ᠵᠠᠰᠠᠭ ᠤᠨ ᠣᠷᠳᠣᠨ ᠤ ᠠᠵᠢᠯ ᠤᠨ ᠢᠯᠡᠳᠬᠡᠯ | ︵2019 ᠣᠨ ᠤ 1 ᠰᠠᠷ᠎ᠠ ᠶᠢᠨ 30 ᠤ ᠡᠳᠦᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ︶ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠵᠦ᠂ ᠬᠢᠨᠠᠨ ᠶᠠᠷᠢᠯᠴᠠᠵᠤ᠂ | ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠳᠤᠷᠠᠳᠬᠤ ᠪᠤᠯᠪᠠᠤ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ | ᠵᠢᠯ ᠮᠥᠨ᠂ ᠪᠠᠰᠠ ᠴᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ | ᠰᠡᠩᠬᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠪᠡᠷᠬᠡ ᠰᠡᠳᠦᠪ ᠢ ᠰᠢᠢᠳᠪᠦᠷᠢᠯᠡᠬᠦ ᠵᠢᠯ | ᠮᠥᠨ᠃ ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ | ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠯᠭᠡᠨ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠠᠵᠠ ᠲᠣᠬᠢᠶᠠᠯ ᠢ ᠢᠳᠡᠪᠬᠢᠲᠡᠢ | ᠠᠮᠵᠢᠵᠤ᠂ ᠰᠢᠨ᠎ᠡ ᠥᠷᠢᠰᠥᠯᠳᠦᠭᠡᠨ ᠢ ᠪᠦᠲᠦᠮᠵᠢᠲᠡᠶ ᠠᠷᠭᠠᠴᠠᠵᠤ᠂《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》ᠵᠡᠷᠭᠡ ᠡᠯ᠎ᠡ ᠵᠦᠢᠯ ᠤᠨ | ᠭᠤᠤᠯᠳᠠᠯᠭ᠎ᠠ ᠲᠠᠢ ᠠᠵᠢᠯ ᠢ ᠥᠷᠨᠢᠭᠦᠯᠬᠦ ᠶᠢ ᠪᠦᠬᠦ ᠬᠦᠴᠦ ᠪᠠᠷ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠠᠮᠵᠢᠯᠲᠠ ᠲᠠᠢ | ᠪᠡᠶᠡᠯᠡᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 9.7 % ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠬᠤᠲᠠ ᠳᠤ ᠲᠡᠷᠢᠭᠦᠯᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.2 % ᠢᠶᠠᠷ | ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ 8.19 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.3 % | ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠤ ᠳᠤᠮᠳᠠᠴᠢ ᠡᠵᠡᠮᠳᠡᠵᠦ ᠪᠣᠯᠬᠤ ᠣᠷᠣᠯᠭ᠎ᠠ 50591 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9 % ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠳᠤ ᠭᠤᠷᠪᠠᠳᠤᠭᠠᠷ ᠲᠤ | ᠵᠢᠭᠰᠠᠭᠠᠭᠳᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.64 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠤᠲᠠ ᠶᠢᠨ ᠱᠠᠲᠤᠨ ᠠᠴᠠ | ᠪᠠᠭᠤᠯᠭᠠᠭᠰᠠᠨ ᠡᠭᠦᠷᠭᠡ ᠶᠢᠨ 105 % ᠶᠢ ᠪᠡᠶᠡᠯᠡᠭᠦᠯᠵᠦ᠂ ᠣᠷᠣᠯᠭ᠎ᠠ ᠶᠢᠨ ᠶᠠᠰᠤ ᠴᠢᠨᠠᠷ ᠳᠡᠭᠡᠭᠰᠢᠯᠡᠪᠡ᠃ | — ᠬᠥᠭᠵᠢᠯᠲᠡ ᠶᠢ ᠲᠥᠪᠯᠡᠷᠡᠩᠭᠦᠢ ᠠᠳᠬᠤᠵᠤ᠂ ᠠᠵᠤ ᠠᠬᠤᠢ ᠶᠢᠨ ᠶᠠᠰᠤ ᠴᠢᠨᠠᠷ ᠳᠠᠬᠢᠨ ᠰᠢᠨ᠎ᠡ ᠳᠡᠭᠲᠡᠷ ᠲᠤ ᠭᠠᠷᠪᠠ᠃ ᠨᠢᠭᠡ ᠵᠢᠯ ᠤᠨ ᠲᠤᠷᠰᠢ | ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ | ᠬᠦᠴᠦ ᠪᠠᠷ ᠠᠬᠢᠭᠤᠯᠪᠠ᠃ ᠭᠤᠣᠯᠳᠠᠯᠭ᠎ᠠ ᠲᠠᠢ ᠲᠥᠷᠦᠯ ᠵᠦᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠪᠦᠬᠦ ᠬᠤᠲᠠ ᠳᠤ ᠪᠡᠯᠡ | ᠣᠷᠣᠭᠤᠯᠤᠯᠲᠠ ᠶᠢᠨ ᠲᠥᠷᠦᠯ ᠵᠦᠢᠯ ᠤᠨ ᠵᠥᠪᠳᠡᠯᠴᠡᠬᠦ ᠳᠦᠷᠢᠮ ᠢ ᠤᠷᠢᠳᠠᠪᠠᠷ ᠬᠡᠷᠡᠭᠵᠢᠭᠦᠯᠵᠦ᠂《ᠭᠤᠣᠯᠳᠠᠯᠭ᠎ᠠ ᠲᠠᠢ ᠲᠥᠷᠦᠯ ᠵᠦᠢᠯ ᠢ ᠠᠬᠢᠭᠤᠯᠬᠤ | ᠠᠷᠭ᠎ᠠ》 ᠶᠢ ᠨᠡᠶᠢᠲᠡᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ | ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ᠂ ᠨᠡᠶᠢᠭᠡᠮ ᠤᠨ ᠦᠢᠯᠡᠰ ᠢᠶᠠᠷ ᠭᠤᠣᠯ ᠪᠣᠯᠭᠠᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 16 | ᠭᠤᠣᠯᠳᠠᠯᠭ᠎ᠠ ᠲᠠᠢ ᠲᠥᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ ᠪᠠ ᠠᠵᠢᠯ ᠡᠬᠢᠯᠡᠭᠦᠯᠵᠦ ᠠᠵᠢᠯ ᠰᠡᠷᠭᠦᠭᠡᠭᠰᠡᠨ ᠨᠣᠷᠮ᠎ᠠ | ᠴᠥᠮ 100 % ᠳᠤ ᠬᠦᠷᠴᠦ᠂ ᠣᠯᠠᠨ ᠲᠡᠮᠦᠷᠯᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ ᠰᠤᠳᠤᠯᠭᠠᠨ ᠤ ᠬᠦᠷᠢᠶᠡᠯᠡᠩ᠂ | ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ 7 ᠭᠤᠣᠯᠳᠠᠯᠭ᠎ᠠ ᠲᠠᠢ ᠲᠥᠷᠦᠯ ᠵᠦᠢᠯ ᠢ ᠵᠠᠯᠭᠠᠭ᠎ᠠ ᠪᠠᠷ ᠪᠠᠶᠢᠭᠤᠯᠵᠤ | ᠳᠠᠭᠤᠰᠬᠠᠨ᠂ 5.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠦᠷ᠎ᠡ | ᠪᠦᠲᠦᠭᠡᠯ ᠰᠠᠶᠢᠨ᠃ ᠨᠢᠭᠡ ᠪᠦᠯᠦᠭ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠥᠰᠦᠪᠯᠡᠨ᠂ ᠪᠡᠯᠡ ᠣᠷᠣᠭᠤᠯᠤᠯᠲᠠ ᠶᠢᠨ ᠣᠷᠴᠢᠨ | ᠲᠣᠭᠤᠷᠢᠨ ᠪᠠ ᠭᠤᠤᠯᠳᠠᠯᠭ᠎ᠠ ᠲᠠᠢ ᠲᠥᠷᠥᠯ ᠵᠦᠢᠯ ︵ᠪᠡᠭᠡᠵᠢᠩ ᠲᠢᠶᠠᠨᠵᠢᠨ ᠾᠧᠪᠧᠶ︶ ᠢ ᠲᠠᠨᠢᠯᠴᠠᠭᠤᠯᠬᠤ ᠬᠤᠷᠠᠯ ᠳᠤ ᠢᠳᠡᠪᠬᠢᠲᠡᠢ ᠣᠷᠣᠯᠴᠠᠵᠤ᠂ ᠶᠦᠨᠨᠠᠨ᠂ | ᠱᠠᠩᠬᠠᠶ ᠵᠡᠷᠭᠡ ᠭᠠᠵᠠᠷ ᠲᠤ ᠣᠯᠠᠨᠲᠠ ᠣᠴᠢᠵᠤ ᠬᠤᠳᠠᠯᠳᠤᠭᠠᠴᠢᠨ ᠤᠷᠢᠬᠤ ᠬᠡᠯᠡᠯᠴᠡᠭᠡᠷ ᠬᠢᠵᠦ᠂ ᠬᠠᠪᠤᠷ ᠤᠨ ᠤᠯᠠᠷᠢᠯ ᠤᠨ ᠲᠥᠷᠥᠯ ᠵᠦᠢᠯ ᠤᠨ | ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ ᠨᠡᠶᠢᠲᠡ 8 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ | ᠲᠣᠭᠲᠠᠭᠰᠠᠨ ᠲᠤᠭ᠎ᠠ ᠨᠢ 38.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠢᠯ ᠤᠨ ᠡᠭᠦᠷᠭᠡ ᠪᠠᠨ ᠪᠡᠶᠡᠯᠡᠭᠦᠯᠪᠡ᠃ ᠲᠣᠭᠤᠷᠢᠭ ᠤᠨ ᠭᠠᠳᠠᠨᠠᠬᠢ ᠪᠡᠯᠡ | ᠮᠥᠩᠭᠦ ᠶᠢ ᠨᠡᠶᠢᠲᠡ 2.55 ᠳ᠋ᠦᠩᠰᠢᠭᠤᠷ ᠲᠥᠭᠦᠷᠢᠭ ᠲᠡᠳᠡᠨ ᠣᠷᠣᠭᠤᠯᠪᠠ᠃ ᠠᠵᠤ ᠠᠬᠤᠶᠢᠯᠠᠯ ᠭᠠᠵᠠᠷ ᠣᠷᠣᠨ ᠤ ᠠᠭᠤᠰᠤᠯᠴᠠᠯ ᠭᠦᠨᠵᠡᠭᠡᠶᠢᠷᠡᠨ | ᠬᠥᠭᠵᠢᠪᠡ᠃ ᠠᠵᠤ ᠠᠬᠤᠶᠢᠯᠠᠯ ᠪᠠ ᠭᠠᠵᠠᠷ ᠣᠷᠣᠨ ᠢ ᠠᠭᠤᠰᠤᠯᠴᠠᠭᠤᠯᠬᠤ ᠶᠠᠷᠢᠯᠴᠠᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠠᠵᠤ ᠦᠢᠯᠡᠰ ᠤᠨ | ᠬᠠᠮᠵᠢᠯᠴᠠᠭ᠎ᠠ᠂ ᠦᠢᠯᠡᠳᠬᠦᠨ ᠬᠤᠳᠠᠯᠳᠤᠨ ᠠᠪᠬᠤ ᠪᠠ ᠪᠣᠷᠣᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠠᠩᠬᠢ ᠪᠠ ᠠᠵᠤ | ᠠᠬᠤᠶᠢᠯᠠᠯ ᠢ ᠵᠣᠯᠭᠠᠭᠤᠯᠬᠤ ᠵᠡᠷᠭᠡ ᠬᠦᠷᠢᠶᠡᠨ ᠳᠤ ᠭᠦᠨᠵᠡᠭᠡᠶ ᠠᠭᠤᠰᠤᠯᠴᠠᠬᠤ ᠶᠢ ᠪᠡᠶᠡᠯᠡᠭᠦᠯᠪᠡ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠢ ᠨᠡᠶᠢᠲᠡ 5148 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ | ᠪᠠᠶ᠋ᠬᠠᠣᠪᠤᠭ᠎ᠠ ᠲᠡᠮᠦᠷ ᠤᠨ ᠠᠭᠤᠷᠬᠠᠶ᠂ ᠪᠦᠦ ᠱᠠᠨ ᠠᠭᠤᠷᠬᠠᠢ ᠶᠢᠨ ᠦᠢᠯᠡᠰ ᠵᠡᠷᠭᠡ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ | ᠴᠠᠬᠢᠯᠭᠠᠨ ᠬᠦᠴᠦᠨ ᠢ ᠣᠯᠠᠨ ᠲᠠᠯ᠎ᠠ ᠪᠠᠷ ᠠᠷᠠᠯᠵᠢᠶᠠᠯᠠᠬᠤ ᠲᠥᠷᠥ ᠶᠢᠨ ᠪᠣᠳᠣᠯᠭ᠎ᠠ ᠶᠢ ᠲᠡᠮᠡᠴᠡᠨ ᠣᠯᠵᠤ᠂ ᠪᠦᠬᠦ ᠵᠢᠯ ᠳᠤ ᠴᠠᠬᠢᠯᠭᠠᠨ ᠤ ᠦᠨ᠎ᠡ ᠶᠢ 5000 | ᠭᠠᠷᠤᠢ ᠲᠦᠮᠡᠨ ᠲᠥᠭᠦᠷᠢᠭ ᠠᠷᠪᠢᠯᠠᠪᠠ᠃ ᠠᠷᠠᠳ ᠤᠨ ᠡᠵᠡᠩᠨᠡᠭᠰᠡᠨ ᠠᠵᠤ ᠠᠬᠤᠶ ᠲᠠᠰᠤᠷᠠᠯᠲᠠ ᠦᠭᠡᠢ ᠬᠦᠴᠦᠷᠬᠡᠭᠵᠢᠭᠦᠯᠪᠡ᠃ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠪᠠᠨ ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ ᠨᠢᠭᠡ ᠪᠦᠯᠦᠭ ᠭᠠᠷ ᠭᠦᠢᠴᠡᠳᠬᠡᠯ᠂ | ᠡᠵᠡᠩᠨᠡᠯᠲᠡ ᠳᠤ ᠬᠤᠯᠪᠣᠭᠳᠠᠭᠰᠠᠨ ᠲᠡᠤᠬᠡ ᠶᠢᠨ ᠬᠡᠷᠡᠭ ᠶᠠᠪᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠨ | ᠬᠦᠴᠦᠷᠬᠡᠭᠵᠢᠭᠦᠯᠪᠡ᠃ ᠥᠪᠥᠷ ᠮᠣᠩᠭᠤᠯ ᠤᠨ ᠬᠤᠤ ᠲᠦᠩ ᠡᠨᠧᠷᠭᠢ ᠶᠢᠨ ᠬᠢᠵᠠᠭᠠᠷᠲᠤ ᠺᠣᠮᠫᠠᠨᠢ᠂ ᠳᠡᠭᠡᠵᠢ ᠮᠣᠩᠭᠤᠯ ᠬᠤᠭᠤᠯᠠᠨ ᠭᠡᠷ ᠲᠣᠰ ᠲᠣᠰ ᠪᠥᠬᠦ | ᠬᠤᠲᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ᠂ ᠰᠢᠯᠢᠳᠡᠭ ᠬᠤᠪᠢ ᠶᠢᠨ ᠦᠢᠯᠡᠳᠪᠦᠷᠢ ᠬᠤᠳᠠᠯᠳᠤᠭᠠᠨ ᠤ ᠬᠥᠬᠢᠭᠦᠯ ᠬᠦᠷᠲᠡᠪᠡ᠃ ᠪᠥᠬᠦ | ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 29 % ᠳᠤ ᠬᠦᠷᠴᠦ᠂ ᠭᠠᠶᠢᠯᠢ ᠶᠢᠨ | ᠣᠷᠣᠯᠭ᠎ᠠ ᠶᠢᠨ ᠡᠵᠡᠯᠡᠬᠦ ᠬᠠᠷᠢᠴᠠᠯ 29.83 % ᠳᠤ ᠬᠦᠷᠪᠡ᠃ | — ᠪᠦᠲᠦᠴᠡ ᠳᠤ ᠲᠣᠬᠢᠷᠠᠭᠤᠯᠤᠯᠲᠠ ᠬᠢᠬᠦ ᠶᠢ ᠳᠣᠪᠤᠶᠢᠯᠭᠠᠵᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠰᠢᠨ᠎ᠡ ᠠᠯᠬᠤᠮ ᠢ | ᠠᠯᠬᠤᠪᠠ᠃ ᠨᠢᠭᠡ ᠵᠢᠯ ᠤᠨ ᠲᠤᠷᠰᠢ᠂ ᠪᠢᠳᠡ ᠭᠠᠵᠠᠷ ᠣᠷᠣᠨ ᠤ ᠠᠵᠤ ᠠᠬᠤᠢ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠣᠬᠢᠷᠠᠭᠤᠯᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶ ᠶᠢ ᠲᠦᠯᠬᠢᠨ ᠠᠬᠢᠭᠤᠯᠪᠠ᠃ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ ᠪᠦᠦ ᠱᠠᠨ ᠠᠭᠤᠷᠬᠠᠢ ᠶᠢᠨ ᠦᠢᠯᠡᠰ ᠤᠨ ᠡᠯ᠎ᠡ ᠦᠢᠯᠡᠳᠪᠦᠷᠢᠯᠡᠯ ᠤᠨ ᠱᠤᠭᠤᠮ ᠤᠨ ᠠᠵᠢᠯᠯᠠᠭᠠᠨ | ᠰᠠᠶᠢᠨ ᠪᠠᠶᠢᠵᠤ᠂ 37.88 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠸᠧ ᠡᠯ ᠲᠧ᠂ ᠾᠦᠢ ᠹᠧᠩ ᠶᠢᠩ᠂ ᠯᠢᠨ ᠹᠧᠩ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠤᠷᠰᠢᠭᠰᠠᠨ ᠢᠵᠢ ᠪᠦᠷᠢᠳᠦᠭᠰᠡᠨ ᠠᠵᠤ ᠠᠬᠤᠶᠢᠯᠠᠯ ᠢ ᠳᠠᠶᠢᠴᠢᠯᠠᠨ ᠲᠣᠭᠲᠠᠭᠤᠨ ᠢᠶᠠᠷ ᠬᠥᠭᠵᠢᠭᠦᠯᠪᠡ᠃ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ ᠪᠠᠶᠢᠭ᠎ᠠ ᠪᠠᠶ᠋ᠬᠠᠣᠪᠤᠭ᠎ᠠ ᠠᠭᠤᠷᠬᠠᠢ ᠶᠢᠨ ᠣᠯᠠᠨᠴᠢ | ᠲᠡᠮᠦᠷᠯᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠲᠥᠬᠦᠭᠡᠷᠦᠮᠵᠢ ᠶᠢ ᠶᠠᠭ | ᠤᠭᠰᠠᠷᠠᠵᠤ ᠲᠤᠷᠰᠢᠨ ᠲᠣᠬᠢᠷᠠᠭᠤᠯᠵᠤ ᠪᠣᠶ᠂ ᠤᠳᠠᠯ ᠥᠬᠡᠶ ᠦᠢᠯᠡᠳᠬᠦᠨ ᠢ ᠰᠤᠳᠤᠯᠤᠨ ᠨᠡᠭᠡᠭᠡᠬᠦ ᠲᠤᠷᠰᠢᠯᠲᠠ ᠬᠢᠬᠦ ᠪᠣᠯᠤᠨ᠎ᠠ᠃ ᠴᠡᠪᠡᠷ ᠡᠨᠧᠷᠭᠢ ᠶᠢᠨ ᠠᠵᠤ | ᠦᠢᠯᠡᠰ ᠤᠨ ᠬᠡᠪᠴᠢᠶ᠎ᠡ ᠠᠯᠬᠤᠮ ᠠᠯᠬᠤᠮ ᠢᠶᠠᠷ ᠪᠤᠵᠠᠭᠠᠶᠢᠷᠠᠵᠤ᠂ 5 ᠲᠦᠮᠡᠨ ᠺᠢᠯᠣᠸᠠᠲ ᠤᠨ ᠰᠠᠯᠬᠢᠨ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠢ | ᠰᠢᠨ᠎ᠡ ᠪᠠᠷ ᠨᠡᠮᠡᠭᠳᠡᠭᠦᠯᠵᠦ᠂ ᠪᠥᠬᠦ ᠲᠣᠭᠤᠷᠢᠭ ᠤᠨ ᠴᠠᠬᠢᠯᠭᠠᠨ ᠭᠠᠷᠭᠠᠬᠤ ᠶᠡᠷᠦᠩᠬᠡᠶ ᠬᠡᠪᠴᠢᠶ᠎ᠡ 46 ᠲᠦᠮᠡᠨ ᠺᠢᠯᠣᠸᠠᠲ ᠲᠤ ᠬᠦᠷᠴᠦ᠂ ᠵᠢᠯ ᠳᠤ ᠨᠡᠶᠢᠲᠡ 7. | 3 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠦᠢᠯᠡᠳᠬᠦᠨ ᠤ ᠥᠷᠲᠡᠭ ᠢ 3.66 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠥᠩᠭᠡᠲᠦ | ᠲᠡᠮᠦᠷᠯᠢᠭ ᠰᠣᠩᠭᠤᠨ ᠮᠠᠯᠲᠠᠬᠤ᠂ ᠴᠡᠪᠡᠷ ᠡᠨᠧᠷᠭᠢ᠂ ᠬᠦᠳᠡᠷ ᠰᠣᠩᠭᠤᠨ ᠦᠢᠯᠡᠳᠪᠦᠷᠢᠯᠡᠬᠦ ᠭᠤᠷᠪᠠᠨ ᠶᠡᠭᠡ ᠲᠤᠯᠭᠠᠭᠤᠷᠢ ᠠᠵᠤ ᠦᠢᠯᠡᠰ ᠤᠨ ᠳᠠᠭᠠᠭᠤᠯᠭ᠎ᠠ | ᠳᠣᠣᠷ᠎ᠠ᠂ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 11 ᠡᠷᠦᠬᠡ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 14.5 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠪᠠ᠃ ᠰᠣᠳᠣᠨ | ᠲᠠᠷᠢᠶᠠᠯᠠᠩ ᠮᠠᠯ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠪᠡ᠃ 118 ᠮᠤ᠋ ᠲᠠᠯᠠᠪᠠᠢ ᠲᠠᠢ ᠥᠨᠳᠥᠷ ᠪᠠᠷᠢᠮᠵᠢᠶᠠᠲᠤ ᠢᠳᠡᠰᠢᠨ ᠨᠣᠭᠤᠭᠠᠨ ᠤ ᠲᠣᠮᠣ ᠫᠧᠩ | 30 ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠵᠤ᠂ ᠵᠢᠯ ᠳᠤ 2.7 ᠲᠦᠮᠡᠨ ᠺᠢᠯᠣᠭ᠍ᠷᠠᠮ ᠢᠳᠡᠰᠢᠨ ᠨᠣᠭᠤᠭ᠎ᠠ ᠦᠢᠯᠡᠳᠪᠦᠷᠢᠯᠡᠬᠦ ᠶᠢᠨ ᠬᠠᠮᠲᠤ ᠬᠡᠲᠦ | ᠳᠡᠯᠭᠡᠭᠦᠷ ᠲᠤ ᠰᠢᠭᠤᠳ ᠪᠣᠷᠣᠯᠠᠭᠤᠯᠬᠤ ᠪᠠ ᠵᠤᠭᠠᠴᠠᠯ ᠶᠢ ᠤᠶᠠᠯᠳᠤᠭᠤᠯᠤᠭᠰᠠᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ᠰᠣᠳᠣᠨ ᠢᠳᠡᠰᠢᠨ | ᠨᠣᠭᠤᠭ᠎ᠠ ᠶᠢ ᠠᠷᠠᠳ ᠣᠯᠠᠨ ᠤ ᠬᠤᠭᠤᠯᠠᠨ ᠰᠢᠷᠡᠭᠡᠨ ᠳᠤ ᠣᠷᠣᠭᠤᠯᠪᠠ᠃ ᠠᠯᠠᠰᠢᠨ ᠬᠤᠨᠢ ᠲᠡᠵᠢᠭᠡᠨ ᠦᠷᠡᠵᠢᠭᠦᠯᠵᠦ ᠡᠳ᠋ᠰᠢᠭᠦᠯᠬᠦ ᠬᠦᠢᠲᠡᠨ ᠬᠡᠯᠬᠢᠶᠡᠲᠦ | ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠭᠤᠤᠯ ᠴᠣᠭᠴᠠ ᠶᠢᠨ ᠪᠦᠲᠦᠭᠡᠨ ᠪᠠᠶᠢᠭᠤᠯᠤᠯᠲᠠ ᠵᠢᠴᠢ ᠲᠥᠬᠦᠭᠡᠷᠦᠮᠵᠢ ᠶᠢᠨ ᠤᠭᠰᠠᠷᠠᠯᠲᠠ ᠶᠢ ᠨᠢᠭᠡᠨᠲᠡ | ᠪᠡᠶᠡᠯᠡᠭᠦᠯᠪᠡ᠃ ᠭᠤᠷᠪᠠᠳᠤᠭᠠᠷ ᠠᠵᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠪᠡ᠃《ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 ᠢ ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠢ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠬᠤᠨᠤᠭ ᠪᠠᠭᠤᠳᠠᠯ᠂ ᠡᠯᠧᠺᠲᠷᠣᠨ ᠬᠤᠳᠠᠯᠳᠤᠭ᠎ᠠ᠂ ᠭᠠᠳᠠᠭᠰᠢ ᠬᠤᠭᠤᠯᠠ ᠵᠠᠬᠢᠶᠠᠯᠠᠬᠤ᠂ ᠲᠦᠷᠭᠡᠨ ᠬᠦᠷᠭᠡᠯᠲᠡ ᠪᠠᠷ ᠲᠤᠬᠢᠷᠠᠭᠤᠯᠤᠨ | ᠬᠦᠷᠭᠡᠬᠦ ᠵᠡᠷᠭᠡ ᠦᠢᠯᠡᠴᠢᠯᠡᠭᠡᠨ ᠤ ᠦᠢᠯᠡᠰ ᠲᠤ ᠰᠠᠶᠢᠨ ᠬᠥᠭᠵᠢᠯᠲᠡ ᠶᠢᠨ ᠪᠠᠶᠢᠳᠠᠯ ᠢᠯᠡᠷᠡᠪᠡ᠃ ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ | ᠤᠯᠠᠭᠠᠨ ᠪᠥᠴᠡᠲᠡᠨ ᠤ ᠳᠤᠮᠳᠠ ᠪᠠᠷᠠᠭᠤᠨ ᠬᠡᠰᠡᠭ ︵ᠪᠠᠶ᠋ᠬᠠᠣᠪᠤᠭ᠎ᠠ︶ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ | ᠪᠡᠶᠡᠴᠢᠯᠡᠨ ᠣᠶᠢᠯᠠᠭᠠᠬᠤ ᠵᠤᠰᠠᠯᠠᠩ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ | ᠳᠡᠭᠦᠤ ᠶᠢᠨ ᠦᠢᠯᠡ ᠠᠵᠢᠯᠯᠠᠭ᠎ᠠ ᠶᠢ ᠳᠡᠯᠭᠡᠨ ᠦᠵᠡᠭᠦᠯᠬᠦ ᠣᠷᠳᠣᠨ᠂ ᠤᠶᠤᠨᠲᠤ ᠬᠤᠲᠠ ᠪᠠ ᠲᠣᠮᠣ ᠳ᠋ᠠᠶᠢᠲ᠋ᠠ ᠶᠢ ᠳᠡᠯᠭᠡᠨ ᠦᠵᠡᠭᠦᠯᠬᠦ ᠲᠥᠪ ᠢ ᠦᠨ᠎ᠡ | ᠲᠥᠯᠥᠪᠦᠷᠢ ᠦᠭᠡᠢ ᠪᠠᠷ ᠨᠡᠭᠡᠭᠡᠵᠦ᠂ ᠪᠥᠬᠦ ᠵᠢᠯ ᠳᠤ ᠨᠡᠶᠢᠲᠡ 3 ᠲᠦᠮᠡ ᠭᠠᠷᠤᠶ ᠵᠤᠭᠠᠴᠠᠭᠰᠠᠳ ᠢ ᠬᠦᠯᠢᠶᠡᠨ ᠠᠪᠴᠤ᠂ ᠦᠢᠯᠡᠴᠢᠯᠡᠭᠡᠨ ᠤ ᠦᠢᠯᠡᠰ ᠢ | ᠳᠠᠶᠢᠴᠢᠯᠠᠨ ᠨᠡᠮᠡᠭᠳᠡᠯ ᠥᠷᠲᠡᠭ 36.4 % ᠳᠤ ᠬᠦᠷᠪᠡ᠃ | —《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》 ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠨ᠎ᠡ | ᠠᠶᠠᠨ ᠳᠤ ᠠᠯᠬᠤᠪᠠ᠃ ᠨᠢᠭᠡ ᠵᠢᠯ ᠤᠨ ᠲᠤᠷᠰᠢ᠂ ᠪᠢᠳᠡ ᠣᠨᠣᠪᠴᠢᠲᠠᠶ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠥᠯᠥᠪᠵᠢᠭᠦᠯᠦᠨ ᠠᠬᠢᠭᠤᠯᠬᠤ ᠶᠢ | ᠪᠠᠷᠢᠮᠲᠠᠯᠠᠵᠤ᠂《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》ᠰᠠᠶᠢᠨ ᠡᠬᠢᠯᠡᠯᠲᠡ ᠲᠠᠢ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦ ᠪᠠᠷ ᠰᠠᠶᠢᠲᠤᠷ ᠬᠢᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ | ᠥᠭᠴᠡᠭᠡ ᠵᠢᠴᠢ ᠵᠣᠬᠢᠬᠤ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠥᠷᠢ ᠥᠭᠴᠡᠭᠡ ᠶᠢ 3.67 ᠳ᠋ᠦᠩᠰᠢᠭᠤᠷ ᠲᠥᠭᠦᠷᠢᠭ ᠠᠷᠢᠯᠭᠠᠵᠤ᠂ ᠪᠦᠬᠦ ᠵᠢᠯ ᠤᠨ ᠡᠭᠦᠷᠭᠡ ᠪᠠᠨ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦ ᠪᠠᠷ ᠰᠠᠶᠢᠲᠤᠷ ᠬᠢᠪᠡ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠪᠠ ᠥᠪᠡᠰᠦᠪᠡᠨ ᠪᠠᠶᠢᠴᠠᠭᠠᠭᠰᠠᠨ 40 ᠵᠦᠢᠯ ᠤᠨ ᠠᠰᠠᠭᠤᠳᠠᠯ ᠤᠨ ᠨᠢᠭᠡᠨᠲᠡ 38 ᠵᠦᠢᠯ ᠢ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠥᠪ ᠤᠨ ᠲᠣᠭᠤᠷᠢᠨ ᠪᠠᠶᠢᠴᠠᠭᠠᠵᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠭᠰᠠᠨ ᠠᠵᠢᠯ ᠢ ᠠᠮᠵᠢᠯᠲᠠ ᠲᠠᠢ ᠪᠡᠶᠡᠯᠡᠭᠦᠯᠪᠡ᠃ | ᠪᠠᠶ᠋ᠬᠠᠣᠪᠤᠭ᠎ᠠ ᠲᠡᠮᠦᠷ ᠤᠨ ᠠᠭᠤᠷᠬᠠᠢ᠂ ᠪᠦᠦ ᠱᠠᠨ ᠠᠭᠤᠷᠬᠠᠢ ᠶᠢᠨ ᠦᠢᠯᠡᠰ ᠵᠡᠷᠭᠡ 9 ᠠᠵᠤ ᠠᠬᠤᠶᠢᠯᠠᠯ ᠴᠥᠮ ᠬᠠᠲᠠᠭᠤ ᠪᠡᠶᠡᠲᠦ ᠬᠠᠶᠠᠭᠳᠠᠮᠠᠯ ᠪᠣᠳᠠᠰ᠂ | ᠠᠶᠤᠯᠲᠠᠢ ᠬᠠᠶᠠᠭᠳᠠᠮᠠᠯ ᠪᠣᠳᠠᠰ ᠤᠨ ᠪᠦᠬᠦ ᠶᠠᠪᠤᠴᠠ᠂ ᠪᠢᠲᠡᠭᠦᠤ ᠬᠡᠯᠪᠡᠷᠢ ᠶᠢᠨ ᠬᠠᠮᠢᠶᠠᠷᠤᠯᠲᠠ ᠶᠢ ᠪᠡᠶᠡᠯᠡᠭᠦᠯᠪᠡ᠃ ᠬᠠᠤᠯᠢ ᠪᠤᠰᠤ ᠪᠠᠷ ᠰᠤᠯᠠ ᠨᠡᠭᠦᠷᠡᠰᠦ | ᠡᠵᠡᠩᠨᠡᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠬᠤᠲᠠ ᠶᠢᠨ ᠲᠣᠭᠤᠷᠢᠭ ᠤᠨ 10 ᠠᠭᠤᠷ ᠤᠨ ᠲᠣᠨ ᠠᠴᠠ ᠳᠣᠷᠣᠭᠰᠢᠬᠢ ᠳᠤᠯᠠᠭᠠᠯᠠᠭ᠎ᠠ ᠶᠢᠨ ᠵᠢᠵᠢᠭ | ᠭᠦᠸᠧᠯᠦ ᠶᠢ ᠰᠢᠭᠰᠢᠭᠳᠡᠭᠦᠯᠵᠦ᠂ ᠪᠦᠦ ᠱᠠᠨ ᠠᠭᠤᠷᠬᠠᠢ ᠶᠢᠨ ᠦᠢᠯᠡᠰ ᠤᠨ ᠥᠪᠡᠷᠰᠡᠳ ᠢᠶᠠᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠦᠯᠡᠳᠡᠪᠦᠷᠢ | ᠢᠯᠴᠢ ᠶᠢ ᠠᠰᠢᠭᠯᠠ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠵᠢᠵᠢᠭ ᠭᠦᠸᠧᠯᠦ ᠶᠢᠨ ᠢᠯᠴᠢ | ᠴᠠᠬᠢᠯᠭᠠᠨ ᠤ ᠦᠯᠡᠳᠡᠪᠦᠷᠢ ᠢᠯᠴᠢ᠂ ᠴᠠᠬᠢᠯᠭᠠᠨ ᠡᠨᠧᠷᠭᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ 2018 ᠣᠨ ᠳᠤ ᠪᠥᠬᠦ ᠲᠣᠭᠤᠷᠢᠭ ᠤᠨ ᠰᠢᠯᠢᠳᠡᠭ | ᠰᠠᠶᠢᠨ ᠠᠭᠤᠷ ᠠᠮᠢᠰᠬᠤᠯ ᠲᠠᠢ ᠡᠳᠦᠷ ᠤᠨ ᠲᠤᠭ᠎ᠠ 315 ᠡᠳᠦᠷ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠬᠠᠷᠢᠴᠠᠯ 87 % ᠳᠤ ᠬᠦᠷᠴᠦ᠂ ᠪᠥᠬᠦ | ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠦᠬᠦ ᠬᠦᠴᠦ ᠪᠠᠷ ᠰᠠᠶᠢᠲᠤᠷ | ᠬᠢᠪᠡ᠃《ᠣᠷᠣᠯᠭ᠎ᠠ ᠪᠠᠭᠠᠲᠠᠶ ᠬᠠᠮᠲᠤ ᠴᠣᠭᠴᠠ ᠶᠢᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ》 ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠨᠡᠶᠢᠲᠡ | 315 ᠲᠦᠮᠡᠨ ᠲᠥᠭᠦᠷᠢᠭ ᠤᠨ ᠪᠠᠯᠠ ᠣᠷᠣᠭᠤᠯᠵᠤ᠂ 134 ᠶᠠᠳᠠᠭᠤ ᠬᠦᠴᠢᠷᠳᠡᠯᠲᠡᠶ ᠡᠷᠦᠬᠡ 212 ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠪᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠳᠬᠤᠵᠤ᠂ ᠠᠵᠤ ᠠᠬᠤᠢ ᠶᠢᠨ ᠬᠥᠭᠵᠢᠯᠲᠡ ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ᠃ ᠨᠢᠭᠡ | ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ 68 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ 53 ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠭᠠᠵᠠᠷ | ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃《ᠲᠠᠯᠪᠢᠬᠤ ᠬᠠᠮᠢᠶᠠᠷᠠᠬᠤ | ᠦᠢᠯᠡᠴᠢᠯᠡᠬᠦ》ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠪᠡ᠃ ᠪᠦᠬᠦ ᠬᠤᠲᠠ ᠳᠤ《ᠬᠠᠮᠤᠭ ᠣᠯᠠᠨ ᠳᠤ ᠪᠠᠨ ᠨᠢᠭᠡ ᠯᠡ ᠤᠳᠠᠭ᠎ᠠ | ᠭᠦᠶᠦᠬᠦ》ᠥᠭᠡᠷᠡᠴᠢᠯᠡᠯᠲᠡ ᠶᠢ ᠤᠷᠢᠳᠠᠪᠠᠷ ᠡᠬᠢᠯᠡᠭᠦᠯᠵᠦ᠂ 114 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠨᠢ》ᠳᠠᠷᠤᠢ ᠲᠦᠷᠭᠡᠨ | ᠭᠦᠢᠴᠡᠳᠬᠡᠬᠦ》᠂《ᠲᠤᠬᠠᠢ ᠶᠢᠨ ᠭᠠᠵᠠᠷ ᠲᠤᠨᠢ ᠭᠦᠢᠴᠡᠳᠬᠡᠬᠦ》 ᠶᠢ ᠪᠡᠶᠡᠯᠡᠭᠦᠯᠪᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠯᠠᠪᠯᠠᠯᠭ᠎ᠠ ᠶᠢᠨ | ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠨ ᠲᠣᠬᠢᠷᠠᠭᠤᠯᠬᠤ ᠲᠣᠭᠲᠠᠴᠠ ᠶᠢ ᠡᠩ ᠲᠡᠷᠢᠭᠦᠨ ᠳᠤ ᠪᠠᠶᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ 108 ᠡᠳᠦᠷ ᠠᠴᠠ 80 ᠡᠳᠦᠷ ᠪᠣᠯᠲᠠᠯ᠎ᠠ ᠪᠣᠭᠤᠨᠢᠰᠬᠠᠪᠠ᠃ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | 180 ᠭᠠᠷᠤᠶ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 800 ᠭᠠᠷᠤᠶ ᠣᠯᠠᠨ ᠲᠦᠮᠡᠨ ᠳᠤ ᠭᠡᠷ ᠲᠦᠨᠢ ᠬᠦᠷᠴᠦ | ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠥᠮᠥᠷᠭᠡ | ᠪᠠᠶᠢᠭᠤᠯᠵᠤ᠂《ᠨᠢᠭᠡ ᠰᠦᠯᠵᠢᠶ᠎ᠡ ᠣᠯᠠᠨ ᠦᠵᠦᠭᠦᠷᠯᠢᠭ》ᠣᠶᠤᠨᠴᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠴᠡᠴᠢᠯᠡᠭᠡᠨ ᠤ ᠣᠷᠴᠢᠨ | ᠲᠣᠭᠤᠷᠢᠨ ᠢ ᠪᠣᠢ ᠪᠣᠯᠭᠠᠪᠠ᠃《ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ》ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠭᠰᠠᠨ 45 ᠵᠦᠢᠯᠡᠰ ᠢ ᠰᠢᠯᠢᠳᠡᠭᠵᠢᠭᠦᠯᠦᠨ ᠨᠡᠶᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ 106 ᠵᠦᠢᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠲᠤ《ᠦᠨᠡᠮᠯᠡᠯ ᠭᠡᠷᠡᠴᠢ ᠶᠢ ᠰᠠᠯᠭᠠᠬᠤ》ᠥᠭᠡᠷᠡᠴᠢᠯᠡᠯᠲᠡ ᠬᠢᠵᠦ᠂ ᠠᠵᠤ ᠠᠬᠤᠶᠢᠯᠠᠯ ᠡᠷᠬᠢᠯᠡᠬᠦ ᠴᠠᠭ ᠢ 3 ᠡᠳᠦᠷ ᠪᠣᠯᠭᠠᠨ | ᠪᠣᠭᠤᠨᠢᠰᠬᠠᠵᠤ᠂ ᠪᠦᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 230 ᠡᠷᠦᠬᠡ ᠰᠢᠨ᠎ᠡ ᠪᠠᠷ ᠨᠡᠮᠡᠭᠳᠡᠭᠦᠯᠪᠡ᠃《ᠭᠤᠷᠪᠠᠨ | ᠬᠠᠩᠭᠠᠯᠭ᠎ᠠ ᠨᠢᠭᠡ ᠠᠵᠢᠯ ᠲᠥᠷᠥᠯ》 ᠢ ᠰᠢᠯᠵᠢᠭᠦᠯᠦᠨ ᠲᠤᠰᠢᠶᠠᠬᠤ ᠠᠵᠢᠯ ᠢ ᠤᠷᠤᠭᠰᠢᠲᠠᠶ ᠠᠬᠢᠭᠤᠯᠪᠠ᠃ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠡ ᠠᠵᠤ | ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠤᠬᠡ ᠶᠢᠨ ᠡᠭᠦᠷᠭᠡ ᠴᠢᠳᠠᠪᠤᠷᠢ ᠶᠢ ᠰᠢᠢᠳᠪᠦᠷᠢᠯᠡᠬᠦ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷ ᠤᠨ ᠳᠠᠷᠤᠯᠲᠠ ᠪᠠᠨ ᠨᠡᠮᠡᠭᠳᠡᠭᠦᠯᠵᠦ᠂ ᠨᠡᠶᠢᠲᠡ 4.79 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠢ ᠶᠢᠨ | ᠥᠭᠡᠷᠡᠴᠢᠯᠡᠯᠲᠡ ᠳᠤ ᠬᠤᠯᠪᠣᠭᠳᠠᠬᠤ ᠨᠢᠭᠡ ᠪᠦᠯᠦᠭ ᠲᠥᠷᠥᠯᠵᠦ᠋ᠢᠯ ᠢ ᠬᠡᠷᠡᠭᠵᠢᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ | ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠳᠤ ᠣᠯᠠᠨᠲᠠ ᠬᠦᠷᠴᠦ ᠵᠣᠯᠭᠠᠭᠤᠯᠤᠨ᠂ | ᠭᠤᠷᠪᠠᠨ ᠵᠢᠯ ᠤᠨ ᠰᠢᠯᠵᠢᠯᠲᠡ ᠶᠢᠨ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠴᠢᠨᠠᠷᠲᠠᠶ ᠥᠭᠡᠷᠡᠴᠢᠯᠡᠯᠲᠡ ᠪᠠ ᠠᠵᠢᠯᠯᠠᠭᠠᠨ ᠤ ᠬᠠᠮᠠᠭᠠᠯᠠᠯᠲᠠ ᠶᠢᠨ ᠪᠠᠯᠠ ᠮᠥᠩᠭᠦ 6.67 ᠳ᠋ᠦᠩᠰᠢᠭᠤᠷ ᠲᠥᠭᠦᠷᠢᠭ ᠢ ᠪᠥᠬᠦ ᠬᠦᠴᠦ ᠪᠠᠷ | ᠲᠡᠮᠡᠴᠡᠨ ᠣᠯᠪᠠ᠃《ᠹᠸᠢ ᠳ᠋ᠢ ᠠᠵᠤ ᠠᠬᠤᠶ》 ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ | ᠹᠸᠢ ᠳ᠋ᠢ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ》 ᠢ ᠲᠣᠭᠲᠠᠭᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 80 ᠭᠠᠷᠤᠢ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ 500 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠪᠡ᠃ ᠹᠧᠶ ᠳ᠋ᠢ ᠠᠵᠤ ᠠᠬᠤᠢ ᠶᠢᠨ ᠬᠤᠤᠰ | ᠰᠢᠨ᠎ᠡ ᠶᠢ ᠡᠭᠦᠳᠬᠦ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠳᠤ | ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠤ ᠱᠠᠩᠨᠠᠬᠤ ᠪᠠᠷ ᠲᠤᠰᠠᠯᠠᠬᠤ ᠶᠢ | ᠣᠷᠣᠯᠠᠭᠤᠯᠬᠤ ᠲᠥᠷᠥᠯ ᠵᠦᠢᠯ ᠤᠨ ᠳᠡᠮᠵᠢᠯᠭᠡ ᠶᠢ ᠣᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠬᠦᠷᠢᠶᠡᠯᠡᠩ ᠢᠶᠠᠷ ᠦᠨᠡᠯᠡᠭᠳᠡᠪᠡ | ᠃《ᠣᠶᠤᠨᠴᠢ ᠪᠠᠶ᠋ᠬᠠᠣᠪᠤᠭ᠎ᠠ》 ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠥᠲᠦᠮᠵᠢ ᠢᠯᠡ ᠲᠣᠳᠣᠷᠬᠠᠢ᠃ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠤᠶᠤᠨᠲᠤ ᠬᠤᠲᠠ ᠶᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠪᠠ ᠡᠵᠡᠩᠨᠡᠵᠦ ᠵᠢᠯᠣᠭᠤᠳᠬᠤ ᠲᠥᠪ ᠢ ᠪᠠᠶᠢᠭᠤᠯᠤᠭᠰᠠᠨ ᠰᠠᠭᠤᠷᠢᠨ | ᠳᠡᠭᠡᠷ᠎ᠡ᠂ ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ ᠢ ᠰᠢᠨ᠎ᠡ ᠪᠠᠷ ᠪᠠᠶᠢᠭᠤᠯᠵᠤ᠂ ᠨᠠᠮ ᠤᠨ ᠭᠡᠰᠢᠭᠦᠨ ᠤ ᠲᠣᠮᠣ ᠳ᠋ᠠᠶᠢᠲ᠋ᠠ᠂ | ᠤᠶᠤᠨᠲᠤ ᠠᠮᠤᠷ ᠲᠦᠪᠰᠢᠨ ᠤ ᠬᠢᠨᠠᠯᠲᠠ᠂ ᠳ᠋ᠠᠶᠢᠲ᠋ᠠ ᠶᠢᠨ ᠲᠠᠪᠴᠠᠩ ᠢ ᠲᠡᠭᠦᠯᠳᠡᠷᠵᠢᠭᠦᠯᠪᠡ᠃ ᠤᠶᠤᠨᠲᠤ ᠬᠤᠲᠠ ᠶᠢᠨ ᠦᠵᠦ ᠲᠥᠯᠥᠪᠯᠡᠭᠡ ᠶᠢᠨ | ᠲᠥᠯᠥᠪᠵᠢᠭᠦᠯᠭᠡ ᠵᠢᠴᠢ ᠨᠢᠭᠡᠨᠲᠡ ᠪᠠᠶᠢᠭᠤᠯᠤᠭᠰᠠᠨ ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠨᠢ ᠪᠦᠬᠦ | ᠤᠯᠤᠰ ᠤᠨ《2018 ᠣᠨ ᠤ ᠤᠶᠤᠨᠲᠤ ᠬᠤᠲᠠ ᠶᠢᠨ ᠵᠠᠰᠠᠯᠲᠠ ᠶᠢᠨ ᠬᠦᠷᠢᠶᠡᠨ ᠤ ᠠᠷᠪᠠᠨ ᠶᠡᠭᠡ ᠰᠢᠯᠢᠳᠡᠭ ᠰᠢᠢᠳᠪᠦᠷᠢᠯᠡᠬᠦ ᠲᠥᠰᠦᠯ》 ᠢ ᠣᠯᠤᠭᠰᠠᠨ | ᠪᠠᠶᠢᠨ᠎ᠠ᠃ ᠳᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠥᠨᠢ ᠡᠭᠦᠷᠢᠳᠡ ᠶᠢᠨ ᠳᠠᠩᠰᠠ | ᠡᠪᠬᠡᠮᠡᠯ ᠤᠨ ᠲᠣᠭᠠᠴᠢᠯᠠᠭᠰᠠᠨ ᠨᠣᠷᠮ᠎ᠠ 35 % ᠳᠤ ᠬᠦᠷᠪᠡ᠃ ᠣᠶᠤᠨᠴᠢ ᠪᠠᠶ᠋ᠬᠠᠣᠪᠤᠭ᠎ᠠ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂《ᠨᠡᠶᠢᠭᠡᠮ | ᠲᠣᠭᠤᠷᠢᠭ ᠠᠴᠠ ᠱᠦᠭᠯᠦ ᠦᠯᠢᠶᠡᠵᠦ᠂ ᠰᠠᠯᠠᠭ᠎ᠠ ᠮᠥᠴᠢᠷ ᠠᠴᠠ ᠬᠦᠷᠦᠯᠴᠡᠨ ᠣᠴᠢᠬᠤ》ᠰᠢᠨ᠎ᠡ ᠬᠡᠯᠪᠡᠷᠢ ᠶᠢᠨ ᠣᠶᠤᠨᠯᠢᠭ ᠲᠣᠤᠷᠵᠢᠭᠤᠯᠤᠯᠲᠠ ᠶᠢ | ᠬᠡᠷᠡᠭᠵᠢᠭᠦᠯᠵᠦ᠂ ᠪᠦᠬᠦ ᠵᠢᠯ ᠳᠤ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠬᠡᠷᠡᠭ ᠶᠠᠪᠤᠳᠠᠯ ᠢ 900 ᠭᠠᠷᠤᠢ ᠰᠢᠢᠳᠪᠦᠷᠢᠯᠡᠵᠦ᠂ ᠰᠢᠢᠳᠪᠦᠷᠢᠯᠡᠭᠰᠡᠨ | ᠨᠣᠷᠮ᠎ᠠ 90 % ᠠᠴᠠ ᠳᠡᠭᠡᠭᠰᠢ ᠬᠦᠷᠴᠦ᠂ ᠵᠠᠰᠠᠭ ᠤᠨ ᠣᠷᠳᠣᠨ ᠤ ᠵᠠᠰᠠᠯᠲᠠ᠂ ᠨᠡᠶᠢᠭᠡᠮ ᠤᠨ ᠲᠣᠬᠢᠷᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ | ᠵᠠᠰᠠᠬᠤ ᠰᠠᠶᠢᠨ ᠨᠥᠬᠦᠴᠡᠯᠳᠦᠯ ᠢ ᠪᠦᠲᠦᠮᠵᠢᠲᠡᠢ ᠠᠬᠢᠭᠤᠯᠪᠠ᠃ | — ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠠᠳᠬᠤᠵᠤ᠂ ᠬᠤᠲᠠ ᠶᠢᠨ ᠳᠦᠷᠢ ᠲᠥᠷᠬᠦ ᠰᠢᠨ᠎ᠡ | ᠬᠤᠪᠢᠷᠠᠯᠲᠠ ᠲᠠᠢ ᠪᠣᠯᠪᠠ᠃ ᠨᠢᠭᠡ ᠵᠢᠯ ᠤᠨ ᠲᠤᠷᠰᠢ᠂ ᠪᠢᠳᠡ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ《ᠡᠷᠡᠭᠦᠯ ᠬᠠᠮᠠᠭᠠᠯᠠᠯ ᠤᠨ | ᠬᠤᠲᠠ ᠰᠢᠶᠠᠨ ᠶᠢ ᠪᠦᠲᠦᠭᠡᠨ ᠪᠠᠶᠢᠭᠤᠯᠬᠤ》᠂《ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ》ᠠᠵᠢᠯ ᠢ ᠰᠠᠶᠢᠲᠤᠷ ᠠᠳᠬᠤᠵᠤ᠂ ᠬᠤᠲᠠ ᠰᠢᠶᠠᠨ ᠤ | ᠣᠷᠴᠢᠨ ᠲᠣᠭᠤᠷᠢᠨ ᠤ ᠴᠢᠨᠠᠷ ᠢᠯᠡᠳᠲᠡ ᠰᠠᠶᠢᠵᠢᠷᠠᠪᠠ᠃ ᠬᠤᠲᠠ ᠶᠢᠨ ᠲᠥᠯᠥᠪᠵᠢᠭᠦᠯᠭᠡ ᠰᠢᠨᠵᠢᠯᠡᠬᠦ ᠤᠬᠠᠭᠠᠨᠴᠢ ᠵᠦᠶ ᠵᠣᠬᠢᠰᠲᠠᠶ᠃《ᠤᠯᠤᠰ ᠤᠨ | ᠲᠤᠰᠠᠭᠠᠷ ᠦᠢᠯᠡᠳᠪᠦᠷᠢ ᠠᠭᠤᠷᠬᠠᠢ ᠶᠢᠨ ᠲᠣᠭᠤᠷᠢᠭ》 ᠤᠨ ᠪᠣᠳᠠᠲᠤ ᠪᠠᠶᠢᠳᠠᠯ ᠳᠤ ᠰᠠᠭᠤᠷᠢᠯᠠᠨ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2016 | — 2030 ᠣᠨ ᠤ ᠬᠤᠲᠠ ᠶᠢᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ》 ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠪᠡ᠃《ᠣᠯᠠᠨ | ᠲᠥᠯᠥᠪᠵᠢᠭᠦᠯᠭᠡ ᠶᠢ ᠨᠢᠭᠡᠳᠬᠡᠬᠦ》 ᠶᠢ ᠲᠦᠯᠬᠢᠨ ᠠᠬᠢᠭᠤᠯᠵᠤ᠂《ᠬᠤᠶᠠᠷ ᠤᠯᠠᠭᠠᠨ ᠨᠢᠭᠡ ᠨᠣᠭᠤᠭᠠᠨ》 ᠢ ᠵᠠᠭᠠᠭᠯᠠᠨ ᠲᠣᠭᠲᠠᠭᠠᠬᠤ ᠠᠵᠢᠯ ᠢ ᠲᠦᠯᠬᠢᠨ | ᠠᠬᠢᠭᠤᠯᠵᠤ᠂ ᠬᠤᠲᠠ ᠶᠢᠨ ᠨᠡᠭᠡᠭᠡᠨ ᠬᠥᠭᠵᠢᠭᠦᠯᠦᠯᠲᠡ ᠨᠢ ᠨᠢᠭᠡ ᠲᠥᠯᠥᠪᠵᠢᠭᠦᠯᠭᠡ᠂ ᠨᠢᠭᠡ ᠵᠢᠷᠤᠭ ᠲᠥᠰᠦᠪ ᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ | ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠠᠩ ᠵᠢᠷᠤᠮᠵᠢᠭᠤᠨ ᠪᠥᠭᠡᠳ ᠵᠦᠶ ᠵᠣᠬᠢᠰᠲᠠᠶ ᠪᠣᠯᠪᠠ᠃ ᠬᠤᠲᠠ ᠶᠢᠨ ᠴᠢᠳᠠᠪᠬᠢ | ᠡᠳᠦᠷ ᠢᠷᠡᠬᠦᠶ᠎ᠡ ᠲᠡᠭᠦᠯᠳᠡᠷᠵᠢᠪᠡ᠃ ᠲᠦᠩ ᠶᠠᠩ ᠵᠠᠮ᠂ ᠪᠠᠶ ᠯᠢᠩ ᠵᠠᠮ᠂ ᠠᠭᠤᠷᠬᠠᠢ ᠶᠢᠨ ᠵᠠᠮ᠂ ᠳ᠋ᠢᠩ ᠳ᠋ᠤᠤ ᠾᠧᠩ ᠵᠠᠮ ᠵᠡᠷᠭᠡ ᠵᠠᠮ ᠢ ᠶᠡᠷᠦᠩᠬᠡᠶᠢᠯᠡᠨ | ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠵᠦ᠂ ᠭᠤᠤᠯ ᠵᠠᠮ ᠤᠨ ᠴᠠᠬᠢᠯᠭᠠᠨ ᠢ ᠪᠦᠬᠦᠨ ᠢ ᠭᠠᠵᠠᠷ ᠲᠤ ᠣᠷᠣᠭᠤᠯᠵᠤ᠂ 6.1 ᠺᠢᠯᠣᠮᠧᠲᠷ | ᠬᠠᠭᠤᠴᠢᠨ ᠬᠤᠭᠤᠯᠠᠶ ᠲᠣᠤᠷ ᠢ ᠰᠢᠨᠡᠳᠬᠡᠵᠦ᠂ ᠭᠠᠵᠠᠷ ᠳᠣᠤᠷᠠᠬᠢ ᠬᠤᠭᠤᠯᠠᠶ ᠲᠣᠤᠷ ᠤᠨ ᠤᠳᠠᠭᠠᠨ ᠵᠢᠯ ᠵᠠᠰᠠᠭᠰᠠᠨ ᠥᠬᠡᠶ᠂ ᠭᠤᠭᠤᠵᠢᠵᠤ ᠳᠤᠰᠤᠯᠠᠬᠤ | ᠬᠦᠨᠳᠦ ᠨᠣᠴᠢᠲᠠᠶ ᠠᠰᠠᠭᠤᠳᠠᠯ ᠢ ᠰᠢᠢᠳᠪᠦᠷᠢᠯᠡᠪᠡ᠃ 17 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠰᠡᠭᠦᠯ ᠬᠤᠷᠢᠶᠠᠬᠤ᠂ ᠬᠤᠲᠠ | ᠲᠣᠭᠤᠷᠢᠭ ᠤᠨ ᠬᠡᠰᠡᠭ ᠰᠢᠨ᠎ᠡ ᠬᠠᠭᠤᠴᠢᠨ ᠤᠰᠤ ᠬᠠᠩᠭᠠᠬᠤ ᠬᠤᠭᠤᠯᠠᠢ ᠶᠢ ᠵᠠᠯᠭᠠᠭᠤᠯᠬᠤ ᠢᠨᠵᠧᠨᠧᠷᠢᠩ ᠢ ᠪᠡᠶᠡᠯᠡᠭᠦᠯᠪᠡ᠃ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠨ᠂ ᠰᠢᠯᠭᠠᠨ ᠠᠪᠬᠤ ᠠᠵᠢᠯ ᠢ ᠪᠡᠶᠡᠯᠡᠭᠦᠯᠵᠦ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠪᠡ᠃《ᠵᠣᠷᠯᠣᠩ ᠤᠨ ᠬᠤᠪᠢᠰᠬᠠᠯ》 ᠤᠨ ᠢᠨᠵᠧᠨᠧᠷᠢᠩ ᠢ ᠬᠡᠷᠡᠭᠵᠢᠭᠦᠯᠵᠦ᠂ 6 ᠵᠣᠷᠯᠣᠩ ᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠵᠠᠰᠠᠪᠠ᠃ | ᠬᠤᠲᠠ ᠲᠣᠭᠤᠷᠢᠭ ᠤᠨ ᠭᠤᠣᠯ ᠵᠠᠮ ᠤᠨ ᠬᠠᠵᠠᠭᠤ ᠳᠠᠬᠢ ᠳᠡᠯᠭᠡᠭᠦᠷ ᠤᠨ ᠫᠠᠶᠢᠰᠠ ᠡᠯᠭᠦᠭᠡᠰᠦ ᠶᠢᠨ ᠵᠢᠷᠤᠮᠵᠢᠯ᠂ ᠴᠢᠮᠡᠭᠯᠡᠬᠦ ᠭᠡᠷᠡᠯᠲᠦᠭᠦᠯᠭᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠲᠣᠭᠤᠷᠢᠭ ᠤᠨ ᠵᠠᠮ ᠤᠨ ᠳ᠋ᠧᠩ᠂ ᠴᠠᠬᠢᠯᠭᠠᠨ ᠤᠲᠠᠰᠤ ᠵᠡᠷᠭᠡ ᠲᠥᠬᠦᠭᠡᠷᠦᠮᠵᠢ ᠶᠢ ᠪᠦᠬᠦ | ᠲᠠᠯ᠎ᠠ ᠪᠠᠷ ᠰᠡᠯᠪᠢᠨ ᠵᠠᠰᠠᠵᠤ ᠬᠠᠮᠠᠭᠠᠯᠠᠨ᠂ ᠴᠡᠴᠡᠷᠯᠢᠭ ᠤᠨ ᠨᠣᠭᠤᠭᠠᠨ ᠭᠠᠵᠠᠷ ᠤᠨ ᠦᠵᠡᠮᠵᠢ ᠶᠢᠨ ᠭᠡᠷᠡᠯᠲᠦᠭᠦᠯᠬᠦ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠤᠲᠠ ᠶᠢᠨ ᠳᠦᠷᠢ ᠲᠥᠷᠬᠦ ᠶᠢ ᠶᠡᠬᠡᠪᠡᠷ ᠳᠡᠭᠡᠭᠰᠢᠯᠡᠭᠦᠯᠪᠡ᠃ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠦᠯᠵᠢ | ᠲᠣᠤᠷᠠᠶ ᠶᠢᠨ ᠣᠢ ᠰᠢᠭᠤᠶ ᠶᠢᠨ ᠬᠦᠷᠢᠶᠡᠯᠡᠩ᠂ ᠨᠤᠭᠤ ᠭᠠᠵᠠᠷ ᠤᠨ ᠴᠡᠴᠡᠷᠯᠢᠭ᠂ ᠠᠭᠤᠷᠬᠠᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠤᠲᠠ ᠲᠣᠭᠤᠷᠢᠭ ᠲᠤ 1.1 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ | 《ᠨᠢᠭᠡ ᠲᠣᠭᠤᠷᠢᠭ᠂ ᠨᠢᠭᠡ ᠰᠡᠳᠬᠢᠯ᠂ ᠬᠤᠶᠠᠷ ᠬᠦᠷᠢᠶᠡᠯᠡᠩ᠂ ᠣᠯᠠᠨ ᠴᠡᠭ ᠣᠯᠠᠨ ᠬᠤᠩᠭᠢᠯ》 ᠤᠨ ᠬᠤᠲᠠ ᠶᠢᠨ ᠨᠣᠭᠤᠭᠠᠷᠠᠭᠤᠯᠤᠯᠲᠠ ᠶᠢᠨ | ᠶᠡᠷᠦᠩᠬᠡᠶᠢᠯᠡᠭᠰᠡᠨ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠤᠯᠤᠰ ᠤᠨ ᠲᠡᠰ ᠤᠨ ᠠᠭᠤᠷᠬᠠᠢ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠪᠠᠶ᠋ᠬᠠᠣᠪᠤᠭ᠎ᠠ ᠠᠭᠤᠷᠬᠠᠢ ᠶᠢᠨ ᠪᠠᠷᠠᠭᠤᠨ ᠮᠠᠰᠢᠨ ᠲᠡᠷᠭᠡᠨ ᠤ | ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠬᠤᠲᠠ ᠶᠢ ᠵᠠᠰᠠᠨ ᠴᠡᠭᠴᠡᠯᠡᠬᠦ | ᠠᠵᠢᠯ ᠤᠨ ᠦᠷ᠎ᠡ ᠪᠦᠲᠦᠮᠵᠢ ᠢᠯᠡᠷᠬᠡᠢ᠃ ᠬᠤᠲᠠ ᠶᠢ ᠨᠠᠷᠢᠯᠢᠭᠵᠢᠭᠤᠯᠤᠨ ᠬᠠᠮᠢᠶᠠᠷᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ 8 | ᠲᠠᠯ᠎ᠠ ᠶᠢᠨ 17 ᠵᠦᠢᠯ ᠤᠨ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠵᠠᠰᠠᠯᠲᠠ ᠶᠢᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠬᠠᠤᠯᠢ ᠠᠴᠠ ᠵᠥᠷᠢᠴᠡᠭᠰᠡᠨ | ᠪᠠᠷᠢᠯᠭ᠎ᠠ ᠶᠢᠨ《ᠨᠡᠮᠡᠭᠳᠡᠯ ᠦᠭᠡᠢ》 ᠶᠢ ᠪᠡᠶᠡᠯᠡᠭᠦᠯᠵᠦ᠂ 36 ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠲᠦᠴᠡᠲᠦ ᠣᠷᠣᠨ ᠲᠣᠭᠤᠷᠢᠭ ᠢ | ᠴᠡᠪᠡᠷᠯᠡᠨ ᠲᠡᠭᠰᠢᠯᠡᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠮᠬᠢ ᠳᠢᠭᠯᠢᠮ ᠢ ᠪᠦᠲᠦᠮᠵᠢᠲᠡᠢ ᠬᠠᠮᠠᠭᠠᠯᠠᠵᠤ᠂ ᠬᠤᠲᠠ ᠶᠢ ᠤᠯᠠᠮ ᠨᠢᠭᠡ ᠠᠯᠬᠤᠮ | ᠰᠠᠶᠢᠵᠢᠷᠠᠭᠤᠯᠪᠠ᠃ | — ᠠᠷᠠᠳ ᠤᠨ ᠠᠮᠢᠳᠤᠷᠠᠯ ᠢ ᠪᠦᠬᠦ ᠬᠦᠴᠦ ᠪᠠᠷ ᠠᠳᠬᠤᠵᠤ᠂ ᠣᠯᠠᠨ ᠲᠦᠮᠡᠨ ᠤ ᠠᠮᠢᠳᠤᠷᠠᠯ ᠰᠠᠶᠢᠵᠢᠷᠠᠯᠲᠠ ᠲᠠᠢ ᠪᠣᠯᠪᠠ᠃ ᠨᠢᠭᠡ ᠵᠢᠯ ᠤᠨ | ᠲᠤᠷᠰᠢ᠂ ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠯᠡᠨ ᠪᠠᠲᠤᠯᠠᠵᠤ᠂ ᠪᠦᠬᠦ ᠬᠦᠴᠦ ᠪᠠᠨ ᠰᠢᠪᠬᠠᠨ ᠠᠷᠠᠳ ᠲᠦᠮᠡᠨ ᠳᠤ ᠪᠤᠶᠠᠨ ᠵᠢᠷᠭᠠᠯ | ᠡᠳ᠋ᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠡᠯ᠎ᠡ ᠲᠥᠷᠥᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠠᠵᠢᠯ ᠠᠴᠠ ᠠᠮᠠᠷᠠᠭᠰᠠᠨ ᠬᠥᠮᠦᠰ ᠤᠨ ᠨᠠᠰᠤᠵᠢᠯ ᠤᠨ ᠮᠥᠩᠭᠦ ᠶᠢ ᠬᠥᠮᠦᠨ | ᠪᠦᠷᠢ ᠳᠤ ᠳᠤᠮᠳᠠᠴᠢ ᠪᠠᠷ 132 ᠲᠥᠭᠦᠷᠢᠭ ᠨᠡᠮᠡᠭᠳᠡᠭᠦᠯᠵᠦ᠂ ᠠᠵᠤ ᠠᠬᠤᠶᠢᠯᠠᠯ ᠤᠨ ᠨᠠᠰᠤᠵᠢᠯ ᠤᠨ ᠮᠥᠩᠭᠦ ᠶᠢ ᠨᠡᠶᠢᠲᠡ 6018 ᠲᠦᠮᠡᠨ ᠲᠥᠭᠦᠷᠢᠭ | ᠲᠠᠷᠬᠠᠭᠠᠪᠠ᠃ ᠠᠪᠤᠷᠠᠨ ᠲᠤᠰᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠵᠢᠯ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠪᠤᠷᠠᠨ ᠲᠤᠰᠠᠯᠠᠬᠤ ᠮᠥᠩᠭᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠮᠥᠩᠭᠦ᠂ ᠲᠦᠷ ᠴᠠᠭ ᠠᠪᠤᠷᠠᠨ ᠲᠤᠰᠠᠯᠠᠬᠤ ᠮᠥᠩᠭᠦ ᠵᠡᠷᠭᠡ ᠡᠯ᠎ᠡ ᠲᠥᠷᠥᠯ ᠤᠨ | ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠪᠠᠯᠠ ᠮᠥᠩᠭᠦ ᠶᠢ 322.68 ᠲᠦᠮᠡᠨ ᠲᠥᠭᠦᠷᠢᠭ ᠲᠠᠷᠬᠠᠭᠠᠪᠠ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠵᠦᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠳᠡᠭᠡᠷ᠎ᠡ ᠵᠢᠯ ᠤᠨ ᠬᠢ ᠠᠴᠠ | 5% ᠪᠠᠷ ᠳᠡᠭᠡᠭᠰᠢᠯᠡᠭᠦᠯᠪᠡ᠃ 20.4 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠲᠤ《ᠠᠷᠠᠳ ᠤᠨ | ᠠᠮᠢᠳᠤᠷᠠᠯ ᠤᠨ ᠶᠡᠷᠦᠩᠬᠡᠢᠯᠡᠭᠰᠡᠨ ᠳᠠᠭᠠᠳᠬᠠᠯ》ᠬᠤᠳᠠᠯᠳᠤᠨ ᠠᠪᠴᠤ᠂ ᠪᠦᠬᠦ ᠬᠤᠲᠠ ᠶᠢᠨ ᠠᠩᠬᠠᠳᠠᠭᠴᠢ ᠵᠠᠰᠠᠭ ᠤᠨ ᠣᠷᠳᠣᠨ ᠠᠴᠠ ᠬᠠᠷᠢᠶᠠᠲᠤ | ᠲᠣᠭᠤᠷᠢᠭ ᠤᠨ ᠰᠠᠭᠤᠭᠠᠯᠢ ᠠᠷᠠᠳ ᠲᠤ ᠠᠰᠢᠭ ᠬᠦᠷᠲᠡᠭᠡᠬᠦ ᠳᠠᠭᠠᠳᠬᠠᠯ ᠤᠨ ᠲᠥᠷᠦᠯ ᠵᠦᠢᠯ ᠪᠣᠯᠪᠠ᠃ ᠪᠦᠬᠦ ᠬᠤᠲᠠ ᠶᠢᠨ ᠬᠡᠪᠴᠢᠶᠡᠨ ᠳᠤ ᠵᠡᠮᠳᠡᠭᠴᠦᠳ ᠢ | ᠨᠠᠶᠢᠳᠠᠨ ᠠᠰᠠᠷᠠᠭᠤᠯᠬᠤ ᠲᠥᠪ ᠢ ᠤᠷᠢᠳᠠᠪᠠᠷ ᠪᠠᠶᠢᠭᠤᠯᠵᠤ᠂ ᠠᠩᠬᠠᠳᠠᠭᠴᠢ ᠵᠡᠮᠳᠡᠭᠴᠦᠳ ᠤᠨ《ᠬᠠᠯᠠᠭᠤᠨ ᠳᠤᠯᠠᠭᠠᠨ ᠭᠡᠷ ᠣᠷᠣᠨ》 ᠢ ᠠᠰᠢᠭᠯᠠᠯᠲᠠ ᠳᠤ | ᠣᠷᠣᠭᠤᠯᠪᠠ᠃ ᠴᠡᠷᠢᠭ ᠠᠴᠠ ᠬᠠᠯᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ ᠪᠠᠶᠢᠭᠤᠯᠵᠤ᠂ ᠴᠡᠷᠢᠭ ᠠᠴᠠ ᠬᠠᠯᠠᠭᠰᠠᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠪᠠ᠃ ᠭᠦᠶᠠᠩ ᠰᠢᠶᠠᠨ ᠤ《7.19》 ᠤ ᠦᠶᠡᠷ ᠤᠨ ᠭᠠᠮᠰᠢᠭ ᠲᠤ ᠲᠤᠯᠭᠠᠷᠠᠬᠤ ᠦᠶᠡᠰ ᠮᠠᠨ ᠤ ᠲᠣᠭᠤᠷᠢᠭ | ᠪᠥᠬᠦ ᠬᠦᠴᠦ ᠪᠠᠷ ᠪᠠᠴᠢᠮ ᠪᠠᠶᠢᠳᠠᠯ ᠢ ᠠᠷᠭᠠᠴᠠᠬᠤ ᠠᠵᠢᠯ ᠢ ᠥᠷᠨᠢᠭᠦᠯᠵᠦ᠂ ᠰᠢ ᠳ᠋ᠧᠦ ᠫᠦ᠋ ᠭᠠᠯ ᠲᠡᠷᠭᠡᠨ ᠤ ᠥᠷᠲᠡᠭᠡᠨ ᠳᠠᠬᠢ ᠠᠶᠠᠨᠴᠢᠳ ᠢ ᠨᠢᠭᠡᠳᠦᠭᠡᠷ | ᠴᠠᠭ ᠲᠤ ᠠᠮᠤᠷ ᠲᠦᠪᠰᠢᠨ ᠢᠶᠠᠷ ᠲᠣᠰᠴᠤ ᠠᠪᠴᠢᠷᠠᠪᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ | ᠳᠡᠭᠡᠳᠦ ᠱᠠᠲᠤᠨ ᠤ ᠠᠵᠢᠯ ᠣᠯᠭᠤᠯᠲᠠ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 405 ᠲᠦᠮᠡᠨ | ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠳᠠᠬᠢᠨ ᠠᠵᠢᠯ | ᠣᠯᠭᠤᠯᠲᠠ ᠶᠢ ᠪᠡᠶᠡᠯᠡᠭᠦᠯᠵᠦ᠂ ᠠᠵᠢᠯ ᠠᠯᠳᠠᠭᠰᠠᠨ ᠨᠣᠷᠮ᠎ᠠ ᠶᠢ 3.9 % ᠶᠢᠨ ᠳᠣᠲᠣᠷ᠎ᠠ ᠬᠢᠵᠠᠭᠠᠷᠯᠠᠪᠠ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ | ᠴᠢᠳᠠᠪᠤᠷᠢᠲᠠᠨ ᠢ ᠴᠤᠭᠯᠠᠷᠠᠭᠤᠯᠬᠤ ᠢᠨᠵᠧᠨᠧᠷᠢᠩ》 ᠢ ᠭᠦᠨᠵᠡᠭᠡᠢ ᠬᠡᠷᠡᠭᠵᠢᠭᠦᠯᠵᠦ᠂ ᠪᠠᠶ᠋ᠬᠠᠣᠪᠤᠭ᠎ᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠪᠠᠶᠢᠭᠤᠯᠵᠤ᠂ | ᠪᠤᠭᠤᠲᠤ ᠬᠤᠲᠠ ᠶᠢᠨ ᠠᠩᠬᠠᠳᠠᠭᠴᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠤᠶᠤᠲᠠᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠠᠵᠢᠯ ᠤᠨ ᠪᠠᠶᠢᠷᠢ᠂ ᠭᠤᠷᠪᠠ ᠶᠢ ᠳᠠᠮᠵᠢᠵᠤ ᠨᠢᠭᠡ ᠶᠢ ᠲᠡᠳᠬᠦᠬᠦ ᠵᠡᠷᠭᠡ 29 ᠠᠵᠢᠯᠲᠠᠨ ᠢ ᠰᠢᠯᠭᠠᠨ ᠡᠯᠰᠡᠵᠦ᠂ 40 ᠭᠠᠷᠤᠢ ᠲᠦᠮᠡᠨ ᠲᠥᠭᠦᠷᠢᠭ ᠤᠨ ᠡᠯ᠎ᠡ | ᠵᠦᠢᠯ ᠤᠨ ᠲᠡᠳᠬᠦᠨ ᠳᠡᠮᠵᠢᠬᠦ ᠨᠥᠬᠦᠪᠥᠷᠢ ᠮᠥᠩᠭᠦ ᠣᠷᠣᠭᠤᠯᠪᠠ᠃ ᠣᠯᠠᠨ ᠲᠦᠮᠡᠨ ᠤ ᠰᠣᠶᠣᠯ ᠴᠡᠩᠭᠡᠯ ᠤᠨ ᠠᠮᠢᠳᠤᠷᠠᠯ ᠨᠠᠩ ᠪᠠᠶᠠᠯᠢᠭᠵᠢᠪᠠ᠃ | 《ᠰᠡᠳᠬᠢᠯ ᠤᠨ ᠤᠶᠠᠭ᠎ᠠ ᠪᠠᠶ᠋ᠬᠠᠣᠪᠤᠭ᠎ᠠ》ᠮᠥᠰᠥ ᠴᠠᠰᠤᠨ ᠤ ᠨᠠᠶᠢᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠡᠷᠭᠡ ᠡᠯ᠎ᠡ ᠲᠥᠷᠥᠯ ᠤᠨ ᠰᠣᠶᠣᠯ | ᠲᠠᠮᠢᠷ ᠤᠨ ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠵᠦ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠢ ᠪᠡᠯᠭᠡᠯᠡᠵᠦ᠂ ᠲᠣᠭᠤᠷᠢᠭ ᠪᠠᠶᠢᠭᠤᠯᠤᠭᠳᠠᠭᠰᠠᠨ 60 ᠵᠢᠯ ᠤᠨ ᠤᠢ ᠶᠢ | ᠪᠡᠯᠭᠡᠯᠡᠬᠦ ᠶᠢᠨ ᠲᠣᠭᠤᠷᠢᠨ ᠳᠤ᠂《ᠬᠠᠷᠢᠯᠴᠠᠨ ᠬᠠᠪᠰᠤᠷᠤᠯᠴᠠᠭᠰᠠᠨ 60 ᠵᠢᠯ᠂ ᠥᠭᠡᠷᠡᠴᠢᠯᠡᠯᠲᠡ ᠬᠢᠵᠦ ᠡᠷᠡᠯᠬᠡᠭᠯᠡᠨ ᠤᠷᠤᠭᠰᠢᠯᠠᠭᠰᠠᠨ ᠰᠢᠨ᠎ᠡ ᠴᠠᠭ | ᠦᠶ᠎ᠡ》ᠭᠡᠬᠦ ᠭᠤᠤᠯ ᠰᠡᠳᠦᠪᠲᠦ《ᠳᠣᠯᠣᠭᠠᠨ ᠨᠢᠭᠡ》ᠰᠢᠷᠢᠰ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ | ᠦᠵᠡᠯᠲᠡ ᠶᠢ ᠭᠦᠨᠵᠡᠭᠡᠶ ᠪᠤᠶᠢᠵᠢᠭᠤᠯᠤᠨ ᠦᠢᠯᠡᠳᠦᠯᠭᠡᠵᠢᠭᠦᠯᠪᠡ᠃ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠭᠤᠷᠬᠠᠶ ᠮᠠᠯᠲᠠᠬᠤ ᠠᠵᠢᠯ ᠤᠨ ᠬᠡᠯᠲᠡᠰ ᠤᠨ | ᠮᠡᠷᠭᠡᠵᠢᠯ ᠤᠨ ᠳᠤᠭᠤᠶᠢᠯᠠᠩ ᠳᠤᠮᠳᠠᠳᠤ ᠤᠯᠤᠰ ᠤᠨ ᠰᠠᠶᠢᠨ ᠬᠥᠮᠦᠨ ᠤ ᠨᠡᠷᠡᠰ ᠤᠨ ᠵᠢᠭᠰᠠᠭᠠᠯᠲᠠ ᠳᠤ《ᠠᠵᠢᠯ ᠢᠶᠠᠨ ᠬᠥᠨᠳᠡᠯᠡᠵᠦ ᠡᠷᠭᠦᠨ | ᠵᠣᠷᠢᠭᠤᠯᠬᠤ》ᠰᠠᠶᠢᠨ ᠬᠥᠮᠦᠨ ᠪᠠ ᠪᠤᠭᠤᠲᠤ ᠬᠤᠲᠠ ᠶᠢᠨ《ᠠᠵᠢᠯᠴᠢᠨ ᠤ ᠬᠤᠰᠢᠭᠤᠴᠢ 》᠂《ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ | ᠬᠥᠬᠢᠭᠦᠯᠦᠯ 》ᠵᠡᠷᠭᠡ ᠬᠠᠮᠲᠤ ᠶᠢᠨ ᠢᠷᠠᠭᠤ ᠠᠯᠳᠠᠷ ᠢ ᠬᠦᠷᠲᠡᠪᠡ᠃《ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠥᠩᠭᠡᠨ ᠮᠣᠷᠢᠲᠤ | ᠴᠡᠷᠢᠭ》 ᠢ ᠪᠠᠶᠢᠭᠤᠯᠵᠤ᠂ ᠤᠯᠠᠭᠠᠨᠮᠥ᠋ᠴᠢᠷ ᠤᠨ ᠦᠢᠯᠡᠰ ᠢ ᠲᠦᠷᠭᠡᠳᠬᠡᠨ ᠬᠥᠭᠵᠢᠭᠦᠯᠪᠡ᠃ ᠲᠣᠭᠤᠷᠢᠭ ᠤᠨ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ᠂ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠵᠠᠰᠠᠭ ᠤᠨ ᠣᠷᠳᠣᠨ ᠤ ᠰᠦᠯᠵᠢᠶ᠎ᠡ᠂ ᠬᠤᠶᠠᠷ ᠪᠢᠴᠢᠯ ᠪᠦᠷᠭᠡ ᠨᠢᠭᠡ ᠦᠵᠦᠭᠦᠷ᠂ ᠲᠡᠮᠦᠷ ᠤᠨ | ᠠᠭᠤᠷᠬᠠᠢ ᠶᠢᠨ ᠰᠤᠷᠪᠤᠯᠵᠢᠯᠠᠭᠴᠢ ᠶᠢᠨ ᠥᠷᠲᠡᠭᠡ ᠶᠢ ᠨᠡᠶᠢᠯᠡᠭᠦᠯᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠢ | ᠫᠠᠶᠢᠰᠠ ᠡᠯᠭᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ 38 ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠨᠢᠭᠡ ᠬᠡᠮᠡᠨ ᠵᠢᠭᠰᠠᠭᠠᠭᠳᠠᠪᠠ᠃ | — ᠨᠢᠭᠡᠳᠦᠯᠲᠡᠶ ᠲᠥᠯᠥᠪᠯᠡᠨ ᠠᠳᠬᠤᠵᠤ ᠲᠦᠯᠬᠢᠨ ᠠᠬᠢᠭᠤᠯᠵᠤ᠂ ᠨᠡᠶᠢᠭᠡᠮ ᠤᠨ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠪᠡ᠃ ᠨᠢᠭᠡ | ᠵᠢᠯ ᠤᠨ ᠲᠤᠷᠰᠢ᠂ ᠪᠢᠳᠡ ᠬᠦᠴᠢᠷ ᠪᠡᠷᠬᠡ ᠶᠢ ᠢᠯᠠᠨ ᠳᠠᠪᠠᠵᠤ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ ᠨᠡᠶᠢᠭᠡᠮ ᠤᠨ ᠡᠯ᠎ᠡ ᠵᠦᠢᠯ ᠤᠨ ᠠᠵᠢᠯ | ᠦᠢᠯᠡᠰ ᠡᠮᠬᠢ ᠵᠢᠷᠤᠮ ᠲᠠᠢ ᠠᠬᠢᠭᠤᠯᠤᠭᠳᠠᠪᠠ᠃ ᠰᠤᠷᠭᠠᠨ ᠬᠥᠮᠦᠵᠢᠯ ᠤᠨ ᠦᠢᠯᠡᠰ ᠯᠠᠪᠳᠠᠭᠤᠨ ᠢᠶᠠᠷ ᠬᠥᠭᠵᠢᠪᠡ᠃ 1600 ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠲᠡᠮᠦᠷ ᠤᠨ ᠠᠭᠤᠷᠬᠠᠢ ᠶᠢᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ | ᠴᠢᠨᠠᠷᠲᠠᠢ ᠴᠢᠨᠠᠷ ᠰᠠᠶᠢᠲᠠᠢ ᠬᠡᠦᠬᠡᠳ ᠤᠨ ᠴᠡᠴᠡᠷᠯᠢᠭ ᠢ ᠪᠠᠶᠢᠭᠤᠯᠪᠠ᠃ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠲᠣᠭᠲᠠᠭᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ 25 ᠰᠢᠯᠢᠳᠡᠭ ᠪᠠᠭᠰᠢ ᠶᠢ ᠤᠷᠢᠨ ᠬᠡᠷᠡᠭᠯᠡᠵᠦ᠂ 26 ᠤᠳᠠᠭ᠎ᠠ | ᠂ 145 ᠬᠥᠮᠦᠨ ᠤᠳᠠᠭ᠎ᠠ ᠪᠠᠭᠰᠢ ᠶᠢ ᠵᠣᠬᠢᠶᠠᠨ ᠪᠠᠶᠢᠭᠤᠯᠵᠤ ᠭᠠᠳᠠᠭᠰᠢ ᠰᠤᠷᠤᠯᠴᠠᠭᠤᠯᠤᠨ ᠪᠣᠯᠪᠠᠰᠤᠷᠠᠭᠤᠯᠪᠠ᠃ ᠬᠠᠪᠰᠤᠷᠤᠯᠴᠠᠭ᠎ᠠ ᠪᠠᠶᠢᠭᠤᠯᠵᠤ ᠬᠠᠮᠲᠤᠪᠠᠷ | ᠪᠠᠶᠢᠭᠤᠯᠬᠤ ᠬᠠᠮᠲᠤᠷᠠᠯᠴᠠᠭ᠎ᠠ ᠰᠣᠯᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠵᠠᠳᠠᠯᠤᠯᠲᠠ ᠰᠤᠳᠤᠯᠭᠠᠨ ᠢ ᠴᠢᠩᠭᠠᠳᠬᠠᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ | ᠠᠩᠭᠢ ᠳᠤ ᠤᠷᠤᠭᠰᠠᠨ ᠨᠣᠷᠮ᠎ᠠ 76 % ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠦᠬᠦ ᠬᠤᠲᠠ ᠶᠢᠨ ᠨᠢᠭᠡᠳᠦᠭᠡᠷ | ᠪᠥᠯᠦᠭ ᠤᠨ ᠨᠢᠭᠡᠳᠦᠯᠲᠡᠶ ᠡᠯᠰᠡᠬᠦ ᠱᠤᠭᠤᠮ ᠤᠨ ᠬᠥᠮᠦᠨ ᠤ ᠲᠤᠭ᠎ᠠ 15 ᠬᠥᠮᠦᠨ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠢᠱᠢᠶ᠎ᠡ ᠦᠵᠡᠭᠦᠯᠬᠦ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 31 ᠬᠥᠮᠦᠨ ᠡᠯᠰᠡᠵᠦ᠂ ᠪᠠᠭ᠎ᠠ ᠰᠤᠷᠭᠠᠭᠤᠯᠢ ᠲᠡᠭᠦᠰᠬᠦ ᠣᠨ ᠤ ᠬᠢᠷᠢ ᠪᠦᠲᠦᠮᠵᠢ ᠨᠢ ᠴᠥᠮ ᠪᠦᠬᠦ | ᠬᠤᠲᠠ ᠶᠢᠨ ᠳᠤᠮᠳᠠᠴᠢ ᠲᠦᠪᠰᠢᠨ ᠳᠤ ᠬᠦᠷᠪᠡ᠃ ᠮᠠᠨ ᠤ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ | ᠬᠡᠮᠵᠢᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠠᠴᠠ《ᠰᠢᠶᠠᠨ ᠤ ᠱᠠᠲᠤᠨ ᠤ ᠰᠢᠯᠢᠳᠡᠭ ᠵᠣᠬᠢᠶᠠᠨ ᠪᠠᠶᠢᠭᠤᠯᠬᠤ | ᠨᠢᠭᠡᠴᠡ》 ᠪᠠᠷ ᠴᠣᠯᠠᠯᠠᠭᠳᠠᠪᠠ᠃ ᠰᠤᠷᠭᠠᠨ ᠬᠥᠮᠦᠵᠢᠯ ᠤᠨ ᠶᠠᠮᠤᠨ ᠤ《ᠬᠡᠦᠬᠡᠳ ᠤᠨ ᠴᠡᠴᠡᠷᠯᠢᠭ ᠡᠷᠬᠢᠯᠡᠭᠰᠡᠨ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ | ᠵᠢᠱᠢᠬᠦ》ᠳᠤᠮᠳᠠ᠂ ᠮᠠᠨ ᠤ ᠲᠣᠭᠤᠷᠢᠭ ᠪᠥᠬᠦ ᠬᠤᠲᠠ ᠶᠢᠨ ᠴᠣᠷ ᠤᠨ ᠭᠠᠭᠴᠠ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠭᠠᠵᠠᠷ ᠣᠷᠣᠨ ᠪᠣᠯᠤᠭᠰᠠᠨ ᠪᠠᠶᠢᠨ᠎ᠠ᠃《ᠨᠢᠭᠡ ᠰᠤᠷᠭᠠᠭᠤᠯᠢ ᠣᠯᠠᠨ ᠨᠡᠷᠡᠲᠦ ᠲᠡᠮᠳᠡᠭᠲᠦ》ᠰᠤᠷᠭᠠᠭᠤᠯᠢ ᠡᠷᠬᠢᠯᠡᠬᠦ ᠵᠠᠭᠪᠤᠷ ᠢ ᠪᠦᠬᠦ ᠬᠦᠴᠦ ᠪᠠᠷ | ᠡᠭᠦᠳᠴᠦ᠂ ᠲᠡᠮᠦᠷ ᠤᠨ ᠠᠭᠤᠷᠬᠠᠢ ᠶᠢᠨ ᠳᠤᠮᠳᠠᠳᠤ ᠰᠤᠷᠭᠠᠭᠤᠯᠢ ᠨᠢ ᠪᠦᠬᠦ ᠬᠤᠲᠠ ᠶᠢᠨ ᠠᠩᠬᠠᠨ ᠤ ᠪᠦᠯᠦᠭ《ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤ ᠦᠶ᠎ᠡ ᠶᠢᠨ ᠤᠩᠰᠢᠯᠭ᠎ᠠ ᠶᠢᠨ ᠣᠨᠴᠠᠯᠢᠭᠲᠤ ᠰᠤᠷᠭᠠᠭᠤᠯᠢ》 ᠪᠠᠷ ᠦᠨᠡᠯᠡᠭᠳᠡᠵᠦ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠬᠤᠲᠠ ᠶᠢᠨ | ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠪᠣᠯᠵᠤ ᠳᠡᠪᠰᠢᠪᠡ᠃《ᠡᠷᠡᠭᠦᠯ ᠡᠩᠬᠡ ᠪᠠᠶ᠋ᠬᠠᠣᠪᠤᠭ᠎ᠠ》 ᠶᠢ ᠯᠠᠪᠳᠠᠭᠤᠨ ᠪᠠᠲᠤᠲᠠᠶ ᠠᠬᠢᠭᠤᠯᠪᠠ᠃ | ᠡᠷᠡᠭᠦᠯ ᠡᠩᠬᠡ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ | ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠲᠣᠭᠤᠷᠢᠭ᠂ ᠤᠳᠠᠭᠠᠨ ᠴᠢᠨᠠᠷᠲᠠᠶ ᠡᠪᠡᠳᠴᠢᠨ ᠤ ᠵᠢᠱᠢᠶ᠎ᠡ ᠦᠵᠡᠭᠦᠯᠬᠦ | ᠲᠣᠭᠤᠷᠢᠭ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠭᠰᠠᠨ ᠲᠣᠭᠤᠷᠢᠭ ᠢ ᠴᠢᠷᠮᠠᠶᠢᠨ ᠡᠭᠦᠳᠦᠨ ᠪᠠᠶᠢᠭᠤᠯᠪᠠ᠃ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠲᠡᠰ ᠤᠨ ᠵᠠᠭᠤ ᠭᠠᠷᠤᠶ ᠡᠮᠨᠡᠯᠭᠡ ᠶᠢᠨ ᠬᠤᠷᠢᠶ᠎ᠠ ᠶᠢᠨ ᠲᠤᠰᠬᠠᠶ | ᠮᠡᠷᠭᠡᠵᠢᠯᠲᠡᠨ ᠢ ᠮᠠᠨ ᠤ ᠲᠣᠭᠤᠷᠢᠭ ᠲᠤ ᠤᠷᠢᠨ ᠰᠠᠭᠤᠯᠭᠠᠵᠤ᠂ ᠲᠣᠭᠤᠷᠢᠭ ᠤᠨ ᠠᠭᠤᠷᠬᠠᠢ ᠶᠢᠨ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠡᠮᠡᠭᠲᠡᠶ ᠶᠢᠨ ᠰᠠᠯᠠᠭᠠᠨ ᠤ ᠪᠦᠯᠬᠦᠮ ᠨᠡᠶᠢᠲᠡ ᠶᠢ ᠪᠠᠶᠢᠭᠤᠯᠤᠨ᠂ ᠡᠮᠴᠢᠯᠡᠭᠡᠨ ᠤ ᠦᠢᠯᠡᠴᠢᠯᠡᠭᠡᠨᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠵᠠᠷ | ᠣᠷᠣᠨ ᠤ《ᠡᠪᠡᠳᠴᠢᠨ ᠦᠵᠡᠭᠦᠯᠬᠦ ᠳᠤ ᠬᠦᠴᠢᠷᠲᠡᠶ》ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ ᠭᠡᠷ᠎ᠡ ᠲᠣᠭᠲᠠᠬᠤ ᠦᠢᠯᠡᠴᠢᠯᠡᠭᠡᠨ ᠤ ᠬᠠᠮᠢᠶᠠᠷᠤᠯᠲᠠ ᠶᠢ | ᠵᠢᠷᠤᠮᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠭᠰᠠᠨ ᠨᠣᠷᠮ᠎ᠠ 75.6 % ᠬᠦᠷᠴᠡᠢ᠃ ᠮᠣᠵᠢ ᠠᠯᠤᠰᠯᠠᠨ ᠡᠮᠴᠢᠯᠡᠭᠦᠯᠦᠭᠰᠡᠨ ᠵᠠᠷᠤᠳᠠᠯ ᠢ | ᠰᠢᠭᠤᠳ ᠲᠠᠰᠤᠯᠤᠨ ᠪᠣᠳᠣᠬᠤ ᠳᠦᠷᠢᠮ ᠢ ᠨᠡᠪᠲᠡᠷᠡᠭᠦᠯᠵᠦ᠂ ᠪᠦᠬᠦ ᠤᠯᠤᠰ ᠤᠨ 26 ᠮᠣᠵᠢ ᠲᠠᠢ ᠡᠮᠴᠢᠯᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ | ᠪᠣᠳᠣᠬᠤ ᠶᠢ ᠪᠡᠶᠡᠯᠡᠭᠦᠯᠪᠡ᠃ ᠡᠮᠴᠢᠯᠡᠭᠡ ᠪᠠᠷ ᠶᠠᠳᠠᠭᠤ ᠶᠢ ᠲᠡᠳᠬᠦᠵᠦ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠳᠤ ᠨᠡᠶᠢᠴᠡᠬᠦ 232 | ᠨᠡᠷᠡᠰ ᠡᠪᠡᠳᠴᠢᠲᠡᠨ ᠤ ᠡᠮᠨᠡᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠪᠡ᠃ | 《ᠠᠮᠤᠷ ᠠᠮᠤᠭᠤᠯᠠᠩ ᠪᠠᠶ᠋ᠬᠠᠣᠪᠤᠭ᠎ᠠ》ᠢᠯᠡᠳᠲᠡ ᠦᠷ᠎ᠡ ᠪᠦᠲᠦᠮᠵᠢ ᠣᠯᠪᠠ᠃《ᠠᠮᠤᠷ ᠠᠮᠤᠭᠤᠯᠠᠩ ᠪᠠᠶ᠋ᠬᠠᠣᠪᠤᠭ᠎ᠠ ᠶᠡᠭᠡ ᠠᠵᠢᠯᠯᠠᠭ᠎ᠠ》᠂《ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ》᠂《ᠬᠤᠣᠷ ᠴᠠᠭᠠᠵᠠᠯᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ》ᠵᠡᠷᠭᠡ ᠲᠤᠰᠬᠠᠶ | ᠲᠡᠮᠡᠴᠡᠯ ᠤᠨ ᠦᠷ᠎ᠡ ᠪᠦᠲᠦᠭᠡᠯ ᠣᠯᠪᠠ᠃ ᠲᠦᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ《ᠪᠠᠶᠠᠨ ᠪᠦᠷᠢᠳᠦ ᠶᠢᠨ ᠭᠡᠷ ᠣᠷᠣᠨ》 ᠤ | ᠠᠵᠢᠯ ᠤᠨ ᠥᠷᠲᠡᠭᠡ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠢᠯ ᠶᠢᠨ ᠥᠷᠲᠡᠭᠡ ᠪᠠᠷ ᠦᠨᠡᠯᠡᠭᠳᠡᠪᠡ᠃ ᠠᠶᠤᠯ ᠦᠭᠡᠢ | ᠦᠢᠯᠡᠳᠪᠦᠷᠢᠯᠡᠯ ᠤᠨ《ᠬᠤᠣᠰ ᠡᠷᠬᠢᠯᠡᠭᠴᠢ》 ᠶᠢᠨ ᠳᠦᠷᠢᠮ ᠢ ᠪᠦᠬᠦ ᠬᠤᠲᠠ ᠶᠢᠨ ᠬᠡᠪᠴᠢᠶᠡᠨ ᠳᠤ ᠤᠷᠢᠳᠠᠪᠠᠷ ᠬᠡᠷᠡᠭᠵᠢᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠦᠬᠦ ᠵᠢᠯ ᠳᠤ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠭᠠᠷᠤᠭᠰᠠᠨ ᠦᠭᠡᠢ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ《ᠵᠠᠭᠤᠨ | ᠡᠳᠦᠷ ᠤᠨ ᠪᠣᠭᠤᠮᠲᠠ ᠰᠢᠪᠲᠤᠯᠬᠤ》ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠭᠠᠨ ᠢ ᠵᠣᠬᠢᠰᠲᠠᠢ ᠰᠢᠢᠳᠪᠦᠷᠢᠯᠡᠨ᠂ ᠪᠡᠭᠡᠵᠢᠩ᠂ | ᠬᠥᠬᠡᠬᠤᠲᠠ ᠳᠤ ᠣᠴᠢᠵᠤ《ᠬᠡᠪ ᠤᠨ ᠪᠤᠰᠤ ᠰᠤᠷᠪᠤᠯᠵᠢᠯᠠᠬᠤ ᠠᠵᠢᠯᠯᠠᠭ᠎ᠠ ᠦᠭᠡᠢ》 ᠶᠢ ᠪᠡᠶᠡᠯᠡᠭᠦᠯᠪᠡ᠃ ᠴᠠᠯᠢᠩ ᠬᠥᠯᠥᠰᠥ ᠥᠷᠢᠲᠦᠬᠦ ᠶᠢ ᠵᠠᠰᠠᠵᠤ | ᠵᠠᠷᠤᠯᠭ᠎ᠠ ᠶᠢ ᠪᠠᠲᠤᠯᠠᠬᠤ ᠠᠵᠢᠯ ᠢ ᠪᠦᠬᠦ ᠬᠦᠴᠦ ᠪᠠᠷ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠢ ᠪᠠᠲᠤᠯᠠᠪᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠨᠵᠡᠭᠡᠶ ᠥᠷᠨᠢᠭᠦᠯᠵᠦ᠂ ᠬᠢᠵᠢᠭ ᠤᠨ ᠪᠠᠶᠢᠳᠠᠯ | ᠮᠠᠨ ᠤ ᠲᠣᠭᠤᠷᠢᠭ ᠲᠤ ᠣᠷᠣᠵᠤ ᠢᠷᠡᠬᠦ ᠶᠢ ᠪᠦᠲᠦᠮᠵᠢᠲᠡᠶ ᠰᠡᠷᠭᠡᠶᠢᠯᠡᠪᠡ᠃《ᠰᠢᠨ᠎ᠡ ᠪᠠᠶᠢᠳᠠᠯ ᠳᠣᠤᠷᠠᠬᠢ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ》 ᠢ ᠨᠡᠶᠢᠲᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠱᠠᠰᠢᠨ ᠰᠤᠷᠲᠠᠬᠤᠨ ᠤ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠦᠨᠳᠦᠰᠦᠲᠡᠨ ᠤ | ᠪᠦᠯᠬᠦᠮᠳᠡᠯ ᠳᠠᠪᠰᠢᠯᠲᠠ᠂ ᠴᠡᠴᠡᠭᠯᠡᠨ ᠬᠥᠭᠵᠢᠬᠦ ᠪᠠᠶᠢᠳᠠᠯ ᠲᠠᠰᠤᠷᠠᠯᠲᠠ ᠦᠭᠡᠢ ᠪᠠᠬᠢᠵᠢᠪᠡ᠃ | — ᠣᠪᠣᠷ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠰᠢᠨ᠎ᠡ ᠠᠮᠵᠢᠯᠲᠠ ᠣᠯᠪᠠ᠃ | ᠨᠢᠭᠡ ᠵᠢᠯ ᠤᠨ ᠲᠤᠷᠰᠢ᠂ ᠪᠢᠳᠡ《ᠳᠥᠷᠪᠡᠨ ᠤᠬᠠᠮᠰᠠᠷ》 ᠢ ᠪᠠᠲᠤ ᠪᠣᠶ ᠪᠣᠯᠭᠠᠵᠤ᠂《ᠬᠤᠶᠠᠷ ᠢ ᠰᠤᠷᠤᠯᠴᠠᠵᠤ ᠨᠢᠭᠡ ᠬᠢᠬᠦ》ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠣᠨ᠂ ᠵᠥᠪ ᠣᠨᠣᠪᠴᠢᠲᠠᠶ | ᠬᠥᠭᠵᠢᠯᠲᠡ ᠶᠢᠨ ᠦᠵᠡᠯᠲᠡ ᠠᠵᠢᠯ ᠤᠨ ᠠᠮᠵᠢᠯᠲᠠ ᠶᠢᠨ ᠦᠵᠡᠯᠲᠡ ᠶᠢᠨ ᠲᠤᠰᠬᠠᠶ ᠰᠡᠳᠦᠪᠲᠦ ᠬᠥᠮᠦᠵᠢᠯ ᠵᠢᠴᠢ《ᠭᠤᠷᠪᠠ ᠶᠢ ᠭᠡᠷᠡᠯᠲᠦᠭᠦᠯᠬᠦ ᠭᠤᠷᠪᠠ ᠶᠢ | ᠠᠳᠠᠯᠢᠳᠬᠠᠬᠤ》ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ | ᠭᠤᠶᠢᠪᠢᠰᠢ ᠥᠬᠡᠶ ᠠᠬᠢᠭᠤᠯᠵᠤ᠂ ᠺᠠᠳ᠋ᠷ ᠤᠨ ᠰᠤᠷᠲᠠᠯ ᠢ ᠦᠷᠭᠦᠯᠵᠢᠯᠡᠨ ᠰᠠᠶᠢᠵᠢᠷᠠᠪᠠ᠃《ᠭᠤᠷᠪᠠᠨ ᠴᠢᠬᠤᠯᠠ ᠨᠢᠭᠡ ᠶᠡᠭᠡ》 ᠶᠢᠨ ᠬᠡᠷᠡᠭ ᠵᠥᠪᠯᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠬᠦ ᠪᠠ ᠨᠡᠪᠲᠡᠷᠡᠭᠦᠯᠬᠦ ᠳᠦᠷᠢᠮ ᠢ ᠪᠠᠷᠢᠮᠲᠠᠯᠠᠪᠠ᠃ ᠵᠠᠰᠠᠭ ᠤᠨ ᠣᠷᠳᠣᠨ ᠤ | ᠰᠦᠯᠵᠢᠶᠡᠨ ᠤ ᠥᠷᠲᠡᠭᠡ ᠶᠢ ᠥᠭᠡᠷᠡᠴᠢᠯᠡᠨ ᠳᠡᠰ ᠳᠡᠪᠰᠢᠭᠦᠯᠵᠦ᠂ ᠮᠣᠩᠭᠤᠯ ᠬᠡᠯᠡᠨ ᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠦᠲᠦᠭᠡᠨ | ᠪᠠᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠢᠯᠡ ᠴᠢᠨᠠᠷᠲᠠᠢ ᠪᠢᠴᠢᠭ ᠮᠠᠲ᠋ᠧᠷᠢᠶᠠᠯ᠂ ᠭᠤᠣᠯᠳᠠᠯᠭ᠎ᠠ ᠲᠠᠢ ᠠᠵᠢᠯ ᠤᠨ | ᠪᠠᠶᠢᠳᠠᠯ ᠵᠡᠷᠭᠡ ᠦᠢᠯᠡᠳᠦᠭᠳᠡᠯ ᠵᠤᠷᠪᠤᠰ ᠢ ᠴᠠᠭ ᠲᠤᠬᠠᠢ ᠳᠤᠨᠢ ᠨᠡᠶᠢᠲᠡᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂《ᠳᠣᠯᠣᠳᠤᠭᠠᠷ ᠲᠠᠪᠤᠨ ᠵᠢᠯ》 ᠤᠨ ᠬᠠᠤᠯᠢ ᠲᠦᠭᠡᠮᠡᠯᠵᠢᠭᠦᠯᠬᠦ ᠬᠠᠮᠢᠶ᠎ᠠ ᠪᠦᠬᠦᠢ ᠠᠵᠢᠯ ᠢ ᠭᠦᠨᠵᠡᠭᠡᠢ ᠥᠷᠨᠢᠭᠦᠯᠦᠨ᠂ | ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠲᠣᠭᠤᠷᠢᠭ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠬᠢᠷᠠᠭᠤᠯᠬᠤ ᠪᠠ ᠢᠯᠡ ᠪᠣᠯᠭᠠᠬᠤ ᠠᠵᠢᠯ ᠢ ᠥᠷᠨᠢᠭᠦᠯᠵᠦ᠂ ᠨᠡᠶᠢᠭᠡᠮ | ᠨᠡᠶᠢᠲᠡ ᠳᠤ 10 ᠲᠥᠷᠥᠯ ᠢᠯᠭᠠᠯ ᠤᠨ ᠵᠦᠢᠯᠡᠰ 6530 ᠵᠦᠢᠯ ᠢ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ | ᠲᠠᠯᠪᠢᠬᠤ ᠶᠢ ᠦᠨᠡᠨᠬᠦ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ 117 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ 28 ᠬᠤᠪᠢ | ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠵᠦ ᠬᠠᠷᠢᠭᠤ ᠥᠭᠭᠦᠭᠰᠡᠨ ᠨᠣᠷᠮ᠎ᠠ 100 % ᠳᠤ ᠬᠦᠷᠪᠡ᠃ ᠬᠢᠨᠠᠨ | ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠬᠦᠴᠦ ᠪᠠᠷ ᠳᠠᠮᠵᠢᠵᠤ᠂ ᠪᠥᠬᠦ ᠲᠠᠯ᠎ᠠ ᠪᠠᠷ ᠬᠢᠵᠠᠭᠠᠷᠯᠠᠬᠤ ᠪᠠ ᠨᠢᠭᠡᠳᠦᠯᠲᠡᠶ ᠬᠢᠨᠠᠯᠲᠠ ᠲᠠᠯᠪᠢᠬᠤ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠵᠢᠴᠢ ᠮᠠᠨ ᠤ ᠲᠣᠭᠤᠷᠢᠭ ᠤᠨ ᠬᠡᠷᠡᠭᠵᠢᠭᠦᠯᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠠᠯᠪᠠᠯᠠᠬᠤ ᠭᠡᠷ ᠢ ᠴᠡᠭᠴᠡᠯᠡᠨ | ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂《ᠠᠯᠪᠠᠨ ᠵᠠᠷᠤᠳᠠᠯ》 ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠪᠠ᠃ 