ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠲᠠᠷᠬᠠᠭᠠᠭᠰᠠᠨ ﹇2019﹈ 31 ᠳ᠋ᠦ᠋ᠭᠡᠷ ᠲᠣᠭᠠᠲᠤ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠡᠯ᠎ᠡ ᠨᠡᠶᠢᠭᠡᠮ ᠲᠣᠭᠤᠷᠢᠭ᠂ ᠡᠯ᠎ᠡ ᠠᠷᠠᠳ ᠤᠨ ᠪᠦᠯᠬᠦᠮ ᠳᠤ᠄ | 《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 3 ᠰᠠᠷ᠎ᠠ ᠶᠢᠨ 29 ᠤ ᠡᠳᠦᠷ | | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠵᠥᠪᠰᠢᠶᠡᠷᠡᠭᠰᠡᠨ《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ》ᠪᠣᠯᠤᠨ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ《ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ》 ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ | ᠳᠣᠷᠣᠭᠰᠢ《ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 》ᠭᠡᠵᠦ ᠲᠣᠪᠴᠢᠯᠠᠨ᠎ᠠ︶ ᠪᠣᠯ ᠵᠢᠩᠬᠢᠨᠢ ᠰᠠᠯᠠᠭᠠᠨ ᠤ | ᠳᠡᠰ ᠪᠠᠶᠢᠵᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠶᠯ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠲᠥᠪ ᠬᠤᠷᠢᠶᠠᠨ ᠤ | ᠤᠬᠠᠭᠤᠯᠭ᠎ᠠ᠂ ᠰᠣᠶᠣᠯ᠂ ᠪᠡᠶ᠎ᠡ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ | ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠦ ᠶᠢᠨ | ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠣᠯᠤᠨ | ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ | ᠪᠠᠨ ᠭᠦᠶᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ᠂ ᠪᠡᠶ᠎ᠡ ᠲᠠᠮᠢᠷ᠂ ᠷᠠᠳᠢᠣ᠋ ᠲᠧᠯᠸᠢᠰ᠂ ᠰᠦᠯᠵᠢᠶᠡᠨ | ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ | ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠰᠣᠶᠣᠯ ᠤᠨ ᠬᠦᠷᠢᠶ᠎ᠡ ᠬᠡᠪᠴᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ ᠤᠨ ᠵᠢᠭᠰᠠᠭᠠᠯ ᠤᠨ ᠭᠠᠵᠠᠷ᠂ ᠷᠠᠳᠢᠣ᠋ | ᠨᠡᠪᠲᠡᠷᠡᠭᠦᠯᠭᠡ ᠲᠧᠯᠸᠢᠰ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠥᠪ | ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ | ︵ᠬᠤᠶᠠᠷ︶ ᠰᠣᠶᠣᠯ ᠤᠨ ᠦᠶᠯᠡᠰ᠂ ᠰᠣᠶᠣᠯ ᠤᠨ ᠠᠵᠤ ᠦᠶᠯᠡᠰ᠂ ᠵᠢᠭᠤᠯᠴᠢᠯᠠᠯ ᠤᠨ ᠦᠶᠯᠡᠰ᠂ ᠷᠠᠳᠢᠣ᠋ ᠨᠡᠪᠲᠡᠷᠡᠭᠦᠯᠭᠡ ᠲᠧᠯᠸᠢᠰ ᠤᠨ ᠬᠦᠷᠢᠶ᠎ᠡ | ᠬᠡᠪᠴᠢᠶᠡᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ | ᠷᠠᠳᠢᠣ᠋ ᠨᠡᠪᠲᠡᠷᠡᠭᠦᠯᠭᠡ ᠲᠧᠯᠸᠢᠰ ᠤᠨ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠦᠬᠦ ᠲᠣᠭᠤᠷᠢᠭ ᠤᠨ ᠴᠢᠨᠠᠷᠲᠠᠶ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ ᠭᠤᠤᠯᠳᠠᠯᠭ᠎ᠠ ᠲᠠᠢ ᠰᠣᠶᠣᠯ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠂ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠵᠢᠭᠤᠯᠴᠢᠯᠠᠯ ᠤᠨ ᠪᠦᠬᠦᠯᠢ ᠴᠣᠭᠴᠠ ᠶᠢᠨ | ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠳᠤ | ᠬᠤᠷᠰᠢᠯᠴᠠᠭ᠎ᠠ ᠪᠣᠯᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢ ᠲᠤᠭᠤᠰᠢᠯᠠᠭᠤᠯᠤᠨ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠣᠯᠤᠨ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠵᠤ᠂ | ᠪᠦᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ᠎ᠠ᠃ | ︵ᠳᠥᠷᠪᠡ︶ ᠤᠳᠬ᠎ᠠ ᠤᠷᠠᠯᠢᠭ ᠤᠨ ᠦᠶᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ ᠪᠦᠲᠦᠭᠡᠵᠦ ᠦᠶᠯᠡᠳᠪᠦᠷᠢᠯᠡᠬᠦ ᠶᠢ | ᠵᠢᠯᠣᠭᠤᠳᠤᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠬᠠᠷᠠᠭᠤᠯᠤᠭᠰᠠᠨ᠂ ᠬᠥᠲᠥᠯᠥᠨ ᠵᠢᠯᠣᠭᠤᠳᠬᠤ ᠲᠥᠯᠥᠭᠡᠯᠡᠬᠦ ᠴᠢᠨᠠᠷᠲᠠᠶ ᠰᠣᠶᠣᠯ | ᠤᠨ ᠲᠥᠷᠥᠯ ᠵᠦᠶᠯ᠂ ᠤᠳᠬ᠎ᠠ ᠤᠷᠠᠯᠢᠭ ᠤᠨ ᠪᠦᠲᠦᠭᠡᠯ ᠢ ᠲᠡᠳᠬᠦᠵᠦ᠂ ᠡᠯ᠎ᠡ ᠤᠷᠠᠯᠢᠭ ᠤᠨ ᠲᠥᠷᠥᠯ ᠵᠦᠶᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ | ᠃ | ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ | ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ | ᠦᠨᠳᠦᠰᠦᠨ ᠦᠶᠯᠡᠴᠢᠯᠡᠭᠡᠨ ᠤ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠨᠣᠮ ᠤᠨ ᠰᠠᠩ᠂ ᠮᠦᠽᠧᠶ᠂ | ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠵᠡᠷᠭᠡ ᠦᠨᠳᠦᠰᠦᠨ ᠱᠠᠲᠤᠨ ᠤ ᠰᠣᠶᠣᠯ ᠤᠨ ᠲᠠᠯᠠᠪᠤᠷ ᠤᠨ ᠪᠦᠲᠦᠭᠡᠨ ᠪᠠᠶᠢᠭᠤᠯᠤᠯᠲᠠ | ᠶᠢ ᠴᠢᠩᠭᠠᠳᠬᠠᠨ᠎ᠠ᠃ ᠤᠷᠠᠯᠢᠭ ᠤᠨ ᠲᠣᠭᠯᠠᠯᠲᠠ ᠶᠢᠨ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠤᠨ ᠠᠵᠢᠯ ᠲᠥᠷᠥᠯ ᠤᠨ ᠨᠡᠶᠢᠭᠡᠮᠯᠢᠭ᠂ | ᠡᠷᠳᠡᠮ ᠰᠢᠨᠵᠢᠯᠡᠭᠡᠨ ᠤ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠨ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠷᠠᠳᠢᠣ᠋ | ᠲᠧᠯᠸᠢᠰ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠴᠢᠬᠤᠯᠠ ᠶᠡᠭᠡ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠰᠣᠶᠣᠯ᠂ ᠵᠢᠭᠤᠯᠴᠢᠯᠠᠯ ᠪᠠ ᠷᠠᠳᠢᠣ᠋ ᠨᠡᠪᠲᠡᠷᠡᠭᠦᠯᠭᠡ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠵᠢᠯᠣᠭᠤᠳᠤᠨ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ | ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠣᠯᠤᠭ᠎ᠠ︶ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠰᠣᠶᠣᠯ ᠤᠨ ᠥᠪ ᠬᠥᠷᠥᠩᠭᠡ ᠶᠢ ᠭᠤᠶᠤᠴᠢᠯᠠᠨ | ᠮᠡᠳᠡᠭᠦᠯᠬᠦ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠰᠣᠶᠣᠯ ᠤᠨ ᠨᠡᠷᠡᠲᠦ ᠬᠤᠲᠠ᠂ ᠲᠡᠦᠬᠡ ᠰᠣᠶᠣᠯ ᠤᠨ | ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠶᠯᠡᠰ | ᠬᠠᠮᠢᠶᠠᠷᠤᠨ ᠵᠢᠭᠠᠨ ᠵᠢᠯᠣᠭᠤᠳᠴᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠣᠯᠤᠨ ᠲᠥᠷᠥᠯ ᠵᠦᠶᠯ ᠤᠨ ᠬᠡᠷᠡᠭᠵᠢᠭᠦᠯᠦᠯᠲᠡ | ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ | ᠢ ᠬᠠᠮᠠᠭᠠᠯᠠᠬᠤ ᠨᠢᠭᠡᠴᠡ ᠶᠢ ᠪᠠᠲᠤᠯᠠᠨ ᠲᠠᠨᠢᠯᠴᠠᠭᠤᠯᠬᠤ ᠪᠠ ᠰᠢᠶᠠᠨ ᠤ ᠱᠠᠲᠤᠨ ᠤ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠨᠢᠭᠡᠴᠡ ᠶᠢ | ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠰᠣᠶᠣᠯ ᠲᠡᠦᠬᠡ ᠶᠢᠨ ᠳᠤᠷᠠᠰᠬᠠᠯᠲᠤ ᠵᠦᠶᠯᠡᠰ ᠢ ᠠᠪᠤᠷᠠᠵᠤ ᠬᠠᠮᠠᠭᠠᠯᠠᠬᠤ | ᠪᠠ ᠳᠡᠯᠭᠡᠷᠡᠭᠦᠯᠦᠨ ᠠᠰᠢᠭᠯᠠᠬᠤ ᠠᠵᠢᠯ ᠢ ᠬᠠᠷᠢᠭᠤᠴᠠᠨ᠎ᠠ᠃ | ︵ᠨᠠᠶᠮᠠ︶ ᠪᠦᠬᠦ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠶᠯ᠂ ᠮᠦᠽᠧᠶ ᠶᠢᠨ ᠦᠶᠯᠡᠰ ᠢ ᠵᠢᠯᠣᠭᠤᠳᠤᠨ ᠬᠠᠮᠢᠶᠠᠷᠤᠨ᠎ᠠ᠃ ᠪᠦᠬᠦ | ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠶᠯᠡᠰ ᠪᠣᠯᠤᠨ ᠮᠦᠽᠧᠶ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠶᠢ ᠬᠠᠷᠢᠭᠤᠴᠠᠵᠤ᠂ ᠪᠦᠬᠦ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠶᠯᠡᠰ ᠪᠣᠯᠤᠨ ᠮᠦᠽᠧᠶ ᠶᠢᠨ ᠲᠤᠬᠠᠶᠢᠯᠠᠭᠰᠠᠨ ᠠᠵᠢᠯ ᠢ | ᠵᠢᠯᠣᠭᠤᠳᠤᠨ᠎ᠠ᠃ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠡᠦᠬᠡ ᠶᠢᠨ | ᠳᠤᠷᠠᠰᠬᠠᠯᠲᠤ ᠵᠦᠶᠯ ᠪᠠ ᠮᠦᠽᠧᠶ ᠶᠢᠨ ᠬᠤᠯᠪᠣᠭᠳᠠᠯ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠨ᠎ᠠ᠃ ᠲᠡᠦᠬᠡ ᠶᠢᠨ ᠳᠤᠷᠠᠰᠬᠠᠯᠲᠤ ᠵᠦᠶᠯ ᠪᠠ ᠮᠦᠽᠧᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠮᠡᠳᠡᠭᠡ ᠵᠠᠩᠭᠢᠵᠢᠯᠲᠠ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯ ᠢ | ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠬᠦ ᠶᠢ ᠠᠬᠢᠭᠤᠯᠤᠨ᠎ᠠ᠃ | ︵ᠶᠢᠰᠦ︶ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠬᠠᠷᠢᠭᠤᠴᠠᠵᠤ᠂ ᠪᠦᠬᠦ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ | ᠥᠪ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ | ᠪᠣᠯᠤᠨ ᠦᠨᠳᠦᠰᠦᠲᠡᠨ ᠤ ᠰᠢᠯᠢᠳᠡᠭ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ | ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ | ︵ᠠᠷᠪᠠ︶ ᠰᠣᠶᠣᠯ ᠤᠨ ᠠᠵᠤ ᠦᠶᠯᠡᠰ ᠪᠣᠯᠤᠨ ᠵᠢᠭᠤᠯᠴᠢᠯᠠᠯ ᠤᠨ ᠠᠵᠤ ᠦᠶᠯᠡᠰ ᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠣᠯᠤᠨ | ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ ᠶᠢᠨ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠣᠭᠤᠳᠴᠤ᠂ ᠰᠣᠶᠣᠯ ᠤᠨ ᠠᠵᠤ ᠦᠶᠯᠡᠰ | ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠨᠢᠭᠡ︶ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ ᠵᠢᠭᠤᠯᠴᠢᠯᠠᠯ ᠤᠨ ᠠᠶᠤᠯ ᠦᠭᠡᠢ | ᠦᠶᠯᠡᠳᠪᠦᠷᠢᠯᠡᠯ᠂ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ ᠵᠢᠭᠤᠯᠴᠢᠯᠠᠯ ᠤᠨ ᠠᠵᠢᠯ ᠲᠥᠷᠥᠯ | ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ | ᠵᠢᠷᠤᠮᠵᠢᠭᠤᠯᠤᠨ᠎ᠠ᠃ | ︵ᠠᠷᠪᠠᠨ ᠬᠤᠶᠠᠷ︶ ᠪᠦᠬᠦ ᠲᠣᠭᠤᠷᠢᠭ ᠤᠨ ᠡᠯ᠎ᠡ ᠲᠥᠷᠥᠯ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠶᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠬᠢᠨ᠎ᠡ᠃ ᠬᠠᠤᠯᠢ ᠶᠣᠰᠣᠭᠠᠷ ᠲᠣᠭᠲᠠᠭᠠᠭᠰᠠᠨ | ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠦᠨ᠎ᠡ᠃ ᠷᠠᠳᠢᠣ᠋ ᠨᠡᠪᠲᠡᠷᠡᠭᠦᠯᠭᠡ᠂ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠠᠭᠤᠯᠭ᠎ᠠ ᠪᠠ | ᠶᠠᠰᠤ ᠴᠢᠨᠠᠷ ᠢ ᠬᠢᠨᠠᠨ ᠬᠠᠮᠢᠶᠠᠷᠬᠤ ᠪᠠ ᠬᠢᠨᠠᠨ ᠪᠠᠶᠢᠴᠠᠭᠠᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠵᠠᠷ ᠮᠡᠳᠡᠭᠡ ᠨᠡᠪᠲᠡᠷᠡᠭᠦᠯᠬᠦ ᠶᠢ ᠵᠢᠯᠣᠭᠤᠳᠴᠤ᠂ ᠬᠢᠨᠠᠨ | ᠬᠠᠮᠢᠶᠠᠷᠤᠨ᠎ᠠ᠃ ᠪᠦᠬᠦ ᠲᠣᠭᠤᠷᠢᠭ ᠤᠨ ᠴᠢᠨᠠᠷᠲᠠᠶ ᠷᠠᠳᠢᠣ᠋ ᠲᠧᠯᠸᠢᠰ ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ ᠰᠡᠳᠦᠪᠲᠦ ᠤᠬᠠᠭᠤᠯᠭ᠎ᠠ ᠪᠣᠯᠤᠨ | ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠵᠤ᠂ ᠪᠦᠬᠦ ᠲᠣᠭᠤᠷᠢᠭ ᠤᠨ ᠷᠠᠳᠢᠣ᠋ ᠨᠡᠪᠲᠡᠷᠡᠭᠦᠯᠭᠡ ᠶᠢ ᠬᠢᠨᠠᠨ ᠰᠣᠨᠣᠰᠴᠤ ᠬᠢᠨᠠᠨ | ᠦᠵᠡᠵᠦ᠂ ᠷᠠᠳᠢᠣ᠋ ᠨᠡᠪᠲᠡᠷᠡᠭᠦᠯᠭᠡ ᠶᠢ ᠦᠨᠡᠯᠡᠬᠦ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠪᠦᠬᠦ ᠲᠣᠭᠤᠷᠢᠭ ᠤᠨ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠬᠠᠷᠢᠭᠤᠴᠠᠨ ᠠᠬᠢᠭᠤᠯᠤᠨ᠎ᠠ᠃ ᠪᠦᠬᠦ ᠲᠣᠭᠤᠷᠢᠭ ᠤᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ | ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠪᠥᠬᠦ ᠬᠤᠲᠠ ᠶᠢᠨ ᠷᠠᠳᠢᠣ᠋ ᠨᠡᠪᠲᠡᠷᠡᠭᠦᠯᠭᠡ ᠶᠢ ᠪᠦᠷᠬᠦᠭᠦᠯᠬᠦ᠂ ᠬᠢᠨᠠᠨ ᠰᠢᠨᠵᠢᠬᠦ ᠪᠠ ᠠᠮᠤᠷ ᠲᠦᠪᠰᠢᠨ | ᠢᠶᠠᠷ ᠨᠡᠪᠲᠡᠷᠡᠭᠦᠯᠬᠦ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ | ︵ᠠᠷᠪᠠᠨ ᠳᠥᠷᠪᠡ︶ ᠪᠦᠬᠦ ᠲᠣᠭᠤᠷᠢᠭ ᠤᠨ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ | ᠲᠣᠭᠤᠷᠢᠭ ᠤᠨ ᠷᠠᠳᠢᠣ᠋ ᠲᠧᠯᠸᠢᠰ ᠤᠨ ᠰᠢᠰᠲ᠋ᠧᠮ ᠤᠨ ᠠᠮᠤᠷ ᠲᠦᠪᠰᠢᠨ ᠢᠶᠠᠷ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠶᠳᠪᠦᠷᠢᠯᠡᠬᠦ ᠪᠠ | ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠲᠣᠭᠤᠷᠢᠭ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠠᠶᠤᠯ ᠥᠬᠡᠶ ᠦᠶᠯᠡᠳᠪᠦᠷᠢᠯᠡᠯ | ᠤᠨ ᠤᠬᠠᠭᠤᠯᠭ᠎ᠠ ᠬᠥᠮᠦᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ | ᠥᠬᠡᠶ ᠦᠶᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃ | ︵ᠠᠷᠪᠠᠨ ᠲᠠᠪᠤ︶ ᠪᠦᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠶᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠲᠣᠭᠤᠷᠢᠭ ᠤᠨ ᠰᠣᠶᠣᠯ ᠵᠢᠭᠤᠯᠴᠢᠯᠠᠯ᠂ ᠲᠡᠦᠬᠡ ᠶᠢᠨ | ᠳᠤᠷᠠᠰᠬᠠᠯᠲᠤ ᠵᠦᠶᠯ᠂ ᠷᠠᠳᠢᠣ᠋ ᠲᠧᠯᠸᠢᠰ᠂ ᠺᠢᠨᠣ᠋ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠪᠠᠶᠢᠴᠠᠭᠠᠨ ᠰᠢᠶᠳᠪᠦᠷᠢᠯᠡᠵᠦ᠂ ᠬᠢᠨᠠᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ︵ᠠᠷᠪᠠᠨ ᠵᠢᠷᠭᠤᠭ᠎ᠠ︶ ᠰᠣᠶᠣᠯ ᠵᠢᠭᠤᠯᠴᠢᠯᠠᠯ ᠤᠨ ᠭᠠᠳᠠᠭᠠᠳᠤ ᠰᠣᠯᠢᠯᠴᠠᠭ᠎ᠠ ᠬᠢᠬᠦ᠂ ᠬᠤᠷᠰᠢᠬᠤ ᠪᠠ ᠤᠬᠠᠭᠤᠯᠤᠨ ᠳᠡᠯᠭᠡᠷᠡᠭᠦᠯᠬᠦ ᠠᠵᠢᠯ ᠢ | ᠥᠷᠨᠢᠭᠦᠯᠵᠦ᠂ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠭᠠᠳᠠᠭᠠᠳᠤ ᠰᠣᠯᠢᠯᠴᠠᠭ᠎ᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠷᠠᠳᠢᠣ᠋ ᠲᠧᠯᠸᠢᠰ | ᠤᠨ ᠭᠠᠳᠠᠭᠰᠢ ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠶ᠋ᠬᠠᠣᠪᠣᠭ᠎ᠠ ᠶᠢᠨ ᠰᠣᠶᠣᠯ ᠵᠢᠭᠤᠯᠴᠢᠯᠠᠯ ᠪᠠ ᠷᠠᠳᠢᠣ᠋ ᠲᠧᠯᠸᠢᠰ ᠤᠨ | ᠭᠠᠳᠠᠭᠰᠢ ᠭᠠᠷᠬᠤ ᠶᠢ ᠲᠦᠯᠬᠢᠨ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠶᠯᠡᠰ ᠪᠠ ᠮᠦᠽᠧᠶ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ | ᠶᠢ ᠬᠠᠮᠢᠶᠠᠷᠴᠤ ᠵᠢᠯᠣᠭᠤᠳᠤᠨ᠎ᠠ᠃ | ︵ᠠᠷᠪᠠᠨ ᠳᠣᠯᠤᠭ᠎ᠠ︶ ᠪᠦᠬᠦ ᠲᠣᠭᠤᠷᠢᠭ ᠤᠨ ᠪᠡᠶ᠎ᠡ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠵᠤ᠂ ᠪᠡᠶ᠎ᠡ ᠲᠠᠮᠢᠷ ᠤᠨ ᠦᠶᠯᠡᠰ | ᠪᠣᠯᠤᠨ ᠪᠡᠶ᠎ᠡ ᠲᠠᠮᠢᠷ ᠤᠨ ᠠᠵᠤ ᠦᠢᠯᠡᠰ ᠤᠨ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠣᠯᠠᠨ ᠡᠰᠢᠵᠢᠭᠰᠡᠨ ᠪᠡᠶ᠎ᠡ ᠲᠠᠮᠢᠷ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠪᠡᠶ᠎ᠡ ᠲᠠᠮᠢᠷ ᠤᠨ ᠣᠯᠠᠨ ᠨᠡᠶᠢᠲᠡ ᠶᠢᠨ ᠦᠶᠯᠡᠴᠢᠯᠡᠭᠡᠨ ᠪᠣᠯᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠠᠷᠪᠠᠨ ᠨᠠᠶᠮᠠ︶ ᠪᠦᠬᠦ ᠲᠣᠭᠤᠷᠢᠭ ᠤᠨ ᠣᠯᠠᠨ ᠲᠦᠮᠡᠨ ᠤ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠠᠬᠢᠭᠤᠯᠵᠤ᠂ ᠤᠯᠤᠰ ᠤᠨ ᠪᠡᠶ᠎ᠡ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ | ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ | ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠶᠢ ᠵᠢᠯᠣᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠤᠷᠢᠭ ᠤᠨ ᠱᠠᠲᠤᠨ | ᠤ ᠪᠡᠶ᠎ᠡ ᠲᠠᠮᠢᠷ ᠤᠨ ᠨᠡᠶᠢᠭᠡᠮ ᠤᠨ ᠪᠦᠯᠬᠦᠮ ᠤᠨ ᠬᠢᠷᠢ ᠬᠡᠮ ᠢ ᠬᠢᠨᠠᠨ ᠪᠠᠶᠢᠴᠠᠭᠠᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ᠃ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠡᠶ᠎ᠡ ᠲᠠᠮᠢᠷ ᠤᠨ ᠠᠵᠢᠯ ᠢ ᠵᠢᠯᠣᠭᠤᠳᠤᠨ᠎ᠠ᠃ | ︵ᠠᠷᠪᠠ ᠶᠢᠰᠦ︶ ᠪᠦᠬᠦ ᠲᠣᠭᠤᠷᠢᠭ ᠤᠨ ᠤᠷᠤᠯᠳᠤᠭᠠᠨ ᠤ ᠪᠡᠶ᠎ᠡ ᠲᠠᠮᠢᠷ ᠤᠨ ᠬᠥᠭᠵᠢᠯᠲᠡ ᠶᠢ ᠲᠥᠯᠥᠪᠵᠢᠭᠦᠯᠵᠦ᠂ ᠪᠦᠬᠦ ᠲᠣᠭᠤᠷᠢᠭ ᠤᠨ ᠪᠡᠶ᠎ᠡ ᠲᠠᠮᠢᠷ | ᠤᠨ ᠬᠥᠳᠡᠯᠭᠡᠭᠡᠨ ᠤ ᠲᠥᠷᠥᠯ ᠵᠦᠶᠯ ᠢ ᠪᠠᠶᠢᠷᠢᠯᠠᠭᠤᠯᠤᠨ᠂ ᠪᠡᠶ᠎ᠡ ᠲᠠᠮᠢᠷ ᠤᠨ ᠪᠣᠯᠪᠠᠰᠤᠷᠠᠯ ᠪᠣᠯᠤᠨ ᠪᠡᠶ᠎ᠡ ᠲᠠᠮᠢᠷ ᠤᠨ ᠤᠷᠤᠯᠳᠤᠭᠠᠨ ᠢ ᠵᠢᠯᠣᠭᠤᠳᠤᠨ | ᠵᠣᠬᠢᠴᠠᠭᠤᠯᠵᠤ᠂ ᠬᠥᠳᠡᠯᠭᠡᠭᠡᠨ ᠤ ᠡᠩᠨᠡᠭᠡᠨ ᠤ ᠪᠠᠶᠢᠭᠤᠯᠤᠯᠲᠠ ᠪᠣᠯᠤᠨ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ | ︵ᠬᠤᠷᠢ︶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠢᠬᠤᠯᠠ ᠶᠡᠭᠡ ᠤᠷᠤᠯᠳᠤᠭᠠᠨ ᠢ ᠵᠣᠬᠢᠶᠠᠨ ᠪᠠᠶᠢᠭᠤᠯᠤᠨ ᠳᠠᠭᠠᠭᠠᠨ ᠡᠷᠬᠢᠯᠡᠵᠦ | ᠣᠷᠣᠯᠴᠠᠨ᠂ ᠪᠦᠬᠦ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠲᠠᠮᠢᠷ ᠤᠨ ᠤᠷᠤᠯᠳᠤᠭᠠᠨ ᠢ ᠭᠤᠤᠯᠯᠠᠨ ᠡᠷᠬᠢᠯᠡᠨ᠎ᠡ᠃ ᠪᠠᠶ᠋ᠬᠠᠣᠪᠣᠭ᠎ᠠ ᠠᠭᠤᠷᠬᠠᠢ ᠶᠢᠨ | ᠲᠣᠭᠤᠷᠢᠭ ᠤᠨ ᠤᠷᠤᠯᠳᠤᠭᠠᠨ ᠤ ᠳᠦᠷᠢᠮ ᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠪᠦᠬᠦ ᠲᠣᠭᠤᠷᠢᠭ ᠤᠨ ᠴᠢᠨᠠᠷᠲᠠᠶ ᠤᠷᠤᠯᠳᠤᠭᠠᠨ ᠪᠣᠯᠤᠨ ᠲᠠᠮᠢᠷᠴᠢᠨ ᠤ | ᠡᠩᠨᠡᠭᠡ ᠶᠢ ᠬᠠᠮᠢᠶᠠᠷᠤᠨ᠎ᠠ᠃ | ︵ᠬᠤᠷᠢᠨ ᠨᠢᠭᠡ︶ ᠪᠦᠬᠦ ᠲᠣᠭᠤᠷᠢᠭ ᠤᠨ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠠᠵᠢᠯ ᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠬᠤᠷᠢᠨ ᠬᠤᠶᠠᠷ︶ ᠪᠡᠶ᠎ᠡ ᠲᠠᠮᠢᠷ ᠤᠨ ᠦᠶᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠡᠶ᠎ᠡ ᠲᠠᠮᠢᠷ ᠤᠨ ᠦᠶᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠲᠠᠮᠢᠷ ᠤᠨ ᠵᠠᠬ᠎ᠠ ᠳᠡᠯᠭᠡᠭᠦᠷ ᠢ ᠪᠣᠶᠢᠵᠢᠭᠤᠯᠤᠨ ᠬᠥᠭᠵᠢᠭᠦᠯᠵᠦ᠂ ᠪᠡᠶ᠎ᠡ ᠲᠠᠮᠢᠷ ᠤᠨ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠬᠤᠷᠢᠨ ᠭᠤᠷᠪᠠ︶ ᠪᠡᠶ᠎ᠡ ᠲᠠᠮᠢᠷ ᠤᠨ ᠰᠣᠶᠣᠯ᠂ ᠤᠬᠠᠭᠤᠯᠭ᠎ᠠ ᠬᠥᠮᠦᠵᠢᠯ᠂ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠪᠦᠬᠦ ᠲᠣᠭᠤᠷᠢᠭ ᠤᠨ ᠴᠢᠨᠠᠷᠲᠠᠶ ᠪᠡᠶ᠎ᠡ ᠲᠠᠮᠢᠷ ᠤᠨ ᠨᠡᠶᠢᠭᠡᠮ ᠤᠨ ᠪᠦᠯᠬᠦᠮ ᠢ ᠬᠠᠮᠢᠶᠠᠷᠤᠨ ᠵᠢᠯᠣᠭᠤᠳᠤᠨ᠎ᠠ᠃ ᠭᠠᠳᠠᠭᠠᠳᠤ ᠪᠡᠶ᠎ᠡ ᠶᠢᠨ ᠲᠠᠮᠢᠷ | ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ | ︵ᠬᠤᠷᠢᠨ ᠳᠥᠷᠪᠡ︶ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠪᠡ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠲᠠᠪᠤ︶ ᠭᠦᠶᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠲᠦᠯᠬᠢᠨ ᠠᠬᠢᠭᠤᠯᠵᠤ᠂ ᠬᠤᠳᠠᠯᠳᠤᠭ᠎ᠠ | ᠠᠷᠠᠯᠵᠢᠶᠠᠨ ᠤ ᠦᠶᠯᠡᠴᠢᠯᠡᠭᠡᠨ ᠤ ᠦᠶᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ | ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠶᠯᠭᠡᠭᠡᠨ | ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠲᠠᠢ ᠡᠵᠡᠩᠨᠡᠯᠲᠡ᠂ ᠪᠠᠷᠠᠭ᠎ᠠ ᠶᠢᠨ ᠭᠦᠶᠯᠭᠡᠭᠡᠨ ᠤ | ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ | ︵ᠬᠤᠷᠢᠨ ᠵᠢᠷᠭᠤᠭ᠎ᠠ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ᠰᠤᠳᠤᠯᠤᠨ | ᠳᠤᠷᠠᠳᠴᠤ᠂ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ ᠬᠡᠮᠵᠢᠶᠡᠨ ᠤ ᠦᠶᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠥᠪᠵᠢᠭᠦᠯᠪᠡ ᠪᠣᠯᠤᠨ ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ | ︵ᠬᠤᠷᠢᠨ ᠳᠣᠯᠤᠭ᠎ᠠ︶ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ | ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠶ ᠣᠯᠠᠨ ᠨᠡᠶᠢᠲᠡ ᠶᠢᠨ ᠦᠶᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠨᠴᠠᠭᠠᠢ ᠭᠦᠶᠯᠭᠡᠭᠡᠨ ᠤ ᠠᠵᠢᠯ ᠲᠥᠷᠥᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠢᠨᠠᠵᠤ ᠬᠠᠮᠢᠶᠠᠷᠤᠨ᠎ᠠ᠃ ᠬᠤᠳᠠᠯᠳᠤᠭ᠎ᠠ ᠠᠷᠠᠯᠵᠢᠶᠠᠨ ᠤ ᠦᠶᠯᠡᠴᠢᠯᠡᠭᠡᠨ ᠤ ᠦᠶᠯᠡᠰ᠂ ᠲᠣᠮᠣ ᠬᠡᠯᠪᠡᠷᠢ ᠶᠢᠨ ᠬᠤᠳᠠᠯᠳᠤᠭ᠎ᠠ ︵ᠴᠤᠭᠯᠠᠭᠠᠨ ᠦᠵᠡᠰᠬᠦᠯᠡᠩ︶ | ᠶᠢᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠬᠤ ᠶᠢ ᠬᠠᠷᠢᠭᠤᠴᠠᠨ᠎ᠠ᠃ | ︵ᠬᠤᠷᠢᠨ ᠨᠠᠶᠮᠠ︶ ᠪᠦᠬᠦ ᠲᠣᠭᠤᠷᠢᠭ ᠤᠨ ᠴᠢᠬᠤᠯᠠ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠪᠣᠯᠤᠨ ᠴᠢᠬᠤᠯᠠ | ᠦᠶᠯᠡᠳᠪᠦᠷᠢᠯᠡᠯ ᠤᠨ ᠬᠡᠷᠡᠭᠰᠡᠯ ᠤᠨ ᠭᠦᠶᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ | ᠠᠮᠢᠳᠤᠷᠠᠯ ᠤᠨ ᠵᠠᠪᠠᠯ ᠬᠡᠷᠡᠭᠰᠡᠬᠦ ᠵᠥᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ | ᠵᠠᠳᠠᠯᠤᠯᠲᠠ ᠬᠢᠨ᠎ᠡ᠃ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠭᠤᠯᠤᠨ᠎ᠠ᠃ | ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡᠯᠡᠯ ᠤᠨ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ | ᠬᠠᠷᠢᠭᠤᠴᠠᠨ᠎ᠠ᠃ ᠴᠢᠯᠠᠭᠤᠨ ᠲᠣᠰᠣᠨ ᠤ ᠭᠦᠶᠯᠭᠡᠭᠡ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ︵ᠬᠤᠷᠢ ᠶᠢᠰᠦ︶ ᠪᠦᠬᠦ ᠲᠣᠭᠤᠷᠢᠭ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠲᠥᠷᠥ | ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠪᠦᠬᠦ ᠲᠣᠭᠤᠷᠢᠭ ᠤᠨ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ | ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ | ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ | ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠦ ᠶᠢᠨ ᠪᠣᠳᠣᠯᠭ᠎ᠠ ᠪᠠ ᠪᠣᠯᠪᠠᠰᠤᠷᠠᠭᠤᠯᠬᠤ | ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ | ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠭᠠᠳᠠᠭᠠᠳᠤ ᠠᠴᠠ ᠲᠧᠭᠨᠢᠭ ᠮᠡᠷᠭᠡᠵᠢᠯ ᠣᠷᠣᠭᠤᠯᠬᠤ᠂ ᠲᠣᠨᠤᠭ ᠲᠥᠬᠦᠭᠡᠷᠦᠮᠵᠢ ᠶᠢ ᠭᠠᠳᠠᠭᠠᠳᠤ | ᠠᠴᠠ ᠣᠷᠣᠭᠤᠯᠬᠤ᠂ ᠤᠯᠤᠰ ᠤᠨ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠲᠧᠭᠨᠢᠭ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | | ︵ᠭᠤᠴᠢ︶ ᠤᠯᠤᠰ ᠤᠨ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ | ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ | ᠦᠶᠯᠡᠴᠢᠯᠡᠭᠡᠨ ᠢ ᠭᠠᠳᠠᠭᠠᠳᠤ ᠳᠤ ᠭᠠᠷᠭᠠᠬᠤ ᠪᠠ ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠶᠯᠡᠴᠢᠯᠡᠭᠡᠨ ᠢ | ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠬᠤᠷᠠᠯ ᠦᠵᠡᠰᠬᠦᠯᠡᠩ ᠤᠨ ᠦᠶᠯᠡᠰ ᠢ | ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠤᠯᠭ᠎ᠠ ᠶᠢᠨ ᠬᠡᠪᠴᠢᠶᠡᠨ ᠳᠣᠲᠣᠷ᠎ᠠ ᠦᠵᠡᠰᠬᠦᠯᠡᠩ ᠤᠨ ᠠᠵᠢᠯᠯᠠᠭ᠎ᠠ ᠡᠷᠬᠢᠯᠡᠬᠦ | ᠶᠢ ᠬᠠᠮᠢᠶᠠᠷᠤᠨ᠎ᠠ᠃ | ︵ᠭᠤᠴᠢᠨ ᠨᠢᠭᠡ︶ ᠮᠠᠨ ᠤ ᠤᠯᠤᠰ ᠤᠨ ᠳᠡᠯᠡᠬᠡᠢ ᠶᠢᠨ ᠠᠷᠠᠯᠵᠢᠶ᠎ᠠ ᠬᠤᠳᠠᠯᠳᠤᠭᠠᠨ ᠳᠤ ᠣᠷᠣᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ | ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠠᠮᠵᠢᠨ ᠬᠠᠮᠢᠶ᠎ᠠ | ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠡᠭᠰᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠮᠠᠨ ᠤ ᠲᠣᠭᠤᠷᠢᠭ ᠲᠤ ᠬᠤᠯᠪᠣᠭᠳᠠᠬᠤ ᠠᠵᠤ ᠠᠬᠤᠶ ᠠᠷᠠᠯᠵᠢᠶᠠᠨ ᠤ | ᠬᠡᠯᠡᠯᠴᠡᠭᠡ ᠳᠤ ᠣᠷᠣᠯᠴᠠᠨ᠎ᠠ᠃ | ︵ᠭᠤᠴᠢᠨ ᠬᠤᠶᠠᠷ︶ ᠭᠠᠳᠠᠭᠠᠳᠤ ᠠᠵᠤ ᠠᠬᠤᠢ ᠶᠢᠨ ᠬᠤᠷᠰᠢᠯᠴᠠᠭᠠᠨ ᠤ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ《ᠨᠢᠭᠡ | ᠪᠦᠰᠡ ᠨᠢᠭᠡ ᠵᠠᠮ》ᠳᠠᠭᠠᠤ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ ᠲᠠᠢ ᠠᠵᠤ | ᠠᠬᠤᠢ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠶᠢᠨ ᠠᠵᠢᠯ ᠳᠠᠭᠠᠭᠠᠴᠢᠯᠠᠬᠤ᠂ | ᠭᠠᠳᠠᠭᠰᠢ ᠬᠥᠳᠡᠯᠮᠦᠷᠢ ᠦᠶᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠭᠠᠳᠠᠭᠠᠳᠤ ᠳᠤ ᠪᠡᠯᠡ | ᠣᠷᠣᠭᠤᠯᠵᠤ ᠠᠵᠤ ᠠᠬᠤᠶᠢᠯᠠᠯ ᠡᠷᠬᠢᠯᠡᠬᠦ ︵ᠮᠥᠩᠭᠦᠨ ᠭᠦᠶᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠢ︶ ᠶᠢ ᠬᠠᠤᠯᠢ ᠶᠣᠰᠣᠭᠠᠷ ᠬᠠᠮᠢᠶᠠᠷᠤᠨ᠎ᠠ᠃ | ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ ᠤᠨ ᠭᠠᠳᠠᠭᠠᠳᠤ | ᠳᠤ ᠲᠤᠰᠠᠯᠠᠮᠵᠢ ᠦᠵᠡᠭᠦᠯᠬᠦ ᠲᠥᠷᠥᠯ ᠵᠦᠶᠯ ᠢ ᠡᠭᠦᠷᠭᠡᠯᠡᠨ᠎ᠡ᠃ | ︵ᠭᠤᠴᠢᠨ ᠭᠤᠷᠪᠠ︶ ᠪᠦᠬᠦ ᠲᠣᠭᠤᠷᠢᠭ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠡᠷ᠎ᠡ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠬᠤ | ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠢᠯᠢ ︵ | ᠬᠢᠯᠢ ᠠᠯᠤᠰᠯᠠᠭᠰᠠᠨ︶ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠦᠬᠦᠢ ᠠᠵᠢᠯ ᠢ ᠬᠠᠮᠵᠢᠨ ᠰᠠᠶᠢᠲᠤᠷ ᠬᠢᠨ᠎ᠡ᠃ | ︵ᠭᠤᠴᠢᠨ ᠳᠥᠷᠪᠡ︶ ᠭᠠᠵᠠᠷ ᠣᠷᠣᠨ ᠤ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠮᠠᠨᠳᠤᠯ ᠪᠣᠭᠤᠮᠲᠠ ᠶᠢᠨ ᠨᠡᠭᠡᠭᠡᠯᠲᠡ | ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠵᠡᠷᠭᠡ ᠠᠵᠢᠯ ᠳᠤ ᠢᠳᠡᠪᠬᠢᠲᠡᠢ ᠣᠷᠣᠯᠴᠠᠨ᠎ᠠ᠃《ᠨᠢᠭᠡ ᠪᠦᠰᠡ ᠨᠢᠭᠡ ᠵᠠᠮ》 ᠤᠨ ᠪᠦᠲᠦᠭᠡᠨ ᠪᠠᠶᠢᠭᠤᠯᠤᠯᠲᠠ | ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠳᠠᠬᠢ ᠵᠠᠮ ᠳᠠᠭᠠᠤ | ᠤᠯᠤᠰ ᠪᠠ ᠭᠠᠵᠠᠷ ᠣᠷᠣᠨ ᠯᠤᠭ᠎ᠠ ᠶᠢᠨ ᠪᠣᠭᠤᠮᠲᠠ ᠶᠢᠨ ᠬᠠᠮᠲᠤᠷᠠᠯᠴᠠᠭᠠᠨ ᠤ ᠶᠠᠪᠤᠳᠠᠯ ᠳᠤ ᠢᠳᠡᠪᠬᠢᠲᠡᠢ ᠣᠷᠣᠯᠴᠠᠨ᠎ᠠ᠃ ᠪᠤᠭᠤᠲᠤ ᠬᠤᠲᠠ ᠶᠢᠨ ᠤᠮᠠᠷᠠᠰᠢ | ᠨᠡᠭᠡᠭᠡᠯᠲᠡ ᠬᠢᠬᠦ᠂ ᠣᠷᠣᠰ ᠮᠣᠩᠭᠤᠯ ᠯᠤᠭ᠎ᠠ ᠶᠢᠨ ᠬᠤᠷᠰᠢᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠠᠵᠢᠯ ᠳᠤ ᠢᠳᠡᠪᠬᠢᠲᠡᠢ | ᠣᠷᠣᠯᠴᠠᠨ᠎ᠠ᠃ | ︵ᠭᠤᠴᠢᠨ ᠲᠠᠪᠤ︶ ᠪᠦᠬᠦ ᠲᠣᠭᠤᠷᠢᠭ ᠤᠨ ᠦᠶᠯᠡᠴᠢᠯᠡᠭᠡᠨ ᠤ ᠦᠢᠯᠡᠰ ᠤᠨ ᠠᠵᠢᠯ ᠢ ᠲᠦᠷᠦᠭᠦᠯᠡᠨ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ︵ᠭᠤᠴᠢᠨ ᠵᠢᠷᠭᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ | ︵ᠭᠤᠴᠢᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1.ᠲᠣᠭᠤᠷᠢᠭ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ᠂ ᠠᠷᠢᠬᠢᠨ ᠤ ᠵᠦᠶᠯ ᠤᠨ ᠭᠦᠶᠯᠭᠡᠭᠡᠨ ᠵᠡᠷᠭᠡ ᠲᠠᠯ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠬ᠎ᠠ ᠳᠡᠯᠭᠡᠭᠦᠷ | ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠣᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ | ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠤᠨ᠎ᠠ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠪᠡ ᠪᠣᠯᠤᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ | ︵2︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠤᠨ ᠲᠥᠪᠯᠡᠷᠡᠭᠦᠯᠦᠨ ᠮᠣᠨᠣᠫᠣᠯᠢᠴᠢᠯᠠᠯ ᠢ | ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠬᠤ ᠪᠠ ᠬᠠᠭᠤᠷᠮᠠᠭ ᠲᠠᠸᠠᠷ ᠲᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠨ᠎ᠡ᠃ ᠠᠷᠢᠬᠢᠨ ᠤ ᠵᠦᠶᠯ ᠤᠨ ᠭᠦᠶᠯᠭᠡᠭᠡᠨ ᠢ ᠬᠢᠨᠠᠨ | ᠬᠠᠮᠢᠶᠠᠷᠬᠤ ᠪᠠ ᠠᠷᠢᠬᠢᠨ ᠤ ᠵᠦᠶᠯ ᠤᠨ ᠢᠳᠡᠭᠡᠨ ᠤ ᠠᠶᠤᠯ ᠦᠭᠡᠢ ᠶᠢ ᠬᠠᠷᠢᠭᠤᠴᠠᠨ᠎ᠠ᠃ | 2. ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠮ ᠤᠨ ᠵᠦᠶᠯ ᠤᠨ ᠭᠦᠶᠯᠭᠡᠭᠡᠨ ᠤ ᠬᠠᠮᠢᠶᠠᠷᠤᠯᠲᠠ ᠶᠢᠨ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠮ ᠤᠨ ᠵᠦᠶᠯ ᠢ ᠬᠥᠭᠵᠢᠭᠦᠯᠬᠦ ᠲᠥᠯᠥᠪᠵᠢᠭᠦᠯᠭᠡ ᠪᠠ ᠲᠥᠷᠦ ᠶᠢᠨ ᠪᠣᠳᠣᠯᠭ᠎ᠠ | ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ | ︵2︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠬᠦ ᠶᠢ ᠬᠠᠷᠢᠭᠤᠴᠠᠵᠤ᠂ ᠡᠮ ᠤᠨ ᠵᠦᠶᠯ ᠤᠨ ᠭᠦᠶᠯᠭᠡᠭᠡᠨ ᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | 3. ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡᠯᠡᠨ ᠬᠠᠮᠢᠶᠠᠷᠬᠤ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠲᠥᠷᠥᠯ᠂ ᠢᠳᠡᠰᠢᠨ ᠨᠣᠭᠤᠭ᠎ᠠ ᠨᠥᠭᠡᠴᠡᠯᠡᠬᠦ ᠬᠠᠮᠢᠶᠠᠷᠤᠯᠲᠠ ᠶᠢ | ᠬᠠᠷᠢᠭᠤᠴᠠᠨ᠎ᠠ᠃ | ︵2︶ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠪᠥᠩ᠂ ᠰᠢᠬᠢᠷ᠂ ᠬᠢᠮᠢ ᠶᠢᠨ ᠪᠣᠷᠳᠣᠭᠤᠷ᠂ ᠡᠮ ᠤᠨ ᠵᠦᠶᠯ ᠵᠡᠷᠭᠡ | ᠴᠢᠬᠤᠯᠠ ᠡᠳ᠋ ᠪᠣᠳᠠᠰ ᠢ ᠨᠥᠭᠡᠴᠡᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠦᠶᠯ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠳᠣᠲᠣᠭᠠᠳᠤ ᠪᠠᠶᠢᠭᠤᠯᠤᠮᠵᠢ | ᠪᠠᠶᠢᠭᠤᠯᠬᠤ ᠦᠭᠡᠢ᠃ | ᠲᠠᠪᠤᠳᠤᠭᠠᠷ ᠵᠦᠶᠯ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 4 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠳᠡᠳ᠋ ᠲᠣᠪᠴᠢᠶᠠᠨ ᠳᠠᠷᠤᠭ᠎ᠠ 2 ᠨᠡᠷᠡᠰ ᠲᠣᠬᠢᠷᠠᠭᠤᠯᠤᠨ᠎ᠠ᠃ | ᠵᠢᠷᠭᠤᠳᠤᠭᠠᠷ ᠵᠦᠶᠯ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ | ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠳᠠᠬᠢᠨ ᠲᠣᠭᠲᠠᠭᠠᠨ᠎ᠠ᠃ | ᠳᠣᠯᠣᠳᠤᠭᠠᠷ ᠵᠦᠶᠯ ᠲᠣᠰ ᠲᠣᠭᠲᠠᠭᠠᠯ ᠤᠨ ᠲᠠᠶᠢᠯᠪᠤᠷᠢᠯᠠᠵᠤ ᠭᠦᠶᠴᠡᠳᠬᠡᠬᠦ ᠠᠵᠢᠯ ᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ | ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ᠎ᠠ᠂ ᠲᠡᠭᠦᠨ ᠤ ᠲᠣᠬᠢᠷᠠᠭᠤᠯᠤᠯᠲᠠ ᠶᠢ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠶᠮᠠᠳᠤᠭᠠᠷ ᠵᠦᠶᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | 2019 ᠣᠨ ᠤ 3 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |