ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠰᠤ ᠴᠡᠪᠡᠷᠰᠢᠭᠦᠯᠬᠦ ᠦᠶᠯᠡᠳᠪᠦᠷᠢ ᠶᠢᠨ ᠠᠩᠬᠠᠨ ᠤ ᠢᠨᠵᠧᠨᠧᠷᠢᠩ  ᠢ ᠵᠢᠩᠬᠢᠨᠢ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ ᠠᠷᠠᠳ ᠢᠷᠭᠡᠳ ᠤᠨ ᠵᠢᠷᠠᠨ ᠵᠢᠯ ᠤᠨ ᠲᠤᠷᠰᠢᠬᠢ ᠤᠤᠭᠤᠵᠤ ᠢᠳᠡᠬᠦ ᠤᠰᠤᠨ ᠤ ᠬᠦᠴᠢᠷ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠪᠡ
ᠨᠡᠶᠢᠲᠡᠯᠡᠭᠰᠡᠨ ᠴᠠᠭ᠄
2019/12/19
     ᠶᠡᠷᠦᠩᠬᠡᠶ ᠱᠦᠵᠢ ᠰᠢ ᠶᠢᠨ ᠫᠢᠩ ᠾᠧᠨᠠᠨ ᠳᠤ ᠠᠵᠢᠯ ᠪᠠᠶᠢᠴᠠᠭᠠᠬᠤ ᠳᠠᠭᠠᠨ᠂ ᠬᠤᠶᠠᠳᠤᠭᠠᠷ ᠪᠥᠯᠦᠭ ᠭᠤᠤᠯ ᠰᠡᠳᠦᠪᠲᠦ ᠬᠥᠮᠦᠵᠢᠯ《ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ ᠪᠠᠶᠢᠭ᠎ᠠ ᠲᠤᠯᠭᠠᠮ᠎ᠠ ᠠᠰᠠᠭᠤᠳᠠᠯ ᠢ ᠰᠢᠶᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠶ》ᠭᠡᠵᠦ ᠲᠣᠳᠣᠷᠬᠠᠶ ᠱᠠᠭᠠᠷᠳᠠᠪᠠ᠃ 12 ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠷᠢᠶᠠᠯᠠᠨ ᠳᠠᠭᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠥᠷᠭᠡᠨ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠲᠤᠯᠭᠠᠮ᠎ᠠ ᠠᠰᠠᠭᠤᠳᠠᠯ ᠢ ᠪᠦᠬᠦ ᠲᠠᠯ᠎ᠠ ᠪᠠᠷ ᠰᠢᠶᠳᠪᠦᠷᠢᠯᠡᠬᠦ ᠪᠠᠷ ᠵᠣᠷᠢᠯᠭ᠎ᠠ ᠪᠣᠯᠭᠠᠭᠰᠠᠨ ᠤᠰᠤ ᠴᠡᠪᠡᠷᠰᠢᠭᠦᠯᠬᠦ ᠦᠶᠯᠡᠳᠪᠦᠷᠢ ᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂ ᠪᠦᠬᠦ ᠲᠣᠭᠤᠷᠢᠭ ᠤᠨ ᠳᠡᠭᠡᠳᠦ ᠳᠣᠣᠷᠠᠳᠤ ᠱᠠᠲᠤ ᠵᠢᠴᠢ ᠪᠠᠷᠢᠯᠭ᠎ᠠ ᠶᠢᠨ ᠨᠢᠭᠡᠴᠡ ᠶᠢᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠲᠠᠪᠤᠨ ᠰᠠᠷ᠎ᠠ ᠢᠯᠡᠭᠦᠦ ᠶᠢᠨ ᠬᠠᠲᠠᠭᠤᠵᠢᠯᠲᠠᠶ ᠪᠠᠷᠢᠯᠭ᠎ᠠ ᠶᠢᠨ ᠠᠵᠢᠯ ᠢᠶᠠᠷ ᠳᠠᠮᠵᠢᠨ ᠵᠢᠩᠬᠢᠨᠢ ᠪᠠᠷ ᠤᠰᠤ ᠨᠡᠪᠲᠡᠷᠡᠪᠡ᠃
     ᠬᠡᠳᠦᠨ ᠦᠶ᠎ᠡ ᠶᠢᠨ ᠬᠥᠮᠦᠰ ᠤᠨ ᠴᠢᠷᠮᠠᠶᠢᠯᠭ᠎ᠠ ᠪᠠᠷ ᠳᠠᠮᠵᠢᠨ᠂ ᠠᠭᠤᠷᠬᠠᠢ ᠶᠢᠨ ᠲᠣᠭᠤᠷᠢᠭ ᠤᠨ 3 ᠲᠦᠮᠡᠨ ᠣᠯᠠᠨ ᠲᠦᠮᠡᠨ ᠤᠤᠭᠤᠵᠤ ᠢᠳᠡᠬᠦ ᠢᠳᠡᠬᠦ ᠬᠦᠴᠢᠷ ᠪᠠᠶᠢᠭᠰᠠᠨ ᠬᠦᠴᠢᠷᠳᠡᠯ ᠠᠴᠠ ᠪᠦᠷᠢᠮᠦᠰᠦᠨ ᠮᠤᠯᠲᠤᠷᠠᠨ ᠭᠠᠷᠴᠤ ᠢᠷᠡᠪᠡ᠃
     ᠡᠨᠡ ᠪᠣᠯ ᠪᠠᠶ᠋ᠬᠠᠣᠪᠤᠭ᠎ᠠ ᠶᠢᠨ ᠥᠷᠨᠢᠭᠦᠯᠦᠭᠰᠡᠨ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠨᠢ ᠠᠷᠠᠳ ᠲᠤ ᠦᠢᠯᠡᠴᠢᠯᠡᠵᠦ ᠬᠦᠴᠢᠷ ᠠᠰᠠᠭᠤᠳᠠᠯ ᠢ ᠰᠢᠶᠳᠪᠦᠷᠢᠯᠡᠭᠰᠡᠨ ᠦᠷ᠎ᠡ ᠪᠦᠲᠦᠭᠡᠯ ᠪᠣᠯᠬᠤ ᠪᠥᠭᠡᠳ ᠪᠠᠰᠠ ᠴᠤ ᠲᠣᠭᠤᠷᠢᠭ ᠪᠠᠶᠢᠭᠤᠯᠤᠭᠳᠠᠭᠰᠠᠨ ᠵᠢᠷᠠᠨ ᠵᠢᠯ ᠤᠨ ᠳᠠᠷᠠᠭ᠎ᠠ ᠂ ᠠᠭᠤᠷᠬᠠᠢ ᠶᠢᠨ ᠲᠣᠭᠤᠷᠢᠭ ᠴᠠᠭ ᠦᠶ᠎ᠡ᠂ ᠠᠷᠠᠳ ᠲᠦᠮᠡᠨ᠂ ᠲᠡᠦᠬᠡ ᠳᠤ ᠲᠤᠰᠢᠶᠠᠭᠰᠠᠨ ᠰᠢᠨ᠎ᠡ ᠦᠷ᠎ᠡ ᠪᠦᠲᠦᠭᠡᠯ ᠤᠨ ᠬᠠᠭᠤᠳᠠᠰᠤ ᠪᠣᠯᠤᠨ᠎ᠠ᠃
     ᠤᠰᠤ ᠴᠡᠪᠡᠷᠰᠢᠭᠦᠯᠬᠦ ᠦᠶᠯᠡᠳᠪᠦᠷᠢ ᠨᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠷᠠᠭᠤᠨ ᠬᠤᠶᠢᠲᠤ ᠬᠡᠰᠡᠭ  ᠲᠤ ᠪᠠᠶᠢᠷᠢᠯᠠᠵᠤ᠂ ᠪᠠᠷᠤᠭ 20700 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠤᠰᠤ ᠴᠡᠪᠡᠷᠰᠢᠭᠦᠯᠬᠦ ᠦᠶᠯᠡᠳᠪᠦᠷᠢ  ᠶᠢᠨ ᠭᠤᠤᠯ ᠴᠣᠭᠴᠠᠲᠤ ᠪᠠᠷᠢᠯᠭ᠎ᠠ ᠳᠤ ᠤᠰᠤ ᠲᠦᠭᠡᠭᠡᠬᠦ ᠬᠤᠳᠳᠤᠭ᠂ ᠤᠰᠤ ᠬᠠᠳᠠᠭᠠᠯᠠᠬᠤ ᠴᠥᠭᠦᠷᠥᠮ᠂ ᠤᠰᠤ ᠴᠡᠪᠡᠷᠰᠢᠭᠦᠯᠬᠦ ᠲᠠᠰᠤᠭ᠂ ᠠᠷᠢᠭᠤᠳᠬᠠᠬᠤ ᠵᠢᠴᠢ ᠡᠮ ᠨᠡᠮᠡᠬᠦ ᠪᠡᠯᠡᠳᠬᠡᠮᠵᠢ᠂ ᠤᠰᠤ ᠴᠡᠪᠡᠷᠯᠡᠬᠦ ᠲᠠᠲᠠᠭᠠᠯ᠂ ᠤᠰᠤ ᠬᠦᠷᠭᠡᠬᠦ ᠬᠥᠭᠡᠷᠭᠡ ᠶᠢᠨ ᠭᠡᠷ᠂ ᠤᠰᠤ ᠬᠤᠷᠢᠶᠠᠬᠤ ᠲᠠᠲᠠᠭᠠᠯ᠂ ᠬᠦᠴᠦᠳᠡᠯ ᠥᠭᠡᠷᠡᠴᠢᠯᠡᠬᠦ ᠴᠠᠬᠢᠯᠭᠠᠨ ᠲᠦᠭᠡᠭᠡᠬᠦ ᠲᠠᠰᠤᠭ ᠵᠢᠴᠢ ᠪᠤᠵᠠᠷ ᠰᠢᠪᠠᠷ ᠤᠨ ᠤᠰᠤ ᠦᠭᠡᠶᠢᠳᠡᠭᠦᠯᠬᠦ ᠮᠠᠰᠢᠨ ᠤ ᠭᠡᠷ ᠪᠠᠭᠲᠠᠨ᠎ᠠ᠃ ᠳᠠᠭᠠᠯᠲᠠ ᠪᠠᠷᠢᠯᠭ᠎ᠠ ᠳᠤ ᠶᠡᠷᠦᠩᠬᠡᠶᠢᠯᠡᠭᠰᠡᠨ ᠠᠯᠪᠠᠨ ᠠᠰᠠᠷ᠂ ᠢᠯᠴᠢ ᠰᠣᠯᠢᠯᠴᠠᠬᠤ ᠥᠷᠲᠡᠭᠡ ᠵᠢᠴᠢ ᠡᠭᠦᠳᠡᠨ ᠭᠡᠷ ᠪᠤᠢ᠃ ᠡᠭᠦᠨ ᠠᠴᠠ ᠭᠠᠳᠠᠨ᠎ᠠ ᠢᠵᠢ ᠪᠦᠷᠢᠳᠦᠭᠦᠯᠬᠦ ᠦᠶᠯᠡᠳᠪᠦᠷᠢ ᠶᠢᠨ ᠬᠤᠭᠤᠯᠠᠶ ᠤᠲᠠᠰᠤ᠂ ᠦᠶᠯᠡᠳᠪᠦᠷᠢ ᠶᠢᠨ ᠭᠠᠳᠠᠨᠠᠬᠢ ᠤᠰᠤ ᠲᠦᠭᠡᠭᠡᠬᠦ ᠬᠤᠭᠤᠯᠠᠶ ᠤᠲᠠᠰᠤ ᠵᠡᠷᠭᠡ 9 ᠮᠢᠩᠭ᠎ᠠ ᠭᠠᠷᠤᠶ ᠮᠧᠲᠷ ᠤᠭᠰᠠᠷᠠᠭᠰᠠᠨ ᠪᠠᠶᠢᠨ᠎ᠠ᠃ ᠣᠳᠣᠬᠠᠨ ᠤ ᠪᠦᠬᠦ ᠲᠣᠭᠤᠷᠢᠭ ᠤᠨ 3000 ᠪᠣᠰᠤᠭ᠎ᠠ ᠳᠥᠷᠪᠡᠯᠵᠢᠨ ᠮᠧᠲᠷ ᠤᠨ ᠡᠳᠦᠷ ᠤᠨ ᠬᠡᠷᠡᠭᠯᠡᠬᠦ ᠤᠰᠤᠨ ᠤ ᠬᠡᠮᠵᠢᠶ᠎ᠡ ᠳᠤ ᠴᠢᠭᠯᠡᠭᠦᠯᠦᠨ᠂ ᠤᠰᠤ ᠴᠡᠪᠡᠷᠰᠢᠭᠦᠯᠬᠦ ᠦᠶᠯᠡᠳᠪᠦᠷᠢ ᠶᠢᠨ ᠵᠢᠷᠤᠭᠯᠠᠨ ᠲᠥᠯᠥᠪᠯᠡᠭᠰᠡᠨ ᠡᠳᠦᠷ ᠤᠨ ᠰᠢᠶᠳᠪᠦᠷᠢᠯᠡᠬᠦ ᠴᠢᠳᠠᠪᠤᠷᠢ ᠨᠢ 9000 ᠺᠦᠪ ᠮᠧᠲᠷ ᠪᠠᠶᠢᠵᠤ᠂ ᠪᠦᠬᠦ ᠲᠣᠭᠤᠷᠢᠭ ᠤᠨ 3 ᠡᠳᠦᠷ ᠤᠨ ᠤᠰᠤᠨ ᠬᠡᠷᠡᠭᠯᠡᠯᠲᠡ ᠶᠢ ᠬᠠᠩᠭᠠᠵᠤ ᠪᠣᠯᠤᠨ᠎ᠠ᠃ ᠤᠰᠤ ᠴᠡᠪᠡᠷᠰᠢᠭᠦᠯᠬᠦ ᠦᠶᠯᠡᠳᠪᠦᠷᠢ ᠶᠢᠨ ᠠᠵᠢᠯᠯᠠᠬᠤ ᠶᠠᠪᠤᠴᠠ ᠨᠢ ᠶᠡᠭᠡ ᠲᠥᠯᠥᠪ᠄ ᠲᠠᠯᠢᠩ ᠤᠨ ᠣᠷᠳᠣᠨ ᠤ ᠤᠰᠤᠨ ᠰᠤᠷᠪᠤᠯᠵᠢ᠂ ᠪᠠᠶᠠᠨ ᠪᠤᠯᠠᠭ ᠤᠰᠤᠨ ᠰᠤᠷᠪᠤᠯᠵᠢ᠂ ᠬᠠᠷ᠎ᠠ ᠣᠪᠣᠭ᠎ᠠ ᠤᠰᠤᠨ ᠰᠤᠷᠪᠤᠯᠵᠢ᠂ ᠠᠪᠠᠭᠠᠶ ᠶᠢᠨ ᠤᠰᠤᠨ ᠰᠤᠷᠪᠤᠯᠵᠢ ᠵᠡᠷᠭᠡ 4 ᠭᠤᠤᠯ ᠪᠣᠯᠬᠤ ᠤᠰᠤᠨ ᠰᠤᠷᠪᠤᠯᠵᠢ ᠶᠢᠨ ᠭᠠᠵᠠᠷ ᠤᠨ ᠤᠰᠤ ᠶᠢ ᠣᠳᠣ ᠦᠶ᠎ᠡ ᠶᠢᠨ ᠮᠡᠷᠭᠡᠵᠢᠯ ᠢᠶᠠᠷ ᠲᠥᠪᠯᠡᠷᠡᠭᠦᠯᠦᠨ ᠰᠢᠶᠳᠪᠦᠷᠢᠯᠡᠵᠦ᠂ ᠤᠯᠤᠰ ᠤᠨ ᠤᠤᠭᠤᠬᠤ ᠤᠰᠤᠨ ᠤ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠬᠡᠰᠡᠭ ᠭᠠᠵᠠᠷ ᠲᠤ ᠳᠠᠷᠤᠯᠲᠠ ᠪᠠᠭᠤᠷᠠᠭᠤᠯᠬᠤ ᠨᠡᠭᠡᠯᠡᠬᠡᠶ ᠨᠡᠮᠡᠵᠦ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠦᠬᠦ ᠲᠣᠭᠤᠷᠢᠭ ᠲᠤ ᠲᠡᠩᠴᠡᠭᠦᠷᠢᠲᠡᠶ ᠤᠰᠤ ᠬᠠᠩᠭᠠᠵᠤ᠂ ᠪᠦᠬᠦ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠴᠢᠨᠠᠷ ᠰᠠᠶᠢᠲᠠᠶ ᠪᠠᠶᠢᠬᠤ ᠶᠢ ᠦᠨᠡᠨᠬᠦ ᠪᠠᠲᠤᠯᠠᠨ᠎ᠠ᠃
     ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠤᠤᠭᠤᠵᠤ ᠢᠳᠡᠬᠦ ᠤᠰᠤᠨ ᠤ ᠠᠰᠠᠭᠤᠳᠠᠯ ᠣᠷᠣᠰᠢᠵᠤ᠂ ᠲᠣᠭᠤᠷᠢᠭ ᠪᠠᠶᠢᠭᠤᠯᠤᠭᠳᠠᠭᠰᠠᠨ ᠠᠴᠠ ᠨᠠᠰᠢ ᠠᠵᠤ ᠠᠬᠤᠶᠢᠯᠠᠯ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠤᠷᠢᠭ ᠪᠠᠶᠢᠭᠤᠯᠤᠭᠰᠠᠨ 60 ᠭᠠᠷᠤᠶ ᠵᠢᠯ ᠤᠨ ᠲᠤᠷᠰᠢ ᠬᠤᠶᠠᠷ ᠶᠡᠭᠡ ᠬᠦᠴᠢᠷ ᠠᠰᠠᠭᠤᠳᠠᠯ ᠳᠤ ᠲᠤᠯᠭᠠᠷᠠᠭᠰᠠᠭᠠᠷ ᠪᠠᠶᠢᠪᠠ᠄ ᠨᠢᠭᠡ ᠳᠤ᠂ ᠤᠤᠭᠤᠵᠤ ᠢᠳᠡᠬᠦ ᠤᠰᠤᠨ ᠤ ᠬᠦᠴᠢᠷ᠂ ᠬᠤᠶᠠᠷ ᠲᠤ᠂ ᠤᠤᠭᠤᠵᠤ ᠢᠳᠡᠬᠦ ᠤᠰᠤᠨ ᠤ ᠪᠤᠯᠠᠩᠬᠢᠷ ᠶᠡᠭᠡ ᠠᠰᠠᠭᠤᠳᠠᠯ ᠪᠣᠯᠤᠨ᠎ᠠ᠃ ᠤᠰᠤ ᠤᠤᠭᠤᠬᠤ ᠳᠤ ᠬᠦᠴᠢᠷᠲᠡᠶ ᠭᠡᠳᠡᠭ ᠨᠢ ᠤᠰᠤᠨ ᠤ ᠬᠡᠮᠵᠢᠶ᠎ᠡ ᠬᠦᠷᠦᠯᠴᠡᠬᠦ ᠦᠭᠡᠢ ᠪᠠᠶᠢᠵᠤ᠂ ᠳᠡᠭᠡᠷ᠎ᠡ ᠨᠢ ᠤᠰᠤ ᠬᠠᠩᠭᠠᠬᠤ ᠲᠥᠬᠦᠭᠡᠷᠦᠮᠵᠢ ᠨᠢ ᠬᠠᠭᠤᠴᠢᠷᠠᠭᠰᠠᠨ ᠠᠴᠠ ᠪᠣᠯᠵᠤ᠂ ᠪᠠᠶᠢᠨ ᠳᠠᠬᠢᠨ ᠭᠤᠭᠤᠵᠢᠵᠤ᠂ ᠤᠰᠤ ᠲᠠᠰᠤᠷᠠᠬᠤ ᠨᠢ ᠪᠠᠷᠤᠭ ᠶᠡᠷᠦᠳᠡ ᠶᠢᠨ ᠤᠴᠢᠷ ᠪᠣᠯᠤᠭᠰᠠᠨ ᠪᠠᠶᠢᠳᠠᠭ᠃ ᠤᠤᠭᠤᠵᠤ ᠢᠳᠡᠬᠦ ᠤᠰᠤᠨ ᠤ ᠪᠤᠯᠠᠩᠬᠢᠷ ᠶᠡᠭᠡ ᠭᠡᠳᠡᠭ ᠨᠢ ᠤᠰᠤᠨ ᠤ ᠡᠬᠢ ᠰᠤᠷᠪᠤᠯᠵᠢ ᠠᠴᠠ ᠲᠠᠲᠠᠵᠤ ᠭᠠᠷᠭᠠᠭᠰᠠᠨ ᠤᠰᠤ ᠶᠢ ᠰᠢᠭᠤᠳ ᠰᠠᠭᠤᠭᠠᠯᠢ ᠠᠷᠠᠳ ᠤᠨ ᠭᠡᠷ ᠲᠤ ᠬᠦᠷᠭᠡᠭᠰᠡᠨ ᠠᠴᠠ ᠪᠣᠯᠵᠠᠶ᠃ ᠬᠡᠵᠢᠶ᠎ᠡ ᠡᠨᠡ ᠬᠤᠶᠠᠷ ᠶᠡᠭᠡ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠨᠢ ᠠᠭᠤᠷᠬᠠᠢ ᠶᠢᠨ ᠲᠣᠭᠤᠷᠢᠭ ᠤᠨ ᠠᠷᠠᠳ ᠢᠷᠭᠡᠳ ᠤᠨ ᠬᠠᠯᠠᠭᠤᠨ ᠬᠦᠰᠡᠯ ᠪᠣᠯᠵᠤ᠂ 60 ᠭᠠᠷᠤᠢ ᠵᠢᠯ ᠤᠨ ᠲᠤᠷᠰᠢ ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠰᠢᠨᠲᠠᠷᠠᠰᠢ ᠦᠭᠡᠢ ᠴᠢᠷᠮᠠᠶᠢᠵᠤ ᠬᠦᠰᠡᠭᠰᠡᠭᠡᠷ ᠢᠷᠡᠭᠰᠡᠨ ᠶᠤᠮ᠃
     ᠠᠷᠠᠳ ᠲᠦᠮᠡᠨ ᠬᠦᠰᠡᠯ ᠡᠷᠡᠮᠡᠯᠵᠡᠯ ᠲᠠᠢ ᠪᠣᠯ ᠪᠢ ᠬᠠᠷᠢᠭᠤ ᠲᠤᠰᠬᠠᠯ ᠭᠠᠷᠭᠠᠨ᠎ᠠ᠃《ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ》ᠪᠣᠯ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠪᠣᠳᠠᠲᠠᠶ ᠬᠠᠷᠠᠯᠲᠠ ᠶᠢᠨ ᠨᠢᠭᠡ ᠪᠣᠯᠤᠨ᠎ᠠ᠃ 2019 ᠣᠨ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠡᠬᠦ ᠭᠤᠤᠯ ᠰᠡᠳᠦᠪᠲᠦ ᠬᠥᠮᠦᠵᠢᠯ ᠤᠨ ᠠᠵᠢᠯ ᠡᠬᠢᠯᠡᠬᠦ ᠡᠬᠢᠨ ᠤ ᠬᠤᠭᠤᠴᠠᠭᠠᠨ ᠳᠤ᠂ ᠣᠯᠠᠨ ᠲᠦᠮᠡᠨ ᠤ ᠤᠤᠭᠤᠬᠤ ᠤᠰᠤᠨ ᠤ ᠬᠤᠶᠠᠷ ᠬᠦᠴᠢᠷᠳᠡᠯ ᠢ ᠲᠤᠶᠢᠯᠪᠤᠷᠢᠲᠠᠢ ᠰᠢᠶᠳᠪᠦᠷᠢᠯᠡᠬᠦ ᠬᠦᠰᠡᠯ ᠱᠠᠭᠠᠷᠳᠠᠯᠭ᠎ᠠ ᠮᠠᠰᠢ ᠴᠢᠩᠭ᠎ᠠ ᠪᠠᠶᠢᠪᠠ᠃ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ᠪᠠᠴᠢᠮ ᠲᠤᠯᠭᠠᠮ᠎ᠠ ᠬᠦᠴᠢᠷ ᠠᠰᠠᠭᠤᠳᠠᠯ ᠤᠨ ᠡᠮᠦᠨ᠎ᠡ᠂ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠴᠠᠭ ᠲᠤᠬᠠᠶ ᠳᠤᠨᠢ《ᠲᠠᠪᠤᠨ ᠬᠠᠮᠤᠭ ᠤᠨ ᠲᠦᠷᠦᠭᠦᠨ ᠳᠤ》︵ᠳᠠᠷᠤᠶ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠨᠳᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠤᠭ ᠤᠨ ᠲᠡᠷᠢᠭᠦᠨ ᠳᠤ ᠰᠢᠢᠳᠪᠦᠷᠢᠯᠡᠵᠦ᠂ ᠬᠠᠮᠤᠭ ᠤᠨ ᠲᠡᠷᠢᠭᠦᠨ ᠳᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠬᠠᠮᠤᠭ ᠤᠨ ᠲᠡᠷᠢᠭᠦᠨ ᠳᠤ ᠰᠢᠯᠭᠠᠨ ᠠᠪᠴᠤ ᠬᠠᠷᠢᠭᠤ ᠲᠤᠰᠬᠠᠬᠤ᠂ ᠬᠠᠮᠤᠭ ᠤᠨ ᠲᠡᠷᠢᠭᠦᠨ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠥᠷᠨᠢᠭᠦᠯᠬᠦ︶ ᠠᠵᠢᠯ ᠤᠨ ᠲᠣᠭᠲᠠᠴᠠ ᠶᠢ ᠡᠬᠢᠯᠡᠭᠦᠯᠵᠦ᠂ ᠤᠰᠤ ᠴᠡᠪᠡᠷᠰᠢᠭᠦᠯᠬᠦ ᠦᠶᠯᠡᠳᠪᠦᠷᠢ ᠡᠴᠦᠰ ᠲᠡᠭᠡᠨ 7 ᠰᠠᠷ᠎ᠠ ᠶᠢᠨ 7 ᠤ ᠡᠳᠦᠷ ᠠᠵᠢᠯ ᠢᠶᠠᠨ ᠡᠬᠢᠯᠡᠭᠦᠯᠪᠡ᠃
     ᠲᠥᠷᠥᠯ ᠵᠥᠢᠯ ᠤᠨ ᠲᠥᠯᠥᠪᠵᠢᠭᠦᠯᠪᠡ᠂ ᠨᠤᠲᠠᠯᠠᠯᠲᠠ ᠶᠢᠨ ᠱᠠᠲᠤᠨ ᠳᠤ᠂ ᠲᠣᠭᠤᠷᠢᠭ ᠤᠨ ᠬᠠᠮᠢᠶ᠎ᠠ ᠪᠦᠬᠦᠢ ᠬᠤᠷᠠᠯ ᠠᠴᠠ ᠲᠣᠰ ᠢᠨᠵᠧᠨᠧᠷᠢᠩ ᠢ 2019 ᠣᠨ ᠤ ᠳ᠋ᠤᠭᠠᠷ ᠤᠨ ᠪᠠᠶ᠋ᠬᠠᠣᠪᠣᠭ᠎ᠠ ᠠᠭᠤᠷᠬᠠᠢ ᠶᠢᠨ ᠲᠣᠭᠤᠷᠢᠭ ᠤᠨ《ᠠᠷᠠᠳ ᠤᠨ ᠠᠮᠢᠳᠤᠷᠠᠯ ᠨᠢᠭᠡᠳᠦᠭᠡᠷ ᠢᠨᠵᠧᠨᠧᠷᠢᠩ》 ᠢᠶᠠᠷ ᠲᠣᠭᠲᠠᠭᠠᠪᠠ᠃ ᠢᠨᠵᠧᠨᠧᠷᠢᠩ ᠢ ᠵᠢᠩᠬᠢᠨᠢ ᠪᠠᠷ ᠡᠬᠢᠯᠡᠨ ᠪᠠᠶᠢᠭᠤᠯᠤᠭᠰᠠᠨ ᠤ ᠳᠠᠷᠠᠭ᠎ᠠ᠂ ᠠᠭᠤᠷᠬᠠᠢ ᠶᠢᠨ ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠮᠠᠨ ᠤ ᠲᠡᠮᠡᠴᠡᠬᠦ ᠬᠠᠷᠠᠯᠲᠠ ᠪᠣᠯᠬᠤ ᠡᠨᠡᠬᠦ ᠵᠣᠷᠢᠯᠲᠠ ᠪᠠᠷ ᠭᠤᠤᠯᠳᠠᠭᠤᠯᠵᠤ᠂ ᠪᠦᠬᠦ ᠲᠣᠭᠤᠷᠢᠭ ᠤᠨ ᠬᠦᠴᠦᠨ ᠢ ᠳᠠᠶᠢᠴᠢᠯᠠᠨ ᠡᠴᠦᠰ ᠲᠡᠭᠡᠨ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠬᠦ ᠬᠠᠷᠠᠯᠲᠠ ᠶᠢ ᠪᠡᠶᠡᠯᠡᠭᠦᠯᠪᠡ᠃
     ᠡᠷᠬᠡᠪᠰᠢ ᠠᠭᠤᠷᠬᠠᠢ ᠶᠢᠨ ᠲᠣᠭᠤᠷᠢᠭ ᠤᠨ ᠠᠷᠠᠳ ᠲᠦᠮᠡᠨ ᠢ ᠰᠠᠨᠠᠭ᠎ᠠ ᠠᠮᠤᠷ ᠤᠰᠤ ᠤᠤᠭᠤᠯᠭᠠᠵᠤ ᠴᠢᠨᠡᠭᠡᠯᠢᠭ ᠨᠡᠶᠢᠭᠡᠮ ᠳᠤ ᠣᠷᠣᠭᠤᠯᠬᠤ ᠬᠡᠷᠡᠭᠲᠡᠶ︕ ᠡᠨᠡ ᠪᠣᠯ ᠵᠠᠪᠠᠯ ᠢᠯᠠᠬᠤ ᠵᠠᠷᠯᠢᠭ᠂ ᠠᠭᠤᠷᠬᠠᠢ ᠶᠢᠨ ᠲᠣᠭᠤᠷᠢᠭ ᠢ ᠬᠥᠭᠵᠢᠭᠡᠨ᠎ᠡ︕ ᠡᠨᠡ ᠪᠣᠯ ᠮᠢᠩᠭᠠᠨ ᠣᠨ ᠤ ᠠᠮᠠᠯᠠᠯ᠂ ᠡᠨᠡᠬᠦ ᠠᠮᠠᠯᠠᠯᠲᠠ ᠪᠠᠨ ᠪᠡᠶᠡᠯᠡᠭᠦᠯᠬᠦ ᠶᠢᠨ ᠲᠥᠯᠥᠭᠡ᠂ ᠲᠣᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ ᠡᠬᠢᠯᠡᠬᠦ ᠦᠶ᠎ᠡ ᠶᠢᠨ ᠨᠢᠭᠡ ᠭᠠᠷᠠᠭ ᠤᠨ ᠨᠢᠭᠡ ᠤᠳᠠᠭ᠎ᠠ ᠠᠴᠠ ᠰᠡᠭᠦᠯᠴᠢ ᠶᠢᠨ ᠨᠢᠭᠡ ᠡᠳᠦᠷ ᠨᠢᠭᠡ ᠤᠳᠠᠭ᠎ᠠ ᠪᠣᠯᠲᠠᠯ᠎ᠠ ᠲᠣᠬᠢᠷᠠᠭᠤᠯᠤᠭᠠᠳ᠂ ᠪᠠᠷᠢᠯᠭ᠎ᠠ ᠶᠢᠨ ᠭᠠᠵᠠᠷ ᠤᠨ 300 ᠭᠠᠷᠤᠶ ᠳᠠᠷᠬᠠᠳ ᠨᠠᠰᠢ ᠴᠠᠰᠢ ᠶᠠᠪᠤᠵᠤ᠂ ᠬᠡᠳᠦᠨ ᠠᠷᠪᠠᠨ ᠮᠠᠯᠲᠠᠭᠤᠷ ᠮᠠᠰᠢᠨ᠂ ᠬᠡᠮᠬᠡᠯᠬᠦ ᠠᠯᠤᠬ᠎ᠠ᠂ ᠠᠴᠢᠶᠠᠯᠠᠭᠤᠷ ᠮᠠᠰᠢᠨ᠂ ᠠᠴᠢᠶ᠎ᠠ ᠪᠠᠭᠤᠯᠭᠠᠬᠤ ᠮᠠᠰᠢᠨ ᠵᠡᠷᠭᠡ ᠮᠠᠰᠢᠨ ᠲᠡᠷᠭᠡ ᠲᠠᠰᠤᠷᠠᠯᠲᠠ ᠦᠭᠡᠢ ᠱᠤᠤᠭᠢᠵᠤ᠂ ᠡᠳᠦᠷ ᠪᠦᠷᠢ 24 ᠴᠠᠭ ᠢᠶᠠᠷ ᠡᠭᠡᠯᠵᠢᠯᠡᠨ ᠵᠢᠭᠰᠠᠵᠤ᠂ ᠰᠠᠯᠬᠢ ᠪᠣᠷᠣᠭᠠᠨ ᠢ ᠬᠠᠶᠢᠬᠤᠷᠤᠯ ᠦᠭᠡᠢ ᠠᠵᠢᠯᠯᠠᠨ᠎ᠠ᠃ 7 ᠰᠠᠷ᠎ᠠ ᠶᠢᠨ 7 ᠤ ᠡᠳᠦᠷ᠂ ᠪᠠᠷᠢᠯᠭ᠎ᠠ ᠡᠬᠢᠯᠡᠪᠡ᠃ 11 ᠰᠠᠷ᠎ᠠ ᠶᠢᠨ 1  ᠤ ᠡᠳᠦᠷ᠂ ᠭᠤᠤᠯ ᠴᠣᠭᠴᠠ ᠶᠢᠨ ᠪᠠᠷᠢᠯᠭ᠎ᠠ ᠤᠷᠤᠭᠰᠢᠲᠠᠶ ᠳᠠᠭᠤᠰᠪᠠ᠃ 12 ᠰᠠᠷ᠎ᠠ ᠶᠢᠨ 18 ᠤ ᠡᠳᠦᠷ ᠵᠢᠩᠬᠢᠨᠢ ᠪᠠᠷ ᠤᠰᠤ ᠨᠡᠪᠲᠡᠷᠡᠪᠡ᠃ ᠬᠡᠪ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠷ ᠠᠳᠠᠭ ᠲᠤ ᠪᠠᠨ ᠬᠤᠶᠠᠷ ᠵᠢᠯ ᠤᠨ ᠬᠤᠭᠤᠴᠠᠭ᠎ᠠ ᠬᠡᠷᠡᠭᠰᠡᠬᠦ ᠠᠵᠢᠯ ᠢ ᠲᠠᠪᠤᠨ ᠲᠠᠪᠤᠨ ᠰᠠᠷ᠎ᠠ ᠶᠢᠨ ᠬᠤᠭᠤᠴᠠᠭᠠᠨ ᠳᠤ ᠠᠮᠵᠢᠯᠲᠠ ᠲᠠᠢ ᠪᠠᠷ ᠪᠠᠷᠢᠵᠤ ᠳᠠᠭᠤᠰᠬᠠᠭᠠᠳ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠷ ᠬᠠᠮᠤᠭ ᠤᠨ ᠲᠦᠷᠭᠡᠨ ᠪᠠᠷᠢᠯᠭ᠎ᠠ ᠶᠢ ᠡᠭᠦᠳᠦᠨ ᠪᠦᠲᠦᠭᠡᠭᠰᠡᠨ ᠪᠠᠶᠢᠨ᠎ᠠ᠃
