ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠲᠠᠷᠬᠠᠭᠠᠭᠰᠠᠨ ﹇2019﹈ 28 ᠳ᠋ᠤᠭᠠᠷ ᠲᠣᠭᠠᠲᠤ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤ ᠣᠷᠳᠣᠨ ᠤ ᠠᠯᠪᠠᠨ ᠭᠡᠷ | | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ | ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠡᠯ᠎ᠡ ᠨᠡᠶᠢᠭᠡᠮ ᠲᠣᠭᠤᠷᠢᠭ᠂ ᠡᠯ᠎ᠡ ᠠᠷᠠᠳ ᠤᠨ ᠪᠦᠯᠬᠦᠮ ᠳᠤ᠄ | 《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ》 ᠢ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠭᠤᠷᠢᠭ ᠤᠨ ᠨᠠᠮ ᠤᠨ | ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 3 ᠰᠠᠷ᠎ᠠ ᠶᠢᠨ 29 ᠤ ᠡᠳᠦᠷ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠵᠥᠪᠰᠢᠶᠡᠷᠡᠭᠰᠡᠨ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ》ᠪᠣᠯᠤᠨ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ《 ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ 》 ᠢ ᠦᠨᠳᠦᠰᠦᠯᠡᠨ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︵ᠳᠣᠷᠣᠭᠰᠢ《ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ》ᠭᠡᠵᠦ ᠲᠣᠪᠴᠢᠯᠠᠨ᠎ᠠ | ︶ ᠪᠣᠯ ᠵᠢᠩᠬᠢᠨᠢ ᠰᠠᠯᠠᠭᠠᠨ ᠤ ᠳᠡᠰ ᠪᠠᠶᠢᠵᠤ᠂ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠶᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ᠂ ᠬᠤᠲᠠ ᠶᠢᠨ ᠬᠠᠮᠢᠶᠠᠷᠤᠯᠲᠠ ᠪᠠ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠲᠣᠰ ᠭᠠᠵᠠᠷ ᠣᠷᠣᠨ ᠤ ᠪᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠪᠥᠭᠡᠳ ᠬᠡᠷᠡᠭᠵᠢᠭᠦᠯᠦᠨ᠎ᠡ᠃ | ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠭᠤᠤᠯ ᠴᠣᠭᠴᠠ ᠠᠴᠠ ᠬᠠᠩᠭᠠᠬᠤ᠂ | ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ | ᠃ ᠬᠤᠲᠠ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠬᠤᠲᠠ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ | ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ | ᠶᠢᠨ ᠠᠰᠠᠭᠤᠳᠠᠯ ᠢ ᠬᠠᠷᠢᠭᠤᠴᠠᠨ ᠰᠢᠶᠳᠪᠦᠷᠢᠯᠡᠨ᠎ᠡ᠃ | ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ | ᠬᠢᠬᠦ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠠᠵᠤ ᠠᠬᠤᠢ ᠶᠢᠨ ᠬᠠᠮᠢᠶᠠᠷᠤᠯᠲᠠ᠂ ᠠᠳᠠᠯ | ᠠᠬᠤᠢ ᠶᠢᠨ ᠬᠠᠮᠢᠶᠠᠷᠤᠯᠲᠠ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ | ᠶᠢᠨ ᠬᠠᠮᠲᠤ ᠲᠤᠭᠤᠰᠢᠯᠠᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠮᠢᠶᠠᠷᠤᠨ᠎ᠠ᠃ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ | ᠪᠠᠶᠢᠰᠢᠩ ᠤᠨ ᠲᠠᠯᠠᠪᠠᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ᠂ ᠬᠤᠲᠠ ᠶᠢᠨ ᠠᠶᠤᠯᠲᠠᠶ ᠭᠡᠷ ᠪᠠᠶᠢᠰᠢᠩ ᠤᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠬᠡᠷᠡᠭᠵᠢᠭᠦᠯᠬᠦ ᠶᠢ ᠬᠠᠷᠢᠭᠤᠴᠠᠨ᠎ᠠ᠃ ᠲᠣᠭᠤᠷᠢᠭ ᠤᠨ ᠲᠣᠰ ᠱᠠᠲᠤᠨ ᠤ ᠤᠯᠤᠰ ᠤᠨ ᠥᠮᠴᠢᠯᠡᠯᠲᠡ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠪᠠ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃ | ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ | ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ | ᠪᠠᠷᠢᠮᠵᠢᠶ᠎ᠠ ᠪᠣᠯᠤᠨ ᠪᠦᠬᠦ ᠲᠣᠭᠤᠷᠢᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠶᠢ ᠬᠠᠷᠢᠭᠤᠴᠠᠨ ᠬᠡᠷᠡᠭᠵᠢᠭᠦᠯᠦᠨ᠎ᠡ᠃ | ᠣᠯᠠᠨ ᠨᠡᠶᠢᠲᠡ ᠶᠢᠨ ᠦᠶᠯᠡᠴᠢᠯᠡᠭᠡᠨ ᠤ ᠪᠡᠯᠡᠳᠬᠡᠮᠵᠢ ︵ᠴᠢᠮᠡᠭᠡ ᠬᠤᠯᠪᠣᠭᠠᠨ ᠤ ᠪᠡᠯᠡᠳᠬᠡᠮᠵᠢ ᠪᠠᠭᠲᠠᠬᠤ ᠥᠬᠡᠶ︶ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ | ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠲᠣᠭᠲᠠᠭᠠᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠵᠢᠷᠭᠤᠭ᠎ᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠷᠢᠭᠤᠴᠠᠨ᠎ᠠ᠃ | ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠢ ᠦᠶᠯᠡᠳᠪᠦᠷᠢᠯᠡᠯ ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ | ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ | ︵ᠳᠣᠯᠤᠭ᠎ᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠠᠭᠠᠯᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠤᠲᠠ ᠶᠢᠨ ᠪᠦᠲᠦᠭᠡᠨ | ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠲᠣᠰ ᠭᠠᠵᠠᠷ ᠣᠷᠣᠨ ᠤ ᠪᠠᠨ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠲᠠ ᠲᠣᠭᠤᠷᠢᠭ ᠤᠨ ᠵᠠᠮ᠂ ᠬᠥᠭᠦᠷᠭᠡ ᠭᠤᠯᠳᠤᠩ᠂ ᠵᠠᠮ ᠤᠨ ᠳ᠋ᠧᠩ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠬᠠᠮᠢᠶᠠᠷᠴᠤ ᠬᠠᠮᠠᠭᠠᠯᠠᠬᠤ ᠪᠠ ᠪᠦᠲᠦᠭᠡᠨ | ᠪᠠᠶᠢᠭᠤᠯᠬᠤ ᠠᠵᠢᠯ ᠢ ᠬᠠᠷᠢᠭᠤᠴᠠᠨ᠎ᠠ᠃ ᠬᠤᠲᠠ ᠲᠣᠭᠤᠷᠢᠭ ᠤᠨ ᠤᠰᠤ ᠵᠠᠯᠠᠬᠤ ᠪᠠ ᠪᠣᠬᠢᠷ ᠤᠰᠤ ᠰᠢᠢᠳᠪᠦᠷᠢᠯᠡᠬᠦ ᠠᠵᠢᠯ ᠲᠥᠷᠥᠯ ᠤᠨ ᠡᠵᠡᠩᠨᠡᠯᠲᠡ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠰᠢᠲᠠᠮᠠᠬᠠᠶ ᠬᠡᠢ᠂ ᠢᠯᠴᠢ ᠬᠠᠩᠭᠠᠬᠤ ᠪᠦᠲᠦᠭᠡᠨ ᠪᠠᠶᠢᠭᠤᠯᠤᠯᠲᠠ᠂ ᠡᠵᠡᠩᠨᠡᠯᠲᠡ ᠪᠣᠯᠤᠨ | ᠨᠡᠶᠢᠭᠡᠮᠴᠢᠯᠡᠭᠰᠡᠨ ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠠᠶᠤᠯ ᠦᠭᠡᠢ ᠬᠦᠨᠳᠦ ᠶᠡᠭᠡ ᠠᠳᠡᠯ ᠢ | ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ | ︵ᠨᠠᠶᠮᠠ︶ ᠬᠤᠲᠠ ᠶᠢ ᠰᠡᠯᠪᠢᠨ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠰᠢᠯᠠᠭᠤᠯᠤᠨ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠲᠣᠭᠤᠷᠢᠭ ᠤᠨ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠲᠣᠭᠤᠷᠢᠭ ᠢ ᠶᠡᠷᠦᠩᠬᠡᠶᠢᠯᠡᠨ ᠵᠠᠰᠠᠬᠤ ᠠᠵᠢᠯ ᠢ | ᠬᠠᠷᠢᠭᠤᠴᠠᠨ ᠥᠷᠨᠢᠭᠦᠯᠦᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠪᠣᠯᠤᠨ ᠬᠤᠲᠠ ᠲᠣᠭᠤᠷᠢᠭ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠲᠣᠭᠤᠷᠢᠭ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠶᠢᠰᠦ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠵᠥᠪᠰᠢᠶᠡᠷᠡᠯ᠂ ᠲᠠᠸᠠᠷ ᠤᠨ ᠭᠡᠷ ᠪᠠᠶᠢᠰᠢᠩ ᠤᠨ ᠵᠥᠪᠰᠢᠶᠡᠷᠡᠯ ᠵᠡᠷᠭᠡ ᠬᠠᠮᠢᠶ᠎ᠠ ᠪᠦᠬᠦᠢ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ | ︵ᠠᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠶᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠲᠥᠯᠥᠪᠯᠡᠭᠡ ᠵᠢᠴᠢ | ᠬᠠᠮᠢᠶ᠎ᠠ ᠪᠦᠬᠦᠢ ᠪᠠᠷᠢᠮᠵᠢᠶ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ︵ᠠᠷᠪᠠᠨ ᠨᠢᠭᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠬᠠᠤᠯᠢ ᠬᠡᠷᠡᠭᠵᠢᠭᠦᠯᠬᠦ | ᠠᠵᠢᠯᠲᠠᠨ ᠤ ᠠᠵᠢᠯ ᠤᠨ ᠰᠤᠷᠲᠠᠯ᠂ ᠠᠵᠢᠯ ᠤᠨ ᠰᠠᠬᠢᠯᠭ᠎ᠠ ᠪᠠᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠪᠠᠶᠢᠴᠠᠭᠠᠬᠤ ᠪᠠ ᠠᠵᠢᠯᠲᠠᠨ ᠢ | ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠲᠣᠭᠠᠴᠢᠯᠠᠭᠰᠠᠨ ᠮᠡᠳᠡᠭᠡ ᠵᠠᠩᠭᠢ | ᠶᠢᠨ ᠲᠠᠪᠴᠠᠩ ᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠡᠷᠡᠭᠯᠡᠬᠦ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠲᠣᠭᠤᠷᠢᠭ ᠤᠨ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠡᠷᠡᠭᠵᠢᠭᠦᠯᠬᠦ ᠪᠠ | ᠵᠢᠯᠣᠭᠤᠳᠤᠨ ᠬᠢᠨᠠᠯᠲᠠ ᠲᠠᠯᠪᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠲᠣᠭᠤᠷᠢᠭ ᠤᠨ ᠭᠡᠷ ᠤᠨ ᠭᠠᠳᠠᠨᠠᠬᠢ ᠵᠠᠷ ᠮᠡᠳᠡᠭᠡ ᠶᠢᠨ | ᠲᠤᠰᠬᠠᠶ ᠵᠦᠶᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠡᠷᠭᠡᠵᠢᠯ ᠤᠨ ᠵᠢᠷᠤᠮᠵᠢᠯ ᠢ ᠲᠣᠬᠢᠷᠠᠭᠤᠯᠬᠤ ᠬᠡᠷᠡᠭᠲᠡᠶ᠃ ᠬᠤᠲᠠ ᠲᠣᠭᠤᠷᠢᠭ ᠤᠨ ᠭᠡᠷ | ᠤᠨ ᠭᠠᠳᠠᠨᠠᠬᠢ ᠵᠠᠷ ᠮᠡᠳᠡᠭᠡ ᠶᠢᠨ ᠪᠠᠶᠢᠷᠢᠯᠠᠭᠤᠯᠤᠯᠲᠠ ᠶᠢ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠲᠠ ᠶᠢᠨ | ᠳᠦᠷᠰᠦ ᠪᠠᠶᠢᠳᠠᠯ ᠤᠨ ᠬᠠᠮᠢᠶᠠᠷᠤᠯᠲᠠ ︵ᠭᠡᠷ ᠤᠨ ᠭᠠᠳᠠᠨᠠᠬᠢ ᠵᠠᠷ ᠮᠡᠳᠡᠭᠡ ᠶᠢᠨ ᠪᠠᠶᠢᠷᠢᠯᠠᠭᠤᠯᠤᠯᠲᠠ ᠶᠢᠨ ᠬᠠᠮᠢᠶᠠᠷᠤᠯᠲᠠ ᠠᠴᠠ ᠭᠠᠳᠠᠨ᠎ᠠ︶ ᠶᠢᠨ ᠲᠠᠯ᠎ᠠ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠶᠳᠬᠡᠵᠦ ᠲᠣᠷᠭᠠᠬᠤ ᠡᠷᠬᠡ ᠶᠢ ᠬᠡᠷᠡᠭᠵᠢᠭᠦᠯᠦᠨ᠎ᠡ | ᠃ | ︵ᠠᠷᠪᠠᠨ ᠳᠥᠷᠪᠡ︶ ᠪᠦᠬᠦ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠦᠶᠯᠡᠴᠢᠯᠡᠭᠡᠨ ᠪᠣᠯᠤᠨ ᠵᠠᠰᠠᠭ | ᠵᠠᠬᠢᠷᠭᠠᠨ ᠢᠶᠠᠷ ᠰᠢᠶᠳᠬᠡᠨ ᠲᠣᠷᠭᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠮ ᠬᠤᠭᠤᠯᠠᠢ ᠶᠢᠨ ᠣᠷᠴᠢᠨ ᠲᠣᠭᠤᠷᠢᠨ ᠤ ᠡᠷᠭᠦᠯ ᠬᠠᠮᠠᠭᠠᠯᠠᠯ ᠤᠨ | ᠬᠠᠮᠢᠶᠠᠷᠤᠯᠲᠠ ᠠᠵᠢᠯ ᠢ ᠬᠠᠷᠢᠭᠤᠴᠠᠨ᠎ᠠ᠃ ᠠᠮᠢᠳᠤᠷᠠᠯ ᠤᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠪᠣᠯᠤᠨ ᠪᠠᠷᠢᠯᠭ᠎ᠠ ᠶᠢᠨ ᠬᠤᠭ ᠨᠣᠪᠰᠢ ᠵᠢᠴᠢ | ᠬᠤᠭ ᠨᠣᠪᠰᠢ ᠰᠢᠶᠳᠪᠦᠷᠢᠯᠡᠬᠦ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠲᠣᠭᠤᠷᠢᠭ ᠤᠨ ᠬᠤᠲᠠ ᠶᠢᠨ ᠵᠠᠬᠢᠷᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠮᠠᠯᠲᠠᠬᠤ᠂ ᠬᠤᠲᠠ ᠶᠢᠨ ᠵᠠᠮ ᠢᠶᠠᠷ | ᠥᠩᠭᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ᠂ ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ | ᠤ ᠰᠢᠶᠳᠬᠡᠬᠦ ᠡᠷᠬᠡ ᠶᠢ ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠪᠦᠬᠦ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ | ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠬᠦ᠂ ᠬᠤᠲᠠ ᠶᠢᠨ ᠣᠢ ᠮᠣᠳᠣ ᠶᠢ ᠣᠭᠲᠣᠯᠬᠤ ᠵᠠᠰᠠᠭ ᠵᠠᠬᠢᠷᠭᠠᠨ ᠤ ᠵᠥᠪᠰᠢᠶᠡᠷᠡᠯ᠂ | ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠶᠳᠬᠡᠨ | ᠲᠣᠷᠭᠠᠬᠤ ᠡᠷᠬᠡ ᠶᠢ ᠬᠡᠷᠡᠭᠵᠢᠭᠦᠯᠦᠨ᠎ᠡ᠃ | ︵ᠠᠷᠪᠠᠨ ᠳᠣᠯᠤᠭ᠎ᠠ︶ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠲᠠᠯ᠎ᠠ ᠪᠠᠷ ︵ᠬᠤᠲᠠ ᠲᠣᠭᠤᠷᠢᠭ ᠤᠨ ᠲᠥᠯᠥᠪᠵᠢᠭᠦᠯᠪᠡ | ᠪᠣᠯᠤᠨ《ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》ᠣᠯᠤᠭᠠᠳᠤᠶ ᠪᠦᠲᠦᠭᠡᠨ ᠪᠠᠶᠢᠭᠤᠯᠤᠯᠲᠠ | ᠶᠢᠨ ᠪᠠᠷᠢᠯᠭ᠎ᠠ ᠶᠢᠨ ᠲᠥᠷᠥᠯ ᠵᠦᠶᠯ ᠠᠴᠠ ᠪᠣᠰᠣᠳ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠵᠡᠷᠭᠡ ᠵᠠᠰᠠᠭ | ᠵᠠᠬᠢᠷᠭᠠᠨ ᠤ ᠰᠢᠶᠳᠬᠡᠵᠦ ᠲᠣᠷᠭᠠᠬᠤ ᠡᠷᠬᠡ ᠶᠢ ᠬᠡᠷᠡᠭᠵᠢᠭᠦᠯᠦᠨ᠎ᠡ᠃《ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ | ᠤᠨ ᠦᠨᠡᠮᠯᠡᠯ》ᠣᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠶ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠲᠠ ᠲᠣᠭᠤᠷᠢᠭ ᠤᠨ ᠲᠥᠯᠥᠪᠵᠢᠭᠦᠯᠭᠡ᠂ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠨ᠎ᠠ᠃ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠠᠯ᠎ᠠ ᠪᠠᠷ《ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ | ᠤᠨ ᠦᠨᠡᠮᠯᠡᠯ》ᠣᠯᠤᠭᠰᠠᠨ ᠦᠭᠡᠢ ᠪᠠᠷ ᠪᠦᠲᠦᠭᠡᠨ ᠪᠠᠶᠢᠭᠤᠯᠤᠯᠲᠠ ᠳᠤ ᠵᠠᠰᠠᠭ ᠵᠠᠬᠢᠷᠭᠠᠨ ᠤ ᠰᠢᠢᠳᠬᠡᠬᠦ ᠡᠷᠬᠡ ᠶᠢ ᠬᠡᠷᠡᠭᠵᠢᠭᠦᠯᠦᠨ᠎ᠡ᠃ ᠵᠡᠭᠡᠯᠢ ᠳᠠᠭᠠᠤ | ᠪᠠᠷᠢᠯᠭ᠎ᠠ ᠶᠢᠨ ᠭᠠᠳᠠᠷ ᠪᠣᠰᠤᠭ᠎ᠠ ᠭᠠᠳᠠᠷᠭᠤ ᠶᠢ ᠵᠠᠰᠠᠵᠤ ᠴᠢᠮᠡᠭᠯᠡᠬᠦ᠂ ᠵᠠᠰᠠᠵᠤ ᠴᠢᠮᠡᠭᠯᠡᠬᠦ ᠶᠢ ᠲᠥᠯᠥᠪᠵᠢᠭᠦᠯᠦᠨ ᠬᠠᠮᠢᠶᠠᠷᠬᠤ ᠪᠠ ᠣᠯᠠᠨ ᠨᠡᠶᠢᠲᠡ ᠶᠢᠨ ᠣᠷᠣᠨ | ᠵᠠᠶ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ | ︵ᠠᠷᠪᠠᠨ ᠨᠠᠢᠮᠠ︶ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ | ᠲᠣᠭᠲᠠᠭᠠᠭᠰᠠᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷ᠎ᠠ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠣᠷᠣᠨ | ᠰᠠᠭᠤᠴᠠ ᠶᠢᠨ ᠭᠠᠳᠠᠷ ᠲᠠᠯ᠎ᠠ ᠶᠢ ᠬᠤᠪᠢᠷᠠᠭᠤᠯᠬᠤ ᠪᠤᠶᠤ ᠭᠠᠳᠠᠨ᠎ᠠ ᠬᠡᠷᠡᠮ ᠳᠡᠭᠡᠷ᠎ᠡ ᠡᠭᠦᠳᠡ ᠴᠣᠩᠬᠤ ᠭᠠᠷᠭᠠᠬᠤ ᠳᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ | ᠡᠷᠬᠡ ᠶᠢ ᠬᠡᠷᠡᠭᠵᠢᠭᠦᠯᠦᠨ᠎ᠡ᠃ | ︵ᠠᠷᠪᠠ ᠶᠢᠰᠦ︶ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠳᠤ ᠲᠣᠭᠲᠠᠭᠠᠭᠰᠠᠨ ᠪᠦᠬᠦ ᠲᠣᠭᠤᠷᠢᠭ ᠤᠨ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ ︵ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠡᠭᠦᠷᠭᠡᠯᠡᠵᠦ ᠪᠦᠬᠦᠢ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ ᠠᠴᠠ | ᠪᠠᠨ ᠭᠠᠳᠠᠨ᠎ᠠ︶᠂ ᠱᠤᠤᠭᠢᠶᠠᠨ ᠤ ᠪᠣᠬᠢᠷᠲᠤᠯ᠂ ᠨᠤᠷᠠᠭᠠᠵᠤ ᠨᠡᠭᠦᠯᠭᠡᠬᠦ ᠠᠵᠢᠯ ᠤᠨ ᠰᠢᠷᠣᠢ ᠲᠣᠭᠤᠰᠣᠨ ᠤ ᠪᠣᠬᠢᠷᠲᠤᠯ᠂ ᠢᠳᠡᠭᠡᠨ ᠤᠮᠳᠠᠭᠠᠨ ᠤ | ᠦᠶᠯᠡᠴᠢᠯᠡᠭᠡᠨ ᠤ ᠦᠢᠯᠡᠰ ᠤᠨ ᠲᠣᠰᠣᠨ ᠤᠲᠤᠭᠠᠨ ᠤ ᠪᠣᠬᠢᠷᠲᠤᠯ᠂ ᠵᠠᠳᠠᠭᠠᠶ ᠰᠢᠷᠠᠯᠠᠭ᠎ᠠ ᠶᠢᠨ ᠪᠣᠬᠢᠷᠲᠤᠯ᠂ ᠬᠤᠲᠠ ᠳᠤ ᠴᠠᠷᠠᠰᠤ ᠰᠦᠯᠢᠶᠣᠣ ᠠᠷᠠᠰᠤᠨ ᠤ | ᠬᠤᠭ ᠨᠣᠪᠰᠢ ᠵᠡᠷᠭᠡ ᠶᠢ ᠰᠢᠲᠠᠭᠠᠭᠰᠠᠨ ᠤᠲᠤᠭ᠎ᠠ ᠲᠣᠭᠤᠰᠣ ᠪᠣᠯᠤᠨ ᠦᠮᠡᠬᠡᠢ ᠪᠣᠬᠢᠷᠲᠤᠯ᠂ ᠵᠠᠳᠠᠭᠠᠶ ᠰᠢᠲᠠᠭᠠᠭᠰᠠᠨ ᠰᠦᠷᠡᠯ ᠨᠠᠪᠴᠢ ᠵᠡᠷᠭᠡ ᠤᠲᠤᠭ᠎ᠠ | ᠲᠣᠭᠤᠰᠣᠨ ᠤ ᠪᠣᠬᠢᠷᠲᠤᠯ᠂ ᠬᠤᠸᠠᠷ ᠫᠤᠤᠵᠢᠩ ᠲᠠᠯᠪᠢᠬᠤ ᠪᠣᠬᠢᠷᠲᠤᠯ ᠵᠡᠷᠭᠡ ᠲᠠᠯ ᠳᠠᠬᠢ ᠵᠠᠰᠠᠭ ᠵᠠᠬᠢᠷᠭᠠᠨ ᠤ ᠰᠢᠶᠳᠬᠡᠨ ᠲᠣᠷᠭᠠᠬᠤ ᠡᠷᠬᠡ ᠶᠢ | ᠬᠡᠷᠡᠭᠵᠢᠭᠦᠯᠦᠨ᠎ᠡ᠃ | ︵ᠬᠤᠷᠢ︶ ᠠᠵᠤ ᠦᠶᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ | ᠳᠤ ᠲᠣᠭᠲᠠᠭᠠᠭᠰᠠᠨ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠦᠭᠡᠢ ᠪᠠᠷ ᠡᠵᠡᠩᠨᠡᠬᠦ ᠵᠠᠰᠠᠭ ᠵᠠᠬᠢᠷᠭᠠᠨ ᠤ ᠰᠢᠶᠳᠬᠡᠨ ᠲᠣᠷᠭᠠᠬᠤ | ᠡᠷᠬᠡ ᠶᠢ ᠬᠡᠷᠡᠭᠵᠢᠭᠦᠯᠦᠨ᠎ᠡ᠃ | ︵ᠬᠤᠷᠢᠨ ᠨᠢᠭᠡ︶ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠳᠤ ᠲᠣᠭᠲᠠᠭᠠᠭᠰᠠᠨ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠢᠳᠡᠭᠡᠨ ᠪᠣᠷᠣᠯᠠᠭᠤᠯᠤᠨ ᠬᠤᠳᠠᠯᠳᠤᠬᠤ ᠪᠠ ᠢᠳᠡᠭᠡᠨ | ᠤᠮᠳᠠᠭᠠᠨ ᠤ ᠳᠡᠯᠭᠡᠴᠡ ᠶᠢᠨ ᠴᠢᠭ ᠦᠨᠡᠮᠯᠡᠯ ᠦᠭᠡᠢ ᠪᠠᠷ ᠡᠵᠡᠩᠨᠡᠬᠦ ᠵᠢᠴᠢ ᠬᠠᠤᠯᠢ ᠠᠴᠠ ᠵᠥᠷᠢᠴᠡᠨ ᠡᠮ ᠤᠨ ᠵᠦᠶᠯ ᠢ ᠬᠤᠷᠢᠶᠠᠨ ᠠᠪᠴᠤ ᠫᠠᠨᠽᠠᠯᠠᠬᠤ ᠲᠤ | ᠵᠠᠰᠠᠭ ᠵᠠᠬᠢᠷᠭᠠᠨ ᠤ ᠰᠢᠶᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ | ︵ᠬᠤᠷᠢᠨ ᠬᠤᠶᠠᠷ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠳᠤ ᠲᠣᠭᠲᠠᠭᠠᠭᠰᠠᠨ ᠬᠤᠲᠠ ᠶᠢᠨ ᠵᠠᠮ ᠢ ᠡᠵᠡᠯᠡᠭᠰᠡᠨ᠂ ᠬᠠᠤᠯᠢ ᠠᠴᠠ ᠵᠥᠷᠢᠴᠡᠨ ᠲᠡᠷᠭᠡ ᠬᠥᠰᠬᠡ ᠵᠣᠭᠰᠣᠭᠠᠭᠰᠠᠨ ᠵᠡᠷᠭᠡ ᠳᠤ ᠵᠠᠰᠠᠭ | ᠵᠠᠬᠢᠷᠭᠠᠨ ᠤ ᠰᠢᠶᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ | ︵ᠬᠤᠷᠢᠨ ᠭᠤᠷᠪᠠ︶ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ | ᠳᠤ ᠲᠣᠭᠲᠠᠭᠠᠭᠰᠠᠨ ᠬᠤᠲᠠ ᠶᠢᠨ ᠭᠤᠤᠯ ᠳᠣᠲᠣᠷ᠎ᠠ ᠬᠠᠶᠠᠭᠳᠠᠮᠠᠯ ᠪᠣᠳᠠᠰ ᠪᠠ ᠬᠤᠭ ᠨᠣᠪᠰᠢ ᠴᠢᠳᠬᠤᠬᠤ ᠵᠢᠴᠢ ᠲᠣᠭᠲᠠᠭᠠᠯ ᠠᠴᠠ ᠵᠥᠷᠢᠴᠡᠨ ᠰᠢᠷᠣᠶ | ᠠᠪᠬᠤ᠂ ᠬᠤᠲᠠ ᠶᠢᠨ ᠭᠤᠤᠯ ᠢ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠵᠡᠷᠭᠡ ᠳᠤ ᠵᠠᠰᠠᠭ ᠵᠠᠬᠢᠷᠭᠠᠨ ᠤ ᠰᠢᠶᠳᠬᠡᠨ ᠲᠣᠷᠭᠠᠬᠤ ᠡᠷᠬᠡ | ᠶᠢ ᠬᠡᠷᠡᠭᠵᠢᠭᠦᠯᠦᠨ᠎ᠡ᠃ | ︵ᠬᠤᠷᠢᠨ ᠳᠥᠷᠪᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠤᠮᠳᠠᠬᠢ ᠵᠠᠭᠠᠯᠳᠤᠬᠤ᠂ ᠵᠠᠷᠭᠤ ᠬᠦᠯᠢᠶᠡᠬᠦ ᠪᠠ | ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠢ ᠬᠠᠷᠢᠭᠤᠴᠠᠨ ᠬᠦᠯᠢᠶᠡᠨ ᠠᠪᠴᠤ ᠰᠢᠶᠳᠪᠦᠷᠢᠯᠡᠨ᠎ᠡ᠃ ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ | ᠬᠤᠯᠪᠣᠭᠳᠠᠯ ᠪᠦᠬᠦᠢ ᠴᠢᠬᠤᠯᠠ ᠶᠡᠭᠡ ᠬᠡᠷᠡᠭ᠂ ᠲᠣᠭᠤᠷᠢᠭ ᠠᠯᠤᠰᠯᠠᠭᠰᠠᠨ ᠬᠡᠷᠡᠭ ᠵᠢᠴᠢ ᠳᠡᠭᠡᠳᠦ ᠱᠠᠲᠤᠨ ᠤ ᠲᠤᠰᠢᠶᠠᠭᠰᠠᠨ ᠬᠡᠷᠡᠭ ᠢ ᠳᠠᠭᠠᠭᠠᠨ ᠠᠪᠴᠤ | ᠰᠢᠶᠳᠪᠦᠷᠢᠯᠡᠨ᠎ᠡ᠃ | ︵ᠬᠤᠷᠢᠨ ᠲᠠᠪᠤ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠤᠷᠲᠤ | ᠬᠤᠭᠤᠴᠠᠭᠠᠨ ᠤ ᠲᠥᠯᠥᠪᠵᠢᠭᠦᠯᠪᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠵᠢᠷᠭᠤᠭ᠎ᠠ︶ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠤᠨ ᠬᠡᠷᠡᠭᠯᠡᠯᠲᠡ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠷᠢᠨ ᠳᠣᠯᠤᠭ᠎ᠠ︶ ᠪᠦᠬᠦ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠡᠭᠦᠷᠭᠡᠯᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠵᠡᠷᠭᠡ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠶᠯᠡᠰ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ | ᠴᠢᠨᠠᠷ ᠤᠨ ᠮᠡᠷᠭᠡᠵᠢᠯ ᠤᠨ ᠵᠢᠯᠣᠭᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠶᠢ ᠵᠢᠯᠣᠭᠤᠳᠤᠨ ᠬᠢᠨᠠᠯᠲᠠ ᠲᠠᠯᠪᠢᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠨᠡᠭᠡᠭᠡᠨ | ᠠᠰᠢᠭᠯᠠᠬᠤ ᠶᠢ ᠬᠠᠷᠢᠭᠤᠴᠠᠨ᠎ᠠ᠃ | ︵ᠬᠤᠷᠢᠨ ᠨᠠᠶᠮᠠ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠬᠤ ᠪᠠ ᠬᠠᠮᠢᠶᠠᠷᠬᠤ | ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ | ᠠᠷᠭᠠᠴᠠᠭᠠᠨ ᠲᠤᠰᠠᠯᠠᠬᠤ ᠡᠭᠦᠷᠭᠡ ᠶᠢ ᠭᠦᠶᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ ᠪᠠ ᠭᠠᠮᠰᠢᠭ ᠢ ᠰᠡᠷᠭᠡᠶᠢᠯᠡᠬᠦ ᠰᠣᠷᠢᠯᠲᠠ | ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠮᠡᠳᠡᠯᠭᠡ ᠶᠢᠨ | ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢ ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠠᠶ᠋ᠬᠠᠣᠪᠣᠭ᠎ᠠ ᠠᠭᠤᠷᠬᠠᠢ ᠶᠢᠨ | ᠲᠣᠭᠤᠷᠢᠭ ᠤᠨ ᠴᠢᠬᠤᠯᠠ ᠬᠠᠷᠠᠯᠲᠠ ᠶᠢ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠪᠡ ᠪᠣᠯᠤᠨ ᠬᠡᠷᠡᠭᠵᠢᠭᠦᠯᠬᠦ | ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠴᠢᠬᠤᠯᠠ ᠬᠠᠷᠠᠯᠲᠠ ᠶᠢ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ | ᠪᠠᠶᠢᠴᠠᠭᠠᠵᠤ᠂ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠ ᠶᠢᠨ ᠨᠢᠭᠡᠴᠡ ᠶᠢ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ | ᠶᠢ ᠨᠠᠶᠢᠳᠠᠪᠤᠷᠢᠵᠢᠭᠤᠯᠤᠨ᠎ᠠ᠃ | ︵ᠭᠤᠴᠢ︶ ᠪᠦᠬᠦ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ | ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠰ ᠭᠠᠵᠠᠷ | ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠷᠤᠳᠠᠯ ᠪᠣᠯᠤᠨ ᠡᠳ᠋ ᠪᠠᠷᠠᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠠᠶᠢᠭᠤᠯᠬᠤ ᠰᠦᠶᠳᠬᠡᠯ ᠬᠤᠷᠢᠶᠠᠨ᠎ᠠ᠃ ᠳᠠᠶᠢᠨ ᠤ ᠦᠶ᠎ᠡ ᠶᠢᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠶᠯ ᠤᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ | ︵ᠭᠤᠴᠢᠨ ᠨᠢᠭᠡ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠭᠤᠴᠢᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠯᠤᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢ | ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ《ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ》ᠣᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠶᠯ ᠤᠨ ᠪᠠᠭᠠᠨ᠎ᠠ ᠬᠠᠳᠠᠵᠤ ᠤᠲᠠᠰᠤ ᠲᠠᠯᠪᠢᠬᠤ᠂ | ᠤᠲᠠᠰᠤ ᠰᠢᠯᠭᠠᠬᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠵᠡᠷᠭᠡ ᠭᠤᠭᠴᠤᠭ᠎ᠠ ᠳᠤ ᠬᠤᠯᠪᠣᠭᠳᠠᠬᠤ ᠪᠦᠬᠦ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠭᠡᠳ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠵᠢᠯᠴᠠᠨ ᠮᠡᠷᠭᠡᠵᠢᠯ ᠤᠨ ᠳᠡᠮᠵᠢᠯᠭᠡ ᠵᠢᠴᠢ | ᠳᠠᠭᠠᠭᠤᠯᠢ ᠣᠳᠣᠨ ᠬᠥᠬᠡ ᠲᠣᠯᠪᠤ ᠶᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ | 2. ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠬᠢᠷ ᠤᠰᠤ ᠶᠢ ᠰᠢᠶᠳᠪᠦᠷᠢᠯᠡᠬᠦ᠂ ᠬᠡᠷᠡᠭᠯᠡᠬᠦ ᠪᠠ ᠬᠠᠮᠢᠶᠠᠷᠬᠤ ᠲᠣᠤᠷ ᠤᠨ | ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠤᠰᠤ ᠬᠠᠩᠭᠠᠬᠤ᠂ ᠤᠰᠤ ᠳᠠᠮᠵᠢᠭᠤᠯᠬᠤ | ᠬᠤᠭᠤᠯᠠᠶ ᠶᠢᠨ ᠱᠤᠭᠤᠮ ᠪᠣᠯᠤᠨ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠬᠠᠮᠢᠶᠠᠷᠤᠯᠲᠠ ᠪᠣᠯᠤᠨ ᠬᠠᠮᠠᠭᠠᠯᠠᠯᠲᠠ ᠶᠢ | ᠬᠠᠷᠢᠭᠤᠴᠠᠨ᠎ᠠ᠃ | ᠳᠥᠷᠪᠡᠳᠦᠭᠡᠷ ᠵᠦᠶᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠣᠲᠣᠭᠠᠳᠤ | ᠪᠠᠶᠢᠭᠤᠯᠤᠮᠵᠢ ᠪᠠᠶᠢᠭᠤᠯᠬᠤ ᠦᠭᠡᠢ᠃ | ᠲᠠᠪᠤᠳᠤᠭᠠᠷ ᠵᠦᠶᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠪᠠᠶᠢᠭᠤᠯᠭ᠎ᠠ ᠳᠤ ᠵᠠᠰᠠᠭ ᠵᠠᠬᠢᠷᠭᠠᠨ ᠤ ᠣᠷᠣᠨ ᠲᠤᠭ᠎ᠠ 3 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠳᠡᠳ᠋ ᠲᠣᠪᠴᠢᠶᠠᠨ ᠳᠠᠷᠤᠭ᠎ᠠ 2 ᠨᠡᠷᠡᠰ | ᠲᠣᠬᠢᠷᠠᠭᠤᠯᠪᠠ᠃ | ᠵᠢᠷᠭᠤᠳᠤᠭᠠᠷ ᠵᠦᠶᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠢ ᠳᠠᠬᠢᠨ ᠲᠣᠭᠲᠠᠭᠠᠨ᠎ᠠ᠃ | ᠳᠣᠯᠣᠳᠤᠭᠠᠷ ᠵᠦᠶᠯ ᠲᠣᠰ ᠲᠣᠭᠲᠠᠭᠠᠯ ᠤᠨ ᠲᠠᠶᠢᠯᠪᠤᠷᠢᠯᠠᠬᠤ ᠭᠦᠶᠴᠡᠳᠬᠡᠬᠦ ᠠᠵᠢᠯ ᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ | ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ | ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃ | ᠨᠠᠶᠮᠠᠳᠤᠭᠠᠷ ᠵᠦᠶᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ | 2019 ᠣᠨ ᠤ 3 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |