ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠷᠬᠢᠯᠡᠭᠴᠢ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/12/24
     12 ᠰᠠᠷ᠎ᠠ ᠶᠢᠨ 20 ᠤ ᠡᠳᠦᠷ ᠤᠨ ᠦᠳᠡ ᠡᠮᠦᠨ᠎ᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠥᠴᠢ ᠶᠢᠰᠦᠳᠦᠭᠡᠷ ᠡᠷᠬᠢᠯᠡᠭᠴᠢ ( ᠥᠷᠭᠡᠳᠬᠡᠭᠰᠡᠨ ) ᠶᠢᠨ ᠬᠤᠷᠠᠯ ᠬᠤᠷᠠᠯᠳᠤᠭᠤᠯᠵᠤ᠂ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ ᠬᠤᠷᠠᠯ ᠡᠷᠬᠢᠯᠡᠵᠦ᠂ ᠳᠡᠳ᠋ ᠡᠷᠬᠢᠯᠡᠭᠴᠢ ᠵᠢᠶᠠᠩ ᠵᠢᠶᠠᠨ ᠮᠢᠩ᠂ ᠸᠠᠩ ᠷᠦᠢ ᠹᠧᠩ᠂ ᠯᠢ ᠹᠧᠩ ᠬᠤᠷᠠᠯ ᠳᠤ ᠣᠷᠣᠯᠴᠠᠵᠤ᠂ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
     ᠬᠤᠷᠠᠯ ᠳᠤ ᠪᠠᠶᠢᠩᠭᠤ ᠶᠢᠨ ᠬᠤᠷᠢᠶᠠᠨ ᠤ ᠡᠯ᠎ᠡ ᠳᠡᠳ᠋ ᠡᠷᠬᠢᠯᠡᠭᠴᠢ ᠶᠢᠨ 2020 ᠣᠨ ᠤ ᠠᠵᠢᠯ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ᠂ ᠬᠤᠯᠪᠣᠭᠠᠲᠤ ᠬᠤᠷᠠᠯ ᠤᠨ ᠠᠵᠢᠯᠯᠠᠬᠤ ᠬᠤᠷᠢᠶ᠎ᠠ ᠶᠢᠨ ᠲᠥᠯᠥᠭᠡᠯᠡᠭᠴᠢ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠬᠢᠪᠡ᠃
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