     ᠪᠠᠷᠢᠯᠭ᠎ᠠ ᠶᠢᠨ ᠬᠤᠭᠤᠴᠠᠭ᠎ᠠ ᠨᠢ ᠬᠡᠳᠦᠶᠢᠪᠡᠷ ᠣᠬᠤᠷ ᠪᠣᠯᠪᠠᠴᠤ ᠪᠠᠷᠢᠯᠭ᠎ᠠ ᠶᠢᠨ ᠶᠠᠰᠤ ᠴᠢᠨᠠᠷ ᠨᠢ ᠵᠠᠪᠠᠯ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠬᠡᠷᠡᠭᠲᠡᠶ᠃ ᠡᠨᠡ ᠪᠣᠯ ᠠᠭᠤᠷᠬᠠᠢ ᠶᠢᠨ ᠲᠣᠭᠤᠷᠢᠭ ᠤᠨ ᠪᠠᠷᠢᠯᠭ᠎ᠠ ᠪᠠᠷᠢᠬᠤ ᠨᠢᠭᠡᠴᠡ  ᠳᠤ ᠳᠤᠷᠠᠳᠤᠭᠰᠠᠨ ᠱᠠᠭᠠᠷᠳᠠᠯᠭ᠎ᠠ ᠪᠣᠯᠤᠨ᠎ᠠ᠂ ᠪᠠᠷᠢᠯᠭ᠎ᠠ ᠪᠠᠷᠢᠬᠤ ᠨᠢᠭᠡᠴᠡ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠪᠠᠷᠢᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ ᠬᠢᠨᠠᠨ ᠬᠠᠮᠢᠶᠠᠷᠬᠤ ᠨᠢᠭᠡᠴᠡ ᠨᠢ ᠪᠦᠬᠦᠯᠢ ᠡᠳᠦᠷ ᠢᠶᠠᠷ ᠴᠢᠩᠭ᠎ᠠ ᠬᠢᠨᠠᠨ ᠬᠠᠮᠢᠶᠠᠷᠴᠤ᠂ ᠡᠴᠦᠰ ᠲᠡᠭᠡᠨ ᠲᠥᠷᠥᠯ ᠵᠦᠶᠯ ᠢ《ᠶᠠᠰᠤ ᠴᠢᠨᠠᠷ ᠢᠶᠠᠷ ᠬᠠᠮᠤᠭ ᠤᠨ ᠰᠢᠯᠢᠳᠡᠭ ᠢᠨᠵᠧᠨᠧᠷᠢᠩ》ᠪᠣᠯᠭᠠᠨ ᠪᠦᠲᠦᠭᠡᠨ ᠪᠠᠶᠢᠭᠤᠯᠪᠠ᠃
     ᠳᠦᠷᠢᠮ ᠲᠣᠭᠲᠠᠭᠠᠯ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠵᠢᠷᠤᠮᠵᠢᠭᠤᠨ᠂ ᠬᠠᠮᠢᠶᠠᠷᠤᠯᠲᠠ ᠨᠢ ᠴᠢᠩᠭ᠎ᠠ ᠨᠢᠮᠪᠠᠶ ᠂ ᠡᠨᠡᠬᠦ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠳᠡᠭᠡᠷ᠎ᠡ᠂ ᠠᠮᠤᠷ ᠲᠦᠪᠰᠢᠨ ᠤ ᠮᠡᠳᠡᠯᠭᠡ ᠶᠢᠨ ᠬᠢᠨᠠᠨ ᠰᠢᠯᠭᠠᠯᠲᠠ ᠨᠢ ᠪᠠᠷᠢᠮᠵᠢᠶ᠎ᠠ ᠳᠤ ᠬᠦᠷᠬᠦ ᠥᠬᠡᠶ ᠪᠣᠯ ᠠᠵᠢᠯ ᠤᠨ ᠪᠠᠶᠢᠷᠢ ᠳᠤ ᠭᠠᠷᠴᠤ ᠪᠣᠯᠬᠤ ᠥᠬᠡᠶ᠂ ᠠᠮᠤᠷ ᠲᠦᠪᠰᠢᠨ ᠤ ᠮᠠᠯᠠᠭᠠᠶ ᠵᠡᠭᠦᠬᠦ ᠥᠬᠡᠶ ᠪᠣᠯ ᠲᠠᠯᠠᠪᠤᠷ ᠲᠤ ᠣᠷᠣᠵᠤ ᠪᠣᠯᠬᠤ ᠥᠬᠡᠶ᠂ ᠵᠢᠷᠤᠮᠵᠢᠯ ᠥᠬᠡᠶ ᠪᠣᠯ ᠳᠠᠷᠤᠶ ᠠᠵᠢᠯ ᠤᠨ ᠪᠠᠶᠢᠷᠢ ᠠᠴᠠ ᠨᠢ ᠪᠠᠭᠤᠯᠭᠠᠨ᠎ᠠ ᠁ ᠴᠢᠩᠭ᠎ᠠ ᠨᠢᠮᠪᠠᠶ ᠬᠠᠮᠢᠶᠠᠷᠤᠯᠲᠠ ᠨᠢ ᠠᠮᠤᠷ ᠲᠦᠪᠰᠢᠨ ᠪᠥᠭᠡᠳ ᠠᠶᠤᠯ ᠲᠦᠭᠰᠢᠭᠦᠷᠢ ᠲᠤᠯᠭᠠᠷᠠᠬᠤ ᠥᠬᠡᠶ ᠶᠤᠮ᠃ ᠢᠮᠦᠷᠬᠦᠦ ᠶᠡᠭᠡ ᠢᠨᠵᠧᠨᠧᠷᠢᠩ ᠨᠢ ᠠᠵᠢᠯ ᠡᠬᠢᠯᠡᠭᠰᠡᠨ ᠠᠴᠠ ᠤᠰᠤ ᠨᠡᠪᠲᠡᠷᠡᠭᠦᠯᠬᠦ ᠬᠦᠷᠲᠡᠯ᠎ᠡ᠂ ᠠᠮᠤᠷ ᠲᠦᠪᠰᠢᠨ ᠤ ᠠᠳᠡᠯ ᠭᠠᠷᠤᠭᠰᠠᠨ ᠦᠭᠡᠢ ᠪᠣᠯᠬᠤᠷ《ᠠᠮᠤᠷ ᠲᠦᠪᠰᠢᠨ ᠤ ᠨᠢᠭᠡᠳᠦᠭᠡᠷ ᠢᠨᠵᠧᠨᠧᠷᠢᠩ》ᠭᠡᠵᠦ ᠬᠡᠯᠡᠵᠦ ᠪᠣᠯᠤᠨ᠎ᠠ᠃      ᠵᠠᠰᠠᠭ ᠤᠨ ᠣᠷᠳᠣᠨ ᠤ ᠢᠨᠵᠧᠨᠧᠷᠢᠩ ᠢᠯᠵᠠᠷᠠᠨ ᠳᠣᠷᠣᠶᠢᠲᠠᠬᠤ ᠦᠵᠡᠭᠳᠡᠯ ᠠᠮᠠᠷᠬᠠᠨ ᠡᠭᠦᠰᠳᠡᠭ᠂ ᠢᠨᠵᠧᠨᠧᠷᠢᠩ ᠤᠨ ᠲᠥᠷᠥᠯ ᠵᠥᠢᠯ ᠤᠨ ᠨᠤᠲᠠᠯᠠᠯᠲᠠ ᠠᠴᠠ ᠡᠬᠢᠯᠡᠨ᠂ ᠲᠣᠭᠤᠷᠢᠭ ᠠᠴᠠ ᠲᠡᠭᠦᠨ ᠢ《 ᠴᠢᠭᠡᠴᠢ ᠢᠨᠵᠧᠨᠧᠷᠢᠩ》 ᠢᠶᠠᠷ ᠲᠣᠭᠲᠠᠭᠠᠵᠤ᠂ ᠶᠠᠮᠠᠷᠪᠠ ᠤᠳᠤᠷᠢᠳᠤᠯᠭ᠎ᠠ᠂ ᠶᠠᠮᠠᠷᠪᠠ ᠬᠤᠪᠢ ᠬᠥᠮᠦᠨ ᠢ ᠴᠥᠮ ᠢᠨᠵᠧᠨᠧᠷᠢᠩ ᠤᠨ ᠤᠴᠢᠷ ᠶᠠᠪᠤᠳᠠᠯ ᠢ ᠰᠢᠢᠳᠪᠦᠷᠢᠯᠡᠵᠦ ᠪᠣᠯᠬᠤ ᠦᠭᠡᠢ᠂ ᠰᠡᠳᠦᠪ ᠲᠣᠭᠲᠠᠭᠠᠬᠤ᠂ ᠲᠥᠯᠥᠪᠵᠢᠭᠦᠯᠪᠡ ᠬᠢᠬᠦ᠂ ᠪᠦᠲᠦᠭᠡᠨ ᠪᠠᠶᠢᠭᠤᠯᠤᠯᠲᠠ ᠬᠢᠬᠦ ᠵᠡᠷᠭᠡ ᠲᠠᠯ᠎ᠠ ᠪᠠᠷ ᠴᠥᠮ ᠢᠯᠡ ᠪᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠱᠠᠭᠠᠷᠳᠠᠵᠤ᠂ ᠬᠡᠨ ᠳᠠᠭᠠᠭᠠᠴᠢᠯᠠᠭᠰᠠᠨ ᠪᠣᠯ ᠬᠡᠨ ᠬᠢᠬᠦ ᠪᠠᠷ ᠲᠣᠭᠲᠠᠭᠠᠪᠠ᠃ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠤᠭᠤᠴᠠᠭᠠᠨ ᠳᠤ ᠬᠢᠨᠠᠨ ᠪᠤᠳᠤᠬᠤ᠂ ᠬᠢᠨᠠᠨ ᠪᠠᠶᠢᠴᠠᠭᠠᠬᠤ ᠠᠵᠢᠯ ᠢ ᠴᠥᠮ ᠭᠠᠷᠳᠠᠨ ᠬᠢᠵᠦ᠂ ᠪᠤᠢ ᠪᠦᠬᠦᠢ ᠳᠠᠩᠰᠠ ᠬᠠᠷ᠎ᠠ ᠶᠢ ᠴᠥᠮ ᠢᠯᠡ ᠲᠠᠯᠪᠢᠵᠤ ᠬᠢᠨᠠᠯᠲᠠ ᠶᠢ ᠬᠦᠯᠢᠶᠡᠬᠦ ᠬᠡᠷᠡᠭᠲᠡᠶ᠂ ᠶᠠᠮᠠᠷᠪᠠ ᠡᠷᠬᠡᠲᠦ ᠨᠢᠭᠡᠴᠢ ᠪᠠ ᠬᠤᠪᠢ ᠬᠥᠮᠦᠨ ᠴᠥᠮ ᠪᠠᠷᠢᠯᠭ᠎ᠠ ᠶᠢᠨ ᠠᠵᠢᠯ ᠤᠨ ᠨᠢᠭᠡᠴᠢ ᠶᠢ ᠢᠳᠡᠵᠦ ᠠᠪᠬᠤ ᠭᠠᠴᠢᠵᠤ ᠠᠪᠴᠤ ᠪᠣᠯᠬᠤ ᠦᠭᠡᠢ᠂ ᠬᠤᠶᠠᠷ ᠲᠠᠯ᠎ᠠ ᠪᠠᠷ ᠢᠶᠠᠨ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠲᠤᠯᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠰᠤ ᠴᠡᠪᠡᠷᠰᠢᠭᠦᠯᠬᠦ ᠦᠶᠯᠡᠳᠪᠦᠷᠢ ᠶᠢᠨ ᠤᠭ ᠰᠠᠨᠠᠭᠠᠨ ᠤ ᠢᠨᠵᠧᠨᠧᠷᠢᠩ ᠤᠨ ᠡᠨᠡᠬᠦ ᠠᠷᠭ᠎ᠠ ᠬᠢᠳᠡᠯ ᠳᠤ ᠴᠣᠬᠤᠯᠠᠪᠤᠷᠢ ᠥᠭᠴᠡᠶ᠄《ᠮᠠᠰᠢ ᠰᠠᠶᠢᠨ᠂ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠳᠤᠮᠳᠠ ᠰᠠᠨᠠᠭᠠᠴᠢᠯᠠᠭ᠎ᠠ ᠠᠴᠠ ᠪᠠᠨ ᠬᠦᠷᠦᠯᠴᠡᠬᠦ ᠦᠭᠡᠢ ᠲᠠᠯ᠎ᠠ  ᠪᠠᠨ ᠡᠷᠢᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠣᠯᠠᠨ ᠲᠦᠮᠡᠨ ᠤ ᠢᠳᠡᠬᠦ ᠤᠰᠤᠨ ᠤ ᠠᠰᠠᠭᠤᠳᠠᠯ ᠢ ᠰᠢᠶᠳᠪᠦᠷᠢᠯᠡᠬᠦ ᠢᠮᠦᠷᠬᠦᠦ ᠬᠢᠳᠡᠯ ᠢ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠠᠴᠠ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ ᠮᠠᠭᠲᠠᠨ ᠰᠠᠶᠢᠰᠢᠶᠠᠬᠤ ᠪᠣᠯᠪᠠᠤ 》᠃      ᠥᠪᠡᠷᠲᠡᠭᠡᠨ ᠵᠠᠰᠠᠬᠤ ᠣᠷᠣᠨ ᠤ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠰᠢᠶᠣᠤ ᠹᠧᠩ ᠪᠠᠶ᠋ᠬᠠᠣᠪᠤᠭ᠎ᠠ ᠳᠤ ᠢᠷᠡᠵᠦ ᠤᠰᠤ ᠴᠡᠪᠡᠷᠰᠢᠭᠦᠯᠬᠦ ᠦᠶᠯᠡᠳᠪᠦᠷᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠨᠡᠬᠦ ᠢᠨᠵᠧᠨᠧᠷᠢᠩ ᠨᠢ《ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ》᠂《ᠪᠦᠲᠦᠭᠡᠨ ᠪᠠᠶᠢᠭᠤᠯᠤᠯᠲᠠ ᠶᠢᠨ ᠬᠤᠷᠳᠤᠴᠠ ᠬᠠᠮᠤᠭ ᠤᠨ ᠲᠦᠷᠭᠡᠨ ᠢᠨᠵᠧᠨᠧᠷᠢᠩ》᠂《ᠶᠠᠰᠤ ᠴᠢᠨᠠᠷ ᠬᠠᠮᠤᠭ ᠤᠨ ᠰᠢᠯᠢᠳᠡᠭ ᠢᠨᠵᠧᠨᠧᠷᠢᠩ》᠂《ᠠᠮᠤᠷ ᠲᠦᠪᠰᠢᠨ ᠤ ᠨᠢᠭᠡᠳᠦᠭᠡᠷ ᠢᠨᠵᠧᠨᠧᠷᠢᠩ》ᠪᠣᠯᠤᠨ《ᠤᠰᠤᠨ ᠠᠰᠢᠭᠯᠠᠯᠲᠠ ᠶᠢᠨ ᠢᠨᠵᠧᠨᠧᠷᠢᠩ》ᠪᠣᠯᠬᠤ ᠪᠠᠷ ᠪᠠᠷᠠᠬᠤ ᠦᠭᠡᠢ᠂ ᠪᠠᠰᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠵᠣᠯ ᠵᠢᠷᠭᠠᠯ ᠣᠯᠭᠤᠬᠤ《ᠤᠭ ᠰᠠᠨᠠᠭᠠᠨ  ᠤ ᠢᠨᠵᠧᠨᠧᠷᠢᠩ》ᠪᠣᠯᠬᠤ ᠶᠣᠰᠣᠲᠠᠶ ᠭᠡᠵᠦ ᠢᠯᠡᠳᠬᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠳᠠᠷᠤᠭ᠎ᠠ ᠵᠤᠤ ᠵᠢᠶᠠᠩ ᠲᠤᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠬᠦᠷᠴᠦ《ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠤᠰᠤ ᠴᠡᠪᠡᠷᠰᠢᠭᠦᠯᠬᠦ ᠦᠶᠯᠡᠳᠪᠦᠷᠢ ᠭᠡᠬᠦ ᠡᠨᠡᠬᠦ《ᠤᠭ ᠰᠠᠨᠠᠭ᠎ᠠ ᠶᠢᠨ ᠢᠨᠵᠧᠨᠧᠷᠢᠩ》 ᠢ ᠲᠦᠷᠭᠡᠨ ᠬᠤᠷᠳᠤᠴᠠ ᠲᠠᠢ᠂ ᠶᠠᠰᠤ ᠴᠢᠨᠠᠷ ᠰᠢᠯᠢᠳᠡᠭ ᠰᠣᠳᠣᠨ ᠢᠨᠵᠧᠨᠧᠷᠢᠩ ᠪᠣᠯᠭᠠᠨ ᠪᠠᠶᠢᠭᠤᠯᠵᠤ᠂ ᠡᠨᠡᠬᠦ ᠰᠠᠭᠤᠷᠢᠨ ᠳᠡᠭᠡᠷ᠎ᠡ ᠰᠢᠭᠤᠳ ᠤᠤᠭᠤᠬᠤ ᠤᠰᠤ ᠶᠢ ᠪᠦᠷᠢᠨ ᠪᠦᠷᠬᠦᠭᠦᠯᠬᠦ ᠲᠥᠷᠥᠯ ᠵᠦᠶᠯ ᠢ ᠡᠬᠢᠯᠡᠭᠦᠯᠵᠦ᠂ ᠤᠰᠤᠨ ᠤ ᠡᠬᠢ ᠵᠢᠴᠢ ᠢᠵᠢ ᠪᠦᠷᠢᠳᠦᠭᠰᠡᠨ ᠬᠠᠮᠢᠶᠠᠷᠤᠯᠲᠠ ᠶᠢᠨ ᠲᠣᠤᠷ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠭᠤᠷᠬᠠᠢ ᠶᠢᠨ ᠲᠣᠭᠤᠷᠢᠭ ᠤᠨ ᠠᠷᠠᠳ ᠢᠷᠭᠡᠳ ᠤᠨ 60 ᠭᠠᠷᠤᠶ ᠵᠢᠯ ᠤᠨ ᠤᠤᠭᠤᠵᠤ ᠢᠳᠡᠬᠦ ᠤᠰᠤᠨ ᠤ ᠬᠦᠴᠢᠷ ᠠᠰᠠᠭᠤᠳᠠᠯ ᠢ ᠦᠨᠡᠨᠬᠦ ᠰᠢᠶᠳᠪᠦᠷᠢᠯᠡᠬᠦ ᠬᠡᠷᠡᠭᠲᠡᠶ ᠭᠡᠵᠦ ᠵᠢᠭᠠᠪᠤᠷᠢᠯᠠᠪᠠ᠃      《ᠤᠭ ᠰᠠᠨᠠᠭᠠᠨ ᠤ ᠢᠨᠵᠧᠨᠧᠷᠢᠩ》 ᠤᠨ ᠤᠰᠤ ᠴᠡᠪᠡᠷᠰᠢᠭᠦᠯᠬᠦ ᠦᠶᠯᠡᠳᠪᠦᠷᠢ ᠡᠭᠦᠨ ᠠᠴᠠ ᠬᠤᠶᠢᠰᠢ ᠥᠨᠢ ᠡᠭᠦᠷᠢᠳᠡ ᠪᠣᠭᠳᠠ ᠠᠭᠤᠯᠠ ᠶᠢ ᠰᠢᠮᠡᠵᠢᠭᠦᠯᠵᠦ᠂ ᠡᠭᠡᠯ ᠠᠷᠠᠳ ᠢ ᠤᠮᠳᠠᠯᠠᠬᠤ ᠪᠣᠯᠤᠨ᠎ᠠ᠃
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