ᠵᠤᠤ ᠵᠢᠶᠠᠩ ᠲᠤᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-12-16
     12 ᠰᠠᠷ᠎ᠠ ᠶᠢᠨ 12᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠤᠤ ᠵᠢᠶᠠᠩ ᠲᠤᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠬᠦᠷᠴᠦ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠶᠦᠩ ᠳ᠋ᠦᠩ᠂ ᠬᠤᠸᠠᠩ ᠮᠢᠨ᠂ ᠶᠠᠩ ᠵᠢᠶᠠᠨ ᠹᠧᠩ᠂ ᠡᠦ ᡁᠢ ᠴᠢᠶᠠᠩ᠂ ᠰᠦᠩ ᡁᠢ ᠶᠢᠩ ᠬᠠᠮᠲᠤ ᠪᠠᠶᠢᠴᠠᠭᠠᠨ ᠰᠣᠳᠣᠯᠠᠪᠠ᠃
     ᠤᠰᠤ ᠴᠡᠪᠡᠷᠰᠢᠭᠦᠯᠬᠦ ᠦᠶᠯᠡᠳᠪᠦᠷᠢ ᠶᠢᠨ ᠲᠤᠬᠠᠶ ᠶᠢᠨ ᠲᠠᠯᠠᠪᠠᠢ ᠳᠤ᠂ ᠵᠤᠤ ᠵᠢᠶᠠᠩ ᠲᠣᠤ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠮᠠᠨ ᠤ ᠲᠣᠭᠤᠷᠢᠭ ᠤᠨ《ᠭᠤᠷᠪᠠᠨ ᠬᠠᠩᠭᠠᠯᠭ᠎ᠠ ᠨᠢᠭᠡ ᠦᠢᠯᠡᠰ》᠎ ᠤᠨ ᠪᠦᠬᠦᠯᠢ ᠴᠣᠭᠴᠠ ᠶᠢᠨ ᠵᠠᠯᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠰᠤ ᠴᠡᠪᠡᠷᠰᠢᠭᠦᠯᠬᠦ ᠦᠶᠯᠡᠳᠪᠦᠷᠢ ᠭᠡᠬᠦ ᠡᠨᠡᠬᠦ《ᠤᠭ ᠰᠠᠨᠠᠭ᠎ᠠ ᠶᠢᠨ ᠢᠨᠵᠧᠨᠧᠷᠢᠩ》᠎ ᠢ ᠲᠦᠷᠭᠡᠨ ᠬᠤᠷᠳᠤᠴᠠ ᠲᠠᠢ᠂ ᠶᠠᠰᠤ ᠴᠢᠨᠠᠷ ᠰᠢᠯᠢᠳᠡᠭ ᠰᠣᠳᠣᠨ ᠢᠨᠵᠧᠨᠧᠷᠢᠩ ᠪᠣᠯᠭᠠᠨ ᠪᠠᠶᠢᠭᠤᠯᠵᠤ᠂ ᠡᠨᠡᠬᠦ ᠰᠠᠭᠤᠷᠢᠨ ᠳᠡᠭᠡᠷ᠎ᠡ ᠰᠢᠭᠤᠳ ᠤᠤᠭᠤᠬᠤ ᠤᠰᠤ ᠶᠢ ᠪᠦᠷᠢᠨ ᠪᠦᠷᠬᠦᠭᠦᠯᠬᠦ ᠲᠥᠷᠥᠯ ᠵᠦᠶᠯ ᠢ ᠡᠬᠢᠯᠡᠭᠦᠯᠵᠦ᠂ ᠤᠰᠤᠨ ᠤ ᠰᠤᠷᠪᠤᠯᠵᠢ ᠶᠢᠨ ᠭᠠᠵᠠᠷ ᠵᠢᠴᠢ ᠢᠵᠢ ᠪᠦᠷᠢᠳᠦᠭᠰᠡᠨ ᠬᠠᠮᠢᠶᠠᠷᠤᠯᠲᠠ ᠶᠢᠨ ᠲᠣᠤᠷ ᠤᠨ ᠥᠭᠡᠷᠡᠴᠢᠯᠡᠯᠲᠡ ᠶᠢ ᠪᠦᠬᠦ ᠬᠦᠴᠦ ᠪᠠᠷ ᠰᠠᠶᠢᠲᠤᠷ ᠠᠳᠬᠤᠵᠤ᠂ ᠤᠰᠤᠨ ᠤ ᠠᠭᠤᠷᠬᠠᠢ ᠶᠢᠨ ᠲᠣᠭᠤᠷᠢᠭ ᠤᠨ 60 ᠭᠠᠷᠤᠶ ᠵᠢᠯ ᠤᠨ ᠠᠷᠠᠳ ᠢᠷᠭᠡᠳ ᠤᠨ ᠤᠤᠭᠤᠵᠤ ᠢᠳᠡᠬᠦ ᠤᠰᠤᠨ ᠤ ᠬᠦᠴᠢᠷ ᠠᠰᠠᠭᠤᠳᠠᠯ ᠢ ᠦᠨᠡᠨᠬᠦ ᠰᠢᠶᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
     ᠵᠤᠤ ᠵᠢᠶᠠᠩ ᠲᠤᠤ ᠨᠠᠷ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ ᠎ ᠳᠤ ᠬᠦᠷᠴᠦ ᠶᠠᠭ ᠬᠥᠳᠡᠯᠭᠡᠭᠡᠨ ᠬᠢᠵᠦ ᠪᠠᠶᠢᠭ᠎ᠠ ᠨᠠᠰᠤᠲᠠᠶᠢᠴᠤᠳ ᠢ ᠡᠷᠭᠢᠨ ᠦᠵᠡᠵᠦ᠂ ᠨᠠᠰᠤᠲᠠᠶᠢᠴᠤᠳ ᠤᠨ ᠡᠳᠦᠷ ᠲᠣᠲᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠮᠠᠨ ᠤ ᠲᠣᠭᠤᠷᠢᠭ ᠤᠨ ᠠᠮᠢᠳᠤᠷᠠᠯ᠂ ᠡᠮᠴᠢᠯᠡᠭᠡ᠂ ᠪᠡᠶ᠎ᠡ ᠰᠤᠪᠢᠯᠠᠯᠲᠠ᠂ ᠡᠷᠡᠭᠦᠯᠵᠢᠯ᠂ ᠪᠣᠯᠪᠠᠰᠤᠷᠠᠯ ᠢ ᠢᠳᠡᠪᠬᠢᠲᠡᠢ ᠬᠠᠶᠢᠨ ᠰᠦᠪᠡᠭᠴᠢᠯᠡᠵᠦ᠂ ᠨᠢᠭᠡ ᠳᠤ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠠᠵᠤ ᠦᠶᠯᠡᠰ ᠲᠤ ᠪᠠᠲᠤᠯᠠᠯᠲᠠ ᠥᠭᠴᠦ᠂ ᠣᠳᠣᠨ ᠲᠡᠰ ᠤᠨ ᠪᠠᠷᠢᠮᠵᠢᠶᠠᠲᠤ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠴᠡᠭ ᠢ ᠪᠦᠬᠦ ᠬᠦᠴᠦᠨ ᠢᠶᠠᠷ ᠪᠣᠶ ᠪᠣᠯᠭᠠᠵᠤ᠂ ᠪᠦᠬᠦ ᠬᠤᠲᠠ ᠶᠢᠨ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠬᠥᠭᠵᠢᠯᠲᠡ ᠳᠤ ᠰᠢᠨ᠎ᠡ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃
     ᠵᠤᠤ ᠵᠢᠶᠠᠩ ᠲᠤᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠵᠢᠯ ᠤᠨ ᠡᠴᠦᠰ ᠪᠠ ᠵᠢᠯ ᠤᠨ ᠡᠬᠢᠨ ᠤ ᠡᠯ᠎ᠡ ᠵᠦᠶᠯ ᠤᠨ ᠠᠵᠢᠯ᠂ ᠣᠨᠴᠠᠭᠠᠶᠢᠯᠠᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠣᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠢ ᠴᠥᠬᠦᠷᠡᠰᠢ ᠦᠭᠡᠢ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠷᠠᠳ ᠲᠦᠮᠡᠨ ᠳᠤ ᠦᠨᠡᠨᠬᠦ ᠦᠢᠯᠡᠴᠢᠯᠡᠵᠦ ᠬᠦᠴᠢᠷ ᠠᠰᠠᠭᠤᠳᠠᠯ ᠎ ᠢ ᠰᠢᠶᠳᠪᠦᠷᠢᠯᠡᠵᠦ᠂ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠬᠦᠴᠢᠷ ᠠᠰᠠᠭᠤᠳᠠᠯ ᠢ ᠰᠢᠶᠳᠪᠦᠷᠢᠯᠡᠬᠦ ᠠᠮᠢᠳᠤᠯᠢᠭ ᠦᠶᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠯᠤᠭ᠎ᠠ ᠨᠢᠭᠲᠠ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠪᠣᠷ ᠰᠢᠷᠣᠶ ᠳᠡᠭᠡᠷ᠎ᠡ ᠰᠠᠭᠤᠷᠢᠯᠠᠵᠤ᠂《ᠠᠵᠤ ᠦᠶᠯᠡᠰ ᠢ ᠠᠮᠢ ᠠᠬᠤᠢᠵᠢᠭᠤᠯᠬᠤ᠂ ᠠᠮᠢ ᠠᠬᠤᠶ ᠶᠢ ᠠᠵᠤ ᠦᠢᠯᠡᠰᠵᠢᠭᠦᠯᠬᠦ》ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠠᠩ ᠰᠢᠶᠠᠨ ᠬᠠᠮᠲᠤᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠎ ᠪᠠᠨ ᠬᠠᠮᠲᠤᠳᠬᠠᠵᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号