ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-02
     ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠥᠯᠥᠭᠡ᠂ 11 ᠰᠠᠷ᠎ᠠ ᠶᠢᠨ 28᠎ ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2019 ᠣᠨ ᠤ 38 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠂ ᠭᠤᠤᠯᠳᠠᠯᠭ᠎ᠠ ᠲᠠᠢ ᠡᠭᠦᠷᠭᠡ᠂ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠤᠬᠤᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃
     ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠤᠷᠤᠯᠴᠠᠬᠤ ᠬᠤᠷᠠᠯ ᠢ ᠡᠷᠬᠢᠯᠡᠪᠡ᠃      ᠬᠤᠷᠠᠯ ᠠᠴᠠ ᠡᠮᠦᠨ᠎ᠡ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠥᠪᠡᠷ ᠤᠨ ᠰᠤᠷᠤᠯᠴᠠᠯᠭ᠎ᠠ ᠥᠷᠨᠢᠭᠦᠯᠵᠦ᠂ ᠲᠣᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠣᠯᠢᠯᠴᠠᠬᠤ ᠮᠠᠲ᠋ᠧᠷᠢᠶᠠᠯ ᠪᠢᠴᠢᠪᠡ᠃ ᠬᠤᠷᠠᠯ ᠳᠤ᠂ ᠬᠤᠸᠠᠩ ᠮᠢᠨ᠂ ᠬᠤᠤ ᠶᠢᠨ ᠬᠤᠸᠠ᠂ ᠰᠢᠤᠸᠠᠢ ᠵᠢᠶᠠᠨ᠂ ᠯᠢ ᠵᠢᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠤᠸᠠᠨ ᠨᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠡᠦ ᠸᠧᠶ ᠵᠢᠶᠦ᠋ᠨ ᠶᠠᠷᠢᠶ᠎ᠠ ᠬᠢᠵᠦ᠂ ᠪᠤᠰᠤᠳ ᠭᠤᠤᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃
     ᠬᠤᠷᠠᠯ ᠳᠤ᠂ ᠡᠷᠬᠡᠪᠰᠢ ᠰᠡᠳᠬᠢᠯ ᠲᠠᠯᠪᠢᠨ ᠣᠶᠢᠯᠠᠭᠠᠵᠤ᠂《ᠳᠥᠷᠪᠡᠨ ᠤᠬᠠᠮᠰᠠᠷ》᠎ ᠢᠶᠠᠨ ᠴᠢᠩᠭᠠᠳᠬᠠᠵᠤ᠂《ᠳᠥᠷᠪᠡᠨ ᠢᠲᠡᠭᠡᠯ》᠎ ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠨᠠᠮ ᠎ ᠤᠨ ᠲᠥᠪ ᠬᠤᠷᠢᠶᠠᠨ ᠤ ᠡᠯ᠎ᠡ ᠵᠦᠶᠯ ᠤᠨ ᠪᠠᠶᠢᠷᠢᠯᠠᠭᠤᠯᠤᠯᠲᠠ ᠶᠢ ᠮᠠᠨ ᠤ ᠲᠣᠭᠤᠷᠢᠭ ᠲᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠴᠢᠭᠯᠡᠯ ᠢ ᠣᠨᠣᠪᠴᠢᠲᠠᠶ ᠡᠵᠡᠮᠳᠡᠵᠦ᠂ ᠡᠭᠦᠷᠭᠡ ᠪᠠᠨ ᠲᠣᠳᠣᠷᠬᠠᠶᠢᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠᠷ ᠭᠤᠤᠯᠳᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠎ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢ ᠬᠥᠭᠵᠢᠭᠦᠯᠬᠦ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠭᠤᠷᠢᠨ ᠳᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠣᠶᠤᠨᠴᠢ ᠨᠡᠶᠢᠭᠡᠮ ᠤᠨ ᠪᠠᠶᠢᠭᠤᠯᠤᠯᠲᠠ ᠶᠢ ᠳᠣᠪᠤᠶᠢᠮ᠎ᠠ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠶᠢ ᠨᠠᠷᠢᠯᠢᠭᠵᠢᠭᠤᠯᠬᠤ᠂ ᠣᠯᠠᠨ ᠨᠡᠶᠢᠲᠡ ᠶᠢᠨ ᠦᠶᠯᠡᠴᠢᠯᠡᠭᠡ ᠶᠢ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃ ᠠᠷᠠᠳ ᠣᠯᠠᠨ ᠳᠤ ᠦᠶᠯᠡᠴᠢᠯᠡᠬᠦ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠷᠢᠯᠢᠭ ᠣᠨᠣᠪᠴᠢᠲᠠᠶ ᠬᠡᠷᠡᠭᠵᠢᠭᠦᠯᠦᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠦ ᠎ ᠶᠢᠨ ᠡᠭᠦᠷᠭᠡ ᠮᠥᠨ᠃ ᠪᠦᠬᠦ  ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠦᠨᠳᠦᠰᠦᠨ ᠳᠦᠷᠢᠮ᠂ ᠴᠢᠬᠤᠯᠠ ᠳᠦᠷᠢᠮ ᠢ ᠮᠠᠨ ᠤ ᠲᠣᠭᠤᠷᠢᠭ ᠲᠤ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号