᠡ ᠰᠢᠯ ᠰᠣᠯᠢᠵᠤ᠂ ᠰᠠᠭᠤᠭᠠᠯᠢ ᠠᠷᠠᠳ ᠲᠤ ᠦᠨᠡᠨᠬᠦ‍ ᠨᠢᠭᠡ ᠶᠡᠭᠡ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠦᠨᠡᠨᠬᠦ ᠪᠣᠳᠠᠲᠤ ᠠᠰᠢᠭ ᠬᠦᠷᠲᠡᠭᠡᠵᠦ᠂ ᠤᠴᠢᠷ ᠶᠠᠪᠤᠳᠠᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号