ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠲᠣᠭᠤᠷᠢᠭ ᠤᠨ ᠨᠠᠮ ᠤᠨ ᠬᠤᠷᠢᠶᠠᠨ ᠎ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-02
     11 ᠰᠠᠷ᠎ᠠ ᠶᠢᠨ 28᠎ ᠤ ᠦᠳᠡ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠵᠠᠩ ᠶᠦᠩ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ᠃ ᠲᠡᠷᠡ᠂ ᠪᠦᠬᠦ ᠵᠢᠯ ᠤᠨ ᠥᠭᠡᠷᠡᠴᠢᠯᠡᠯᠲᠡ ᠶᠢᠨ ᠠᠵᠢᠯ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠵᠠᠶ᠂ ᠡᠯ᠎ᠡ ᠰᠠᠯᠠᠭ᠎ᠠ ᠮᠥᠴᠢᠷ ᠨᠢᠭᠡᠴᠡ ᠲᠣᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠬᠠᠷᠠᠯᠲᠠ ᠡᠭᠦᠷᠭᠡ ᠪᠠᠨ ᠲᠣᠭᠲᠠᠭᠠᠵᠤ᠂ ᠠᠬᠢᠯᠲᠠ ᠶᠢᠨ ᠪᠠᠶᠢᠳᠠᠯ ᠢᠶᠠᠨ ᠪᠦᠷᠢᠳᠬᠡᠨ᠂ ᠳᠤᠲᠠᠭᠳᠠᠯ ᠪᠠᠭᠤᠷᠠᠶ ᠲᠠᠯ᠎ᠠ ᠪᠠᠨ ᠠᠳᠬᠤᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦ ᠪᠠᠷ ᠠᠬᠢᠭᠤᠯᠵᠤ᠂ 12 ᠰᠠᠷ᠎ᠠ ᠶᠢᠨ 5᠎ ᠤ ᠡᠳᠦᠷ ᠠᠴᠠ ᠡᠮᠦᠨ᠎ᠡ ᠪᠦᠬᠦ ᠵᠢᠯ ᠤᠨ ᠡᠯ᠎ᠡ ᠵᠦᠶᠯ ᠤᠨ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ ᠳᠤ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠭᠤᠤᠯ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ ᠴᠢᠳᠠᠪᠤᠷᠢ ᠶᠢ ᠭᠦᠨᠵᠡᠭᠡᠶᠢᠷᠡᠭᠦᠯᠦᠨ᠂ ᠰᠦᠯᠵᠢᠶ᠎ᠡ ᠶᠢ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠪᠠᠶᠢᠭ᠎ᠠ ᠪᠠᠶᠢᠳᠠᠯ ᠤᠨ ᠲᠤᠬᠠᠶ᠂《ᠠᠩᠭᠢᠴᠢᠯᠠᠬᠤ》ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠭᠠᠵᠠᠷ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠪᠦᠲᠦᠭᠡᠨ ᠪᠠᠶᠢᠭᠤᠯᠬᠤ ᠰᠢᠨ᠎ᠡ ᠬᠡᠪ ᠪᠠᠶᠢᠳᠠᠯ ᠢ ᠪᠥᠬᠦ ᠲᠠᠯ᠎ᠠ ᠪᠠᠷ ᠠᠬᠢᠭᠤᠯᠵᠤ᠂《ᠤᠭ ᠰᠠᠨᠠᠭ᠎ᠠ ᠢᠨᠵᠧᠨᠧᠷᠢᠩ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠭ᠎ᠠ᠂ ᠬᠠᠮᠤᠭ ᠤᠨ ᠰᠢᠭᠤᠳ᠂ ᠬᠠᠮᠤᠭ ᠤᠨ ᠲᠤᠯᠭᠠᠮ᠎ᠠ ᠤᠤᠭᠤᠵᠤ ᠢᠳᠡᠬᠦ ᠤᠰᠤᠨ ᠤ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠰᠣᠨᠣᠰᠪᠠ᠃
     ᠬᠤᠷᠠᠯ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠢᠷᠡᠬᠦ ᠵᠢᠯ ᠤᠨ ᠥᠭᠡᠷᠡᠴᠢᠯᠡᠯᠲᠡ ᠶᠢᠨ ᠠᠵᠢᠯ ᠢ ᠤᠷᠢᠳᠴᠢᠯᠠᠨ ᠰᠤᠳᠤᠯᠤᠨ ᠲᠥᠰᠦᠪᠯᠡᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠳᠠᠶᠢᠴᠢᠯᠠᠬᠤ ᠦᠶᠯᠡᠳᠦᠯ ᠢᠶᠠᠷ ᠶᠡᠭᠡ ᠨᠢᠭᠡ ᠪᠦᠯᠦᠭ ᠵᠠᠩᠭᠢᠯᠠᠭ᠎ᠠ ᠶᠢᠨ ᠥᠭᠡᠷᠡᠴᠢᠯᠡᠯᠲᠡ ᠪᠠ ᠣᠨᠴᠠᠯᠢᠭᠲᠤ ᠥᠭᠡᠷᠡᠴᠢᠯᠡᠯᠲᠡ ᠶᠢ ᠭᠠᠷᠭᠠᠵᠤ᠂ ᠢᠷᠡᠬᠦ ᠵᠢᠯ ᠤᠨ ᠥᠭᠡᠷᠡᠴᠢᠯᠡᠯᠲᠡ ᠶᠢᠨ ᠬᠡᠪᠴᠢᠶ᠎ᠡ ᠶᠢ ᠦᠨᠡᠨᠬᠦ ᠰᠠᠶᠢᠲᠤᠷ ᠲᠣᠭᠲᠠᠭᠠᠵᠤ᠂ ᠠᠷᠭ᠎ᠠ ᠵᠠᠮ ᠢ ᠲᠣᠳᠣᠷᠬᠠᠶ ᠪᠣᠯᠭᠠᠨ᠂ ᠠᠷᠭ᠎ᠠ ᠵᠠᠮ ᠢ ᠣᠨᠣᠪᠴᠢᠲᠠᠶ ᠨᠡᠭᠡᠭᠡᠬᠦ ᠬᠡᠷᠡᠭᠲᠡᠶ᠃ ᠭᠤᠤᠯ ᠬᠠᠷᠢᠭᠤᠴᠠᠯᠭᠠᠲᠠᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂《ᠨᠢᠭᠡᠳᠦᠭᠡᠷ ᠭᠠᠷ ᠠᠳᠬᠤᠬᠤ᠂ ᠨᠢᠭᠡᠳᠦᠭᠡᠷ ᠭᠠᠷ ᠢ ᠠᠳᠬᠤᠬᠤ》᠎ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠳᠠᠷᠤᠵᠤ᠂ ᠳᠡᠭᠡᠷ᠎ᠡ ᠨᠢ ᠬᠠᠯᠠᠭᠤᠨ ᠳᠣᠤᠷ᠎ᠠ ᠨᠢ ᠬᠦᠢᠲᠡᠨ ᠪᠠᠶᠢᠳᠠᠯ ᠢ ᠲᠡᠪᠴᠢᠵᠦ᠂ ᠥᠭᠡᠷᠡᠴᠢᠯᠡᠯᠲᠡ ᠶᠢ ᠦᠨᠡᠨᠬᠦ ᠲᠤᠶᠢᠯᠪᠤᠷᠢᠲᠠᠶ ᠠᠳᠬᠤᠵᠤ᠂ ᠭᠦᠨᠵᠡᠭᠡᠶ ᠠᠳᠬᠤᠬᠤ ᠬᠡᠷᠡᠭᠲᠡᠶ᠃ ᠭᠤᠤᠯ ᠬᠠᠷᠢᠭᠤᠴᠠᠯᠭᠠᠲᠠᠳ ᠲᠦᠷᠦᠭᠦᠯᠡᠨ ᠥᠭᠡᠷᠡᠴᠢᠯᠡᠯᠲᠡ ᠶᠢ ᠠᠬᠢᠭᠤᠯᠬᠤ ᠲᠥᠷᠥᠯ ᠵᠦᠶᠯ ᠤᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠦᠷᠦᠭᠦᠯᠡᠨ ᠳᠠᠭᠠᠭᠤᠯᠬᠤ ᠲᠥᠷᠥᠯ ᠵᠦᠶᠯ ᠤᠨ ᠪᠠᠶᠢᠴᠠᠭᠠᠨ ᠰᠤᠳᠤᠯᠵᠤ ᠨᠤᠲᠠᠯᠠᠬᠤ᠂ ᠲᠥᠰᠦᠯ ᠲᠣᠭᠲᠠᠭᠠᠬᠤ᠂ ᠬᠢᠨᠠᠨ ᠨᠠᠶᠢᠳᠠᠪᠤᠷᠢᠵᠢᠭᠤᠯᠬᠤ ᠳᠤ ᠪᠦᠬᠦ ᠲᠠᠯ᠎ᠠ ᠪᠠᠷ ᠣᠷᠣᠯᠴᠠᠵᠤ᠂ ᠲᠦᠷᠦᠭᠦᠯᠡᠨ ᠳᠠᠭᠠᠭᠤᠯᠬᠤ ᠲᠥᠷᠥᠯ ᠵᠦᠶᠯ ᠤᠨ ᠮᠥᠨ ᠴᠢᠨᠠᠷ ᠤᠨ ᠰᠢᠪᠲᠤᠯᠤᠯᠲᠠ ᠲᠠᠢ ᠪᠣᠯᠬᠤ ᠶᠢ ᠪᠠᠲᠤᠯᠠᠵᠤ᠂《ᠵᠠᠩᠭᠢᠯᠠᠭ᠎ᠠ ᠶᠢᠨ ᠴᠥᠭᠡᠨ ᠲᠣᠭᠠᠲᠠᠨ》᠎ ᠤ ᠵᠢᠱᠢᠶ᠎ᠡ ᠦᠵᠡᠭᠦᠯᠵᠦ ᠳᠠᠭᠠᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠩᠭᠠᠳᠬᠠᠪᠠ᠃      ᠬᠤᠷᠠᠯ ᠳᠤ᠂ ᠨᠢᠭᠡ ᠳᠤ ᠪᠦᠬᠦ ᠵᠢᠯ ᠤᠨ ᠡᠯ᠎ᠡ ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠎ ᠪᠠᠷ ᠪᠡᠶᠡᠯᠡᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠡᠨᠡ ᠵᠢᠯ ᠤᠨ ᠡᠭᠦᠷᠭᠡᠯᠡᠵᠦ ᠪᠠᠶᠢᠭ᠎ᠠ ᠡᠯ᠎ᠡ ᠵᠦᠶᠯ ᠤᠨ ᠲᠤᠷᠰᠢᠯᠲᠠ ᠶᠢᠨ ᠡᠭᠦᠷᠭᠡ᠂ ᠭᠤᠤᠯ ᠬᠠᠷᠢᠭᠤᠴᠠᠯᠭᠠᠲᠠᠳ ᠳᠠᠭᠠᠭᠤᠯᠤᠨ ᠠᠬᠢᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠲᠥᠷᠥᠯ ᠵᠦᠶᠯ ᠪᠣᠯᠤᠨ ᠪᠤᠰᠤᠳ ᠣᠨ ᠤ ᠳ᠋ᠤᠭᠠᠷ ᠤᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠠᠯᠪᠠᠨ ᠭᠡᠷ ᠪᠣᠳᠠᠲᠠᠶ ᠨᠠᠶᠢᠳᠠᠪᠤᠷᠢᠵᠢᠭᠤᠯᠤᠭᠠᠳᠤᠶ ᠥᠭᠡᠷᠡᠴᠢᠯᠡᠯᠲᠡ ᠶᠢᠨ ᠵᠦᠶᠯᠡᠰ ᠢ ᠴᠢᠩᠭ᠎ᠠ ᠠᠩᠬᠠᠷᠴᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠎ ᠶᠢ ᠪᠠᠲᠤᠯᠠᠬᠤ ᠬᠡᠷᠡᠭᠲᠡᠶ᠃ ᠬᠤᠶᠠᠷ ᠲᠤ ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ᠎ᠡ᠃ ᠡᠯ᠎ᠡ ᠰᠠᠯᠠᠭ᠎ᠠ ᠮᠥᠴᠢᠷ ᠨᠢᠭᠡᠴᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠵᠦ᠂ ᠦᠵᠡᠯ ᠰᠠᠨᠠᠭ᠎ᠠ ᠪᠠᠨ ᠪᠣᠳᠠᠲᠠᠶᠢᠵᠢᠭᠤᠯᠤᠨ᠂ ᠦᠢᠯᠡ ᠠᠵᠢᠯᠯᠠᠭ᠎ᠠ ᠪᠠᠨ ᠵᠥᠪ ᠪᠣᠯᠭᠠᠬᠤ ᠶᠢ ᠦᠨᠡᠨᠬᠦ ᠪᠡᠶᠡᠯᠡᠭᠦᠯᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠶᠴᠡᠳᠬᠡᠵᠦ᠂ ᠥᠭᠡᠷᠡᠴᠢᠯᠡᠯᠲᠡ ᠶᠢᠨ ᠡᠭᠦᠷᠭᠡ ᠎ ᠪᠠᠨ ᠦᠨᠡᠨᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠵᠥᠪᠯᠡᠯ ᠤᠨ ᠪᠦᠷᠢᠯᠳᠦᠬᠦᠨ᠂ ᠲᠤᠰᠬᠠᠶ ᠲᠥᠷᠥᠯ ᠤᠨ ᠳᠤᠭᠤᠶᠢᠯᠠᠩ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠤ ᠨᠢᠭᠡᠴᠡ ᠱᠠᠲᠤ ᠳᠠᠷᠠᠭᠠᠯᠠᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂《ᠬᠦᠴᠢᠷ ᠠᠰᠠᠭᠤᠳᠠᠯ ᠢ ᠰᠢᠶᠳᠪᠦᠷᠢᠯᠡᠬᠦ》ᠵᠣᠷᠢᠭ ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠎ ᠶᠢ ᠳᠠᠪᠠᠭ᠋ᠤ ᠬᠡᠷᠡᠭᠲᠡᠶ᠃ ᠭᠤᠷᠪᠠ ᠳᠤ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠥᠭᠡᠷᠡᠴᠢᠯᠡᠯᠲᠡ ᠶᠢᠨ ᠳᠤᠮᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠲᠡᠪᠴᠢᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠠᠬᠢᠭᠤᠯᠤᠨ᠎ᠠ᠃ ᠲᠤᠰᠬᠠᠶ ᠲᠥᠷᠥᠯ ᠤᠨ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠲᠦᠷᠦᠭᠦᠯᠡᠨ ᠠᠳᠬᠤᠬᠤ ᠶᠡᠷᠦᠩᠬᠡᠶ ᠦᠶᠯᠡᠳᠦᠯ ᠢ ᠰᠠᠶᠢᠲᠤᠷ ᠪᠠᠳᠠᠷᠠᠭᠤᠯᠵᠤ᠂ ᠨᠢᠭᠡᠳᠦᠯᠲᠡᠶ ᠳᠤ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠭᠡᠭᠡᠭᠳᠡᠵᠦ ᠣᠷᠬᠢᠭᠳᠠᠭᠰᠠᠨ ᠢ ᠨᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠬᠦ ᠶᠢ ᠴᠢᠬᠤᠯᠠᠴᠢᠯᠠᠵᠤ᠂ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠬᠦᠴᠢᠷ ᠲᠠᠢ ᠨᠢ ᠬᠠᠯᠳᠠᠵᠤ ᠠᠮᠵᠢᠯᠲᠠ ᠪᠦᠲᠦᠮᠵᠢ ᠣᠯᠵᠤ᠂ ᠲᠣᠰ ᠬᠦᠷᠢᠶᠡᠨ ᠳᠠᠬᠢ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠎ ᠤᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号