ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠎ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2019-12-23
     12 ᠰᠠᠷ᠎ᠠ ᠶᠢᠨ 17᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠰᠤᠷᠭᠠᠨ ᠬᠥᠮᠦᠵᠢᠯ ᠤᠨ ᠰᠢᠰᠲ᠋ᠧᠮ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠬᠠᠭᠤᠯᠤᠨ ᠲᠠᠶᠢᠯᠪᠤᠷᠢᠯᠠᠬᠤ ᠠᠵᠢᠯ ᠳᠤ ᠣᠷᠣᠯᠴᠠᠪᠠ᠃
     ᠬᠤᠸᠠᠩ ᠮᠢᠨ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦᠳᠡ ᠬᠤᠷᠠᠯ ᠠᠴᠠ ᠪᠠᠲᠤᠯᠠᠭᠰᠠᠨ《ᠲᠣᠭᠲᠠᠭᠠᠯ》᠎ ᠲᠠᠢ ᠨᠢᠭᠲᠠ ᠤᠶᠠᠯᠳᠤᠭᠤᠯᠤᠨ᠂ ᠮᠠᠨ ‍ᠤ‌‍ᠲ᠋ᠣᠭᠤᠷᠢᠭ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠪᠦᠬᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠶ ᠪᠥᠭᠡᠳ ᠨᠡᠪᠲᠡᠷᠡᠲᠡᠯ᠎ᠡ ᠲᠣᠳᠣᠷᠬᠠᠶᠢᠯᠠᠭᠰᠠᠨ ᠪᠠᠶᠢᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠢ ᠵᠠᠰᠠᠬᠤ ᠰᠢᠰᠲ᠋ᠧᠮ ᠎ ᠤᠨ ᠢᠯᠡᠳᠲᠡ ᠳᠠᠪᠠᠭᠤᠯᠢᠭ ᠢ ᠢᠯᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠢ ᠵᠠᠰᠠᠬᠤ ᠰᠢᠰᠲ᠋ᠧᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠣᠨᠴᠠᠯᠢᠭ ᠰᠢᠨᠵᠢ ᠪᠠ ᠢᠯᠡᠳᠲᠡ ᠳᠠᠪᠠᠭᠤᠯᠢᠭ ᠵᠢᠴᠢ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠎ ᠶᠢ ᠲᠦᠯᠬᠢᠨ ᠠᠬᠢᠭᠤᠯᠬᠤ ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠲᠠᠶᠢᠯᠪᠤᠷᠢᠯᠠᠪᠠ᠃
     ᠬᠤᠸᠠᠩ ᠮᠢᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ ᠪᠠᠲᠤᠳᠬᠠᠵᠤ᠂ ᠨᠠᠮ ᠤᠨ ᠢᠲᠡᠭᠡᠯ ᠎ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠢ ᠬᠥᠮᠦᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ᠃ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠩᠭᠠᠳᠬᠠᠪᠠ᠃
     ᠬᠤᠸᠠᠩ ᠮᠢᠨ᠂ ᠨᠢᠭᠡ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠠᠵᠢᠯᠲᠠᠳ ᠵᠢᠱᠢᠶ᠎ᠡ ᠦᠵᠡᠭᠦᠯᠬᠦ ᠦᠶᠯᠡᠳᠦᠯ ᠢᠶᠠᠨ ᠪᠠᠳᠠᠷᠠᠭᠤᠯᠵᠤ᠂ ᠣᠯᠠᠨ ᠵᠦᠶᠯ ᠤᠨ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠤᠷᠤᠯᠴᠠᠵᠤ᠂ ᠵᠢᠭᠠᠨ ᠰᠤᠷᠭᠠᠯᠲᠠ ᠶᠢᠨ ᠭᠤᠤᠯᠯᠠᠭᠴᠢ ᠬᠦᠴᠦᠨ ᠢᠯᠠᠩᠭᠤᠶ᠎ᠠ ᠦᠵᠡᠯ ᠰᠠᠨᠠᠭ᠎ᠠ ᠤᠯᠤᠰ ᠲᠥᠷᠦ ᠶᠢᠨ ᠬᠢᠴᠢᠶᠡᠯ ᠤᠨ ᠪᠠᠭᠰᠢ ᠶᠢ ᠵᠣᠬᠢᠶᠠᠨ ᠪᠠᠶᠢᠭᠤᠯᠵᠤ ᠨᠠᠷᠢᠨ ᠬᠢᠨᠠᠮᠠᠭᠠᠶ ᠬᠢᠴᠢᠶᠡᠯ ᠪᠡᠯᠡᠳᠬᠡᠵᠦ᠂ ᠪᠥᠬᠦ ᠬᠤᠷᠠᠯ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠤᠭᠴᠢᠳ ᠤᠨ ᠲᠠᠷᠢᠬᠢ ᠲᠣᠯᠣᠭᠠᠶ ᠎ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ᠬᠤᠶᠠᠷ ᠲᠤ᠂ ᠬᠤᠶᠠᠳᠤᠭᠠᠷ ᠪᠥᠯᠥᠭ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠠᠬᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠠᠰᠠᠭᠤᠳᠠᠯ ᠎ ᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠎ ᠪᠠᠷ ᠵᠢᠯᠣᠭᠤᠳᠤᠮᠵᠢ ᠪᠣᠯᠭᠠᠵᠤ᠂ ᠰᠤᠷᠭᠠᠭᠤᠯᠢ ᠶᠢᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠵᠤ᠂ ᠰᠤᠷᠭᠠᠭᠤᠯᠢ ᠶᠢᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠨᠠᠩ ᠣᠯᠠᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠶ᠃  ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠡᠯ᠎ᠡ ᠵᠦᠶᠯ ᠤᠨ ᠠᠵᠢᠯ ᠢ ᠨᠠᠷᠢᠨ ᠬᠢᠨᠠᠮᠠᠭᠠᠶ ᠲᠥᠯᠥᠪᠯᠡᠵᠦ᠂ ᠠᠵᠢᠯ ᠤᠨ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ 2020 ᠣᠨ ᠳᠤ ᠮᠠᠨ ᠤ ᠲᠣᠭᠤᠷᠢᠭ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号