4 ᠬᠢᠨᠠᠨ ᠪᠣᠳᠣᠯᠲᠠ ᠶᠢᠨ | ᠵᠠᠭᠤᠴᠢ ᠪᠠᠶᠢᠭᠤᠯᠤᠮᠵᠢ ᠶᠢ ᠢᠯᠡ ᠪᠠᠷ ᠤᠷᠢᠨ ᠬᠡᠷᠡᠭᠯᠡᠵᠦ᠂ ᠲᠥᠷᠥᠯ ᠵᠦᠢᠯ ᠤᠨ ᠬᠢᠨᠠᠨ ᠪᠣᠳᠣᠯᠲᠠ ᠶᠢᠨ ᠡᠷᠴᠢᠮ ᠢᠶᠠᠨ ᠴᠢᠩᠭᠠᠷᠠᠭᠤᠯᠤᠨ᠂ 5623 ᠲᠦᠮᠡᠨ | ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠢᠨᠠᠨ ᠬᠠᠰᠤᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ | ᠪᠣᠳᠣᠯᠲᠠ ᠶᠢᠨ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠲᠤᠭ᠎ᠠ ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠡᠮᠡᠭᠲᠡᠶᠢᠴᠦᠳ ᠪᠠᠭᠠᠴᠤᠳ᠂ ᠥᠲᠡᠭᠦᠰ ᠤᠨ | ᠠᠵᠢᠯ᠂ ᠣᠶᠢᠯᠠᠯᠭ᠎ᠠ ᠲᠡᠤᠬᠡ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠮᠵᠢᠯᠲᠠ ᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠭᠠᠳᠠᠨᠠᠬᠢ ᠠᠵᠤ ᠠᠬᠤᠢ ᠶᠢᠨ ᠣᠷᠴᠢᠨ ᠨᠥᠬᠦᠴᠡᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠪᠦᠬᠦᠯᠢ ᠴᠣᠭᠴᠠ ᠶᠢᠨ ᠪᠠᠶᠢᠳᠠᠯ ᠳᠣᠤᠷ᠎ᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠯ᠎ᠡ ᠵᠦᠢᠯ ᠤᠨ ᠠᠵᠢᠯ ᠢ ᠭᠦᠨᠵᠡᠭᠡᠶ ᠬᠡᠷᠡᠭᠵᠢᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠯᠡᠳᠡᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠬᠤᠷᠳᠤᠴᠠ ᠪᠥᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠪᠠ᠃ | ᠪᠢᠳᠡ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠢᠷᠲᠡᠶ᠂ ᠥᠷᠢ ᠥᠭᠴᠡᠭᠡ ᠶᠢ ᠠᠷᠢᠯᠭᠠᠬᠤ ᠡᠭᠦᠷᠭᠡ ᠬᠠᠲᠠᠭᠤ ᠪᠡᠷᠬᠡ ᠪᠠᠶᠢᠳᠠᠯ ᠳᠣᠤᠷ᠎ᠠ᠂ | ᠠᠷᠠᠳ ᠤᠨ ᠠᠮᠢᠳᠤᠷᠠᠯ ᠢ ᠪᠠᠲᠤᠯᠠᠵᠤ᠂ ᠭᠤᠤᠯᠳᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ | ᠂ ᠠᠷᠠᠳ ᠲᠤ ᠠᠰᠢᠭ ᠬᠦᠷᠲᠡᠭᠡᠬᠦ 13 ᠰᠠᠶᠢᠨ ᠶᠠᠪᠤᠳᠠᠯ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ | ᠬᠤᠰᠢᠭᠤ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ《ᠬᠤᠲᠠ ᠶᠢᠨ ᠬᠤᠣᠰ ᠵᠠᠰᠠᠯᠲᠠ》 ᠶᠢᠨ ᠲᠤᠷᠰᠢᠯᠲᠠ ᠶᠢᠨ ᠴᠡᠭ ᠤᠨ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠪᠠ᠃《ᠲᠣᠮᠣ ᠫᠧᠩᠲᠦ ᠭᠡᠷ》 ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠪᠦᠬᠦ | ᠲᠣᠭᠤᠷᠢᠭ ᠤᠨ 36 ᠲᠣᠮᠣ ᠫᠧᠩ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠵᠦ᠂ | ᠬᠢᠵᠢᠭ ᠡᠪᠡᠳᠴᠢᠨ ᠡᠭᠦᠰᠬᠦ ᠳᠠᠯᠳᠠ ᠭᠡᠮ ᠢ ᠲᠦᠢᠯᠪᠤᠷᠢᠲᠠᠶ ᠠᠷᠢᠯᠭᠠᠪᠠ᠃ ᠬᠤᠲᠠ ᠶᠢᠨ ᠪᠠᠭ᠎ᠠ ᠨᠡᠶᠢᠲᠡ ᠶᠢᠨ ᠮᠠᠰᠢᠨ ᠲᠡᠷᠭᠡ ᠶᠢᠨ ᠳᠠᠭᠠᠭᠠᠴᠢᠯᠠᠯᠲᠠ ᠵᠠᠷᠯᠠᠬᠤ | ᠠᠵᠢᠯ ᠢ ᠪᠡᠶᠡᠯᠡᠭᠦᠯᠵᠦ᠂ ᠮᠠᠰᠢᠨ ᠲᠡᠷᠭᠡ ᠪᠠᠨ ᠰᠢᠨᠡᠳᠬᠡᠨ᠂ ᠥᠷᠲᠡᠭᠡ ᠴᠡᠭ᠂ ᠵᠠᠮ ᠱᠤᠭᠤᠮ ᠢ ᠵᠢᠷᠤᠮᠵᠢᠭᠤᠯᠵᠤ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠲᠦᠷᠢᠶᠡᠰᠦᠨ ᠮᠠᠰᠢᠨ ᠤ ᠳᠠᠭᠠᠭᠠᠴᠢᠯᠠᠯᠲᠠ ᠵᠠᠷᠯᠠᠬᠤ ᠠᠵᠢᠯ ᠢ ᠡᠬᠢᠯᠡᠭᠦᠯᠵᠦ᠂ ᠥᠨᠳᠥᠷ ᠪᠠᠷᠢᠮᠵᠢᠶᠠᠲᠤ ᠰᠢᠨ᠎ᠡ | ᠡᠨᠧᠷᠭᠢ ᠶᠢᠨ ᠲᠦᠷᠢᠶᠡᠰᠦᠨ ᠮᠠᠰᠢᠨ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠪᠠ᠃ ᠪᠢᠳᠡ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠡᠪᠡᠷᠰᠢᠶᠡᠯ᠂ ᠭᠦᠨ ᠳᠠᠪᠬᠤᠷᠭ᠎ᠠ ᠶᠢᠨ ᠵᠥᠷᠢᠴᠡᠯ ᠲᠥᠪᠯᠡᠷᠡᠭᠰᠡᠨ ᠣᠷᠴᠢᠨ ᠲᠣᠭᠤᠷᠢᠨ ᠳᠤ ᠰᠠᠭᠤᠷᠢ ᠲᠠᠯᠪᠢᠬᠤ ᠶᠢ ᠨᠠᠩ ᠴᠢᠬᠤᠯᠠᠴᠢᠯᠠᠵᠤ᠂ ᠠᠯᠤᠰ | ᠬᠡᠲᠦ ᠳᠤ ᠠᠰᠢᠭᠲᠠᠢ ᠪᠠᠶᠢᠵᠤ᠂ 13 ᠵᠦᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠷᠢᠰ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠲᠡᠰᠢ ᠤᠷᠤᠭᠰᠢᠯᠠᠬᠤ ᠶᠢ ᠪᠦᠬᠦ | ᠬᠦᠴᠦ ᠪᠠᠷ ᠠᠬᠢᠭᠤᠯᠪᠠ᠃ ᠪᠢᠳᠡ ᠲᠤᠰ ᠪᠡᠶ᠎ᠡ ᠶᠢᠨ ᠡᠳ᠋ ᠤᠨ ᠬᠦᠴᠦᠨ ᠬᠢᠵᠠᠭᠠᠷᠲᠠᠶ ᠪᠠᠶᠢᠳᠠᠯ ᠳᠣᠤᠷ᠎ᠠ᠂ ᠶᠡᠭᠡ ᠲᠠᠯ᠎ᠠ ᠶᠢ ᠡᠷᠬᠢᠮᠯᠡᠨ ᠵᠣᠷᠢᠭᠲᠠᠶ ᠪᠠᠷ | ᠡᠭᠦᠷᠭᠡᠯᠡᠵᠦ᠂《ᠭᠤᠷᠪᠠᠨ ᠬᠠᠩᠭᠠᠯᠭ᠎ᠠ ᠨᠢᠭᠡ ᠦᠢᠯᠡᠰ》ᠵᠢᠴᠢ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠬᠡᠯᠡᠯᠴᠡᠭᠡᠷ ᠢ | ᠵᠥᠪᠳᠡᠯᠴᠡᠨ ᠲᠣᠭᠲᠠᠭᠠᠵᠤ᠂ 11 ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂《ᠭᠤᠷᠪᠠᠨ ᠬᠠᠩᠭᠠᠯᠭ᠎ᠠ ᠨᠢᠭᠡ ᠦᠢᠯᠡᠰ》 ᠢ ᠬᠦᠯᠢᠶᠡᠨ ᠠᠪᠬᠤ | ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠪᠢᠳᠡ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠶ᠋ᠯ ᠢ ᠪᠠᠭᠠᠰᠬᠠᠭᠰᠠᠨ ᠰᠠᠭᠤᠷᠢᠨ ᠳᠡᠭᠡᠷ᠎ᠡ᠂ ᠳᠠᠪᠠᠭᠤᠯᠢᠭ ᠢᠶᠠᠨ ᠴᠢᠩᠭᠠᠳᠬᠠᠬᠤ᠂ | ᠳᠤᠲᠠᠭᠳᠠᠯ ᠢᠶᠠᠨ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠪᠣᠯᠤᠨ ᠭᠠᠵᠠᠷ ᠣᠷᠣᠨ ᠤ ᠠᠭᠤᠰᠤᠯᠴᠠᠯ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠰᠢᠨ᠎ᠡ ᠴᠠᠭ ᠦᠶ᠎ᠡ ᠶᠢᠨ ᠰᠢᠨ᠎ᠡ ᠪᠠᠶ᠋ᠬᠠᠣᠪᠤᠭ᠎ᠠ ᠶᠢᠨ ᠰᠢᠨ᠎ᠡ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ | ᠬᠠᠮᠲᠤ ᠶᠢᠨ ᠲᠠᠨᠢᠯᠲᠠ ᠶᠢ ᠪᠦᠷᠢᠯᠳᠦᠭᠦᠯᠪᠡ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠳᠤᠮᠳᠠᠬᠢ ᠡᠷᠭᠢᠯᠲᠡ᠂ ᠳᠠᠷᠤᠯᠲᠠ ᠶᠢᠨ ᠳᠣᠣᠷᠠᠬᠢ ᠣᠯᠤᠯᠲᠠ ᠪᠣᠯ ᠲᠤᠶᠢᠯ ᠤᠨ ᠡᠷᠬᠢᠮ ᠨᠠᠨᠳᠢᠨ | ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ | ᠮᠥᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠲᠣᠭᠤᠷᠢᠭ ᠤᠨ ᠨᠠᠮ ᠤᠨ ᠬᠤᠷᠢᠶ᠎ᠠ ᠪᠦᠬᠦ | ᠲᠠᠯ᠎ᠠ ᠶᠢ ᠶᠡᠷᠦᠩᠬᠡᠶᠢᠯᠡᠨ ᠵᠠᠬᠢᠷᠤᠭᠰᠠᠨ ᠤ ᠦᠷ᠎ᠡ ᠳ᠋ᠦᠩ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ | ᠲᠥᠷᠦ ᠶᠢᠨ ᠵᠥᠪᠯᠡᠯᠭᠡᠨ ᠤ ᠬᠦᠴᠦᠲᠡᠶ ᠳᠡᠮᠵᠢᠯᠭᠡ᠂ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ ᠡᠯ᠎ᠡ ᠰᠠᠯᠠᠭ᠎ᠠ ᠮᠥᠴᠢᠷ ᠪᠣᠯᠤᠨ ᠥᠷᠭᠡᠨ | ᠣᠯᠠᠨ ᠺᠠᠳ᠋ᠷ ᠨᠢᠭᠡ ᠰᠡᠳᠬᠢᠯ ᠨᠢᠭᠡ ᠵᠣᠷᠢᠭ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ ᠦᠷ᠎ᠡ ᠳ᠋ᠦᠩ ᠮᠥᠨ᠂ ᠪᠦᠬᠦ ᠲᠣᠭᠤᠷᠢᠭ ᠤᠨ ᠠᠷᠠᠳ | ᠲᠦᠮᠡᠨ ᠬᠦᠨᠳᠦ ᠡᠭᠦᠷᠭᠡ ᠶᠢ ᠡᠭᠦᠷᠭᠡᠯᠡᠵᠦ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠭᠯᠠᠭᠰᠠᠨ ᠤ ᠦᠷ᠎ᠡ ᠳ᠋ᠦᠩ ᠮᠥᠨ᠃ ᠡ᠊ᠨᠳᠡ ᠪᠢ ᠲᠣᠭᠤᠷᠢᠭ ᠤᠨ | ᠵᠠᠰᠠᠭ ᠤᠨ ᠣᠷᠳᠣᠨ ᠢ ᠲᠥᠯᠥᠭᠡᠯᠡᠨ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ᠂ | ᠪᠠᠶ᠋ᠬᠠᠣᠪᠤᠭ᠎ᠠ ᠲᠡᠮᠦᠷ ᠤᠨ ᠠᠭᠤᠷᠬᠠᠶ᠂ ᠪᠦᠦ ᠱᠠᠨ ᠠᠭᠤᠷᠬᠠᠢ ᠶᠢᠨ ᠦᠢᠯᠡᠰ᠂ ᠸᠧ ᠡᠯ ᠲᠧ ᠵᠡᠷᠭᠡ ᠠᠵᠤ ᠠᠬᠤᠶᠢᠯᠠᠯ᠂ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠲᠣᠭᠤᠷᠢᠭ ᠤᠨ ᠬᠥᠭᠵᠢᠯᠲᠡ ᠮᠥᠨ ᠬᠦ ᠣᠯᠠᠨ ᠳᠠᠪᠠᠭ᠎ᠠ ᠶᠢ ᠳᠠᠪᠠᠭ᠋ᠤ ᠬᠦᠴᠢᠷ | ᠪᠡᠷᠬᠡᠰᠢᠶᠡᠯ ᠲᠠᠢ ᠴᠠᠭ ᠣᠶᠢᠶ᠎ᠠ ᠳᠤ ᠣᠷᠣᠰᠢᠵᠤ᠂ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ | ᠲᠠᠨᠢᠵᠤ ᠣᠯᠤᠭᠰᠠᠨ ᠪᠠᠶᠢᠨ᠎ᠠ᠃ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠡᠭᠡ ᠪᠢᠰᠢ ᠪᠠ ᠶᠠᠰᠤ ᠴᠢᠨᠠᠷ ᠥᠨᠳᠥᠷ ᠪᠢᠰᠢ᠂ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠴᠢᠳᠠᠭᠰᠠᠨ ᠦᠭᠡᠢ ᠠᠰᠠᠭᠤᠳᠠᠯ ᠵᠡᠷᠭᠡ ᠪᠠᠷ ᠣᠷᠣᠰᠢᠵᠤ ᠪᠠᠶᠢᠨ᠎ᠠ᠃ ᠬᠥᠭᠵᠢᠯᠲᠡ ᠲᠡᠩᠴᠡᠭᠦᠷᠢ | ᠦᠭᠡᠢ᠂ ᠭᠦᠢᠴᠡᠳ ᠪᠤᠰᠤ ᠵᠠᠷᠢᠮ ᠠᠰᠠᠭᠤᠳᠠᠯ ᠢ ᠮᠥᠨ ᠰᠢᠢᠳᠪᠦᠷᠢᠯᠡᠭᠡᠳᠦᠢ᠂ ᠭᠤᠷᠪᠠᠨ ᠠᠵᠤ ᠦᠢᠯᠡᠰ ᠤᠨ ᠬᠤᠪᠢ ᠶᠢᠨ ᠵᠢᠩ ᠲᠡᠩᠴᠡᠭᠦᠷᠢ ᠪᠠᠨ ᠠᠯᠳᠠᠭᠰᠠᠨ | ᠂ ᠭᠤᠣᠯᠯᠠᠬᠤ ᠠᠵᠤ ᠦᠢᠯᠡᠰ ᠳᠠᠩ ᠴᠤᠯᠭᠤᠢ᠂ ᠵᠠᠯᠭᠠᠮᠵᠢ ᠣᠷᠣᠯᠠᠯ ᠠᠵᠤ ᠦᠢᠯᠡᠰ ᠪᠠᠭᠤᠷᠠᠢ᠂ ᠭᠤᠷᠪᠠᠨ ᠠᠵᠤ ᠦᠢᠯᠡᠰ ᠤᠨ ᠳᠣᠲᠣᠭᠠᠳᠤ ᠬᠥᠳᠡᠯᠭᠡᠬᠦ | ᠬᠦᠴᠦᠨ ᠬᠦᠷᠦᠯᠴᠡᠬᠦ ᠦᠭᠡᠢ ᠪᠠᠶᠢᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ《ᠭᠤᠷᠪᠠᠨ ᠬᠠᠩᠭᠠᠯᠭ᠎ᠠ ᠨᠢᠭᠡ ᠦᠢᠯᠡᠰ》 ᠢ ᠬᠦᠯᠢᠶᠡᠨ ᠠᠪᠬᠤ ᠵᠢᠴᠢ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠭᠰᠠᠨ ᠤ | ᠳᠠᠷᠠᠭᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢᠨ ᠳᠤᠲᠠᠭᠳᠠᠯ ᠢ ᠨᠥᠬᠦᠪᠥᠷᠢᠯᠡᠬᠦ ᠴᠢᠬᠤᠯᠠᠲᠠᠶ ᠪᠠᠶᠢᠵᠤ᠂ ᠰᠠᠭᠤᠷᠢ ᠲᠥᠬᠦᠭᠡᠷᠦᠮᠵᠢ | ᠪᠠ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠡᠳ᠋ ᠤᠨ ᠵᠠᠰᠠᠭ ᠤᠨ ᠭᠠᠶᠢᠯᠢ ᠶᠢᠨ ᠨᠡᠮᠡᠭᠳᠡᠯ᠂ ᠵᠠᠰᠠᠭ ᠤᠨ ᠣᠷᠳᠣᠨ ᠤ ᠴᠢᠨᠠᠷᠲᠠᠶ | ᠥᠷᠢ ᠥᠭᠴᠡᠭᠡ ᠪᠠ ᠵᠠᠷᠤᠯᠭ᠎ᠠ ᠶᠢᠨ ᠨᠡᠮᠡᠭᠳᠡᠯ ᠤᠨ ᠵᠥᠷᠢᠴᠡᠯ ᠡᠳᠦᠷ ᠢᠷᠡᠬᠦᠶ᠎ᠡ ᠳᠣᠪᠤᠶᠢᠮ᠎ᠠ ᠪᠣᠯᠵᠤ ᠪᠠᠶᠢᠨ᠎ᠠ᠃ ᠡᠭᠦᠨ ᠢ ᠪᠢᠳᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠶ ᠰᠢᠢᠳᠪᠦᠷᠢᠯᠡᠵᠦ᠂ ᠪᠦᠬᠦ ᠲᠣᠭᠤᠷᠢᠭ ᠤᠨ ᠠᠷᠠᠳ ᠲᠦᠮᠡᠨ ᠤ | ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ | ᠬᠤᠶᠠᠷ᠂ 2019 ᠣᠨ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠠᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ | ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | 《ᠲᠠᠪᠤ ᠶᠢ ᠨᠢᠭᠡ ᠳᠤ ᠴᠣᠭᠴᠠᠵᠢᠭᠤᠯᠬᠤ》ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂《ᠳᠥᠷᠪᠡᠨ ᠪᠦᠬᠦ | ᠲᠠᠯ᠎ᠠ》 ᠶᠢᠨ ᠪᠠᠶ᠋ᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠵᠤ᠂《ᠠᠭᠤᠷᠬᠠᠢ ᠶᠢᠨ ᠦᠢᠯᠡᠰ ᠤᠨ ᠲᠣᠭᠤᠷᠢᠭ ᠢᠶᠠᠨ ᠪᠠᠶᠢᠭᠤᠯᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠣᠯᠠᠨ | ᠡᠰᠢᠵᠢᠭᠰᠡᠨ ᠠᠭᠤᠰᠤᠯᠴᠠᠬᠤ᠂ ᠣᠷᠣᠨ ᠪᠦᠰᠡ ᠬᠠᠮᠵᠢᠯᠴᠠᠬᠤ》ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠪᠦᠬᠦ ᠬᠦᠴᠦ ᠪᠠᠷ ᠲᠦᠷᠭᠡᠳᠬᠡᠨ᠎ᠡ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢᠨ | ᠵᠣᠬᠢᠰᠲᠠᠶ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠢᠲᠡᠭᠡᠯ ᠢ ᠤᠯᠠᠮ ᠴᠢᠨᠠᠭᠰᠢᠳᠠ ᠬᠥᠭᠵᠢᠭᠡᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠠᠵᠢᠯ ᠳᠤ | ᠰᠢᠢᠳᠪᠦᠷᠢᠲᠦ ᠴᠢᠨᠠᠷᠲᠠᠶ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠶᠢ ᠪᠡᠯᠭᠡᠯᠡᠨ᠎ᠡ᠃ | ᠡᠨᠡ ᠵᠢᠯ ᠤᠨ ᠭᠤᠣᠯ ᠪᠣᠯᠬᠤ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 9 % ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯᠡᠰ ᠢ 6.5 % ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.61 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠤ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6.5 % | ᠣᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9 % ᠶᠢᠨ ᠳᠣᠲᠣᠷ᠎ᠠ ᠬᠢᠵᠠᠭᠠᠷᠯᠠᠨ᠎ᠠ᠃ | ᠪᠤᠭᠤᠲᠤ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠢᠵᠠᠭᠠᠷᠯᠠᠬᠤ ᠴᠢᠨᠠᠷᠲᠠᠶ | ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ᠨᠢᠭᠡ ᠳᠤ᠂《ᠡᠬᠢ ᠪᠠᠶᠠᠯᠢᠭ》 ᠤᠨ ᠠᠵᠢᠯ ᠢ ᠰᠠᠶᠢᠲᠤᠷ ᠬᠢᠨ᠎ᠡ᠃《ᠡᠬᠢ ᠪᠠᠶᠠᠯᠢᠭ》ᠪᠣᠯ ᠮᠠᠨ ᠤ ᠲᠣᠭᠤᠷᠢᠭ ᠤᠨ ᠲᠣᠭᠤᠷᠢᠭ ᠪᠠᠶᠢᠭᠤᠯᠬᠤ ᠶᠢᠨ | ᠦᠨᠳᠦᠰᠦ ᠪᠣᠯᠤᠨ᠎ᠠ᠃ ᠪᠠᠶ᠋ᠬᠠᠣᠪᠤᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠪᠠ | ᠠᠷᠠᠯᠵᠢᠶᠠᠴᠢᠨ ᠤᠷᠢᠬᠤ ᠦᠷ᠎ᠡ ᠪᠦᠲᠦᠮᠵᠢ ᠪᠠᠨ ᠴᠢᠩᠭᠠᠯᠠᠵᠤ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠵᠤ᠂ ᠠᠵᠤ ᠦᠢᠯᠡᠰ ᠤᠨ ᠪᠦᠯᠦᠭᠵᠢᠯ ᠢ | ᠴᠣᠭᠴᠠᠯᠠᠬᠤ ᠬᠡᠷᠡᠭᠲᠡᠢ᠃ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠶᠢ ᠨᠡᠮᠡᠭᠳᠡᠭᠦᠯᠵᠦ᠂ ᠬᠤᠪᠣᠷ ᠨᠠᠨᠳᠢᠨ ᠡᠬᠢ ᠪᠠᠶᠠᠯᠢᠭ ᠢ ᠪᠦᠷᠢᠮᠦᠰᠦᠨ | ᠠᠰᠢᠭᠯᠠᠬᠤ ᠶᠢ ᠪᠡᠶᠡᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠡᠯᠡᠬᠡᠶ ᠶᠢᠨ《ᠬᠤᠪᠣᠷ | ᠰᠢᠷᠣᠶ ᠶᠢᠨ ᠨᠤᠲᠤᠭ》 ᠢ ᠨᠡᠷ᠎ᠡ ᠨᠢᠳᠡᠷ ᠲᠡᠭᠡᠨ ᠨᠡᠶᠢᠴᠡᠭᠰᠡᠨ ᠪᠣᠯᠭᠠᠵᠤ᠂《ᠵᠢᠵᠢᠭ ᠠᠭᠤᠷᠬᠠᠢ ᠶᠢᠨ ᠲᠣᠭᠤᠷᠢᠭ᠂ ᠲᠣᠮᠣ ᠠᠵᠤ ᠦᠢᠯᠡᠰ》 ᠢ ᠦᠨᠡᠨᠬᠦ | ᠪᠡᠶᠡᠯᠡᠭᠦᠯᠦᠨ᠎ᠡ᠃ | ᠬᠤᠶᠠᠷ ᠲᠤ᠂《ᠠᠭᠤᠰᠤᠯᠴᠠᠬᠤ》ᠠᠵᠢᠯ ᠢ ᠰᠠᠶᠢᠲᠤᠷ ᠬᠢᠨ᠎ᠡ᠃《ᠠᠭᠤᠰᠤᠯᠴᠠᠬᠤ》ᠪᠣᠯ ᠮᠠᠨ ᠤ ᠲᠣᠭᠤᠷᠢᠭ ᠤᠨ ᠬᠥᠭᠵᠢᠯᠲᠡ ᠶᠢᠨ ᠴᠢᠬᠤᠯᠠ | ᠵᠦᠢᠯ ᠪᠣᠯᠤᠨ᠎ᠠ᠃ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠯ᠂ ᠣᠷᠣᠨ ᠪᠦᠰᠡ ᠶᠢᠨ ᠠᠭᠤᠰᠤᠯᠴᠠᠯ ᠢ ᠪᠦᠬᠦ ᠲᠠᠯ᠎ᠠ ᠪᠠᠷ ᠴᠢᠩᠭᠠᠳᠬᠠᠵᠤ᠂ | ᠣᠨᠴᠠᠭᠠᠶᠢᠯᠠᠨ ᠲᠣᠭᠤᠷᠢᠭ ᠲᠤ ᠰᠠᠭᠤᠭ᠎ᠠ ᠪᠦᠯᠦᠭᠯᠡᠯ ᠲᠣᠮᠣ ᠠᠵᠤ ᠠᠬᠤᠶᠢᠯᠠᠯ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠠᠩ ᠰᠢᠶᠠᠨ ᠵᠡᠷᠭᠡ | ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠭᠦᠨᠵᠡᠭᠡᠶ ᠠᠭᠤᠰᠤᠯᠴᠠᠯ ᠬᠢᠵᠦ᠂《ᠠᠭᠤᠯᠠᠨ ᠬᠤᠶᠢᠲᠤ ᠬᠡᠰᠡᠭ ᠤᠨ ᠭᠠᠵᠠᠷ ᠣᠷᠣᠨ ᠤ ᠨᠢᠭᠡ | ᠴᠣᠭᠴᠠᠵᠢᠯᠲᠠ》ᠪᠠ《ᠨᠢᠭᠡ ᠭᠡᠷ》ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ | ᠳᠠᠪᠬᠤᠷᠭ᠎ᠠ ᠳᠤ ᠬᠠᠮᠲᠤᠷᠠᠯᠴᠠᠭ᠎ᠠ ᠬᠢᠵᠦ᠂ ᠬᠠᠮᠵᠢᠯᠴᠠᠨ ᠬᠥᠭᠵᠢᠬᠦ᠂ ᠬᠠᠮᠲᠤ ᠪᠠᠷ ᠡᠭᠦᠳᠴᠦ ᠬᠠᠮᠲᠤ ᠪᠠᠷ ᠪᠠᠶᠢᠭᠤᠯᠬᠤ᠂ ᠣᠷᠣᠯᠭ᠎ᠠ ᠶᠢ ᠬᠠᠮᠲᠤ ᠪᠠᠷ ᠡᠳ᠋ᠯᠡᠬᠦ | ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂《ᠪᠠᠭ᠎ᠠ ᠣᠷᠣᠨ ᠪᠦᠰᠡ᠂ ᠶᠡᠭᠡ ᠠᠭᠤᠰᠤᠯᠴᠠᠯ》 ᠢ ᠦᠨᠡᠨᠬᠦ ᠪᠡᠶᠡᠯᠡᠭᠦᠯᠦᠨ᠎ᠡ᠃ | ᠭᠤᠷᠪᠠ ᠳᠤ᠂《ᠰᠢᠨ᠎ᠡ ᠶᠢ ᠡᠭᠦᠳᠬᠦ》ᠠᠵᠢᠯ ᠢ ᠰᠠᠶᠢᠲᠤᠷ ᠬᠢᠬᠦ ᠬᠡᠷᠡᠭᠲᠡᠶ᠃《ᠰᠢᠨ᠎ᠡ ᠶᠢ ᠡᠭᠦᠳᠬᠦ》ᠪᠣᠯ ᠮᠠᠨ ᠤ ᠲᠣᠭᠤᠷᠢᠭ ᠤᠨ ᠲᠣᠭᠤᠷᠢᠭ ᠢᠶᠠᠨ | ᠮᠠᠨᠳᠤᠭᠤᠯᠬᠤ ᠵᠠᠮ ᠪᠣᠯᠤᠨ᠎ᠠ᠃《ᠤᠶᠤᠨᠲᠤ ᠪᠠᠶ᠋ᠬᠠᠣᠪᠣᠭ᠎ᠠ ᠠᠭᠤᠷᠬᠠᠢ》 ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂《ᠣᠷᠣᠨ | ᠠᠯᠤᠰᠯᠠᠭᠰᠠᠨ ᠠᠵᠤ ᠠᠬᠤᠶ》 ᠶᠢ ᠶᠡᠬᠡᠪᠡᠷ ᠬᠥᠭᠵᠢᠭᠦᠯᠵᠦ᠂《ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ》ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠲᠤᠷᠠᠯᠴᠠᠭ᠎ᠠ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠰᠤᠳᠤᠯᠤᠨ ᠨᠡᠭᠡᠭᠡᠵᠦ ᠨᠡᠪᠴᠢᠭᠦᠯᠬᠦ ᠶᠢ ᠲᠤᠬᠠᠶ ᠶᠢᠨ ᠭᠠᠵᠠᠷ ᠲᠤᠨᠢ | ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠢᠨ᠎ᠡ ᠶᠢ ᠡᠭᠦᠳᠬᠦ ᠰᠡᠳᠬᠢᠬᠦᠶ᠂ ᠵᠣᠷᠢᠭᠲᠠᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠮᠠᠨ ᠤ | ᠲᠣᠭᠤᠷᠢᠭ ᠢᠶᠠᠨ ᠴᠣᠷ ᠤᠨ ᠭᠠᠭᠴᠠ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂《ᠪᠠᠭ᠎ᠠ | ᠬᠤᠲᠠ᠂ ᠶᠡᠭᠡ ᠥᠭᠡᠷᠡᠴᠢᠯᠡᠯᠲᠡ》 ᠶᠢ ᠴᠢᠷᠮᠠᠶᠢᠨ ᠪᠡᠶᠡᠯᠡᠭᠦᠯᠦᠨ᠎ᠡ᠃ | 2019 ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠪᠢᠳᠡ ᠡᠷᠬᠡᠪᠰᠢ ᠲᠣᠭᠤᠷᠢᠭ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂《ᠲᠡᠷᠢᠭᠦᠨ | ᠴᠢᠬᠤᠯᠠ》 ᠶᠢ ᠳᠣᠪᠤᠶᠢᠯᠭᠠᠵᠤ᠂《ᠬᠤᠶᠠᠷ ᠢ ᠳᠡᠭᠡᠭᠰᠢᠯᠡᠭᠦᠯᠬᠦ》 ᠶᠢ ᠰᠠᠶᠢᠲᠤᠷ ᠠᠳᠬᠤᠵᠤ᠂《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》 ᠢ | ᠰᠠᠶᠢᠲᠤᠷ ᠬᠢᠵᠦ᠂《ᠳᠥᠷᠪᠡ ᠶᠢ ᠲᠦᠷᠭᠡᠳᠬᠡᠬᠦ》 ᠶᠢ ᠠᠬᠢᠭᠤᠯᠵᠤ᠂《ᠲᠠᠪᠤᠨ ᠶᠡᠭᠡ ᠡᠭᠦᠷᠭᠡ》 ᠳᠤ ᠠᠩᠬᠠᠷᠤᠯ ᠢᠶᠠᠨ ᠲᠥᠪᠯᠡᠷᠡᠭᠦᠯᠵᠦ᠂《ᠵᠢᠷᠭᠤᠭ᠎ᠠ ᠶᠢ | ᠴᠢᠩᠭᠠᠳᠬᠠᠬᠤ》 ᠶᠢ ᠬᠡᠷᠡᠭᠵᠢᠭᠦᠯᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ | | ︵ᠨᠢᠭᠡ︶ 《ᠲᠡᠷᠢᠭᠦᠨ ᠴᠢᠬᠤᠯᠠ》 ᠶᠢ ᠳᠣᠪᠤᠶᠢᠯᠭᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠳᠡᠭᠡᠷ᠎ᠡ ᠬᠦᠴᠦ ᠲᠠᠯᠪᠢᠨ᠎ᠠ | ᠨᠢᠭᠡ ᠳᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠨ᠎ᠡ᠃ ᠨᠡᠷᠡᠲᠦ ᠲᠥᠯᠥᠪᠵᠢᠭᠦᠯᠭᠡ ᠶᠢᠨ | ᠪᠠᠶᠢᠭᠤᠯᠤᠮᠵᠢ ᠯᠤᠭ᠎ᠠ ᠶᠢᠨ ᠵᠣᠯᠭᠠᠯᠳᠤᠭᠤᠯᠤᠨ ᠬᠠᠮᠲᠤᠷᠠᠯᠴᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠢ ᠲᠥᠰᠦᠪᠯᠡᠬᠦ ᠵᠡᠷᠭᠡ ᠡᠯ᠎ᠡ | ᠭᠤᠭᠴᠤᠭ᠎ᠠ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠨ᠎ᠡ᠃ ᠤᠯᠤᠰ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠲᠣᠭᠤᠷᠢᠭ ᠤᠨ ᠳᠡᠮᠵᠢᠯᠭᠡ ᠶᠢᠨ | ᠦᠶᠡᠯᠡᠯ ᠤᠨ ᠬᠤᠭᠤᠴᠠᠭ᠎ᠠ ᠶᠢ ᠤᠷᠲᠤᠳᠬᠠᠬᠤ ᠵᠢᠴᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ | ᠱᠠᠯᠠᠪᠳᠠᠨ ᠠᠳᠬᠤᠵᠤ᠂ ᠰᠠᠭᠤᠷᠢ ᠪᠡᠯᠡᠳᠬᠡᠮᠵᠢ ᠶᠢᠨ ᠬᠦᠷᠢᠶ᠎ᠡ ᠴᠠᠷᠠᠭ᠎ᠠ ᠶᠢᠨ ᠳᠤᠲᠠᠭᠳᠠᠯ ᠢ ᠨᠥᠬᠦᠪᠥᠷᠢᠯᠡᠬᠦ ᠡᠷᠴᠢᠮ ᠢ ᠪᠠᠲᠤᠯᠠᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠮᠠᠨ ᠤ | ᠲᠣᠭᠤᠷᠢᠭ ᠤᠨ《ᠳᠤᠲᠠᠭᠳᠠᠯ ᠢ ᠨᠥᠬᠦᠪᠥᠷᠢᠯᠡᠬᠦ︾ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠶᠠᠰᠤ ᠴᠢᠨᠠᠷ ᠢᠶᠠᠷ ᠥᠨᠳᠥᠷ᠂ ᠦᠷ᠎ᠡ ᠠᠰᠢᠭ ᠢᠶᠠᠷ | ᠰᠠᠶᠢᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠢᠮᠪᠠᠶ ᠤᠬᠠᠭᠠᠯᠠᠨ ᠲᠥᠯᠥᠪᠯᠡᠵᠦ᠂ ᠡᠷᠲᠡ ᠠᠴᠠ ᠵᠣᠯᠭᠠᠭᠤᠯᠤᠨ᠂ ᠡᠷᠲᠡ ᠠᠴᠠ ᠮᠡᠳᠡᠭᠦᠯᠵᠦ᠂ ᠨᠠᠩ | ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠨᠠᠩ ᠣᠯᠠᠨ ᠲᠥᠷᠥ ᠶᠢᠨ | ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠣᠨ᠎ᠠ᠃ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠶᠡᠷᠦᠩᠬᠡᠶ ᠪᠡᠯᠡ | ᠣᠷᠣᠭᠤᠯᠤᠯᠲᠠ 30 ᠳ᠋ᠦᠩᠰᠢᠭᠤᠷ ᠲᠥᠭᠦᠷᠢᠭ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 15 ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠡᠵᠡᠯᠡᠬᠦ ᠬᠠᠷᠢᠴᠠᠯ ᠢ 65 % ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠰᠢᠶᠠᠨ ᠤ ᠱᠠᠲᠤᠨ ᠤ ᠤᠳᠤᠷᠢᠳᠬᠤ ᠺᠠᠳ᠋ᠷ ᠭᠤᠣᠯᠳᠠᠯᠭ᠎ᠠ ᠲᠠᠢ | ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠳᠤ ᠪᠦᠬᠦ ᠲᠠᠯ᠎ᠠ ᠶᠢᠨ《ᠠᠰᠠᠷᠠᠭᠴᠢ ᠶᠢᠨ | ᠬᠡᠯᠪᠡᠷᠢ》 ᠶᠢᠨ ᠦᠢᠯᠡᠴᠢᠯᠡᠭᠡ ᠬᠠᠩᠭᠠᠵᠤ᠂ ᠬᠠᠮᠤᠭ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠢ | ᠢᠳᠡᠪᠬᠢᠲᠡᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠨᠢᠭᠡ ᠪᠦᠯᠦᠭ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠠᠵᠢᠯ | ᠡᠬᠢᠯᠡᠭᠦᠯᠵᠦ᠂ ᠨᠢᠭᠡ ᠪᠦᠯᠦᠭ ᠠᠵᠢᠯ ᠳᠠᠭᠤᠰᠬᠠᠵᠤ᠂ ᠨᠢᠭᠡ ᠪᠦᠯᠦᠭ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ | ᠬᠤᠶᠠᠷ ᠲᠤ᠂ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦ ᠪᠠᠷ ᠠᠬᠢᠭᠤᠯᠤᠨ᠎ᠠ᠃ ᠪᠠᠶ᠋ᠬᠠᠣᠪᠣᠭ᠎ᠠ ᠠᠭᠤᠷᠬᠠᠢ ᠶᠢᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠭᠤᠯᠤᠯ ᠢ ᠵᠦᠶ ᠵᠣᠬᠢᠰᠲᠠᠶ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠪᠠᠶᠢᠭᠤᠯᠤᠯ ᠪᠠ ᠬᠦᠷᠢᠶᠡᠯᠡᠩ ᠲᠣᠭᠤᠷᠢᠭ ᠤᠨ ᠪᠠᠯᠠ ᠣᠷᠣᠭᠤᠯᠵᠤ ᠪᠠᠯᠠ | ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ 220 kv ᠤᠯᠠᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠪᠠᠲᠤ ᠪᠠᠬᠢ ᠴᠠᠬᠢᠯᠭᠠᠨ | ᠬᠦᠴᠦᠨ ᠤ ᠪᠠᠲᠤᠯᠠᠭ᠎ᠠ ᠬᠠᠩᠭᠠᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠂ ᠨᠠᠩ ᠣᠯᠠᠨ ᠠᠵᠤ ᠠᠬᠤᠶᠢᠯᠠᠯ ᠤᠨ ᠮᠠᠨ ᠤ | ᠲᠣᠭᠤᠷᠢᠭ ᠲᠤ ᠢᠷᠡᠵᠦ ᠪᠠᠯᠠ ᠣᠷᠤᠭᠤᠯᠬᠤ ᠶᠢ ᠲᠠᠲᠠᠵᠤ᠂ ᠠᠵᠤ ᠦᠢᠯᠡᠰ ᠢ ᠬᠥᠭᠵᠢᠭᠦᠯᠬᠦ ᠬᠡᠷᠡᠭᠲᠡᠶ᠃ ᠵᠥᠷᠢᠶ᠎ᠡ ᠲᠠᠢ ᠪᠥᠭᠡᠳ ᠣᠨᠴᠠᠯᠢᠭᠲᠤ ᠬᠥᠭᠵᠢᠯᠲᠡ᠂ | ᠬᠠᠮᠲᠤᠷᠠᠨ ᠬᠥᠳᠡᠯᠦᠯᠴᠡᠭᠰᠡᠨ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠨ᠂ ᠬᠤᠪᠣᠷ ᠰᠢᠷᠣᠶ ᠶᠢᠨ ᠬᠦᠳᠡᠷ ᠰᠢᠯᠢᠬᠦ ᠵᠢᠴᠢ ᠬᠤᠪᠣᠷ ᠰᠢᠷᠣᠶ ᠶᠢᠨ ᠲᠡᠮᠦᠷᠯᠢᠭ ᠢ | ᠬᠠᠶᠢᠯᠤᠭᠤᠯᠤᠨ ᠪᠣᠯᠪᠠᠰᠤᠷᠠᠭᠤᠯᠵᠤ ᠬᠤᠪᠢᠶᠠᠷᠢᠯᠠᠬᠤ ᠵᠡᠷᠭᠡ ᠡᠮᠦᠨᠡᠬᠢ ᠠᠵᠤ ᠦᠢᠯᠡᠰ᠂ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠵᠤ ᠰᠤᠳᠤᠯᠤᠨ | ᠨᠡᠭᠡᠭᠡᠵᠦ ᠦᠢᠯᠡᠳᠪᠦᠷᠢᠯᠡᠬᠦ ᠵᠡᠷᠭᠡ ᠦᠵᠦᠭᠦᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠯᠤᠭ᠎ᠠ ᠵᠥᠪᠳᠡᠨ ᠵᠣᠯᠭᠠᠯᠳᠤᠭᠤᠯᠬᠤ ᠪᠠᠨ ᠨᠡᠮᠡᠭᠳᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ | ᠥᠨᠳᠥᠷ᠂ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠰᠢᠨ᠎ᠡ ᠬᠡᠯᠪᠡᠷᠢ ᠶᠢᠨ ᠠᠵᠤ ᠦᠢᠯᠡᠰ ᠢ ᠵᠠᠯᠭᠠᠨ ᠠᠪᠴᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠦᠨᠡᠨᠬᠦ ᠮᠠᠨ ᠤ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠨ ᠪᠦᠲᠦᠭᠡᠨ ᠪᠠᠶᠢᠭᠤᠯᠤᠨ᠎ᠠ᠃ | ᠭᠤᠷᠪᠠ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ | ᠪᠠᠯᠠ ᠲᠠᠲᠠᠬᠤ《ᠬᠤᠲᠠ ᠶᠢᠨ ᠳᠠᠷᠤᠭ᠎ᠠ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠶᠢᠨ ᠢᠨᠵᠧᠨᠧᠷᠢᠩ》 ᠢ ᠨᠠᠶᠢᠳᠠᠪᠤᠷᠢᠵᠢᠭᠤᠯᠬᠤ ᠶᠢ ᠭᠦᠨᠵᠡᠭᠡᠶ | ᠠᠬᠢᠭᠤᠯᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠬᠤᠪᠢᠰᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠪᠤᠭᠤᠲᠤ ᠬᠤᠲᠠ ᠶᠢᠨ | ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠲᠥᠯᠥᠪᠯᠡᠭᠡ ᠶᠣᠰᠣᠭᠠᠷ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠡᠷᠡᠭᠵᠢᠭᠦᠯᠬᠦ | ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠰ ᠤᠨ ᠤᠷᠲᠤᠳᠬᠠᠨ ᠬᠡᠯᠬᠢᠶᠡᠵᠢᠭᠦᠯᠬᠦ ᠴᠢᠩᠭ᠎ᠠ ᠬᠡᠯᠬᠢᠶ᠎ᠡ ᠪᠠ ᠰᠢᠨ᠎ᠡ ᠪᠠᠷ ᠪᠤᠢ ᠪᠣᠯᠤᠭᠰᠠᠨ | ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠬᠤ ᠶᠢᠨ ᠲᠣᠭᠤᠷᠢᠨ ᠳᠤ᠂ ᠲᠤᠶᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ | ᠬᠤᠳᠠᠯᠳᠤᠭᠠᠴᠢᠨ ᠤᠷᠢᠬᠤ᠂ ᠵᠠᠬ᠎ᠠ ᠳᠡᠯᠭᠡᠭᠦᠷ ᠢᠶᠠᠷ ᠬᠤᠳᠠᠯᠳᠤᠭᠠᠴᠢᠨ ᠤᠷᠢᠬᠤ᠂ ᠠᠷᠠᠯᠵᠢᠶ᠎ᠠ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠪᠠᠯᠠ | ᠣᠷᠣᠭᠤᠯᠤᠯᠲᠠ ᠶᠢᠨ ᠪᠠᠭᠲᠠᠭᠠᠮᠵᠢ ᠪᠠᠷ ᠶᠡᠭᠡ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠡᠳ᠋ ᠤᠨ ᠵᠠᠰᠠᠭ ᠲᠤ ᠭᠠᠶᠢᠯᠢ ᠶᠢᠨ ᠬᠤᠪᠢ ᠨᠡᠮᠡᠷᠢ ᠪᠠᠷ ᠶᠡᠭᠡ ᠠᠵᠤ | ᠦᠢᠯᠡᠰ ᠤᠨ ᠲᠥᠷᠥᠯ ᠵᠦᠢᠯ ᠢ ᠨᠠᠩ ᠣᠯᠠᠨ ᠣᠷᠣᠭᠤᠯᠤᠨ ᠠᠪᠴᠢᠷᠠᠨ᠎ᠠ᠃ ᠪᠦᠬᠦ ᠬᠤᠲᠠ ᠶᠢᠨ ᠬᠤᠪᠣᠷ ᠰᠢᠷᠣᠢ ᠶᠢᠨ ᠠᠩᠬ᠎ᠠ ᠲᠡᠰ ᠤᠨ ᠪᠣᠯᠪᠠᠰᠤᠷᠠᠭᠤᠯᠬᠤ | ᠲᠥᠷᠦᠯ ᠵᠦᠢᠯ ᠢ ᠠᠭᠤᠯᠠᠨ ᠬᠤᠶᠢᠲᠤ ᠬᠡᠰᠡᠭ ᠤᠨ ᠭᠠᠵᠠᠷ ᠣᠷᠣᠨ ᠲᠡᠰᠢ ᠡᠮᠬᠢ ᠳᠢᠭᠯᠢᠮ ᠲᠠᠢ ᠰᠢᠯᠵᠢᠭᠦᠯᠬᠦ ᠪᠠᠷ ᠲᠣᠬᠢᠶᠠᠯ ᠪᠣᠯᠭᠠᠵᠤ᠂ ᠤᠰᠤᠨ | ᠴᠥᠭᠦᠷᠥᠮ ᠤᠨ ᠡᠮᠦᠨ᠎ᠡ ᠦᠵᠦᠭᠦᠷ ᠤᠨ ᠵᠠᠯᠭᠠᠮᠵᠢ ᠠᠵᠤ ᠦᠢᠯᠡᠰ ᠪᠠ ᠦᠯᠡᠳᠡᠭᠳᠡᠯ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠬᠤᠪᠣᠷ | ᠰᠢᠷᠣᠢ ᠶᠢᠨ ᠲᠦᠭᠦᠬᠡᠢ ᠮᠠᠲ᠋ᠧᠷᠢᠶᠠᠯ᠂ ᠨᠢᠦᠪᠢ᠂ ᠰᠺᠠᠨᠳᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠮᠠᠲ᠋ᠧᠷᠢᠶᠠᠯ ᠤᠨ ᠲᠠᠯ᠎ᠠ ᠪᠠᠷ ᠠᠷᠠᠯᠵᠢᠶᠠᠴᠢᠨ | ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠤᠨ᠎ᠠ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ | 3 ᠠᠴᠠ ᠳᠡᠭᠡᠭᠰᠢ᠂ ᠵᠥᠪᠯᠡᠯᠴᠡᠭᠡᠷ ᠤᠨ ᠪᠡᠯᠡ ᠮᠥᠩᠭᠦ ᠶᠢ 18 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ | ᠬᠥᠭᠵᠢᠯᠲᠡ ᠳᠤ ᠬᠥᠳᠡᠯᠭᠡᠬᠦ ᠬᠦᠴᠦ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ᠃ | ︵ᠬᠤᠶᠠᠷ︶ 《ᠬᠤᠶᠠᠷ ᠢ ᠳᠡᠭᠡᠭᠰᠢᠯᠡᠭᠦᠯᠬᠦ》 ᠶᠢ ᠰᠠᠶᠢᠲᠤᠷ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠠᠯ᠎ᠠ ᠪᠠᠷ ᠰᠢᠪᠲᠤᠯᠤᠯᠲᠠ ᠭᠠᠷᠭᠠᠨ᠎ᠠ | ᠨᠢᠭᠡ ᠳᠤ᠂ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠦᠨ᠎ᠡ᠃ ᠪᠤᠭᠤᠲᠤ ᠬᠤᠲᠠ ᠶᠢᠨ ᠮᠠᠨ ᠤ | ᠲᠣᠭᠤᠷᠢᠭ ᠤᠨ ᠣᠯᠠᠨ ᠲᠡᠮᠦᠷᠯᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠦᠯᠡᠳᠡᠭᠳᠡᠯ ᠬᠦᠳᠡᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ | ᠴᠢᠩᠭᠠᠳᠬᠠᠵᠤ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠪᠠ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠴᠣᠭᠴᠠᠯᠠᠬᠤ | ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠪᠠᠶ᠋ᠬᠠᠣᠪᠣᠭ᠎ᠠ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ | ᠰᠤᠳᠤᠯᠭᠠᠨ ᠤ ᠬᠦᠷᠢᠶᠡᠯᠡᠩ ᠤᠨ ᠪᠥᠬᠦ ᠲᠠᠯ᠎ᠠ ᠶᠢᠨ ᠠᠵᠢᠯᠯᠠᠭᠠᠨ ᠢ ᠲᠦᠷᠭᠡᠳᠬᠡᠨ ᠠᠬᠢᠭᠤᠯᠵᠤ᠂ ᠬᠤᠪᠣᠷ ᠰᠢᠷᠣᠶ ᠶᠢᠨ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠲᠡᠩᠴᠡᠭᠦᠷᠢᠲᠡᠶ ᠠᠰᠢᠭᠯᠠᠬᠤ ᠠᠺᠠᠳᠧᠮᠢᠴᠢ ᠶᠢᠨ ᠠᠵᠢᠯᠯᠠᠬᠤ ᠥᠷᠲᠡᠭᠡ ᠶᠢᠨ ᠲᠤᠷᠰᠢᠯᠲᠠ ᠶᠢᠨ ᠰᠠᠭᠤᠷᠢᠨ ᠭᠠᠵᠠᠷ᠂ ᠬᠠᠮ ᠳᠠᠭᠠᠯᠲᠠ ᠠᠭᠤᠷᠬᠠᠢ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠤᠳᠤᠯᠭᠠᠨ ᠤ ᠬᠦᠷᠢᠶᠡᠯᠡᠩ ᠤᠨ ᠰᠤᠳᠤᠯᠭᠠᠨ ᠤ ᠦᠷ᠎ᠡ ᠪᠦᠲᠦᠮᠵᠢ ᠶᠢ ᠤᠯᠠᠷᠢᠭᠤᠯᠬᠤ ᠶᠢ ᠲᠦᠷᠭᠡᠳᠬᠡᠨ | ᠠᠬᠢᠭᠤᠯᠵᠤ᠂ ᠠᠭᠤᠷᠬᠠᠢ ᠶᠢᠨ ᠡᠬᠢ ᠪᠠᠶᠠᠯᠢᠭ ᠢ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠠᠰᠢᠭᠯᠠᠭᠰᠠᠨ ᠪᠦᠷᠢᠨ ᠪᠦᠲᠦᠨ ᠤᠷᠠᠨ ᠳᠠᠷᠬ᠎ᠠ ᠶᠢ | ᠴᠣᠭᠴᠠᠯᠠᠨ ᠪᠠᠶᠢᠭᠤᠯᠤᠨ᠎ᠠ᠃ ᠡᠭᠦᠨ ᠤ ᠬᠠᠮᠲᠤ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠲᠠᠢ ᠵᠣᠯᠭᠠᠯᠳᠤᠭᠤᠯᠤᠨ ᠨᠡᠪᠲᠡᠷᠡᠯᠴᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠪᠠᠶ᠋ᠬᠠᠣᠪᠣᠭ᠎ᠠ ᠲᠡᠮᠦᠷ ᠤᠨ ᠠᠭᠤᠷᠬᠠᠢ ᠶᠢᠨ《ᠤᠶᠤᠨᠲᠤ ᠠᠭᠤᠷᠬᠠᠶ》 ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠢᠳᠡᠪᠬᠢᠲᠡᠢ ᠬᠠᠮᠵᠢᠯᠴᠠᠨ ᠠᠬᠢᠭᠤᠯᠤᠨ᠎ᠠ᠃ ᠪᠤᠤ ᠱᠠᠨ ᠠᠭᠤᠷᠬᠠᠢ ᠶᠢᠨ ᠦᠢᠯᠡᠰ ᠤᠨ ᠬᠤᠪᠣᠷ ᠰᠢᠷᠣᠶ ᠪᠠ ᠲᠡᠮᠦᠷ ᠤᠨ ᠨᠠᠷᠢᠯᠢᠭ ᠨᠤᠨᠲᠠᠭ ᠤᠨ ᠲᠣᠭᠲᠠᠭᠤᠨ | ᠦᠢᠯᠡᠳᠪᠦᠷᠢᠯᠡᠯ ᠢ ᠠᠬᠢᠭᠤᠯᠵᠤ᠂ ᠬᠠᠶᠢᠯᠤᠭᠤᠷ ᠵᠣᠩᠰᠢ ᠶᠢᠨ ᠴᠢᠨᠠᠷ ᠳᠡᠰ ᠢ ᠳᠡᠭᠡᠭᠰᠢᠯᠡᠭᠦᠯᠦᠨ᠂ ᠨᠢᠦᠪᠢ᠂ ᠬᠦᠬᠦᠷ ᠤᠨ ᠦᠢᠯᠡᠳᠪᠦᠷᠢᠯᠡᠯ ᠤᠨ ᠱᠤᠭᠤᠮ ᠢ | ᠨᠡᠪᠲᠡᠷᠡᠭᠦᠯᠵᠦ᠂《ᠥᠩᠭᠡᠲᠦ ᠲᠡᠮᠦᠷᠯᠢᠭ ᠡᠷᠳᠡᠨᠢ ᠶᠢᠨ ᠠᠭᠤᠯᠠ》 ᠶᠢ ᠪᠦᠬᠦ ᠬᠦᠴᠦ ᠪᠠᠷ ᠴᠣᠭᠴᠠᠯᠠᠨ᠎ᠠ᠃ ᠤᠰᠤ ᠦᠭᠡᠢ ᠹᠯᠣᠷᠲᠤ ᠤᠰᠤᠲᠥ᠋ᠷᠥᠭᠴᠢ ᠪᠠᠷ | ᠹᠯᠣᠷᠲᠤ ᠬᠥᠩᠭᠡᠨ ᠴᠠᠭᠠᠨ ᠢ ᠬᠠᠮᠲᠤᠷᠠᠨ ᠦᠢᠯᠡᠳᠪᠦᠷᠢᠯᠡᠬᠦ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠵᠤ ᠦᠢᠯᠡᠰ ᠤᠨ ᠬᠥᠭᠵᠢᠯᠲᠡ ᠶᠢ ᠤᠷᠲᠤᠳᠬᠠᠨ᠂ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠠᠶᠢᠴᠢᠯᠠᠨ᠎ᠠ᠃ | ᠪᠤᠭᠤᠲᠤ ᠬᠤᠲᠠ ᠶᠢᠨ ᠤᠯᠤᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢᠶᠠᠷ | ᠵᠥᠪᠰᠢᠶᠡᠷᠡᠭᠳᠡᠭᠰᠡᠨ ᠠᠵᠠ ᠲᠣᠬᠢᠶᠠᠯ ᠢ ᠵᠠᠪᠳᠤᠨ᠂ ᠵᠢᠩ ᠣᠣ 300MW ᠪᠠᠶ᠋ᠬᠠᠣᠪᠣᠭ᠎ᠠ ᠰᠢᠷᠣᠶ ᠲᠠᠲᠠᠷᠠᠭᠤᠯᠬᠤ ᠲᠠᠯᠠᠪᠠᠢ ᠶᠢᠨ ᠭᠡᠷᠡᠯ ᠴᠠᠬᠢᠯᠭᠠᠨ ᠭᠠᠷᠭᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷᠡᠯ ᠴᠠᠬᠢᠯᠭᠠᠨ ᠭᠠᠷᠭᠠᠬᠤ ᠠᠵᠤ ᠦᠢᠯᠡᠰ ᠢ ᠠᠭᠤᠷᠬᠠᠢ ᠶᠢᠨ ᠵᠠᠰᠠᠯᠲᠠ ᠯᠤᠭ᠎ᠠ | ᠪᠦᠲᠦᠮᠵᠢᠲᠡᠶ ᠤᠶᠠᠯᠳᠤᠭᠤᠯᠤᠨ᠎ᠠ᠃ | ᠬᠤᠶᠠᠷ ᠲᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠶᠡᠬᠡᠪᠡᠷ ᠳᠡᠭᠡᠭᠰᠢᠯᠡᠭᠦᠯᠦᠨ᠎ᠡ᠃ ᠲᠣᠮᠣ | ᠳ᠋ᠠᠶᠢᠲ᠋ᠠ ᠶᠢᠨ ᠬᠡᠷᠡᠭᠯᠡᠭᠡᠨ ᠤ ᠠᠵᠤ ᠦᠢᠯᠡᠰ ᠢ ᠪᠤᠶᠢᠵᠢᠭᠤᠯᠵᠤ᠂ ᠰᠤᠷᠭᠠᠨ ᠬᠥᠮᠦᠵᠢᠯ᠂ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶ᠎ᠡ | ᠬᠡᠪᠴᠢᠶᠡᠨ ᠳᠠᠬᠢ《ᠣᠶᠤᠨᠴᠢ ᠬᠤᠲᠠ ᠶᠢᠨ ᠰᠢᠯᠢᠳᠡᠭ ᠵᠢᠱᠢᠶ᠎ᠡ ᠦᠵᠡᠭᠦᠯᠬᠦ ᠣᠷᠣᠨ》 ᠢ ᠪᠠᠶᠢᠭᠤᠯᠤᠨ᠎ᠠ᠃ ᠡᠭᠦᠨ ᠤ ᠬᠠᠮᠲᠤ᠂ ᠤᠶᠤᠨᠲᠤ ᠬᠤᠲᠠ ᠪᠠ ᠲᠣᠮᠣ | ᠳ᠋ᠠᠶᠢᠲ᠋ᠠ ᠶᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ ᠥᠷᠭᠡᠳᠬᠡᠵᠦ᠂ ᠤᠶᠤᠨᠲᠤ | ᠬᠤᠲᠠ ᠶᠢᠨ ᠬᠠᠮᠢᠶᠠᠷᠤᠯᠲᠠ᠂ ᠤᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ᠂ ᠤᠶᠤᠨᠲᠤ ᠬᠠᠮᠢᠶᠠᠷᠤᠯᠲᠠ ᠶᠢᠨ ᠰᠦᠯᠵᠢᠶ᠎ᠡ ᠵᠡᠷᠭᠡ ᠰᠠᠯᠪᠤᠷᠢ ᠲᠠᠪᠴᠠᠩ ᠢ | ᠰᠦᠪᠡᠭᠴᠢᠯᠡᠨ ᠪᠠᠶᠢᠭᠤᠯᠤᠨ᠎ᠠ᠃ 5G ᠰᠢᠯᠵᠢᠮᠡᠯ ᠰᠦᠯᠵᠢᠶ᠎ᠡ ᠶᠢ ᠡᠩ ᠲᠡᠷᠢᠭᠦᠨ ᠳᠤ ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠤ 5G ᠰᠢᠯᠵᠢᠮᠡᠯ | ᠰᠦᠯᠵᠢᠶᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠭᠠᠵᠠᠷ ᠣᠷᠣᠨ ᠢ ᠪᠠᠶᠢᠭᠤᠯᠤᠨ᠎ᠠ᠃ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠭᠠᠳᠠᠭᠰᠢ | ᠳᠠᠭᠠᠭᠠᠴᠢᠯᠠᠭᠤᠯᠬᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠢᠭᠡᠳᠦᠯᠲᠡᠶ ᠬᠠᠮᠢᠶᠠᠷᠬᠤ᠂ | ᠵᠢᠷᠤᠮᠵᠢᠯ ᠲᠠᠢ ᠡᠵᠡᠩᠨᠡᠬᠦ ᠠᠵᠤ ᠦᠢᠯᠡᠰ ᠤᠨ ᠵᠠᠭᠪᠤᠷ ᠢ ᠪᠠᠶᠢᠭᠤᠯᠤᠨ᠎ᠠ᠃《ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ | ᠬᠤᠪᠢᠰᠬᠠᠯᠲᠤ ᠵᠤᠭᠠᠴᠠᠯ᠂ ᠠᠭᠤᠷᠬᠠᠢ ᠶᠢᠨ ᠰᠣᠶᠣᠯ ᠤᠨ ᠠᠵᠤ ᠦᠢᠯᠡᠳᠪᠦᠷᠢ ᠶᠢᠨ ᠵᠤᠭᠠᠴᠠᠯ᠂ ᠮᠣᠩᠭᠤᠯ ᠶᠤᠸᠠᠨ ᠤ ᠰᠣᠶᠣᠯ ᠤᠨ ᠲᠠᠯ᠎ᠠ ᠨᠤᠲᠤᠭ ᠤᠨ | ᠵᠤᠭᠠᠴᠠᠯ᠂ ᠬᠠᠴᠢᠨ ᠴᠢᠯᠠᠭᠤᠨ ᠤ ᠠᠷᠠᠯᠵᠢᠶᠠᠨ ᠤ ᠰᠡᠯᠡᠭᠦᠴᠡᠯ ᠤᠨ ᠵᠤᠭᠠᠴᠠᠯ》 ᠢ ᠬᠠᠷᠢᠯᠴᠠᠨ ᠤᠶᠠᠯᠳᠤᠭᠤᠯᠤᠭᠰᠠᠨ ᠵᠤᠭᠠᠴᠠᠯ ᠤᠨ ᠲᠣᠭᠤᠷᠢᠭ ᠢ ᠪᠦᠬᠦ | ᠬᠦᠴᠦ ᠪᠠᠷ ᠴᠣᠭᠴᠠᠯᠠᠨ ᠪᠠᠶᠢᠭᠤᠯᠵᠤ᠂《ᠡᠭᠦᠯᠡᠨ ᠳᠡᠭᠡᠷᠡᠬᠢ ᠣᠳᠣᠨ ᠲᠠᠩᠭᠢᠰ》 ᠤᠨ ᠠᠵᠢᠭᠯᠠᠯᠲᠠ ᠵᠡᠷᠭᠡ ᠰᠢᠨ᠎ᠡ ᠵᠤᠭᠠᠴᠠᠯ ᠤᠨ ᠲᠥᠷᠥᠯ ᠵᠦᠢᠯ ᠪᠠ | ᠨᠡᠷ᠎ᠡ ᠶᠢᠨ ᠬᠠᠭᠤᠳᠠᠰᠤ ᠶᠢ ᠤᠷᠲᠤᠳᠬᠠᠨ ᠪᠠᠶᠢᠭᠤᠯᠵᠤ᠂ ᠰᠣᠶᠣᠯ ᠵᠤᠭᠠᠴᠠᠯ ᠤᠨ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠢᠳᠡᠰᠢᠨ | ᠨᠣᠭᠤᠭ᠎ᠠ ᠶᠢᠨ ᠲᠣᠮᠣ ᠫᠧᠩ ᠲᠠᠷᠢᠬᠤ ᠰᠠᠭᠤᠷᠢᠨ ᠭᠠᠵᠠᠷ ᠢ ᠳᠡᠰ ᠳᠡᠪᠰᠢᠭᠦᠯᠵᠦ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠨᠢᠭᠡ ᠴᠣᠭᠴᠠᠵᠢᠭᠤᠯᠤᠭᠰᠠᠨ | ᠬᠦᠢᠲᠡᠨ ᠬᠡᠯᠬᠢᠶᠡᠵᠢᠭᠦᠯᠬᠦ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ | ᠰᠠᠭᠤᠭᠠᠯᠢ ᠠᠷᠠᠳ ᠤᠨ ᠣᠯᠠᠨ ᠶᠠᠩᠵᠤᠯᠠᠭᠰᠠᠨ ᠬᠡᠷᠡᠭᠴᠡᠭᠡ ᠶᠢ ᠬᠠᠩᠭᠠᠨ᠎ᠠ᠃ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠬᠦᠴᠦᠷᠬᠡᠭᠵᠢᠭᠦᠯᠵᠦ᠂ ᠭᠡᠷ ᠲᠤ ᠨᠢ ᠬᠦᠷᠴᠦ ᠠᠰᠠᠷᠠᠬᠤ᠂ ᠡᠳᠦᠷ ᠲᠤᠲᠤᠮ ᠤᠨ ᠠᠰᠠᠷᠠᠨ ᠬᠠᠷᠠᠭᠠᠯᠵᠠᠬᠤ᠂ ᠲᠥᠪᠯᠡᠷᠡᠭᠦᠯᠦᠨ ᠠᠰᠠᠷᠠᠨ ᠲᠡᠵᠢᠭᠡᠬᠦ ᠶᠢ ᠬᠠᠷᠢᠯᠴᠠᠨ | ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠠᠪᠴᠤ᠂ ᠨᠠᠰᠤᠲᠠᠶᠢᠴᠤᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》 ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠳᠤ ᠰᠠᠭᠤᠷᠢ ᠲᠠᠯᠪᠢᠨ᠎ᠠ | ᠨᠢᠭᠡ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠢᠯᠠᠩᠭᠤᠶ᠎ᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠲᠡᠷᠢᠭᠦᠨ ᠪᠠᠶᠢᠷᠢᠨ ᠳᠤ ᠲᠠᠯᠪᠢᠵᠤ᠂《ᠡᠷᠡᠰ ᠪᠠᠲᠤ᠂ ᠡᠵᠡᠮᠳᠡᠵᠦ ᠪᠣᠯᠬᠤ᠂ ᠡᠮᠬᠢ ᠵᠢᠷᠤᠮ ᠲᠠᠢ᠂ ᠲᠣᠬᠢᠷᠠᠮᠵᠢᠲᠠᠶ》ᠪᠠᠶᠢᠬᠤ | ᠱᠠᠭᠠᠷᠳᠠᠯᠭ᠎ᠠ ᠶᠢᠨ ᠲᠣᠭᠤᠷᠢᠨ ᠳᠤ ᠵᠠᠰᠠᠭ ᠤᠨ ᠣᠷᠳᠣᠨ ᠤ ᠥᠷᠢ ᠥᠭᠴᠡᠭᠡ ᠢᠯᠠᠩᠭᠤᠶ᠎ᠠ ᠳᠠᠯᠳᠠ ᠥᠷᠢ ᠥᠭᠴᠡᠭᠡ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠨᠡᠮᠡᠭᠳᠡᠯ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠬᠠᠳᠠᠭᠠᠯᠠᠯᠲᠠ ᠬᠡᠮᠵᠢᠶ᠎ᠡ ᠶᠢ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠲᠥᠪ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢᠨ ᠬᠡᠪᠴᠢᠶ᠎ᠡ ᠶᠢ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ᠂ ᠰᠢᠨ᠎ᠡ ᠪᠠᠷ | ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠬᠢᠵᠠᠭᠠᠷᠲᠤ ᠲᠤᠭ᠎ᠠ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ | ᠢᠳᠡᠪᠬᠢᠲᠡᠶ ᠪᠠᠷ ᠴᠢᠷᠮᠠᠶᠢᠨ ᠣᠯᠣᠨ᠎ᠠ᠃ ᠬᠤᠲᠠ ᠶᠢᠨ ᠡᠵᠡᠩᠨᠡᠯᠲᠡ ᠶᠢᠨ ᠣᠨᠣᠯᠵᠢᠬᠤᠨ ᠢ ᠪᠤᠢ ᠪᠣᠯᠭᠠᠵᠤ᠂ ᠲᠠᠪᠴᠠᠩ ᠤᠨ ᠺᠣᠮᠫᠠᠨᠢ ᠶᠢᠨ ᠪᠣᠳᠠᠲᠤ | ᠴᠣᠭᠴᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠷᠠᠳ ᠤᠨ ᠬᠥᠷᠥᠩᠭᠡ ᠶᠢᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠠᠵᠢᠯ ᠢ | ᠰᠠᠶᠢᠲᠤᠷ ᠬᠢᠵᠦ᠂《ᠠᠷᠪᠢᠯᠠᠨ ᠭᠠᠮᠨᠠᠵᠤ ᠠᠮᠢᠳᠤᠷᠠᠬᠤ》ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂《 ᠭᠤᠷᠪᠠᠨ ᠠᠯᠪᠠᠨ》ᠵᠠᠷᠤᠳᠠᠯ ᠪᠣᠯᠤᠨ | ᠪᠠᠶᠢᠩᠭᠤ ᠶᠢᠨ ᠴᠢᠨᠠᠷᠲᠠᠶ ᠵᠠᠷᠤᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠪᠠᠭᠠᠰᠬᠠᠨ᠎ᠠ᠃ ᠳᠡᠭᠡᠳᠦ ᠱᠠᠲᠤᠨ ᠤ ᠡᠯ᠎ᠡ ᠲᠥᠷᠥᠯ ᠤᠨ | ᠲᠥᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ ᠣᠯᠬᠤ ᠪᠠᠷ ᠳᠠᠮᠵᠢᠵᠤ᠂ ᠡᠳ᠋ ᠤᠨ ᠵᠠᠰᠠᠭ ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠡᠳ᠋ ᠤᠨ ᠬᠦᠴᠦᠨ ᠢ ᠨᠡᠮᠡᠭᠳᠡᠭᠦᠯᠦᠨ᠂ ᠥᠷᠢ ᠲᠥᠯᠥᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ | ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠵᠠᠰᠠᠭ ᠤᠨ | ᠣᠷᠳᠣᠨ ᠤ ᠥᠷᠢ ᠥᠭᠴᠡᠭᠡ ᠶᠢᠨ ᠨᠣᠷᠮ᠎ᠠ ᠶᠢᠨ ᠵᠣᠬᠢᠰᠲᠠᠶ ᠣᠷᠣᠨ ᠪᠠᠶᠢᠷᠢ ᠳᠤ ᠬᠦᠷᠲᠡᠯ᠎ᠡ ᠪᠠᠭᠤᠷᠠᠭᠤᠯᠬᠤ ᠶᠢ ᠬᠦᠴᠦᠯᠡᠨ ᠪᠠᠲᠤᠯᠠᠨ᠎ᠠ᠃ | ᠬᠤᠶᠠᠷ ᠲᠤ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠳᠡᠭᠡᠳᠦ | ᠱᠠᠲᠤᠨ ᠤ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠠᠨ ᠲᠠᠯ᠎ᠠ ᠠᠴᠠ ᠴᠢᠷᠮᠠᠶᠢᠨ ᠣᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠣᠨᠣᠪᠴᠢᠲᠠᠶ᠂ ᠰᠠᠶᠢᠲᠤᠷ᠂ ᠭᠦᠢᠴᠡᠳ ᠬᠡᠷᠡᠭᠯᠡᠵᠦ᠂ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠬᠢᠨ ᠶᠠᠳᠠᠭᠤᠷᠠᠬᠤ ᠶᠢ | ᠪᠠᠭᠠᠰᠬᠠᠬᠤ ᠪᠠ ᠰᠡᠷᠭᠡᠶᠢᠯᠡᠬᠦ ᠲᠠᠯ᠎ᠠ ᠪᠠᠷ ᠠᠵᠢᠯ ᠬᠢᠨ᠎ᠡ᠃《ᠣᠷᠣᠯᠭ᠎ᠠ ᠪᠠᠭᠠᠲᠠᠶ ᠬᠠᠮᠲᠤ ᠴᠣᠭᠴᠠ ᠶᠢᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ》 ᠢ | ᠦᠷᠭᠦᠯᠵᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠮ ᠡᠮᠨᠡᠯᠭᠡ ᠪᠠᠷ ᠶᠠᠳᠠᠭᠤ ᠶᠢ ᠲᠡᠳᠬᠦᠬᠦ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠪᠠᠲᠤᠯᠠᠬᠤ ᠵᠡᠷᠭᠡ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠡᠷᠦᠬᠡ ᠪᠠ | ᠬᠥᠮᠦᠨ ᠤ ᠪᠠᠶᠢᠳᠠᠯ ᠢ ᠦᠨᠳᠦᠰᠦᠯᠡᠨ ᠨᠠᠷᠢᠯᠢᠭ ᠣᠨᠣᠴᠠᠲᠠᠶ ᠪᠠᠷ ᠲᠥᠷᠦ ᠶᠢᠨ ᠪᠣᠳᠣᠯᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ᠂《ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠠᠵᠢᠭᠯᠠᠭᠴᠢ + ᠨᠡᠶᠢᠭᠡᠮ ᠤᠨ ᠬᠦᠴᠦᠨ》 ᠤ ᠬᠤᠲᠠ ᠶᠢᠨ ᠶᠠᠳᠠᠭᠤ ᠶᠢ | ᠲᠡᠳᠬᠦᠬᠦ ᠰᠢᠨ᠎ᠡ ᠵᠠᠭᠪᠤᠷ ᠢ ᠪᠠᠶᠢᠭᠤᠯᠤᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠭᠤᠯᠤᠨ ᠬᠠᠷᠢᠯᠴᠠᠨ ᠨᠡᠪᠲᠡᠷᠡᠯᠴᠡᠬᠦ | ᠲᠣᠭᠲᠠᠴᠠ ᠶᠢ ᠪᠠᠶᠢᠭᠤᠯᠵᠤ᠂ ᠬᠥᠮᠦᠨ᠂ ᠡᠳ᠋᠂ ᠪᠣᠳᠠᠰ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠶ ᠳᠤ | ᠲᠥᠯᠥᠪᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ《ᠬᠡᠰᠡᠭ ᠪᠣᠰᠬ᠎ᠠ》ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ᠂ ᠰᠠᠯᠠᠭ᠎ᠠ ᠮᠥᠴᠢᠷ᠂ | ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ | ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠵᠢᠴᠢ ᠥᠪᠡᠰᠦᠪᠡᠨ ᠪᠠᠶᠢᠴᠠᠭᠠᠬᠤ ᠳᠣᠪᠤᠶᠢᠮ᠎ᠠ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠭᠠᠷ ᠮᠠᠨᠳᠠᠯ᠂ ᠤᠰᠤ᠂ | ᠬᠥᠷᠥᠰᠥ ᠰᠢᠷᠣᠶ ᠶᠢᠨ《ᠭᠤᠷᠪᠠᠨ ᠠᠷᠪᠠᠨ ᠵᠤᠷᠪᠤᠰ》 ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂《ᠬᠡᠢ ᠶᠢ ᠵᠠᠰᠠᠬᠤ᠂ ᠨᠡᠭᠦᠷᠡᠰᠦ ᠶᠢ ᠪᠠᠭᠠᠰᠬᠠᠬᠤ᠂ | ᠲᠣᠭᠤᠰᠣ ᠶᠢ ᠪᠠᠭᠤᠷᠠᠭᠤᠯᠬᠤ᠂ ᠲᠡᠷᠭᠡ ᠡᠵᠡᠮᠳᠡᠬᠦ᠂ ᠴᠢᠩᠭ᠎ᠠ ᠬᠠᠮᠢᠶᠠᠷᠬᠤ》ᠠᠷᠭ᠎ᠠ ᠬᠡᠮᠵᠢᠶ᠎ᠡ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠲᠥᠯᠥᠪᠵᠢᠭᠦᠯᠭᠡ ᠪᠠ ᠮᠠᠯᠲᠠᠮᠠᠯ ᠨᠦᠬᠡ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ | ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠤᠯᠤᠰ ᠤᠨ ᠠᠭᠤᠷᠬᠠᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠭᠤᠣᠯ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ | ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠤᠰᠤᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠬᠠᠮᠠᠭᠠᠯᠠᠨ᠂ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠪᠠᠷ ᠨᠡᠭᠦᠷᠡᠰᠦ ᠵᠡᠷᠭᠡ ᠳᠠᠬᠢᠨ ᠡᠭᠦᠰᠴᠦ ᠳᠡᠶᠢᠯᠬᠦ | ᠦᠭᠡᠢ ᠡᠬᠢ ᠪᠠᠶᠠᠯᠢᠭ ᠢ ᠣᠷᠣᠯᠠᠭᠤᠯᠬᠤ ᠢᠳᠡᠪᠬᠢᠲᠡᠢ ᠰᠦᠪᠡᠭᠴᠢᠯᠡᠵᠦ᠂ ᠢᠯᠴᠢ ᠴᠠᠬᠢᠯᠭᠠᠨ ᠤ ᠦᠯᠡᠳᠡᠭᠳᠡᠯ ᠢᠯᠴᠢ᠂ ᠰᠠᠯᠬᠢᠨ ᠬᠦᠴᠦᠨ ᠤ ᠴᠠᠬᠢᠯᠭᠠᠨ ᠭᠡᠷᠡᠯ | ᠴᠠᠬᠢᠯᠭᠠᠨ ᠵᠡᠷᠭᠡ ᠴᠡᠪᠡᠷ ᠡᠨᠧᠷᠭᠢ ᠶᠢᠨ ᠢᠯᠴᠢ ᠬᠠᠩᠭᠠᠬᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠰᠢᠨ᠎ᠡ ᠡᠨᠧᠷᠭᠢ ᠶᠢᠨ ᠵᠢᠱᠢᠶ᠎ᠡ | ᠦᠵᠡᠭᠦᠯᠬᠦ ᠬᠤᠲᠠ ᠲᠣᠭᠤᠷᠢᠭ ᠢ ᠪᠦᠬᠦ ᠬᠦᠴᠦ ᠪᠠᠷ ᠡᠭᠦᠳᠦᠨ ᠪᠠᠶᠢᠭᠤᠯᠤᠨ᠎ᠠ᠃《ᠣᠷᠴᠢᠨ ᠠᠬᠤᠢ ᠶᠢᠨ ᠬᠠᠮᠠᠭᠠᠯᠠᠯᠲᠠ ᠶᠢᠨ ᠬᠤᠷᠴᠠ ᠰᠡᠯᠡᠮ᠎ᠡ》 ᠶᠢᠨ | ᠰᠢᠷᠢᠰ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠢ ᠠᠬᠤᠢ ᠣᠷᠴᠢᠨ ᠨᠥᠬᠦᠴᠡᠯ ᠤᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ | ᠰᠠᠶᠢᠵᠢᠷᠠᠭᠤᠯᠵᠤ᠂ ᠠᠵᠤ ᠠᠬᠤᠶᠢᠯᠠᠯ ᠲᠠᠢ ᠬᠠᠮᠲᠤ ᠪᠠᠷ ᠣᠷᠴᠢᠨ ᠠᠬᠤᠢ ᠶᠢᠨ ᠵᠠᠰᠠᠯᠲᠠ ᠶᠢᠨ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠵᠢᠭᠰᠠᠭᠠᠯ ᠤᠨ | ᠭᠠᠵᠠᠷ ᠢᠶᠠᠨ ᠪᠠᠲᠤ ᠰᠠᠬᠢᠵᠤ᠂ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ | ︵ᠳᠥᠷᠪᠡ︶《ᠳᠥᠷᠪᠡ ᠶᠢ ᠲᠦᠷᠭᠡᠳᠬᠡᠬᠦ》 ᠶᠢ ᠲᠦᠯᠬᠢᠨ ᠠᠬᠢᠭᠤᠯᠵᠤ᠂ ᠵᠣᠬᠢᠴᠠᠩᠭᠤᠶ ᠪᠥᠭᠡᠳ ᠲᠡᠩᠴᠡᠭᠦᠷᠢᠲᠡᠶ ᠬᠥᠭᠵᠢᠭᠦᠯᠬᠦ ᠲᠠᠯ᠎ᠠ ᠪᠠᠷ ᠪᠣᠳᠠᠲᠤ | ᠦᠷ᠎ᠡ ᠪᠦᠲᠦᠮᠵᠢ ᠭᠠᠷᠭᠠᠨ᠎ᠠ | ᠨᠢᠭᠡ ᠳᠤ᠂ ᠬᠤᠲᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠦᠷᠭᠡᠳᠬᠡᠨ᠎ᠡ᠃ ᠲᠣᠭᠤᠷᠢᠭ ᠪᠠᠶᠢᠭᠤᠯᠤᠭᠰᠠᠨ ᠠᠴᠠ ᠨᠠᠭᠠᠰᠢ | ᠪᠦᠷᠢᠯᠳᠦᠭᠰᠡᠨ ᠰᠠᠶᠢᠨ ᠰᠠᠶᠢᠬᠠᠨ ᠲᠥᠯᠥᠪᠵᠢᠭᠦᠯᠭᠡ ᠶᠢᠨ ᠰᠠᠭᠤᠷᠢ ᠶᠢ ᠵᠠᠯᠭᠠᠮᠵᠢᠯᠠᠵᠤ᠂ ᠰᠢᠨ᠎ᠡ ᠨᠢᠭᠡᠨ ᠡᠭᠡᠯᠵᠢ ᠶᠢᠨ ᠬᠤᠲᠠ ᠶᠢᠨ ᠶᠡᠷᠦᠩᠬᠡᠶ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠡᠬᠢᠯᠡᠯᠲᠡ ᠲᠠᠢ ᠪᠠᠷ ᠴᠢᠨᠠᠷ ᠰᠠᠶᠢᠲᠠᠶ ᠰᠠᠶᠢᠲᠤᠷ ᠬᠢᠵᠦ᠂ ᠳᠥᠭᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠬᠦ ᠭᠠᠵᠠᠷ ᠰᠢᠷᠣᠶ ᠶᠢ ᠵᠦᠶ ᠵᠣᠬᠢᠰᠲᠠᠶ ᠠᠰᠢᠭᠯᠠ᠂ ᠬᠤᠲᠠ ᠶᠢᠨ ᠣᠷᠣᠨ ᠵᠠᠶ ᠶᠢᠨ ᠪᠠᠶᠢᠷᠢᠰᠢᠯ ᠪᠠ ᠬᠡᠯᠪᠡᠷᠢ ᠪᠠᠶᠢᠳᠠᠯ ᠤᠨ | ᠴᠢᠳᠠᠮᠵᠢ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠲᠥᠯᠥᠪᠵᠢᠭᠦᠯᠭᠡ ᠶᠢᠨ ᠬᠢᠵᠠᠭᠠᠷᠯᠠᠯ ᠢ ᠴᠢᠩᠭᠠᠳᠬᠠᠨ᠂《ᠬᠤᠶᠠᠷ ᠤᠯᠠᠶᠢᠵᠤ ᠨᠢᠭᠡ | ᠨᠣᠭᠤᠭᠠᠷᠠᠭᠤᠯᠬᠤ》ᠭᠤᠷᠪᠠᠨ ᠱᠤᠭᠤᠮ ᠢ ᠨᠠᠶᠢᠳᠠᠪᠤᠷᠢᠵᠢᠭᠤᠯᠵᠤ ᠳᠡᠶᠢᠯᠬᠦ᠂ ᠰᠠᠬᠢᠵᠤ ᠳᠡᠶᠢᠯᠬᠦ᠂ ᠡᠷᠬᠡ ᠰᠦᠷ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠥᠪᠡᠷᠲᠡᠭᠡᠨ ᠵᠠᠰᠠᠬᠤ ᠣᠷᠣᠨ ᠤ《ᠬᠤᠲᠠ ᠶᠢᠨ ᠬᠤᠣᠰ ᠵᠠᠰᠠᠯᠲᠠ》 ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ | ᠬᠦᠴᠦ ᠪᠠᠷ ᠲᠦᠯᠬᠢᠨ ᠠᠬᠢᠭᠤᠯᠵᠤ᠂ 696 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠲᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠭᠤᠷᠠᠢ | ᠲᠠᠯ᠎ᠠ ᠶᠢ ᠵᠠᠰᠠᠨ ᠨᠥᠬᠦᠪᠥᠷᠢᠯᠡᠵᠦ᠂ ᠦᠨᠳᠦᠰᠦᠲᠡᠨ ᠤ ᠵᠠᠮ᠂ ᠭᠠᠷᠤᠳᠢ ᠵᠠᠮ᠂ ᠨᠥᠬᠦᠷᠯᠡᠯ ᠵᠠᠮ ᠢ ᠵᠠᠰᠠᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠬᠤᠲᠠ ᠲᠣᠭᠤᠷᠢᠭ ᠤᠨ ᠵᠠᠮ ᠤᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 645 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠡᠰᠡᠭ | ᠤᠰᠤ ᠬᠠᠩᠭᠠᠬᠤ ᠬᠤᠭᠤᠯᠠᠢ ᠶᠢ ᠥᠭᠡᠷᠡᠴᠢᠯᠡᠨ ᠰᠠᠶᠢᠵᠢᠷᠠᠭᠤᠯᠵᠤ᠂ ᠰᠠᠭᠠᠷᠮᠠᠭ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠤᠵᠠᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ᠂ ᠰᠠᠭᠠᠷᠮᠠᠭ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢᠨ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃《ᠵᠣᠷᠯᠣᠩ ᠤᠨ ᠬᠤᠪᠢᠰᠬᠠᠯ》 ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠪᠣᠷ ᠰᠢᠷᠣᠶ ᠶᠢᠨ ᠠᠭᠤᠳᠠᠮ | ᠲᠠᠯᠠᠪᠠᠢ᠂ ᠭᠠᠯᠲᠤ ᠲᠡᠷᠭᠡᠨ ᠥᠷᠲᠡᠭᠡ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ 10 ᠰᠠᠭᠤᠷᠢ ᠠᠷᠢᠭᠤᠨ ᠴᠡᠪᠡᠷ ᠤᠨ ᠲᠠᠰᠤᠯᠭ᠎ᠠ ᠶᠢ ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠨᠢᠭᠡᠴᠢ ᠶᠢᠨ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠪᠦᠬᠦᠨ ᠢ ᠰᠠᠭᠤᠭᠠᠯᠢ | ᠠᠷᠠᠳ ᠲᠤ ᠨᠡᠬᠡᠭᠡᠨ᠎ᠡ᠃ 760 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠲᠠᠯᠠᠪᠠᠢ ᠶᠢ ᠲᠡᠰ ᠳᠡᠪᠰᠢᠭᠦᠯᠬᠦ | ᠢᠨᠵᠧᠨᠧᠷᠢᠩ ᠢ ᠪᠡᠶᠡᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠤᠭᠤ ᠭᠠᠵᠠᠷ ᠤᠨ | ᠴᠡᠴᠡᠷᠯᠢᠭ᠂ ᠲᠠᠯ᠎ᠠ ᠨᠤᠲᠤᠭ ᠤᠨ ᠵᠤᠭᠠᠴᠠᠯ ᠤᠨ ᠴᠡᠴᠡᠷᠯᠢᠭ ᠵᠡᠷᠭᠡ ᠠᠮᠢ ᠠᠬᠤᠢ ᠶᠢᠨ ᠦᠵᠡᠮᠵᠢ ᠶᠢ ᠳᠡᠰ ᠳᠡᠪᠰᠢᠭᠦᠯᠦᠨ᠎ᠡ᠃ ᠬᠥᠬᠡᠬᠤᠲᠠ ᠶᠢᠨ ᠲᠡᠮᠦᠷ | ᠵᠠᠮ ᠤᠨ ᠲᠣᠪᠴᠢᠶ᠎ᠠ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠵᠣᠯᠭᠠᠯᠴᠠᠭ᠎ᠠ ᠶᠢ ᠴᠢᠩᠭᠠᠳᠬᠠᠵᠤ᠂《ᠭᠤᠷᠪᠠᠨ ᠬᠠᠩᠭᠠᠯᠭ᠎ᠠ ᠨᠢᠭᠡ ᠦᠢᠯᠡᠰ》 ᠢ | ᠬᠦᠯᠢᠶᠡᠨ ᠠᠪᠴᠤ ᠥᠭᠡᠷᠡᠴᠢᠯᠡᠬᠦ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠤᠰᠤ | ᠴᠡᠪᠡᠷᠰᠢᠭᠦᠯᠬᠦ ᠦᠢᠯᠡᠳᠪᠦᠷᠢ ᠪᠠᠶᠢᠭᠤᠯᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠦᠨ᠎ᠡ | ᠃ ᠡᠭᠦᠨ ᠤ ᠬᠠᠮᠲᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠰᠢᠯᠤᠭᠤᠳᠬᠠᠵᠤ᠂《ᠬᠠᠮᠢᠶᠠᠷᠤᠯᠲᠠ ᠶᠢ ᠪᠦᠷᠢᠨ ᠪᠦᠷᠬᠦᠭᠰᠡᠨ᠂ ᠬᠠᠷᠢᠭᠤᠴᠠᠯᠭ᠎ᠠ ᠳᠠᠯᠳᠠ ᠣᠷᠣᠨ ᠦᠭᠡᠢ》ᠲᠣᠮᠣ ᠬᠡᠪᠴᠢᠶᠡᠨ ᠤ ᠬᠤᠲᠠ ᠶᠢᠨ | ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠲᠤᠷᠠᠨ ᠠᠵᠢᠯᠯᠠᠬᠤ ᠲᠣᠭᠲᠠᠴᠠ ᠶᠢ | ᠬᠡᠷᠡᠭᠵᠢᠭᠦᠯᠦᠨ᠂ ᠭᠤᠷᠪᠠᠨ ᠱᠠᠲᠤᠨ ᠤ ᠠᠳᠠᠯ ᠠᠬᠤᠢ ᠶᠢᠨ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠵᠦ᠂ ᠰᠠᠭᠤᠭᠠᠯᠢ ᠲᠣᠭᠤᠷᠢᠭ ᠤᠨ ᠲᠡᠷᠭᠡᠨ ᠰᠠᠷᠠᠪᠴᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ | ᠬᠠᠮᠠᠭᠠᠯᠠᠬᠤ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠣᠶᠤᠨᠴᠢᠯᠠᠭᠰᠠᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠂ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠤᠯᠤᠰ ᠤᠨ | ᠭᠠᠵᠠᠷ ᠰᠢᠷᠣᠶ ᠶᠢ ᠨᠡᠭᠡᠭᠡᠨ ᠠᠰᠢᠭᠯᠠᠬᠤ ᠡᠮᠬᠢ ᠳᠢᠭᠯᠢᠮ ᠵᠡᠷᠭᠡ《ᠲᠠᠪᠤ ᠶᠢ ᠴᠡᠭᠴᠡᠯᠡᠨ ᠵᠠᠰᠠᠵᠤ᠂ ᠵᠢᠷᠭᠤᠭᠠᠨ ᠳᠤᠷ᠎ᠠ ᠲᠠᠪᠠ ᠶᠢᠨ ᠠᠵᠢᠯᠯᠠᠭᠠᠨ ᠳᠤ ᠴᠣᠬᠢᠯᠲᠠ | ᠥᠭᠬᠦ》ᠠᠵᠢᠯᠯᠠᠭ᠎ᠠ ᠶᠢ ᠥᠷᠨᠢᠭᠦᠯᠵᠦ᠂ ᠮᠠᠨ ᠤ ᠲᠣᠭᠤᠷᠢᠭ ᠢ ᠬᠠᠯᠠᠭᠤᠨ ᠳᠤᠯᠠᠭᠠᠨ ᠲᠠᠭᠠᠯᠠᠮᠵᠢᠲᠠᠶ᠂ ᠴᠡᠪᠡᠷ ᠴᠡᠮᠴᠡᠭᠡᠷ᠂ ᠥᠪᠡᠷᠮᠢᠴᠡ ᠲᠠᠲᠠᠬᠤ | ᠬᠦᠴᠦᠨ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠬᠤᠶᠠᠷ ᠲᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ | ᠰᠢᠰᠲ᠋ᠧᠮ ᠤᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠲᠥᠰᠦᠪ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠲᠤᠰᠬᠠᠶ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠡ ᠠᠵᠤ | ᠠᠬᠤᠶ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯᠲᠡ ᠬᠥᠷᠥᠩᠭᠡ ᠶᠢᠨ ᠥᠷᠲᠡᠭ ᠢ | ᠨᠡᠮᠡᠭᠳᠡᠭᠦᠯᠬᠦ ᠶᠢ ᠪᠡᠶᠡᠯᠡᠭᠦᠯᠦᠨ᠎ᠡ᠃《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂《ᠬᠠᠮᠤᠭ ᠣᠯᠠᠨ ᠳᠤ ᠪᠠᠨ | ᠨᠢᠭᠡ ᠤᠳᠠᠭ᠎ᠠ ᠭᠦᠶᠦᠬᠦ》ᠠᠵᠢᠯ ᠶᠠᠪᠤᠳᠠᠯ ᠡᠷᠬᠢᠯᠡᠬᠦ ᠦᠢᠯᠡᠴᠢᠯᠡᠭᠡ ᠶᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ | ᠲᠣᠭᠤᠷᠢᠨ ᠢ ᠪᠣᠶ ᠪᠣᠯᠭᠠᠨ᠎ᠠ᠃ 《ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠵᠦ᠂ ᠲᠥᠪᠯᠡᠷᠡᠭᠦᠯᠦᠨ ᠦᠢᠯᠡᠴᠢᠯᠡᠬᠦ》ᠥᠭᠡᠷᠡᠴᠢᠯᠡᠯᠲᠡ ᠶᠢ | ᠬᠡᠷᠡᠭᠵᠢᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠮᠠᠲ᠋ᠧᠷᠢᠶᠠᠯ ᠢ ᠴᠣᠮᠬᠠᠳᠬᠠᠵᠤ᠂ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ | ᠳᠥᠭᠦᠮᠴᠢᠯᠡᠯᠲᠡ ᠶᠢ ᠠᠬᠢᠭᠤᠯᠤᠨ᠎ᠠ᠃《ᠢᠨᠲ᠋ᠧᠷ ᠰᠦᠯᠵᠢᠶ᠎ᠡ + ᠮᠥᠩᠭᠦᠨ ᠭᠦᠢᠯᠭᠡᠭᠡ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠲᠢᠩᠬᠢᠮ᠂ ᠰᠢᠯᠵᠢᠮᠡᠯ ᠦᠵᠦᠭᠦᠷ APP ᠵᠡᠷᠭᠡ ᠣᠯᠠᠨ ᠠᠷᠭ᠎ᠠ ᠵᠠᠮ᠂ | ᠣᠯᠠᠨ ᠬᠡᠯᠪᠡᠷᠢ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠵᠦ᠂ 24 ᠴᠠᠭ《ᠡᠭᠦᠳᠡ ᠪᠠᠨ ᠬᠠᠭᠠᠬᠤ ᠦᠭᠡᠢ》ᠰᠦᠯᠵᠢᠶᠡᠨ | ᠳᠡᠭᠡᠷᠡᠬᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠥᠷᠥᠯ ᠵᠦᠢᠯ ᠤᠨ ᠵᠥᠪᠳᠡᠯᠴᠡᠬᠦ᠂ ᠬᠠᠮᠲᠤᠷᠠᠨ ᠬᠠᠶᠢᠨ ᠰᠢᠨᠵᠢᠬᠦ᠂ ᠬᠠᠮᠲᠤᠷᠠᠨ ᠰᠢᠯᠭᠠᠨ ᠠᠪᠬᠤ᠂ | ᠬᠠᠮᠲᠤᠷᠠᠨ ᠬᠢᠨᠠᠨ ᠵᠥᠪᠰᠢᠶᠡᠷᠡᠬᠦ ᠶᠢ ᠶᠡᠬᠡᠪᠡᠷ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠶ᠋ᠯ ᠤᠨ《ᠠᠮᠠᠯᠠᠯᠲᠠ ᠪᠠᠨ ᠮᠡᠳᠡᠭᠳᠡᠬᠦ | ᠳᠦᠷᠢᠮ + ᠢᠲᠡᠭᠡᠮᠵᠢ ᠶᠢᠨ ᠬᠢᠨᠠᠯᠲᠠ ᠬᠠᠮᠢᠶᠠᠷᠤᠯᠲᠠ》 ᠶᠢᠨ ᠥᠭᠡᠷᠡᠴᠢᠯᠡᠯᠲᠡ ᠶᠢ ᠲᠦᠷᠭᠡᠳᠬᠡᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠢ ᠳᠠᠬᠢᠨ 20 ᠡᠳᠦᠷ ᠪᠣᠭᠤᠨᠢᠰᠬᠠᠨ᠎ᠠ᠃ ᠳᠠᠩᠰᠠᠯᠠᠯ ᠢ ᠬᠦᠴᠦᠨ ᠦᠭᠡᠢ ᠪᠣᠯᠭᠠᠬᠤ ᠶᠢ ᠳᠥᠭᠦᠮᠴᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ | ᠡᠷᠬᠢᠯᠡᠨ ᠪᠠᠶᠢᠭᠤᠯᠬᠤ ᠴᠠᠭ ᠢ 5 ᠠᠵᠢᠯᠯᠠᠬᠤ ᠡᠳᠦᠷ ᠪᠠᠶᠢᠭᠰᠠᠨ ᠠᠴᠠ 3 ᠠᠵᠢᠯᠯᠠᠬᠤ ᠡᠳᠦᠷ ᠤᠨ ᠳᠣᠲᠣᠷ᠎ᠠ ᠪᠣᠯᠭᠠᠵᠤ᠂ ᠮᠠᠨ ᠤ ᠲᠣᠭᠤᠷᠢᠭ ᠢᠶᠠᠨ | ᠵᠣᠷᠢᠭᠲᠠᠶ ᠪᠠᠷ ᠬᠤᠪᠢᠰᠬᠠᠵᠤ᠂ ᠬᠥᠳᠡᠯᠭᠡᠬᠦ ᠬᠦᠴᠦᠨ ᠪᠢᠯᠬᠠᠮ᠎ᠠ᠂ ᠠᠮᠢᠵᠢᠷᠠᠯ ᠤᠨ ᠬᠦᠴᠦᠨ ᠢᠯᠡᠷᠡᠭᠦᠯᠦᠭᠰᠡᠨ ᠥᠭᠡᠷᠡᠴᠢᠯᠡᠯᠲᠡ ᠶᠢᠨ ᠬᠤᠲᠠ ᠪᠣᠯᠭᠠᠨ | ᠴᠢᠷᠮᠠᠶᠢᠨ ᠪᠠᠶᠢᠭᠤᠯᠤᠨ᠎ᠠ᠃ | ᠭᠤᠷᠪᠠ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠪᠴᠢᠯᠡᠨ ᠠᠬᠢᠭᠤᠯᠤᠨ᠎ᠠ᠃ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ | ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠳᠡᠭᠡᠳᠦ | ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠲᠠᠢ ᠤᠶᠠᠯᠳᠤᠭᠤᠯᠤᠨ ᠵᠣᠯᠭᠠᠯᠳᠤᠭᠤᠯᠵᠤ᠂ ᠮᠠᠨ ᠤ ᠲᠣᠭᠤᠷᠢᠭ ᠲᠤ ᠰᠤᠳᠤᠯᠤᠨ ᠨᠡᠭᠡᠭᠡᠬᠦ ᠲᠠᠪᠴᠠᠩ ᠪᠣᠯᠤᠨ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠪᠠᠶᠢᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂《ᠬᠤᠪᠣᠷ ᠰᠢᠷᠣᠶ +》ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠬᠠᠮᠲᠤᠪᠠᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠠᠬᠢᠴᠠ ᠶᠢ | ᠲᠦᠷᠭᠡᠳᠬᠡᠨ᠎ᠡ᠃ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠢᠶᠠᠨ | ᠪᠠᠳᠠᠷᠠᠭᠤᠯᠬᠤ ᠶᠢ ᠶᠡᠬᠡᠪᠡᠷ ᠳᠠᠮᠵᠢᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠥᠷᠨᠢᠭᠦᠯᠦᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠢᠭᠡ | ᠪᠦᠯᠦᠭ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠠᠰᠤᠷᠠᠯᠲᠠ ᠦᠭᠡᠢ ᠠᠬᠢᠭᠤᠯᠤᠨ᠎ᠠ᠃ ᠬᠥᠭᠵᠢᠯᠲᠡ ᠶᠢᠨ ᠰᠡᠳᠬᠢᠴᠡ ᠪᠠᠨ ᠰᠢᠨᠡᠴᠢᠯᠡᠵᠦ᠂《ᠹᠸᠢ ᠳ᠋ᠢ ᠠᠵᠤ ᠠᠬᠤᠶ》ᠬᠤᠤᠰ ᠡᠭᠦᠳᠦᠯᠲᠡ ᠶᠢᠨ | ᠬᠦᠷᠢᠶᠡᠯᠡᠩ ᠢᠶᠠᠷ ᠲᠠᠪᠴᠠᠩ ᠪᠣᠯᠭᠠᠵᠤ᠂ ᠣᠷᠣᠨ ᠪᠦᠰᠡ ᠶᠢᠨ ᠬᠦᠷᠢᠶᠡᠨ ᠤ ᠬᠢᠵᠠᠭᠠᠷᠯᠠᠯ ᠢ ᠡᠪᠳᠡᠵᠦ᠂ ᠨᠠᠩ ᠣᠯᠠᠨ ᠠᠯᠤᠰ ᠢᠷᠡᠭᠡᠳᠦᠶ ᠲᠠᠢ᠂ ᠳᠠᠶᠢᠴᠢᠯᠠᠬᠤ | ᠬᠦᠴᠦᠨ ᠲᠠᠢ᠂ ᠬᠤᠪᠢ ᠨᠡᠮᠡᠷᠢ ᠦᠵᠡᠭᠦᠯᠦᠭᠰᠡᠨ ᠳᠡᠭᠡᠳᠦ ᠰᠢᠨ᠎ᠡ ᠠᠵᠤ ᠠᠬᠤᠶᠢᠯᠠᠯ ᠪᠣᠯᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠬᠦᠷᠢᠶᠡᠯᠡᠩ | ᠲᠣᠭᠤᠷᠢᠭ ᠲᠤ ᠣᠷᠣᠭᠤᠯᠵᠤ᠂ ᠮᠠᠨ ᠤ ᠲᠣᠭᠤᠷᠢᠭ ᠤᠨ ᠲᠣᠮᠣ ᠳ᠋ᠠᠶᠢᠲ᠋ᠠ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ | ᠥᠷᠨᠢᠩᠭᠦᠶ ᠬᠥᠭᠵᠢᠯᠲᠡ ᠶᠢ ᠳᠠᠶᠢᠴᠢᠯᠠᠵᠤ᠂ ᠪᠦᠬᠦ ᠵᠢᠯ ᠤᠨ ᠭᠠᠶᠢᠯᠢ ᠲᠠᠲᠠᠪᠤᠷᠢ ᠶᠢ 2000 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠡᠭᠦᠨ ᠤ ᠬᠠᠮᠲᠤ᠂ᠹᠧᠢ ᠳ᠋ᠢ ᠠᠵᠤ ᠠᠬᠤᠢ ᠶᠢᠨ ᠬᠤᠤᠰ ᠡᠭᠦᠳᠦᠯᠲᠡ ᠶᠢᠨ ᠬᠦᠷᠢᠶᠡᠯᠡᠩ᠂《ᠪᠠᠶ᠋ᠬᠠᠣᠪᠣᠭ᠎ᠠ ᠦᠢᠯᠡᠰ ᠪᠣᠰᠬᠠᠬᠤ ᠬᠦᠷᠢᠶᠡᠯᠡᠩ》᠂ ᠪᠡᠭᠡᠵᠢᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠯᠢᠳᠡᠭ ᠲᠡᠭᠦᠰᠬᠦ ᠰᠤᠷᠤᠭᠴᠢᠳ ᠤᠨ ᠦᠢᠯᠡᠳᠦᠯᠭᠡ ᠬᠢᠬᠦ ᠰᠠᠭᠤᠷᠢᠨ ᠭᠠᠵᠠᠷ ᠢᠶᠠᠷ ᠲᠠᠪᠴᠠᠩ | ᠪᠣᠯᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠪᠡᠯᠡ ᠮᠥᠩᠭᠦ᠂ ᠲᠥᠷᠦ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠭᠤᠤᠯ ᠴᠣᠭᠴᠠ ᠶᠢᠨ ᠦᠰᠦᠨ ᠪᠤᠶᠢᠵᠢᠬᠤ ᠣᠷᠣᠨ ᠵᠠᠶ ᠶᠢ | ᠨᠡᠭᠡᠭᠡᠵᠦ᠂ ᠨᠢᠭᠡ ᠪᠦᠯᠦᠭ ᠭᠠᠵᠠᠷ ᠣᠷᠣᠨ ᠤ ᠬᠥᠭᠵᠢᠯᠲᠡ ᠳᠤ ᠪᠠᠴᠢᠮ ᠬᠡᠷᠡᠭᠴᠡᠭᠡ ᠲᠠᠢ ᠰᠢᠨ᠎ᠡ ᠶᠢ ᠡᠭᠦᠳᠬᠦ ᠦᠢᠯᠡᠰ ᠪᠣᠰᠬᠠᠬᠤ ᠴᠢᠳᠠᠪᠤᠷᠢᠲᠠᠨ᠂ ᠠᠵᠢᠯ | ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠵᠢᠴᠢ ᠬᠢᠴᠢᠶᠡᠯ ᠲᠥᠷᠥᠯ ᠤᠨ ᠳᠠᠭᠠᠭᠤᠯᠤᠭᠴᠢ ᠶᠢ ᠣᠷᠣᠭᠤᠯᠤᠨ ᠠᠪᠴᠢᠷᠠᠵᠤ᠂ ᠪᠥᠬᠦᠳᠡ ᠣᠯᠠᠨ ᠢᠶᠠᠷ ᠦᠢᠯᠡᠰ | ᠪᠣᠰᠬᠠᠬᠤ᠂ ᠲᠦᠮᠡᠨ ᠣᠯᠠᠨ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠮᠠᠨ ᠤ ᠲᠣᠭᠤᠷᠢᠭ ᠢᠶᠠᠨ ᠵᠣᠷᠢᠭᠲᠠᠶ ᠬᠢᠵᠦ ᠵᠣᠷᠢᠭᠲᠠᠶ ᠲᠤᠷᠰᠢᠬᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ | ᠳᠥᠷᠪᠡ ᠳᠤ᠂ ᠠᠵᠤ ᠠᠬᠤᠶᠢᠯᠠᠯ ᠪᠠ ᠣᠷᠣᠨ ᠪᠦᠰᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ᠨᠠᠩ ᠶᠡᠭᠡ | ᠬᠡᠪᠴᠢᠶ᠎ᠡ ᠪᠦᠬᠦᠢ ᠭᠠᠶᠢᠯᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ | ᠨᠡᠶᠢᠲᠡᠯᠡᠭᠰᠡᠨ《ᠬᠦᠷᠢᠶᠡᠯᠡᠩ ᠲᠣᠭᠤᠷᠢᠭ ᠤᠨ ᠠᠷᠪᠠᠨ ᠵᠤᠷᠪᠤᠰ》᠂《ᠨᠡᠶᠢᠲᠡ ᠶᠢᠨ ᠥᠮᠴᠢᠯᠡᠯ ᠤᠨ ᠪᠤᠰᠤ ᠠᠷᠪᠠᠨ ᠵᠤᠷᠪᠤᠰ》᠂《ᠰᠢᠨᠵᠢᠯᠡᠬᠦ ᠤᠬᠠᠭᠠᠨ | ᠮᠡᠷᠭᠡᠵᠢᠯ ᠤᠨ ᠠᠷᠪᠠᠨ ᠵᠤᠷᠪᠤᠰ》ᠵᠢᠴᠢ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ | ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠴᠠᠬᠢᠯᠭᠠᠨ ᠬᠦᠴᠦᠨ ᠤ | ᠣᠯᠠᠨ ᠲᠠᠯ᠎ᠠ ᠶᠢᠨ ᠠᠷᠠᠯᠵᠢᠶ᠎ᠠ ᠳᠤ ᠣᠷᠣᠯᠴᠠᠬᠤ ᠶᠢ ᠳᠡᠮᠵᠢᠬᠦ᠂ ᠣᠯᠠᠨ ᠵᠦᠢᠯ ᠤᠨ ᠬᠡᠯᠪᠡᠷᠢ ᠮᠠᠶ᠋ᠢᠭ ᠢ ᠳᠡᠯᠭᠡᠷᠡᠭᠦᠯᠬᠦ᠂ ᠠᠵᠤ ᠠᠬᠤᠶᠢᠯᠠᠯ ᠳᠤ ᠬᠤᠯᠪᠣᠭᠳᠠᠬᠤ | ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ ᠥᠪᠡᠷ ᠤᠨ ᠥᠷᠲᠡᠭ ᠪᠣᠯᠤᠨ | ᠭᠠᠶᠢᠯᠢ ᠰᠦᠢᠳᠬᠡᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠶᠠᠰᠤ ᠴᠢᠨᠠᠷ ᠪᠣᠯᠤᠨ ᠦᠷ᠎ᠡ ᠠᠰᠢᠭ ᠢ | ᠳᠡᠭᠡᠭᠰᠢᠯᠡᠭᠦᠯᠦᠨ᠎ᠡ᠃《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠠᠵᠤ ᠠᠬᠤᠢ ᠶᠢᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ》 ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ | ᠠᠭᠤᠷᠬᠠᠢ᠂ ᠪᠦᠦ ᠱᠠᠨ ᠠᠭᠤᠷᠬᠠᠢ ᠶᠢᠨ ᠦᠢᠯᠡᠰ ᠵᠡᠷᠭᠡ ᠤᠯᠤᠰ ᠤᠨ ᠥᠮᠴᠢᠯᠡᠯᠲᠡ ᠠᠵᠤ ᠠᠬᠤᠶᠢᠯᠠᠯ ᠬᠢᠭᠡᠳ ᠸᠧ ᠡᠯ ᠲᠧ ᠠᠭᠤᠷᠬᠠᠢ ᠶᠢᠨ ᠦᠢᠯᠡᠰ ᠵᠡᠷᠭᠡ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠲᠠᠢ ᠤᠷᠲᠤ ᠬᠤᠭᠤᠴᠠᠭᠠᠨ ᠤ ᠠᠰᠢᠭ ᠲᠤᠰᠠ ᠶᠢ ᠬᠠᠮᠲᠤᠪᠠᠷ ᠡᠳ᠋ᠯᠡᠬᠦ ᠲᠣᠭᠲᠠᠴᠠ ᠪᠠᠶᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠬᠤ ᠶᠢ ᠠᠬᠢᠭᠤᠯᠤᠨ᠎ᠠ᠃ | 《ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠭᠤᠤᠯᠳᠠᠯᠭ᠎ᠠ ᠲᠠᠢ ᠢᠵᠢ ᠪᠦᠷᠢᠳᠦᠭᠦᠯᠬᠦ ᠦᠢᠯᠡᠳᠬᠦᠨ ᠤ ᠨᠡᠷᠡᠰ》 ᠢ ᠨᠠᠶᠢᠷᠠᠭᠤᠯᠤᠨ ᠵᠣᠬᠢᠶᠠᠵᠤ᠂ ᠲᠣᠰ | ᠭᠠᠵᠠᠷ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠠᠷᠢᠮᠵᠢᠶ᠎ᠠ ᠲᠠᠢ ᠬᠠᠷᠢᠴᠠᠭᠤᠯᠬᠤ ᠠᠵᠢᠯᠯᠠᠭ᠎ᠠ ᠥᠷᠨᠢᠭᠦᠯᠵᠦ᠂ ᠠᠵᠤ ᠦᠢᠯᠡᠰ ᠤᠨ ᠢᠵᠢ | ᠪᠦᠷᠢᠳᠦᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠩᠬᠢ ᠠᠵᠤ ᠠᠬᠤᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠲᠣᠭᠤᠷᠢᠭ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠳᠡᠭᠡᠳᠦ ᠱᠠᠲᠤᠨ ᠤ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠢᠳᠡᠪᠬᠢᠲᠡᠢ ᠲᠡᠮᠡᠴᠡᠨ ᠣᠯᠬᠤ ᠶᠢ ᠠᠬᠢᠭᠤᠯᠵᠤ᠂ ᠣᠷᠣᠨ | ᠨᠤᠲᠤᠭ ᠤᠨ ᠠᠵᠤ ᠠᠬᠤᠶ ᠳᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃《ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠠᠷᠪᠠᠨ ᠵᠤᠷᠪᠤᠰ》 ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠨ᠎ᠠ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠷᠠᠯᠵᠢᠶ᠎ᠠ ᠶᠢ | ᠬᠦᠨᠳᠦᠳᠬᠡᠬᠦ᠂ ᠠᠷᠠᠯᠵᠢᠶ᠎ᠠ ᠶᠢ ᠴᠢᠬᠤᠯᠠᠴᠢᠯᠠᠬᠤ᠂ ᠠᠷᠠᠯᠵᠢᠶ᠎ᠠ ᠶᠢ ᠳᠣᠲᠣᠨᠣᠴᠢᠯᠠᠬᠤ᠂ ᠠᠷᠠᠯᠵᠢᠶ᠎ᠠ ᠶᠢ ᠠᠮᠤᠷᠵᠢᠭᠤᠯᠬᠤ ᠨᠡᠶᠢᠭᠡᠮ ᠤᠨ ᠠᠭᠤᠷ ᠠᠮᠢᠰᠬᠤᠯ ᠢ | ᠴᠢᠷᠮᠠᠶᠢᠨ ᠪᠤᠢ ᠪᠣᠯᠭᠠᠨ᠎ᠠ᠃ ᠤᠯᠤᠰ ᠤᠨ《ᠨᠢᠭᠡ ᠪᠦᠰᠡ ᠨᠢᠭᠡ ᠵᠠᠮ》ᠪᠠ《ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ》 ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠮᠠᠨᠳᠤᠯ ᠬᠢᠯᠢ ᠶᠢᠨ ᠪᠣᠭᠤᠮᠲᠠ ᠶᠢᠨ ᠣᠷᠣᠰ ᠮᠣᠩᠭᠤᠯ ᠤᠨ ᠡᠬᠢ ᠪᠠᠶᠠᠯᠢᠭ ᠪᠠ ᠭᠠᠳᠠᠭᠠᠳᠤ | ᠠᠷᠠᠯᠵᠢᠶᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠳᠠᠭᠰᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠭᠤᠮᠲᠠ ᠶᠢᠨ ᠪᠠᠷᠠᠭ᠎ᠠ ᠶᠢᠨ | ᠭᠦᠢᠯᠭᠡᠭᠡᠨ ᠤ ᠠᠵᠤ ᠦᠢᠯᠡᠰ ᠢ ᠬᠠᠮᠲᠤᠪᠠᠷ ᠠᠬᠢᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠵᠦ᠂ ᠬᠠᠮᠲᠤᠪᠠᠷ ᠠᠰᠢᠭ ᠬᠦᠷᠲᠡᠬᠦ ᠶᠢ | ᠠᠬᠢᠭᠤᠯᠤᠨ᠎ᠠ᠃ ᠪᠤᠭᠤᠲᠤ ᠶᠢᠨ ᠠᠭᠤᠯᠠ ᠶᠢᠨ ᠬᠤᠶᠢᠲᠤ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠦᠰᠡ ᠳᠤ ᠢᠳᠡᠪᠬᠢᠲᠡᠢ | ᠠᠭᠤᠰᠤᠯᠴᠠᠵᠤ᠂ ᠬᠠᠮ ᠭᠠᠵᠠᠷ ᠣᠷᠣᠨ ᠤ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠂ ᠠᠵᠤ ᠠᠬᠤᠢ ᠵᠨ ᠴᠡᠴᠡᠭᠯᠡᠨ ᠬᠥᠭᠵᠢᠬᠦ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠲᠠᠢ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃ ᠴᠢᠷᠮᠠᠶᠢᠵᠤ | ᠪᠠᠶᠢᠭᠠᠳ ᠮᠠᠨ ᠤ ᠲᠣᠭᠤᠷᠢᠭ ᠢᠶᠠᠨ ᠣᠯᠠᠨ ᠡᠰᠢᠲᠦ ᠪᠠᠭᠲᠠᠭᠠᠮᠵᠢᠲᠠᠶ᠂ ᠬᠠᠮᠵᠢᠯᠴᠠᠨ ᠬᠥᠭᠵᠢᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠲᠡᠬᠦ《ᠠᠭᠤᠰᠤᠯᠴᠠᠭᠰᠠᠨ ᠬᠤᠲᠠ》ᠪᠣᠯᠭᠠᠨ ᠪᠦᠲᠦᠭᠡᠨ ᠪᠠᠶᠢᠭᠤᠯᠤᠨ᠎ᠠ᠃ | ︵ᠲᠠᠪᠤ︶ 《ᠲᠠᠪᠤᠨ ᠶᠡᠭᠡ ᠡᠭᠦᠷᠭᠡ》 ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ | ᠪᠣᠳᠠᠲᠠᠶ ᠠᠷᠭ᠎ᠠ ᠭᠠᠷᠭᠠᠨ᠎ᠠ | ᠨᠢᠭᠡ ᠳᠤ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠠᠵᠢᠯ ᠣᠯᠭᠤᠬᠤ ᠳᠠᠬᠢᠨ ᠠᠵᠢᠯ ᠣᠯᠭᠤᠬᠤ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠣᠪᠤᠶᠢᠯᠭᠠᠨ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠠᠵᠤ ᠠᠬᠤᠶ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠬᠤ ᠪᠠᠷ | ᠳᠠᠮᠵᠢᠭᠤᠯᠤᠨ ᠨᠠᠩ ᠣᠯᠠᠨ ᠠᠵᠢᠯ ᠤᠨ ᠪᠠᠶᠢᠷᠢ ᠶᠢ ᠡᠭᠦᠳᠴᠦ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ᠂ ᠴᠡᠷᠢᠭ ᠠᠴᠠ ᠬᠠᠯᠠᠭᠳᠠᠭᠰᠠᠳ ᠲᠤ | ᠠᠵᠢᠯ ᠰᠢᠯᠵᠢᠭᠦᠯᠦᠨ ᠲᠥᠪᠬᠢᠨᠡᠭᠦᠯᠬᠦ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠣᠨᠴᠠᠭᠠᠢ ᠬᠠᠮᠲᠤ ᠴᠣᠭᠴᠠ ᠳᠤ ᠠᠵᠢᠯ ᠣᠯᠭᠤᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠵᠢᠯ ᠳᠤ ᠬᠤᠲᠠ ᠪᠠᠯᠭᠠᠰᠤᠨ ᠤ 200 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ | ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠲᠠᠢ ᠬᠠᠮᠲᠤᠷᠠᠨ | ᠠᠵᠢᠯᠯᠠᠵᠤ᠂ ᠡᠯ᠎ᠡ ᠲᠥᠷᠥᠯ ᠤᠨ ᠬᠥᠮᠦᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠥᠷᠭᠡᠳᠬᠡᠨ᠎ᠡ᠃ ᠰᠢᠨ᠎ᠡ ᠮᠠᠶ᠋ᠢᠭ ᠤᠨ ᠨᠡᠶᠢᠭᠡᠮ | ᠲᠣᠭᠤᠷᠢᠭ ᠤᠨ ᠰᠦᠯᠵᠢᠶᠡᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ | ᠳᠤᠷᠠᠳᠤᠭᠰᠠᠨ ᠪᠣᠳᠠᠲᠠᠶ ᠠᠰᠠᠭᠤᠳᠠᠯ ᠢ ᠥᠨᠳᠥᠷ ᠪᠦᠲᠦᠮᠵᠢᠲᠡᠶ᠂ ᠲᠦᠷᠭᠡᠨ ᠰᠢᠢᠳᠪᠦᠷᠢᠯᠡᠨ᠎ᠡ᠃ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠠᠵᠤ | ᠦᠢᠯᠡᠰ ᠤᠨ ᠬᠦᠷᠢᠶᠡᠯᠡᠩ ᠪᠠᠶᠢᠭᠤᠯᠤᠨ ᠡᠵᠡᠩᠨᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂《ᠡᠮᠨᠡᠬᠦ ᠪᠠ ᠠᠰᠠᠷᠠᠬᠤ ᠶᠢ | ᠤᠶᠠᠯᠳᠤᠭᠤᠯᠬᠤ》ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠠᠭᠤᠯᠠᠨ ᠬᠤᠶᠢᠨᠠᠬᠢ ᠬᠡᠰᠡᠭ ᠭᠠᠵᠠᠷ ᠣᠷᠣᠨ ᠤ ᠲᠡᠷᠢᠭᠦᠨ | ᠵᠡᠷᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠭᠠᠨ ᠪᠠᠶᠢᠭᠤᠯᠵᠤ᠂ ᠮᠠᠨ ᠤ ᠲᠣᠭᠤᠷᠢᠭ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠨᠠᠰᠤᠲᠠᠶᠢᠴᠤᠳ ᠲᠤ ᠴᠢᠨᠠᠷ ᠰᠠᠶᠢᠲᠠᠢ ᠦᠢᠯᠡᠴᠢᠯᠡᠭᠡ ᠪᠠ ᠣᠨᠴᠠ ᠬᠡᠷᠡᠭᠴᠡᠭᠡ ᠬᠠᠩᠭᠠᠨ᠎ᠠ᠃ ᠭᠠᠵᠠᠷ ᠣᠷᠣᠨ ᠤ ᠳᠣᠤᠷ᠎ᠠ ᠪᠠᠲᠤᠯᠠᠭᠠᠲᠤ ᠡᠷᠦᠬᠡ ᠳᠤ | ᠰᠢᠯᠵᠢᠮᠡᠯ ᠥᠷᠭᠡᠨ ᠪᠦᠰᠡ ᠶᠢ ᠰᠦᠢᠳᠬᠡᠯ ᠬᠤᠷᠢᠶᠠᠬᠤ ᠦᠭᠡᠢ ᠪᠠᠷ ᠤᠭᠰᠠᠷᠠᠨ᠎ᠠ᠃ ᠪᠠᠶ᠋ᠬᠠᠣᠪᠣᠭ᠎ᠠ ᠶᠢᠨ ᠡᠷᠦᠬᠡ ᠠᠮᠠ ᠶᠢᠨ ᠳᠠᠩᠰᠠ ᠪᠦᠬᠦᠢ 65 | ᠨᠠᠰᠤᠨ ᠠᠴᠠ ᠳᠡᠭᠡᠭᠰᠢᠬᠢ ᠨᠠᠰᠤᠲᠠᠨ ᠳᠤ ᠰᠠᠷ᠎ᠠ ᠪᠦᠷᠢ ᠰᠦᠢᠳᠬᠡᠯ ᠬᠤᠷᠢᠶᠠᠬᠤ ᠦᠭᠡᠢ ᠦᠭᠡ ᠨᠡᠪᠲᠡᠷᠡᠯᠴᠡᠬᠦ ᠴᠠᠭ᠂ ᠲᠤᠭ᠎ᠠ ᠪᠠᠷᠢᠮᠲᠠ ᠶᠢᠨ ᠤᠷᠤᠰᠴᠠ | ᠬᠦᠷᠭᠡᠵᠦ᠂ ᠨᠠᠰᠤᠲᠠᠳ ᠤᠨ ᠥᠲᠡᠯᠦᠭᠡ ᠨᠠᠰᠤᠨ ᠤ ᠠᠮᠢᠳᠤᠷᠠᠯ ᠢ ᠨᠠᠩ ᠵᠣᠯ ᠵᠢᠷᠭᠠᠯ ᠲᠠᠢ᠂ ᠨᠠᠩ ᠳᠥᠭᠦᠮ ᠳᠥᠲᠡ ᠪᠣᠯᠭᠠᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠶ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ | ᠣᠯᠭᠤᠵᠤ᠂《ᠵᠣᠯ ᠵᠢᠷᠭᠠᠯᠲᠤ ᠪᠠᠶ᠋ᠬᠠᠣᠪᠣᠭ᠎ᠠ》 ᠶᠢ ᠴᠢᠷᠮᠠᠶᠢᠨ ᠪᠠᠶᠢᠭᠤᠯᠤᠨ᠎ᠠ᠃ | ᠬᠤᠶᠠᠷ ᠲᠤ᠂ ᠴᠢᠨᠠᠷ ᠰᠠᠶᠢᠲᠠᠶ ᠲᠡᠩᠴᠡᠭᠦᠷᠢᠲᠡᠶ ᠰᠤᠷᠭᠠᠨ ᠬᠥᠮᠦᠵᠢᠯ ᠢ ᠴᠢᠷᠮᠠᠶᠢᠨ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ | ᠬᠥᠭᠵᠢᠭᠦᠯᠬᠦ ᠪᠠᠶᠢᠷᠢᠨ ᠳᠤ ᠲᠠᠯᠪᠢᠵᠤ᠂《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ︵2018 — 2020︶》᠂《ᠪᠠᠭᠰᠢ ᠶᠢ ᠰᠢᠯᠢᠳᠡᠭᠵᠢᠭᠦᠯᠦᠨ ᠬᠥᠮᠦᠵᠢᠭᠦᠯᠬᠦ ᠲᠥᠯᠥᠪᠯᠡᠭᠡ》 ᠶᠢ ᠭᠦᠨᠵᠡᠭᠡᠶ | ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂《ᠨᠡᠷᠡᠲᠦ ᠪᠠᠭᠰᠢ ᠪᠠᠷ | ᠳᠠᠶᠢᠴᠢᠯᠠᠬᠤ》᠂《ᠰᠤᠷᠭᠠᠭᠤᠯᠢ ᠶᠢᠨ ᠲᠡᠰ ᠤᠨ ᠬᠠᠷᠢᠯᠴᠠᠨ ᠬᠥᠳᠡᠯᠦᠯᠴᠡᠬᠦ》᠂《ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ》ᠠᠷᠭ᠎ᠠ | ᠪᠣᠳᠣᠯᠭ᠎ᠠ ᠶᠢ ᠬᠡᠷᠡᠭᠵᠢᠭᠦᠯᠵᠦ᠂ ᠪᠠᠭᠰᠢ ᠶᠢᠨ ᠬᠦᠴᠦᠨ ᠢ ᠴᠢᠩᠭᠠᠷᠠᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃《ᠠᠶᠠᠯᠠᠯ ᠳᠠᠭᠠᠭᠤᠯᠤᠭᠴᠢ ᠵᠠᠬᠢᠷᠤᠯ》᠂《ᠭᠠᠷᠮᠠᠭᠠᠶ ᠪᠠᠭᠰᠢ》ᠬᠥᠮᠦᠵᠢᠭᠦᠯᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠶᠢ ᠣᠷᠣᠭᠤᠯᠤᠨ ᠠᠪᠴᠢᠷᠠᠬᠤ ᠰᠠᠭᠠᠳ ᠥᠬᠡᠶ | ᠨᠡᠪᠲᠡᠷᠡᠬᠦ ᠵᠠᠮ ᠢ ᠨᠡᠪᠲᠡᠷᠡᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠮᠡᠷᠭᠡᠵᠢᠯ ᠤᠨ ᠴᠣᠯᠠ ᠶᠢ | ᠰᠢᠯᠭᠠᠷᠠᠭᠤᠯᠤᠨ ᠤᠷᠢᠬᠤ ᠶᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠶᠢ ᠪᠥᠬᠦ ᠬᠦᠴᠦᠨ ᠢᠶᠠᠷ ᠪᠠᠬᠢᠵᠢᠭᠦᠯᠦᠨ᠎ᠡ᠃ ᠠᠷᠪᠠᠨ | ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠵᠡᠷᠭᠡᠪᠡᠷ ᠣᠷᠣᠰᠢᠬᠤ《ᠨᠢᠭᠡ ᠴᠣᠭᠴᠠ ᠬᠤᠶᠠᠷ ᠵᠢᠭᠦᠷ》 ᠤᠨ ᠰᠤᠷᠭᠠᠭᠤᠯᠢ ᠡᠷᠬᠢᠯᠡᠬᠦ ᠵᠠᠭᠪᠤᠷ ᠢ ᠢᠳᠡᠪᠬᠢᠲᠡᠢ ᠴᠢᠷᠮᠠᠶᠢᠨ ᠣᠯᠵᠤ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤᠯᠠᠭᠰᠠᠨ᠂ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠦᠨ᠎ᠡ᠃ | ᠪᠠᠶ᠋ᠬᠠᠣᠪᠣᠭ᠎ᠠ ᠲᠡᠮᠦᠷ ᠤᠨ ᠠᠭᠤᠷᠬᠠᠢ ᠶᠢᠨ ᠬᠡᠤᠬᠡᠳ ᠤᠨ ᠴᠡᠴᠡᠷᠯᠢᠭ ᠢ ᠰᠢᠯᠵᠢᠭᠦᠯᠦᠨ ᠲᠤᠰᠢᠶᠠᠬᠤ ᠠᠵᠢᠯ ᠲᠠᠢ ᠤᠶᠠᠯᠳᠤᠭᠤᠯᠤᠨ᠂ ᠲᠣᠭᠤᠷᠢᠭ ᠤᠨ | ᠠᠭᠤᠷᠬᠠᠢ ᠶᠢᠨ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠭᠡᠷ ᠪᠠᠶᠢᠷᠢ ᠶᠢᠨ ᠪᠡᠯᠡᠳᠬᠡᠮᠵᠢ ᠪᠠ ᠪᠠᠭᠰᠢ ᠶᠢᠨ ᠬᠦᠴᠦᠨ ᠢ ᠨᠢᠭᠡᠳᠦᠯᠲᠡᠶ ᠲᠥᠯᠥᠪᠯᠡᠨ | ᠡᠮᠬᠢᠯᠡᠨ ᠨᠡᠶᠢᠯᠡᠭᠦᠯᠵᠦ᠂ ᠰᠢᠨ᠎ᠡ ᠪᠠᠷ ᠪᠠᠶᠢᠭᠤᠯᠬᠤ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠮᠠᠨ ᠤ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠴᠡᠴᠡᠷᠯᠢᠭ ᠲᠤ ᠣᠷᠣᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠠᠮᠲᠤᠷᠠᠨ ᠰᠤᠷᠭᠠᠭᠤᠯᠢ ᠡᠷᠬᠢᠯᠡᠬᠦ ᠶᠢ ᠬᠦᠴᠦᠯᠡᠨ ᠭᠦᠨᠵᠡᠭᠡᠶᠢᠷᠡᠭᠦᠯᠵᠦ᠂ ᠬᠤᠤᠰᠯᠠᠯ ᠪᠣᠯᠵᠤ ᠬᠠᠮᠲᠤᠪᠠᠷ | ᠪᠠᠶᠢᠭᠤᠯᠬᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠬᠠᠷᠢᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠬᠠᠮᠢᠶᠠᠷᠤᠯᠲᠠ | ᠂ ᠰᠤᠷᠭᠠᠨ ᠬᠥᠮᠦᠵᠢᠯ ᠤᠨ ᠠᠵᠢᠯᠯᠠᠭ᠎ᠠ᠂ ᠰᠤᠷᠭᠠᠨ ᠬᠥᠮᠦᠵᠢᠯ ᠤᠨ ᠵᠢᠭᠠᠨ ᠰᠤᠳᠤᠯᠬᠤ ᠰᠡᠳᠦᠪ᠂ ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ ᠬᠢ ᠭᠦᠨᠵᠡᠭᠡᠶ ᠬᠠᠮᠲᠤᠷᠠᠯᠴᠠᠭ᠎ᠠ ᠶᠢ ᠪᠡᠶᠡᠯᠡᠭᠦᠯᠵᠦ᠂《ᠰᠢᠯᠢᠳᠡᠭ ᠵᠢᠭᠠᠨ ᠰᠤᠷᠭᠠᠬᠤ ᠪᠠᠶ᠋ᠬᠠᠣᠪᠣᠭ᠎ᠠ》 ᠶᠢ ᠴᠢᠷᠮᠠᠶᠢᠨ ᠪᠠᠶᠢᠭᠤᠯᠤᠨ᠎ᠠ᠃ | ᠭᠤᠷᠪᠠ ᠳᠤ᠂ ᠡᠷᠡᠭᠦᠯ ᠮᠡᠨᠳᠦ ᠶᠢᠨ ᠦᠢᠯᠡᠰ ᠢ ᠪᠦᠬᠦ ᠬᠦᠴᠦ ᠪᠠᠷ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠳᠡᠰ ᠬᠤᠪᠢᠶᠠᠬᠤ᠂ | ᠲᠥᠷᠥᠯ ᠬᠤᠪᠢᠶᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠪᠠᠶ᠋ᠬᠠᠣᠪᠣᠭ᠎ᠠ ᠲᠡᠮᠦᠷ ᠤᠨ ᠠᠭᠤᠷᠬᠠᠢ ᠶᠢᠨ ᠡᠮᠨᠡᠯᠭᠡ ᠶᠢᠨ ᠬᠤᠷᠢᠶ᠎ᠠ ᠶᠢ ᠰᠢᠯᠵᠢᠭᠦᠯᠦᠨ ᠲᠤᠰᠢᠶᠠᠬᠤ ᠠᠵᠢᠯ ᠲᠠᠢ ᠤᠶᠠᠯᠳᠤᠭᠤᠯᠤᠨ᠂ ᠪᠦᠬᠦ ᠲᠣᠭᠤᠷᠢᠭ ᠤᠨ | ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠶᠠᠳᠤᠭᠠᠷ ᠲᠡᠰ ᠤᠨ ᠬᠥᠬᠡ ᠲᠡᠰ ᠤᠨ ᠪᠠᠷᠢᠮᠵᠢᠶ᠎ᠠ ᠶᠣᠰᠣᠭᠠᠷ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ ᠡᠬᠢᠯᠡᠭᠦᠯᠵᠦ᠂ ᠲᠥᠬᠦᠭᠡᠷᠦᠮᠵᠢ ᠶᠢ ᠰᠢᠨᠡᠳᠬᠡᠵᠦ᠂ ᠲᠦᠷᠭᠡᠨ | ᠡᠮᠴᠢᠯᠡᠭᠡ᠂ ᠬᠥᠩᠭᠡᠵᠢᠭᠦᠯᠬᠦ ᠰᠠᠯᠠᠭ᠎ᠠ᠂ ᠬᠡᠤᠬᠡᠳ ᠤᠨ ᠰᠠᠯᠠᠭ᠎ᠠ ᠵᠡᠷᠭᠡ ᠭᠤᠤᠯᠳᠠᠯᠭ᠎ᠠ ᠲᠠᠢ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠂ | ᠲᠡᠷᠢᠭᠦᠨ ᠤ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠠᠭᠪᠤᠷ ᠢᠶᠠᠷ ᠲᠣᠯᠢ ᠪᠣᠯᠭᠠᠵᠤ᠂ ᠮᠠᠨ ᠤ ᠲᠣᠭᠤᠷᠢᠭ ᠤᠨ ᠡᠮᠴᠢᠯᠡᠭᠡᠨ ᠤ ᠦᠢᠯᠡᠰ ᠤᠨ ᠳᠡᠰ | ᠳᠡᠪᠰᠢᠬᠦ ᠶᠢ ᠠᠬᠢᠭᠤᠯᠤᠨ᠂ ᠦᠢᠯᠡᠴᠢᠯᠡᠬᠦ ᠭᠠᠵᠠᠷ ᠣᠷᠣᠨ᠂ ᠡᠷᠭᠢᠨ ᠲᠣᠭᠤᠷᠢᠨ ᠢ ᠨᠥᠯᠥᠭᠡᠯᠡᠬᠦ ᠡᠮᠴᠢᠯᠡᠭᠡ ᠶᠢᠨ ᠦᠢᠯᠡᠴᠢᠯᠡᠭᠡᠨ ᠤ ᠰᠢᠨ᠎ᠡ ᠣᠷᠴᠢᠨ | ᠲᠣᠭᠤᠷᠢᠨ ᠢ ᠴᠢᠷᠮᠠᠶᠢᠨ ᠪᠤᠢ ᠪᠣᠯᠭᠠᠵᠤ᠂ ᠣᠯᠠᠨ ᠲᠦᠮᠡᠨ ᠤ《ᠡᠪᠡᠳᠴᠢᠨ ᠦᠵᠡᠭᠦᠯᠬᠦ ᠳᠤ ᠬᠦᠴᠢᠷᠲᠡᠶ》ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠨ᠎ᠡ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠦᠷᠭᠦᠯᠵᠢᠯᠡᠨ ᠴᠢᠩᠭᠠᠳᠬᠠᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨ ᠪᠣᠯᠭᠠᠨ᠂《ᠡᠪᠡᠳᠴᠢᠯᠡᠬᠦ ᠠᠴᠠ | ᠤᠷᠢᠳᠠᠪᠡᠷ ᠡᠪᠡᠳᠴᠢᠨ ᠢ ᠵᠠᠰᠠᠬᠤ》ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠳᠠᠭᠠᠨ ᠬᠠᠯᠳᠠᠪᠤᠷᠢᠲᠤ ᠪᠣᠰᠤ ᠴᠢᠨᠠᠷᠲᠠᠢ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠢ ᠴᠢᠷᠮᠠᠶᠢᠨ ᠪᠠᠶᠢᠭᠤᠯᠤᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ | ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠲᠠᠮᠢᠷ ᠤᠨ ᠪᠡᠯᠡᠳᠬᠡᠮᠵᠢ ᠪᠠ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠲᠠᠯᠪᠢᠬᠤ | ᠡᠷᠴᠢᠮ ᠢ ᠴᠢᠩᠭᠠᠷᠠᠭᠤᠯᠵᠤ᠂ ᠡᠯ᠎ᠡ ᠪᠡᠶ᠎ᠡ ᠲᠠᠮᠢᠷ ᠤᠨ ᠣᠷᠳᠣᠨ ᠲᠠᠯᠠᠪᠠᠢ ᠶᠢ ᠰᠦᠢᠳᠬᠡᠯ ᠬᠤᠷᠢᠶᠠᠬᠤ ᠦᠭᠡᠢ ᠪᠠᠷ ᠴᠢᠯᠥᠭᠡᠲᠡᠶ ᠲᠠᠯᠪᠢᠵᠤ᠂ ᠲᠠᠯ᠎ᠠ ᠨᠤᠲᠤᠭ ᠤᠨ | ᠮᠠᠷᠠᠽᠤᠨ ᠢ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠢᠳᠡᠭᠡᠨ ᠤ ᠵᠦᠢᠯ ᠤᠨ ᠲᠦᠷᠭᠡᠨ | ᠪᠠᠶᠢᠴᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠭᠡᠨ ᠪᠠ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠡᠷᠴᠢᠮ ᠢ ᠴᠢᠩᠭᠠᠷᠠᠭᠤᠯᠤᠨ᠂ ᠣᠯᠠᠨ ᠲᠦᠮᠡᠨ ᠤ ᠢᠳᠡᠭᠡᠨ ᠤᠮᠳᠠᠭᠠᠨ ᠪᠠ ᠡᠮ ᠬᠡᠷᠡᠭᠯᠡᠬᠦ ᠶᠢ ᠨᠠᠩ ᠠᠮᠤᠷ ᠲᠦᠪᠰᠢᠨ ᠪᠣᠯᠭᠠᠬᠤ ᠪᠠᠷ ᠴᠢᠷᠮᠠᠶᠢᠵᠤ᠂《ᠡᠷᠡᠭᠦᠯ | ᠰᠠᠷᠠᠭᠤᠯ ᠪᠠᠶ᠋ᠬᠠᠣᠪᠣᠭ᠎ᠠ》 ᠶᠢ ᠴᠢᠷᠮᠠᠶᠢᠨ ᠪᠠᠶᠢᠭᠤᠯᠤᠨ᠎ᠠ᠃ | ᠳᠥᠷᠪᠡ ᠳᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠬᠤ | ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ《ᠲᠡᠮᠦᠷ ᠴᠡᠴᠡᠭ》 ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠤᠭᠤᠲᠤ · ᠪᠠᠶ᠋ᠬᠠᠣᠪᠣᠭ᠎ᠠ ᠶᠢᠨ ᠠᠷᠪᠠᠳᠤᠭᠠᠷ | ᠬᠠᠴᠢᠨ ᠴᠢᠯᠠᠭᠤᠨ ᠰᠣᠶᠣᠯ ᠵᠢᠭᠤᠯᠴᠢᠯᠠᠯ ᠤᠨ ᠪᠠᠶᠠᠷ ᠵᠢᠴᠢ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ᠂ ᠵᠤᠨ ᠤ ᠨᠠᠶᠢᠷ ᠵᠡᠷᠭᠡ ᠣᠯᠠᠨ ᠲᠦᠮᠡᠨᠴᠢ | ᠴᠢᠨᠠᠷᠲᠠᠶ ᠰᠣᠶᠣᠯ ᠤᠨ ᠠᠵᠢᠯᠯᠠᠭ᠎ᠠ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠨᠠᠷᠢᠯᠢᠭ ᠵᠣᠬᠢᠶᠠᠨ ᠪᠠᠶᠢᠭᠤᠯᠵᠤ ᠪᠡᠯᠡᠳᠬᠡᠨ᠎ᠡ᠃ | ᠰᠣᠶᠣᠯ ᠤᠨ ᠣᠷᠳᠣᠨ᠂ ᠨᠣᠮ ᠤᠨ ᠰᠠᠩ ᠢ ᠡᠮᠬᠢᠯᠡᠨ ᠨᠡᠶᠢᠯᠡᠭᠦᠯᠵᠦ᠂ ᠡᠯ᠎ᠡ ᠲᠠᠯᠠᠪᠤᠷ ᠣᠷᠳᠣᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ | ᠲᠡᠭᠦᠯᠳᠡᠷᠵᠢᠭᠦᠯᠦᠨ᠂ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠣᠷᠣᠨ ᠨᠤᠲᠤᠭ ᠤᠨ ᠰᠣᠶᠣᠯ ᠤᠨ ᠨᠡᠷᠡᠲᠦ ᠬᠥᠮᠦᠰ ᠤᠨ | ᠬᠥᠭᠵᠢᠯᠲᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠰᠣᠶᠣᠯ ᠤᠨ ᠳᠠᠭᠠᠭᠤᠯᠤᠭᠴᠢ᠂ ᠰᠣᠶᠣᠯ ᠤᠨ ᠭᠤᠤᠯᠯᠠᠭᠴᠢ ᠬᠦᠴᠦᠨ ᠢ ᠬᠥᠮᠦᠵᠢᠭᠦᠯᠵᠦ᠂ | ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ | ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂《ᠰᠣᠶᠣᠯ ᠤᠨ ᠪᠠᠶ᠋ᠬᠠᠣᠪᠣᠭ᠎ᠠ》 ᠶᠢ ᠴᠢᠷᠮᠠᠶᠢᠨ ᠪᠠᠶᠢᠭᠤᠯᠤᠨ᠎ᠠ᠃ | ᠲᠠᠪᠤ ᠳᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠲᠠᠯ᠎ᠠ ᠪᠠᠷ ᠠᠬᠢᠭᠤᠯᠤᠨ᠎ᠠ᠃ ᠴᠠᠯᠢᠩ ᠥᠷᠢᠲᠦᠬᠦ ᠶᠢ ᠵᠠᠰᠠᠵᠤ | ᠵᠠᠷᠤᠯᠭ᠎ᠠ ᠶᠢ ᠪᠠᠲᠤᠯᠠᠬᠤ ᠲᠤᠰᠬᠠᠶ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠲᠡᠭᠡᠮᠵᠢ ᠶᠢᠨ ᠲᠠᠯ᠎ᠠ ᠪᠠᠷ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠨᠢᠭᠡᠪᠦᠷᠢ ᠶᠢᠨ | ᠰᠢᠷᠭᠠᠭᠤ ᠴᠢᠷᠮᠠᠶᠢᠯᠭ᠎ᠠ ᠳᠤ ᠣᠯᠪᠠᠰᠤ ᠵᠣᠬᠢᠬᠤ ᠬᠠᠷᠢᠭᠤ ᠶᠢ ᠣᠯᠭᠤᠨ᠎ᠠ᠃ ᠠᠶᠤᠯ ᠦᠭᠡᠢ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠨᠢᠭᠲᠠ ᠬᠠᠷᠢᠭᠤᠴᠠᠯᠭ᠎ᠠ ᠶᠢᠨ ᠰᠢᠰᠲ᠋ᠧᠮ ᠢᠶᠠᠷ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠶᠡᠭᠡ ᠬᠡᠮᠵᠢᠶ᠎ᠡ ᠪᠠᠷ ᠪᠠᠲᠤᠯᠠᠨ᠎ᠠ᠃ | ᠲᠣᠭᠲᠠᠮᠠᠯ ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠡᠷᠡᠭ ᠲᠤ ᠴᠢᠭᠯᠡᠭᠦᠯᠦᠨ ᠳᠣᠷᠣᠭᠰᠢ ᠰᠤᠷᠪᠤᠯᠵᠢᠯᠠᠬᠤ ᠪᠠ | ᠤᠳᠤᠷᠢᠳᠤᠯᠭ᠎ᠠ ᠲᠦᠷᠦᠭᠦᠯᠡᠨ ᠬᠡᠷᠡᠭ ᠢ ᠳᠠᠭᠠᠭᠠᠴᠢᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠨᠠᠮᠳᠠᠭᠤᠯᠬᠤ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠪᠦᠲᠦᠮᠵᠢᠲᠡᠢ | ᠰᠢᠢᠳᠪᠦᠷᠢᠯᠡᠨ᠎ᠡ᠃《ᠠᠮᠤᠷ ᠠᠮᠤᠭᠤᠯᠠᠩ ᠪᠠᠶ᠋ᠬᠠᠣᠪᠣᠭ᠎ᠠ ᠶᠢᠨ ᠶᠡᠭᠡ ᠠᠵᠢᠯᠯᠠᠭ᠎ᠠ》 ᠶᠢ ᠭᠦᠨᠵᠡᠭᠡᠶᠢᠷᠡᠭᠦᠯᠵᠦ᠂《ᠭᠤᠷᠪᠠᠨ ᠵᠦᠢᠯ ᠤᠨ ᠴᠠᠭᠳᠠᠭ᠎ᠠ | ᠦᠵᠡᠭᠳᠡᠬᠦ》ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠲᠣᠭᠲᠠᠭᠤᠨ ᠪᠤᠰᠤ ᠳᠠᠯᠳᠠ ᠬᠡᠮ ᠢ ᠪᠠᠶᠢᠴᠠᠭᠠᠬᠤ ᠪᠠ ᠣᠯᠠᠨ ᠨᠡᠶᠢᠲᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | 《ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ》ᠲᠤᠰᠬᠠᠶ ᠲᠡᠮᠡᠴᠡᠯ ᠪᠠ ᠬᠠᠲᠠᠭᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ | ᠬᠤᠲᠠ ᠶᠢᠨ ᠵᠠᠮ ᠬᠠᠷᠢᠯᠴᠠᠭ᠎ᠠ ᠶᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠭᠠᠳᠠᠭᠰᠢ ᠭᠠᠷᠬᠤ ᠰᠠᠶᠢᠨ ᠰᠠᠶᠢᠬᠠᠨ ᠣᠷᠴᠢᠨ | ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠪᠦᠬᠦ ᠬᠤᠲᠠ ᠶᠢᠨ ᠠᠩᠬᠠᠳᠠᠭᠴᠢ《ᠴᠥᠭᠡᠨ ᠲᠣᠭᠠᠲᠤ ᠦᠨᠳᠦᠰᠦᠲᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠥᠪ》 ᠢ ᠪᠠᠶᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ ᠰᠠᠶᠢᠨ ᠰᠠᠶᠢᠬᠠᠨ ᠪᠠᠶᠢᠳᠠᠯ ᠢ ᠪᠦᠬᠦ ᠬᠦᠴᠦ ᠪᠠᠷ ᠬᠠᠮᠠᠭᠠᠯᠠᠨ᠎ᠠ᠃ | ᠨᠡᠶᠢᠭᠡᠮ ᠲᠣᠭᠤᠷᠢᠭ ᠤᠨ ᠠᠵᠢᠯ ᠢ ᠴᠣᠮᠬᠠᠳᠬᠠᠨ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂《ᠨᠡᠶᠢᠭᠡᠮ | ᠲᠣᠭᠤᠷᠢᠭ ᠱᠦᠭᠯᠦ ᠦᠯᠢᠶᠡᠵᠦ᠂ ᠰᠠᠯᠠᠭ᠎ᠠ ᠮᠥᠴᠢᠷ ᠬᠦᠷᠦᠯᠴᠡᠨ ᠢᠷᠡᠬᠦ》ᠬᠠᠷᠢᠯᠴᠠᠨ ᠬᠥᠳᠡᠯᠦᠯᠴᠡᠬᠦ ᠲᠣᠭᠲᠠᠴᠠ ᠶᠢ ᠭᠦᠨᠵᠡᠭᠡᠶ ᠬᠡᠷᠡᠭᠵᠢᠭᠦᠯᠵᠦ᠂ | ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠨᠡᠶᠢᠭᠡᠮ ᠲᠣᠭᠤᠷᠢᠭ ᠲᠡᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠢ ᠠᠷᠠᠳ | ᠣᠯᠠᠨ ᠳᠤ ᠨᠠᠩ ᠰᠠᠶᠢᠲᠤᠷ ᠦᠢᠯᠡᠴᠢᠯᠡᠭᠦᠯᠵᠦ᠂《ᠠᠮᠤᠷ ᠠᠮᠤᠭᠤᠯᠠᠩ ᠪᠠᠶ᠋ᠬᠠᠣᠪᠣᠭ᠎ᠠ》 ᠶᠢ ᠴᠢᠷᠮᠠᠶᠢᠨ ᠪᠠᠶᠢᠭᠤᠯᠤᠨ᠎ᠠ᠃ | ︵ᠵᠢᠷᠭᠤᠭ᠎ᠠ︶《ᠵᠢᠷᠭᠤᠭᠠᠨ ᠴᠢᠩᠭᠠᠳᠬᠠᠯ》 ᠢ ᠬᠡᠷᠡᠭᠵᠢᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠨ᠎ᠠ | ᠰᠢᠨ᠎ᠡ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠣᠶᠢᠶ᠎ᠠ ᠳᠤ ᠳᠠᠪᠰᠢᠨ ᠣᠷᠣᠵᠤ᠂ ᠰᠢᠨ᠎ᠡ ᠠᠶᠠᠨ ᠵᠠᠮ ᠢᠶᠠᠨ ᠡᠬᠢᠯᠡᠭᠦᠯᠦᠭᠰᠡᠨ ᠨᠢ | ᠵᠠᠰᠠᠭ ᠤᠨ ᠣᠷᠳᠣᠨ ᠤ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠯᠠᠪᠲᠠᠶ ᠤᠭ | ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠲᠠᠯᠪᠢᠨ ᠵᠣᠷᠢᠭ ᠲᠠᠢ ᠬᠦᠴᠦᠯᠡᠵᠦ᠂ ᠰᠡᠳᠬᠢᠯ ᠲᠠᠯᠪᠢᠨ ᠭᠠᠷ ᠬᠤᠯᠪᠣᠨ ᠪᠠᠶᠢᠯᠳᠤᠵᠤ | ᠂ ᠠᠷᠠᠳ ᠣᠯᠠᠨ ᠤ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠨᠢᠭᠡ ᠳᠤ᠂ ᠭᠤᠤᠯᠯᠠᠬᠤ ᠦᠵᠡᠯ ᠤᠬᠠᠮᠰᠠᠷ ᠢᠶᠠᠨ ᠴᠢᠩᠭᠠᠳᠬᠠᠨ᠎ᠠ᠃《ᠳᠥᠷᠪᠡᠨ ᠤᠬᠠᠮᠰᠠᠷ》 ᠢ ᠪᠠᠲᠤ ᠪᠠᠬᠢ ᠪᠤᠢ ᠪᠣᠯᠭᠠᠵᠤ᠂《ᠳᠥᠷᠪᠡᠨ | ᠢᠲᠡᠭᠡᠯ》 ᠢ ᠪᠠᠲᠤᠳᠬᠠᠨ᠂《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ | ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ ᠤᠯᠤᠰ | ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠲᠣᠭᠤᠷᠢᠭ ᠤᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ | ᠪᠠᠲᠤᠯᠠᠨ᠎ᠠ᠃《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶ | 》 ᠢ ᠴᠢᠩᠭ᠎ᠠ ᠬᠡᠷᠡᠭᠵᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠵᠦ᠂ ᠰᠠᠶᠢᠲᠤᠷ ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃《ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ | ᠭᠦᠢᠴᠡᠳᠬᠡᠵᠦ᠂ ᠬᠠᠤᠯᠢ ᠳᠤ ᠡᠷᠬᠡ ᠣᠯᠭᠤᠭᠰᠠᠨ ᠦᠭᠡᠢ ᠪᠣᠯ ᠬᠢᠵᠦ ᠦᠯᠦ ᠪᠣᠯᠬᠤ》ᠱᠠᠭᠠᠷᠳᠠᠯᠭ᠎ᠠ ᠶᠣᠰᠣᠭᠠᠷ᠂ ᠬᠠᠤᠯᠢ ᠶᠢ ᠬᠦᠨᠳᠦᠳᠬᠡᠵᠦ᠂ ᠬᠠᠤᠯᠢ ᠶᠢ | ᠰᠤᠷᠤᠯᠴᠠᠵᠤ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠵᠦ᠂ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠤᠬᠠᠮᠰᠠᠷ ᠠᠴᠠ ᠪᠠᠨ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠬᠦᠴᠦ ᠪᠠᠷ | ᠪᠠᠶᠢᠭᠤᠯᠤᠨ᠎ᠠ᠃ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠴᠢᠩᠭ᠎ᠠ ᠪᠥᠭᠡᠳ ᠪᠣᠳᠠᠲᠠᠶ ᠠᠳᠬᠤᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠨ ᠪᠣᠯᠭᠠᠨ᠎ᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠣᠯᠠᠨ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠭᠤᠷᠪᠠ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠨᠡᠶᠢᠭᠡᠮ ᠤᠨ ᠵᠠᠰᠠᠯᠲᠠ᠂ ᠠᠵᠤ ᠠᠬᠤᠶᠢᠯᠠᠯ ᠤᠨ ᠢᠲᠡᠭᠡᠮᠵᠢ ᠶᠢᠨ ᠠᠷᠠᠯᠵᠢᠶ᠎ᠠ᠂ ᠬᠤᠪᠢ ᠬᠥᠮᠦᠨ ᠤ | ᠢᠲᠡᠭᠡᠮᠵᠢ ᠶᠢᠨ ᠳᠠᠩᠰᠠ ᠡᠪᠬᠡᠮᠡᠯ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ᠂ ᠣᠯᠠᠨ ᠨᠡᠶᠢᠲᠡ ᠶᠢᠨ | ᠡᠬᠢ ᠪᠠᠶᠠᠯᠢᠭ ᠢ ᠰᠢᠯᠵᠢᠭᠦᠯᠦᠨ ᠥᠭᠬᠦ᠂ ᠣᠯᠠᠨ ᠨᠡᠶᠢᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠢᠯᠡ ᠪᠣᠯᠭᠠᠬᠤ ᠬᠡᠮᠵᠢᠶ᠎ᠡ ᠪᠣᠯᠤᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠬᠡᠷᠡᠭ ᠡᠷᠬᠢᠯᠡᠬᠦ ᠳᠡᠰ | ᠳᠠᠷᠠᠭᠠᠯᠠᠯ ᠢ ᠳᠥᠭᠦᠮᠴᠢᠯᠡᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠠᠮᠤᠭ ᠤᠷᠢᠳᠠᠪᠡᠷ ᠲᠣᠰᠴᠤ ᠠᠪᠤᠭᠰᠠᠨ ᠬᠠᠷᠢᠭᠤᠴᠠᠭ᠎ᠠ | ᠡᠭᠦᠷᠭᠡᠯᠡᠬᠦ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠮᠥᠷᠳᠡᠨ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠶᠢ ᠬᠡᠷᠡᠭᠵᠢᠭᠦᠯᠵᠦ᠂ ᠠᠵᠢᠯ ᠬᠢᠵᠦ | ᠳᠡᠶᠢᠯᠬᠦ᠂ ᠢᠯᠡᠭᠦᠤ ᠠᠵᠢᠯ ᠬᠢᠵᠦ ᠳᠡᠶᠢᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠲᠤ ᠪᠠᠬᠢ ᠪᠣᠯᠭᠠᠨ᠎ᠠ᠃ ᠡᠯ᠎ᠡ ᠰᠠᠯᠠᠭ᠎ᠠ | ᠮᠥᠴᠢᠷ᠂ ᠨᠢᠭᠡᠴᠡ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠵᠣᠷᠢᠭᠲᠠᠶ ᠪᠠᠷ ᠬᠠᠷᠢᠭᠤᠴᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠨ ᠪᠠᠶᠢᠷᠢᠯᠠᠭᠤᠯᠤᠭᠰᠠᠨ ᠠᠵᠢᠯ ᠪᠠ ᠡᠭᠦᠷᠭᠡ ᠶᠢᠨ ᠪᠢᠴᠢᠭ ᠢ | ᠨᠠᠷᠢᠯᠢᠭᠵᠢᠭᠤᠯᠤᠨ᠂ ᠴᠠᠭ ᠤᠨ ᠬᠦᠰᠦᠨᠦᠭ ᠭᠠᠷᠭᠠᠵᠤ᠂ ᠨᠠᠷᠢᠨ ᠵᠢᠷᠤᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ᠂ ᠶᠠᠪᠤᠳᠠᠯ ᠪᠦᠬᠦᠨ ᠳᠤ | ᠬᠠᠷᠢᠭᠤᠯᠲᠠ ᠥᠭᠬᠦ ᠶᠢ ᠦᠨᠡᠨᠬᠦ ᠪᠠᠲᠤᠯᠠᠨ᠎ᠠ᠃ ᠦᠵᠡᠵᠦ ᠲᠣᠭᠲᠠᠭᠰᠠᠨ ᠤᠴᠢᠷ ᠶᠠᠪᠤᠳᠠᠯ ᠳᠤ ᠡᠷᠡᠭᠡᠯᠵᠡᠯ ᠦᠭᠡᠢ ᠬᠠᠨᠳᠤᠵᠤ᠂ ᠲᠣᠭᠲᠠᠭᠰᠠᠨ ᠤᠴᠢᠷ | ᠶᠠᠪᠤᠳᠠᠯ ᠢ ᠡᠴᠦᠰ ᠲᠤᠨᠢ ᠲᠤᠯᠲᠠᠯ᠎ᠠ ᠠᠳᠬᠤᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠠᠪᠤ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ | ᠶᠣᠰᠣ ᠳᠦᠷᠢᠮ ᠢ ᠴᠢᠩᠭ᠎ᠠ ᠵᠢᠷᠤᠮᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ《ᠨᠢᠭᠡ ᠠᠵᠢᠯ ᠤᠨ ᠪᠠᠶᠢᠷᠢ ᠬᠤᠣᠰ | ᠬᠠᠷᠢᠭᠤᠴᠠᠯᠭ᠎ᠠ》 ᠶᠢ ᠦᠨᠡᠨᠬᠦ ᠭᠦᠢᠴᠡᠳᠬᠡᠵᠦ᠂ ᠣᠪᠣᠷ ᠰᠤᠷᠲᠠᠯ ᠢᠶᠠᠨ ᠬᠤᠪᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠲᠣᠭᠤᠷᠢᠭ ᠤᠨ | ᠨᠠᠮ ᠤᠨ ᠬᠤᠷᠢᠶ᠎ᠠ ᠶᠢᠨ ᠢᠵᠢ ᠪᠦᠷᠢᠳᠦᠭᠰᠡᠨ ᠲᠣᠭᠲᠠᠭᠠᠯ ᠢ ᠭᠦᠨᠵᠡᠭᠡᠶ ᠲᠤᠭᠤᠰᠢᠯᠠᠭᠤᠯᠵᠤ᠂《ᠳᠥᠷᠪᠡᠨ ᠰᠤᠷᠲᠠᠯ》 ᠤᠨ ᠰᠢᠨ᠎ᠡ ᠢᠯᠡᠷᠡᠯ ᠢ ᠡᠷᠡᠰ | ᠵᠠᠯᠠᠷᠠᠭᠤᠯᠵᠤ᠂ ᠡᠷᠲᠡ ᠠᠴᠠ ᠠᠳᠬᠤᠨ ᠪᠠᠭ᠎ᠠ ᠠᠴᠠ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠬᠡᠷᠡᠭᠲᠡᠶ᠃ ᠨᠡᠶᠢᠲᠡ ᠶᠢᠨ ᠡᠷᠬᠡ ᠶᠢᠨ ᠠᠵᠢᠯᠯᠠᠭᠠᠨ ᠳᠤ | ᠲᠠᠯᠪᠢᠬᠤ ᠪᠠᠶᠢᠩᠭᠤᠵᠢᠭᠰᠠᠨ ᠬᠢᠨᠠᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ | ᠤᠯᠤᠰ ᠤᠨ ᠥᠮᠴᠢᠯᠡᠯ ᠤᠨ ᠡᠬᠢ ᠪᠠᠶᠠᠯᠢᠭ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠷᠬᠡ ᠶᠢ ᠦᠨᠡᠨᠬᠦ ᠳᠦᠷᠢᠮ ᠤᠨ ᠳᠣᠲᠣᠷ᠎ᠠ ᠬᠢᠵᠠᠭᠠᠷᠯᠠᠨ᠎ᠠ᠃ | ᠵᠢᠷᠭᠤᠭ᠎ᠠ ᠳᠤ᠂ ᠣᠯᠠᠨ ᠲᠦᠮᠡᠨᠴᠢ ᠦᠵᠡᠯᠲᠡ ᠶᠢ ᠴᠢᠩᠭᠠᠳᠬᠠᠨ᠎ᠠ᠃ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠡᠭᠦᠳᠡ ᠪᠠᠨ ᠨᠡᠭᠡᠭᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠣᠯᠠᠨ ᠲᠠᠯ᠎ᠠ ᠪᠠᠷ ᠠᠷᠠᠳ ᠲᠦᠮᠡᠨ ᠤ ᠣᠶᠤᠨ ᠤᠬᠠᠭᠠᠨ ᠢ | ᠬᠤᠷᠠᠮᠳᠤᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠦᠨᠡᠨᠬᠦ ᠠᠷᠠᠳ ᠤᠨ ᠰᠡᠳᠬᠢᠯ ᠤᠨ ᠰᠠᠭᠤᠷᠢᠨ ᠳᠡᠭᠡᠷ᠎ᠡ ᠪᠠᠶᠢᠭᠤᠯᠤᠨ᠎ᠠ᠃ ᠠᠷᠠᠳ | ᠣᠯᠠᠨ ᠤ ᠵᠣᠪᠠᠨᠢᠯ ᠢ ᠰᠡᠳᠬᠢᠯ ᠳᠡᠭᠡᠨ ᠪᠣᠳᠣᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠭᠰᠠᠨ ᠰᠤᠷᠭᠠᠨ ᠬᠥᠮᠦᠵᠢᠯ᠂ ᠡᠮ ᠡᠮᠨᠡᠯᠭᠡ᠂ ᠤᠰᠤ ᠬᠠᠩᠭᠠᠬᠤ ᠵᠡᠷᠭᠡ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠠᠵᠢᠯ | ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ ᠵᠡᠷᠭᠡ ᠠᠷᠠᠳ ᠲᠤ ᠳᠥᠭᠦᠮ ᠦᠵᠡᠭᠦᠯᠬᠦ ᠲᠠᠪᠴᠠᠩ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠭᠤᠮᠣᠳᠠᠯ ᠲᠣᠭᠠᠴᠢᠯᠲᠠ ᠶᠢ ᠭᠦᠢᠴᠡᠳᠬᠡᠬᠦ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠭᠦᠨ᠎ᠡ᠃《ᠭᠠᠪᠢᠶ᠎ᠠ ᠶᠢ ᠵᠠᠪᠠᠯ ᠪᠢ | ᠪᠦᠲᠦᠭᠡᠬᠦ ᠪᠢᠰᠢ》ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠠᠵᠢᠯ ᠢ ᠢᠯᠡᠭᠦᠬᠡᠨ ᠬᠢᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠣᠯᠬᠤ ᠪᠣᠳᠠᠲᠤ ᠠᠵᠢᠯ ᠢ ᠢᠯᠡᠭᠦᠬᠡᠨ ᠬᠢᠵᠦ᠂ ᠠᠷᠠᠳ ᠲᠦᠮᠡᠨ ᠳᠤ ᠦᠢᠯᠡᠴᠢᠯᠡᠬᠦ | ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ︕ ᠰᠢᠨ᠎ᠡ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢ ᠬᠥᠳᠡᠯᠦᠨ ᠳᠠᠭᠠᠭᠤᠯᠵᠤ᠂ ᠰᠢᠨ᠎ᠡ ᠬᠠᠷᠠᠯᠲᠠ ᠨᠢ ᠰᠢᠨ᠎ᠡ ᠠᠶᠠᠨ ᠶᠢ | ᠡᠬᠢᠯᠡᠭᠦᠯᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠪᠣᠳᠠᠲᠠᠶ ᠶᠢ ᠡᠷᠬᠢᠮᠯᠡᠬᠦ ᠰᠤᠷᠲᠠᠯ ᠪᠣᠯᠤᠨ ᠲᠡᠮᠡᠴᠡᠯ ᠤᠨ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠲᠡᠰ ᠳᠡᠪᠰᠢᠬᠦ ᠶᠢ | ᠠᠬᠢᠭᠤᠯᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠠᠷᠠᠳ ᠣᠯᠠᠨ ᠤ ᠬᠠᠨᠤᠮᠵᠢᠲᠠᠶ ᠠᠮᠵᠢᠯᠲᠠ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠶ᠎ᠡ︕ | |