ᠲᠡᠮᠦᠷ ᠤᠨ ᠠᠭᠤᠷᠬᠠᠶ ᠶᠢᠨ ᠨᠢᠭᠡᠳᠦᠭᠡᠷ ᠪᠠᠭ᠎ᠠ ᠰᠤᠷᠭᠠᠭᠤᠯᠢ ᠳᠤ ᠪᠦᠬᠦ ᠤᠯᠤᠰ ᠤᠨ ᠪᠠᠭ᠎ᠠ ᠠᠩᠭᠢᠴᠢᠯᠠᠭᠰᠠᠨ ᠰᠤᠷᠭᠠᠨ ᠬᠥᠮᠦᠵᠢᠯ ᠤᠨ ᠰᠣᠯᠢᠯᠴᠠᠨ ᠰᠤᠷᠤᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019-11-30
     ᠣᠶᠢᠷ᠎ᠠ ᠳᠤ᠂ ᠲᠡᠮᠦᠷ ᠤᠨ ᠠᠭᠤᠷᠬᠠᠶ ᠶᠢᠨ ᠨᠢᠭᠡᠳᠦᠭᠡᠷ ᠪᠠᠭ᠎ᠠ ᠰᠤᠷᠭᠠᠭᠤᠯᠢ ᠳᠤ ᠪᠦᠬᠦ ᠤᠯᠤᠰ ᠤᠨ ᠪᠠᠭ᠎ᠠ ᠠᠩᠭᠢᠴᠢᠯᠠᠭᠰᠠᠨ ᠰᠤᠷᠭᠠᠨ ᠬᠥᠮᠦᠵᠢᠯ ᠤᠨ ᠰᠣᠯᠢᠯᠴᠠᠨ ᠰᠤᠷᠤᠯᠴᠠᠬᠤ ᠬᠤᠷᠠᠯ ᠬᠢᠪᠡ᠂ ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠶᠢ ᠬᠠᠩᠵᠧᠦ ᠶᠢᠨ ᠹᠦ᠋ ᠶᠠᠩ ᠲᠣᠭᠤᠷᠢᠭ ᠲᠤ ᠬᠦᠷᠴᠦ《ᠰᠤᠷᠤᠭᠴᠢ ᠨᠢᠭᠡᠪᠦᠷᠢ ᠶᠢᠨ ᠭᠦᠨᠵᠡᠭᠡᠶ ᠰᠤᠷᠤᠯᠴᠠᠯᠭ᠎ᠠ ᠶᠢ ᠠᠩᠬᠠᠷᠬᠤ ᠰᠤᠷᠤᠯᠴᠠᠯᠭ᠎ᠠ》᠎ ᠳᠤ ᠣᠷᠣᠯᠴᠠᠭᠰᠠᠨ ᠪᠠᠭᠰᠢ ᠬᠠᠷᠢᠭᠤ ᠮᠡᠳᠡᠭᠦᠯᠦᠯᠲᠡ ᠬᠢᠵᠦ ᠰᠣᠯᠢᠯᠴᠠᠪᠠ᠃
     ᠶᠠᠩ ᠳ᠋ᠦᠩ ᠹᠠᠩ ᠪᠣᠯᠤᠨ ᠵᠠᠩ ᠼᠠᠢ ᠰᠢᠶᠠ ᠪᠠᠭᠰᠢ ᠤᠷᠢᠳ ᠬᠤᠵᠢᠳ ᠭᠤᠤᠯ ᠰᠡᠳᠦᠪᠲᠦ ᠶᠠᠷᠢᠶ᠎ᠠ ᠲᠠᠯᠪᠢᠵᠤ᠂ ᠲᠡᠳᠡ ᠭᠠᠳᠠᠭᠰᠢ ᠭᠠᠷᠴᠤ ᠰᠤᠷᠤᠯᠴᠠᠭᠰᠠᠨ ᠰᠢᠨ᠎ᠡ ᠮᠡᠳᠡᠭᠡ ᠵᠠᠩᠭᠢ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠪᠠᠷᠢᠯ ᠢᠶᠠᠨ ᠵᠢᠷᠤᠭ ᠦᠰᠦᠭ ᠢᠶᠠᠷ ᠬᠤᠤᠰᠯᠠᠭᠤᠯᠤᠭᠰᠠᠨPPT᠂ ᠠᠮᠢᠳᠤᠯᠢᠭ ᠦᠭᠡ ᠬᠡᠯᠡ᠂ ᠨᠠᠷᠢᠨ ᠪᠣᠳᠠᠲᠠᠶ ᠬᠢᠴᠢᠶᠡᠯ ᠤᠨ ᠪᠣᠳᠠᠲᠤ ᠵᠢᠱᠢᠶ᠎ᠡ ᠪᠠᠷ ᠪᠠᠭᠰᠢ ᠨᠠᠷ ᠲᠤ ᠲᠣᠰ ᠤᠳᠠᠭᠠᠨ ᠤ ᠭᠠᠳᠠᠭᠰᠢ ᠭᠠᠷᠴᠤ ᠰᠤᠷᠤᠯᠴᠠᠭᠰᠠᠨ ᠦᠷ᠎ᠡ ᠪᠦᠲᠦᠭᠡᠯ ᠢᠶᠠᠨ ᠦᠵᠡᠭᠦᠯᠦᠭᠰᠡᠨ ᠢ ᠪᠠᠶᠢᠨ᠎ᠠ᠃      ᠲᠡᠮᠦᠷ ᠤᠨ ᠠᠭᠤᠷᠬᠠᠢ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠵᠠᠬᠢᠷᠤᠯ ᠹᠠᠨ ᡁᠢ ᠰᠢᠨ ᠪᠠᠭᠰᠢ ᠨᠠᠷ ᠲᠠᠢ ᠲᠣᠰ ᠤᠳᠠᠭᠠᠨ ᠤ ᠰᠤᠷᠤᠯᠴᠠᠯᠭ᠎ᠠ ᠶᠢᠨ ᠬᠡᠳᠦᠨ ᠲᠥᠷᠥᠭᠳᠡᠯ ᠢᠶᠠᠨ ᠬᠤᠪᠢᠶᠠᠯᠴᠠᠵᠤ᠂ ᠬᠢᠴᠢᠶᠡᠯ ᠤᠨ ᠲᠠᠩᠬᠢᠮ ᠨᠢ ᠮᠡᠳᠡᠯᠭᠡ ᠤᠯᠠᠮᠵᠢᠯᠠᠬᠤ ᠪᠠᠷ ᠪᠠᠷᠠᠬᠤ ᠦᠭᠡᠢ᠂ ᠨᠠᠩ ᠴᠤ ᠬᠥᠮᠦᠵᠢᠭᠦᠯᠬᠦ ᠴᠢᠳᠠᠪᠤᠷᠢ ᠲᠠᠢ ᠪᠣᠯᠭᠠᠵᠤ᠂ ᠭᠦᠨᠵᠡᠭᠡᠶ ᠰᠤᠷᠤᠯᠴᠠᠬᠤ ᠨᠢ ᠰᠤᠷᠤᠭᠴᠢᠳ ᠢ ᠪᠡᠶ᠎ᠡ ᠪᠠᠨ ᠳᠠᠭᠠᠭᠠᠨ ᠰᠡᠳᠬᠢᠭᠦᠯᠵᠦ᠂ ᠡᠳᠦᠶ ᠲᠡᠳᠦᠶ ᠢᠯᠡᠷᠡᠭᠦᠯᠦᠯᠲᠡ᠂ ᠰᠢᠨ᠎ᠡ ᠡᠭᠦᠳᠦᠯᠲᠡ ᠲᠠᠢ ᠪᠣᠯᠭᠠᠳᠠᠭ ᠭᠡᠵᠦ ᠢᠯᠡᠷᠬᠡᠶᠢᠯᠡᠨ᠂ ᠪᠠᠭᠰᠢ ᠨᠠᠷ ᠦᠷᠭᠦᠯᠵᠢᠯᠡᠨ ᠴᠢᠷᠮᠠᠶᠢᠨ ᠦᠶᠯᠡᠳᠦᠯᠭᠡᠵᠢᠭᠦᠯᠵᠦ᠂ ᠰᠤᠷᠤᠭᠴᠢ ᠨᠢᠭᠡᠪᠦᠷᠢ ᠶᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠴᠢᠶᠡᠯ ᠤᠨ ᠲᠠᠩᠬᠢᠮ ᠳᠤ ᠣᠷᠣᠯᠴᠠᠬᠤ ᠶᠢ ᠪᠠᠲᠤᠯᠠᠵᠤ᠂ ᠪᠠᠭᠰᠢ ᠪᠣᠯᠤᠨ ᠬᠠᠨᠢᠲᠠᠨ ᠤ ᠪᠠᠨ ᠬᠠᠪᠰᠤᠷᠤᠯᠭ᠎ᠠ ᠪᠠᠷ ᠰᠤᠷᠤᠯᠴᠠᠬᠤ ᠡᠭᠦᠷᠭᠡ ᠶᠢ ᠪᠡᠶᠡᠯᠡᠭᠦᠯᠵᠦ᠂ ᠰᠤᠷᠤᠭᠴᠢᠳ ᠤᠨ ᠰᠤᠷᠤᠯᠴᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢ ᠬᠦᠰᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号