ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ᠄ ᠬᠢᠨᠠᠨ ᠵᠢᠯᠣᠭᠤᠳᠣᠯᠭ᠎ᠠ ᠪᠠᠶᠢᠴᠠᠭᠠᠨ ᠰᠤᠳᠤᠯᠤᠯᠲᠠ ᠶᠢ ᠲᠣᠰᠣᠨ ᠠᠪᠴᠤ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019-11-29
     11 ᠰᠠᠷ᠎ᠠ ᠶᠢᠨ 27᠎ ᠤ ᠡᠳᠦᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠵᠥᠪᠯᠡᠭᠴᠢ ᠵᠤᠤ ᠵᠢᠶᠠ ᠴᠢ ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠢᠨᠠᠨ ᠵᠢᠯᠣᠭᠤᠳᠪᠠ᠃
     ᠵᠤᠤ ᠵᠢᠶᠠ ᠴᠢ ᠰᠤᠷᠭᠠᠭᠤᠯᠢ ᠶᠢᠨ ᠪᠠᠭᠰᠢ ᠶᠢᠨ ᠬᠢᠴᠢᠶᠡᠯ ᠤᠨ ᠬᠦᠰᠦᠨᠦᠭᠲᠦ ᠶᠢ ᠨᠠᠷᠢᠨ ᠪᠠᠶᠢᠴᠠᠭᠠᠵᠤ᠂ ᠪᠠᠭᠰᠢ ᠶᠢᠨ ᠬᠢᠴᠢᠶᠡᠯ ᠵᠢᠭᠠᠭᠰᠠᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠭᠤᠷᠪᠠᠳᠤᠭᠠᠷ ᠣᠨ ᠤ ᠴᠢᠨ ᠶᠠᠨ ᠪᠠᠭᠰᠢ ᠶᠢᠨ ᠬᠡᠯᠡ ᠪᠢᠴᠢᠭ ᠤᠨ ᠬᠢᠴᠢᠶᠡᠯ ᠢ ᠰᠣᠨᠣᠰᠪᠠ᠃ ᠳᠠᠷᠠᠭ᠎ᠠ ᠨᠢ᠂ ᠵᠤᠤ ᠵᠢᠶᠠ ᠴᠢ ᠠᠯᠪᠠᠨ ᠭᠡᠷ ᠲᠤ ᠬᠢᠨᠠᠨ ᠵᠢᠯᠣᠭᠤᠳᠤᠭᠰᠠᠨ ᠪᠠᠶᠢᠳᠠᠯ ᠢ ᠬᠠᠷᠢᠭᠤ ᠲᠤᠰᠬᠠᠵᠤ᠂ ᠬᠢᠴᠢᠶᠡᠯ ᠰᠣᠨᠣᠰᠴᠤ ᠪᠠᠶᠢᠭ᠎ᠠ ᠪᠠᠶᠢᠳᠠᠯ ᠳᠤ ᠴᠢᠭᠯᠡᠭᠦᠯᠦᠨ ᠨᠠᠷᠢᠨ ᠦᠨᠡᠯᠡᠯᠲᠡ ᠬᠢᠪᠡ᠃      ᠶᠠᠷᠢᠯᠴᠠᠵᠤ ᠬᠠᠷᠢᠭᠤ ᠲᠤᠰᠬᠠᠬᠤ ᠦᠶ᠎ᠡ ᠳᠤ᠂ ᠵᠤᠤ ᠵᠢᠶᠠ ᠴᠢ ᠵᠢᠭᠠᠨ ᠰᠤᠷᠭᠠᠯᠲᠠ ᠶᠢᠨ ᠳᠤᠮᠳᠠ ᠪᠠᠭᠰᠢ ᠎ ᠶᠢ ᠵᠢᠭᠠᠨ ᠵᠢᠯᠣᠭᠤᠳᠬᠤ ᠳᠤ ᠡᠷᠳᠡᠮ ᠴᠢᠳᠠᠪᠤᠷᠢ ᠲᠠᠢ ᠪᠠᠶᠢᠵᠤ᠂ ᠨᠠᠷᠢᠯᠢᠭ ᠰᠠᠶᠢᠬᠠᠨ ᠪᠠᠭᠰᠢ ᠪᠣᠯᠬᠤ ᠬᠡᠷᠡᠭᠲᠡᠶ᠃ ᠪᠠᠭ᠎ᠠ ᠠᠩᠭᠢᠴᠢᠯᠠᠭᠰᠠᠨ ᠵᠢᠭᠠᠨ ᠰᠤᠷᠭᠠᠯᠲᠠ ᠳᠣᠤᠷ᠎ᠠ᠂ ᠰᠤᠷᠤᠭᠴᠢ ᠨᠢᠭᠡᠪᠦᠷᠢ ᠶᠢᠨ ᠦᠰᠦᠨ ᠪᠣᠶᠢᠵᠢᠯᠲᠠ ᠶᠢ ᠪᠦᠬᠦ ᠲᠠᠯ᠎ᠠ ᠠᠴᠠ ᠠᠩᠬᠠᠷᠬᠤ ᠬᠡᠷᠡᠭᠲᠡᠶ᠃ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ ᠬᠥᠮᠦᠰ ᠤᠨ ᠰᠡᠳᠬᠢᠯ ᠢ ᠣᠯᠵᠤ᠂ ᠡᠶ᠎ᠡ ᠨᠠᠶᠢᠷ ᠢ ᠡᠷᠬᠢᠮᠯᠡᠬᠦ ᠬᠡᠷᠡᠭᠲᠡᠶ᠃ ᠪᠠᠭᠰᠢ ᠶᠢᠨ ᠲᠣᠰ ᠪᠡᠶ᠎ᠡ ᠨᠢ ᠠᠵᠢᠯ ᠢᠶᠠᠨ ᠨᠠᠷᠢᠨ ᠨᠢᠮᠪᠠᠶ ᠬᠢᠬᠦ ᠪᠠᠷ ᠲᠠᠰᠤᠷᠠᠯᠲᠠ ᠦᠭᠡᠢ ᠴᠢᠷᠮᠠᠶᠢᠬᠤ ᠬᠡᠷᠡᠭᠲᠡᠶ᠃ ᠰᠤᠷᠤᠭᠴᠢᠳ ᠢ ᠰᠤᠷᠭᠠᠭᠤᠯᠢ ᠳᠤ ᠬᠠᠶᠢᠷᠠᠲᠠᠶ ᠪᠣᠯᠭᠠᠶ᠎ᠠ ᠭᠡᠪᠡᠯ ᠰᠤᠷᠭᠠᠭᠤᠯᠢ ᠳᠤ ᠵᠠᠪᠠᠯ ᠬᠠᠶᠢᠷᠠᠯᠠᠯᠲᠠᠶ ᠲᠠᠯ᠎ᠠ ᠪᠠᠶᠢᠬᠤ ᠬᠡᠷᠡᠭᠲᠡᠶ᠃ ᠰᠤᠷᠤᠭᠴᠢ ᠶᠢ ᠪᠠᠭᠰᠢ ᠪᠠᠨ ᠬᠠᠶᠢᠷᠠᠯᠠᠭᠤᠯᠤᠶ᠎ᠠ ᠭᠡᠪᠡᠯ᠂ ᠪᠠᠭᠰᠢ ᠳᠤ ᠵᠠᠪᠠᠯ ᠬᠦᠨᠳᠦᠳᠬᠡᠭᠦᠰᠢᠲᠡᠶ ᠠᠵᠢᠯᠯᠠᠭ᠎ᠠ ᠪᠠᠶᠢᠬᠤ ᠬᠡᠷᠡᠭᠲᠡᠶ ᠭᠡᠵᠦ ᠳᠤᠷᠠᠳᠴᠤ ᠭᠠᠷᠭᠠᠪᠠ᠃      ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠵᠠᠬᠢᠷᠤᠯ ᠵᠠᠩ ᠶᠦᠩ᠂ ᠬᠤᠶᠢᠰᠢᠳᠠ ᠬᠠᠮᠢᠶᠠᠷᠤᠯᠲᠠ ᠶᠢᠨ ᠲᠠᠯ᠎ᠠ ᠪᠠᠷ ᠨᠠᠷᠢᠯᠢᠭᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠳᠤᠮᠳᠠᠬᠢ ᠬᠠᠮᠲᠤᠷᠠᠨ ᠰᠤᠷᠤᠯᠴᠠᠬᠤ ᠠᠷᠭ᠎ᠠ ᠪᠣᠳᠣᠯᠭ᠎ᠠ ᠶᠢᠨ ᠬᠡᠷᠡᠭᠯᠡᠯᠲᠡ ᠳᠤ ᠨᠠᠩ ᠪᠣᠳᠠᠲᠠᠶ ᠪᠥᠭᠡᠳ ᠨᠠᠷᠢᠨ ᠨᠢᠮᠪᠠᠶ ᠪᠠᠶᠢᠵᠤ᠂《ᠪᠠᠭ᠎ᠠ ᠠᠩᠭᠢᠴᠢᠯᠠᠬᠤ》ᠬᠥᠮᠦᠵᠢᠯ ᠤᠨ ᠣᠶᠢᠯᠠᠭᠠᠭᠳᠠᠬᠤᠨ ᠳᠣᠤᠷ᠎ᠠ ᠰᠤᠷᠤᠭᠴᠢ ᠨᠢᠭᠡᠪᠦᠷᠢ ᠶᠢ ᠦᠨᠡᠨᠬᠦ ᠠᠩᠬᠠᠷᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号