ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠳᠤᠭᠤᠶᠢᠯᠠᠩ ᠳᠠᠭᠠᠭᠤᠯᠤᠨ ᠱᠠᠨᠳᠦ᠋ᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2019-11-26
     ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠡᠬᠢ ᠪᠠᠶᠠᠯᠢᠭ ᠪᠠ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠬᠦᠴᠦ ᠪᠠᠷ ᠰᠠᠶᠢᠲᠤᠷ ᠥᠷᠨᠢᠭᠦᠯᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 18᠎ ᠤ ᠡᠳᠦᠷ ᠠᠴᠠ 21᠎ ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠪᠦᠯᠬᠦᠮ ᠳᠠᠭᠠᠭᠤᠯᠤᠨ ᠱᠠᠨᠳᠦ᠋ᠩ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠥᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠲᠤᠰ ᠠᠵᠢᠯ ᠳᠤ ᠣᠷᠣᠯᠴᠠᠪᠠ᠃
     ᠬᠤᠸᠠᠩ ᠮᠢᠨ ᠳᠤᠭᠤᠶᠢᠯᠠᠩ ᠳᠠᠭᠠᠭᠤᠯᠤᠨ ᠤᠷᠢᠳ ᠬᠤᠵᠢᠳ ᠱᠠᠨᠳᠦ᠋ᠩ ᠤᠨ ᠽᠢ ᠪᠥᠸᠧ ᠵᠢᠶᠠ ᠬᠤᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠱᠠᠨᠳᠦ᠋ᠩ ᠤᠨ ᠯᠠᠶ ᠶᠠᠩ ᠬᠠᠳᠠ ᠪᠠᠯ ᠴᠢᠯᠠᠭᠤ ᠶᠢᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂ ᠲᠥᠷᠥᠯ ᠵᠦᠢᠯ ᠢ ᠬᠡᠷᠬᠢᠨ ᠬᠡᠷᠡᠭᠵᠢᠭᠦᠯᠬᠦ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠸᠠᠩ ᠮᠢᠨ᠂ ᠨᠢᠭᠡ ᠳᠤ ᠠᠵᠤ ᠠᠬᠤᠶᠢᠯᠠᠯ ᠯᠤᠭ᠎ᠠ ᠨᠡᠪᠲᠡᠷᠡᠯᠴᠡᠬᠦ ᠦᠢᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠬᠦ ᠶᠢᠨ ᠬᠠᠮᠲᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠢᠴᠡᠳ ᠨᠤᠲᠠᠯᠠᠯᠲᠠ ᠬᠢᠵᠦ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠢᠯ ᠤᠨ ᠰᠢᠨ᠎ᠡ ᠠᠬᠢᠴᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠤᠶᠠᠷ ᠲᠤ᠂ ᠳᠡᠭᠡᠭᠰᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠨᠤᠲᠠᠯᠠᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠭᠤᠷᠪᠠ ᠳᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠳᠠᠪᠠᠭᠤᠯᠢᠭ ᠲᠠᠢ ᠤᠶᠠᠯᠳᠤᠭᠤᠯᠤᠨ ᠲᠥᠰᠥᠪᠯᠡᠬᠦ ᠲᠥᠷᠥᠯ ᠵᠦᠢᠯ ᠢ ᠦᠷᠭᠦᠯᠵᠢᠯᠡᠨ ᠲᠥᠯᠥᠪᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号