ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ | ᠮᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 52 ᠳ᠋ᠤᠭᠠᠷ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠵᠠᠩ ᠾᠧ ᠱᠧᠩ᠂ ᠯᠢ ᠵᠥᠩ᠂ ᠡᠦ ᡁᠢ ᠴᠢᠶᠠᠩ᠂ ᠰᠦᠩ ᡁᠢ ᠶᠢᠩ ᠬᠤᠷᠠᠯ ᠳᠤ ᠣᠷᠣᠯᠴᠠᠵᠤ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠥᠷᠭᠡᠨ᠂ ᠹᠸᠢ ᠪᠣᠣ ᠷᠦᠩ ᠤᠷᠢᠯᠭ᠎ᠠ ᠪᠠᠷ | ᠬᠤᠷᠠᠯ ᠳᠤ ᠰᠤᠯᠠ ᠣᠷᠣᠯᠴᠠᠪᠠ᠃ | | ᠬᠤᠷᠠᠯ ᠳᠤ᠂ ᠪᠥᠬᠦ ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ | ᠪᠤᠭᠤᠲᠤ ᠬᠤᠲᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ | ᠪᠥᠬᠦ ᠲᠠᠯ᠎ᠠ ᠪᠠᠷ ᠵᠠᠰᠠᠬᠤ ᠤᠳᠤᠷᠢᠳᠤᠯᠭ᠎ᠠ ᠶᠢᠨ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠮᠠᠨ | ᠤ ᠲᠣᠭᠤᠷᠢᠭ ᠤᠨ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠮᠠᠨ ᠤ ᠲᠣᠭᠤᠷᠢᠭ ᠤᠨ ᠲᠠᠷᠠᠭᠠᠴᠢ | ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠬᠢᠨᠠᠨ | ᠪᠠᠶᠢᠴᠠᠭᠠᠵᠤ ᠲᠤᠰᠢᠶᠠᠨ ᠰᠢᠶᠳᠪᠦᠷᠢᠯᠡᠭᠦᠯᠬᠦ ᠵᠦᠶᠯᠡᠰ ᠤᠨ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠬᠤᠯᠪᠣᠭᠳᠠᠯ ᠪᠦᠬᠦᠢ ᠤᠴᠢᠷ ᠶᠠᠪᠤᠳᠠᠯ᠂ 2019 ᠣᠨ ᠤ ᠠᠵᠤ ᠠᠬᠤᠢ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ | ᠪᠠᠶᠢᠳᠠᠯ᠂ 2020 ᠣᠨ ᠳᠤ ᠬᠡᠷᠡᠭᠵᠢᠭᠦᠯᠬᠦ ᠪᠠᠷ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠶᠯ ᠤᠨ ᠬᠤᠯᠪᠣᠭᠳᠠᠯ ᠪᠦᠬᠦᠢ | ᠤᠴᠢᠷ ᠶᠠᠪᠤᠳᠠᠯ ᠢ ᠰᠣᠨᠣᠰᠴᠤ ᠰᠤᠳᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠡ᠃ | | ᠬᠤᠷᠠᠯ ᠳᠤ᠂ ᠠᠶᠤᠯ ᠦᠭᠡᠢ ᠦᠶᠯᠡᠳᠪᠦᠷᠢᠯᠡᠯ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠣᠯᠤᠨ ᠨᠡᠶᠢᠭᠡᠮ | ᠤᠨ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠪᠣᠯᠬᠤᠷ᠂ ᠡᠯ᠎ᠡ ᠰᠠᠯᠠᠭ᠎ᠠ ᠮᠥᠴᠢᠷ᠂ ᠨᠢᠭᠡᠴᠡ | ᠨᠦᠭᠦᠳ ᠣᠳᠣᠬᠠᠨ ᠤ ᠮᠠᠨ ᠤ ᠲᠣᠭᠤᠷᠢᠭ ᠤᠨ ᠠᠶᠤᠯ ᠦᠭᠡᠢ ᠦᠶᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠠᠶᠢᠳᠠᠯ ᠢ | ᠭᠦᠶᠴᠡᠳ ᠠᠷᠢᠯᠭᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠡᠯ᠎ᠡ ᠭᠠᠵᠠᠷ ᠤᠨ ᠠᠳᠡᠭᠳᠡᠯ ᠢᠶᠠᠷ ᠴᠡᠭᠡᠷᠯᠡᠯ | ᠪᠣᠯᠭᠠᠵᠤ᠂ ᠠᠭᠤᠷᠬᠠᠶ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠰᠢᠲᠠᠮᠠᠬᠠᠶ ᠬᠡᠢ᠂ ᠬᠤᠸᠠᠷ | ᠫᠤᠤᠵᠢᠩ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠳᠠᠯᠳᠠ ᠭᠡᠮ ᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠠᠶᠤᠯ ᠦᠭᠡᠢ ᠦᠶᠯᠡᠳᠪᠦᠷᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠤᠷᠪᠠᠨ | ᠰᠠᠷ᠎ᠠ ᠶᠢᠨ ᠬᠤᠭᠤᠴᠠᠭ᠎ᠠ ᠲᠠᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠠᠶᠤᠯᠭᠦᠶ ᠦᠶᠯᠡᠳᠪᠦᠷᠢᠯᠡᠯ ᠤᠨ ᠡᠨᠡᠬᠦ | ᠬᠥᠪᠴᠢ ᠶᠢ ᠴᠠᠭ ᠢᠮᠠᠭᠲᠠ ᠴᠢᠩᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠤᠯᠠᠭᠠᠨ ᠱᠤᠭᠤᠮ ᠤᠨ ᠤᠬᠠᠮᠰᠠᠷ | ᠢᠶᠠᠨ ᠴᠢᠩᠭᠠᠳᠬᠠᠵᠤ᠂ ᠠᠮᠤᠷ ᠲᠦᠪᠰᠢᠨ ᠤ ᠮᠡᠳᠡᠯᠭᠡ ᠪᠣᠯᠤᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ | ᠢ ᠯᠠᠪᠳᠠᠭᠤᠨ ᠪᠠᠲᠤᠲᠠᠶ ᠥᠷᠨᠢᠭᠦᠯᠵᠦ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ | ᠲᠦᠪᠰᠢᠨ ᠨᠠᠶᠢᠳᠠᠪᠤᠷᠢᠲᠠᠢ ᠬᠠᠯᠬᠠᠪᠴᠢ ᠶᠢ ᠴᠣᠭᠴᠠᠯᠠᠬᠤ ᠬᠡᠷᠡᠭᠲᠡᠶ᠃ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ | ᠡᠯ᠎ᠡ ᠪᠦᠷᠢᠯᠳᠦᠬᠦᠨ ᠨᠢᠭᠡᠴᠡ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠢ ᠦᠶᠯᠡᠳᠪᠦᠷᠢᠯᠡᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠰᠠᠶᠢᠳ | ᠯᠢ ᠺᠧ ᠴᠢᠶᠠᠩ ᠤᠨ ᠱᠠᠭᠠᠷᠳᠠᠯᠭ᠎ᠠ ᠶᠣᠰᠣᠭᠠᠷ᠂ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠨᠠᠷᠢᠨ ᠪᠣᠳᠠᠲᠠᠶ | ᠠᠳᠬᠤᠵᠤ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠨᠢᠭᠡ ᠠᠴᠠ ᠵᠦᠶᠴᠢᠯᠡᠵᠦ ᠨᠥᠬᠦᠭᠡ ᠶᠢ ᠮᠡᠳᠡᠬᠦ ᠶᠢ ᠪᠠᠷᠢᠮᠲᠠᠯᠠᠵᠤ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨᠬᠦ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠢ ᠪᠦᠬᠦ | ᠬᠦᠴᠦ ᠪᠠᠷ ᠰᠠᠶᠢᠲᠤᠷ ᠬᠢᠵᠦ᠂ ᠠᠶᠤᠯ ᠦᠭᠡᠢ ᠦᠶᠯᠡᠳᠪᠦᠷᠢᠯᠡᠯ ᠤᠨ ᠳᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠠᠶᠤᠯ ᠦᠭᠡᠢ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠤᠨ ᠲᠤᠶᠢᠯ ᠤᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠪᠠᠲᠤᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ | ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠴᠠᠯᠢᠩ ᠥᠷᠢᠲᠦᠬᠦ ᠶᠢ ᠵᠠᠰᠠᠬᠤ ᠠᠵᠢᠯ ᠢ《ᠤᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ | ᠳᠤᠮᠳᠠᠬᠢ ᠲᠡᠷᠢᠭᠦᠨ ᠳᠤ ᠪᠠᠶᠢᠴᠠᠭᠠᠨ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠪᠣᠯᠭᠠᠵᠤ᠂ ᠠᠰᠠᠭᠤᠳᠠᠯ ᠳᠤ ᠰᠢᠭᠤᠳ | ᠬᠠᠨᠳᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ | ᠴᠢᠩᠭᠠᠷᠠᠭᠤᠯᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠥᠷᠢᠲᠦᠵᠦ ᠪᠠᠶᠢᠭ᠎ᠠ ᠠᠰᠠᠭᠤᠳᠠᠯ ᠢ | ᠰᠢᠶᠳᠪᠦᠷᠢᠯᠡᠵᠦ ᠴᠠᠯᠢᠩ ᠪᠠᠲᠤᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠡᠯ᠎ᠡ | ᠰᠠᠯᠠᠭ᠎ᠠ ᠮᠥᠴᠢᠷ᠂ ᠨᠢᠭᠡᠴᠡ ᠨᠦᠭᠦᠳ《ᠰᠠᠨᠠᠭᠠᠴᠢᠯᠠᠭ᠎ᠠ ᠠᠴᠠ ᠪᠠᠨ ᠥᠷᠢ ᠰᠢᠷᠢ ᠪᠠᠨ ᠵᠠᠰᠠᠵᠤ᠂ ᠰᠢᠨ᠎ᠡ ᠥᠷᠢ ᠰᠢᠷᠢ ᠶᠢ | ᠰᠡᠷᠭᠡᠶᠢᠯᠡᠬᠦ》ᠱᠠᠭᠠᠷᠳᠠᠯᠭ᠎ᠠ ᠶᠣᠰᠣᠭᠠᠷ᠂《ᠥᠷᠢ ᠰᠢᠷᠢ ᠪᠠᠨ ᠢᠯᠭᠠᠷᠠᠭᠤᠯᠬᠤ》ᠠᠵᠢᠯ ᠬᠢᠭᠡᠳ《ᠥᠷᠢ ᠰᠢᠷᠢ ᠪᠠᠨ | ᠵᠠᠰᠠᠬᠤ》ᠠᠵᠢᠯ ᠢ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠦ | ᠶᠠᠪᠤᠭᠰᠠᠳ ᠤᠨ ᠴᠠᠭ ᠲᠠᠭᠠᠨ ᠴᠠᠯᠢᠩ ᠣᠯᠵᠤ᠂ ᠬᠥᠳᠡᠯᠮᠦᠷᠢᠯᠡᠪᠡᠯ ᠣᠯᠬᠤ ᠣᠷᠣᠯᠭ᠎ᠠ ᠲᠠᠢ ᠪᠠᠶᠢᠬᠤ ᠶᠢ ᠦᠨᠡᠨᠬᠦ ᠪᠠᠲᠤᠯᠠᠵᠤ | ᠂ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ | ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠨ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠲᠠᠢ ᠰᠠᠨᠠᠭᠠᠴᠢᠯᠠᠭ᠎ᠠ | ᠠᠴᠠ ᠪᠠᠨ ᠪᠣᠯᠵᠣᠨ ᠶᠠᠷᠢᠯᠴᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠢᠲᠡᠭᠡᠮᠵᠢ ᠶᠢᠨ ᠲᠣᠭᠲᠠᠴᠠ ᠶᠢ ᠪᠠᠶᠢᠭᠤᠯᠤᠨ᠂ | ᠴᠠᠯᠢᠩ ᠥᠷᠢᠲᠦᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠠ ᠨᠡᠶᠢᠲᠡᠯᠡᠬᠦ ᠰᠢᠰᠲ᠋ᠧᠮ᠂ | ᠢᠲᠡᠭᠡᠮᠵᠢ ᠶᠢᠨ ᠲᠠᠪᠴᠠᠩ ᠳᠤ ᠣᠷᠣᠭᠤᠯᠵᠤ᠂《ᠨᠢᠭᠡ ᠭᠠᠵᠠᠷ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ | ᠬᠢᠵᠠᠭᠠᠷᠯᠠᠭᠳᠠᠬᠤ》ᠵᠠᠯᠬᠠᠭᠠᠨ ᠰᠢᠶᠳᠬᠡᠬᠦ ᠪᠠᠶᠢᠷᠢᠰᠢᠯ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠢᠲᠡᠭᠡᠯ ᠢᠶᠠᠨ ᠠᠯᠳᠠᠵᠤ | ᠬᠠᠤᠯᠢ ᠠᠴᠠ ᠵᠥᠷᠢᠴᠡᠬᠦ ᠥᠪᠡᠷ ᠤᠨ ᠥᠷᠲᠡᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ᠂ ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠬᠢᠨᠠᠨ ᠪᠠᠶᠢᠴᠠᠭᠠᠵᠤ ᠲᠤᠰᠢᠶᠠᠨ | ᠰᠢᠶᠳᠪᠦᠷᠢᠯᠡᠭᠦᠯᠦᠭᠰᠡᠨ ᠵᠦᠶᠯᠡᠰ ᠤᠨ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ | ᠪᠣᠯ ᠨᠢᠭᠡ ᠵᠦᠶᠯ ᠤᠨ ᠲᠥᠪ ᠴᠢᠩᠭ᠎ᠠ ᠤᠯᠤᠰ ᠲᠥᠷᠦ ᠶᠢᠨ ᠡᠭᠦᠷᠭᠡ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ | ᠮᠥᠴᠢᠷ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ | ᠬᠥᠮᠦᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠵᠣᠷᠢᠭ ᠰᠢᠭᠤᠳᠴᠤ᠂ | ᠴᠢᠩᠭ᠎ᠠ ᠠᠷᠭ᠎ᠠ ᠬᠡᠮᠵᠢᠶ᠎ᠡ ᠠᠪᠴᠤ᠂ ᠪᠦᠬᠦ ᠬᠦᠴᠦ ᠪᠠᠷ ᠴᠢᠷᠮᠠᠶᠢᠵᠤ᠂ ᠭᠤᠤᠯᠳᠠᠯᠭ᠎ᠠ ᠲᠠᠢ ᠠᠰᠠᠭᠤᠳᠠᠯ ᠪᠣᠯᠤᠨ ᠵᠠᠩᠭᠢᠯᠠᠭ᠎ᠠ | ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ᠂ ᠠᠵᠢᠯᠯᠠᠭ᠎ᠠ ᠶᠢᠨ ᠲᠠᠯ᠎ᠠ ᠪᠠᠷ | ᠤᠳᠠᠭᠠᠰᠢᠷᠠᠭᠤᠯᠬᠤ ᠦᠭᠡᠢ᠂ ᠬᠠᠷᠢᠭᠤᠴᠠᠯᠭ᠎ᠠ ᠶᠢᠨ ᠲᠠᠯ᠎ᠠ ᠪᠠᠷ ᠲᠦᠯᠬᠢᠬᠦ ᠦᠭᠡᠢ ᠪᠠᠶᠢᠬᠤ ᠬᠡᠷᠡᠭᠲᠡᠶ᠃ ᠮᠠᠨ ᠤ | ᠲᠣᠭᠤᠷᠢᠭ ᠤᠨ《ᠲᠠᠯᠪᠢᠬᠤ ᠬᠠᠮᠢᠶᠠᠷᠠᠬᠤ ᠦᠢᠯᠡᠴᠢᠯᠡᠬᠦ》ᠡᠯ᠎ᠡ ᠵᠦᠶᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠭᠤᠭᠴᠤᠭ᠎ᠠ ᠴᠥᠭᠡᠨ᠂ ᠦᠷ᠎ᠡ ᠪᠦᠲᠦᠮᠵᠢ | ᠥᠨᠳᠥᠷ᠂ ᠥᠪᠡᠷ ᠤᠨ ᠥᠷᠲᠡᠭ ᠳᠣᠤᠷ᠎ᠠ᠂ ᠦᠶᠯᠡᠴᠢᠯᠡᠭᠡ ᠰᠠᠶᠢᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠴᠢᠷᠮᠠᠶᠢᠨ ᠪᠤᠢ ᠪᠣᠯᠭᠠᠵᠤ᠂ ᠣᠯᠠᠨ ᠲᠦᠮᠡᠨ ᠢ ᠥᠭᠡᠷᠡᠴᠢᠯᠡᠯᠲᠡ ᠶᠢᠨ ᠬᠢᠨᠠᠯᠲᠠ ᠲᠠᠯᠪᠢᠭᠴᠢ᠂ ᠠᠬᠢᠭᠤᠯᠤᠭᠴᠢ᠂ | ᠠᠰᠢᠭ ᠬᠦᠷᠲᠡᠭᠴᠢ ᠪᠣᠯᠭᠠᠨ᠎ᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠥᠷᠦ ᠶᠢᠨ ᠶᠠᠪᠤᠳᠠᠯ ᠤᠨ | ᠬᠤᠷᠢᠶᠠᠨ ᠤ ᠶᠡᠭᠡ ᠬᠢᠨᠠᠨ ᠪᠠᠶᠢᠴᠠᠭᠠᠵᠤ ᠲᠤᠰᠢᠶᠠᠭᠰᠠᠨ ᠵᠦᠶᠯᠡᠰ ᠤᠨ ᠥᠪᠡᠷᠲᠡᠭᠡᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠤ ᠦᠶᠯᠡᠴᠢᠯᠡᠬᠦ ᠤᠬᠠᠮᠰᠠᠷ ᠢᠶᠠᠨ | ᠳᠡᠭᠡᠭᠰᠢᠯᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠤᠨ ᠪᠦᠲᠦᠮᠵᠢᠲᠡᠶ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ | ᠨᠢᠭᠡ ᠠᠴᠠ ᠵᠦᠶᠴᠢᠯᠡᠵᠦ ᠨᠥᠭᠦᠭᠡ ᠶᠢ ᠮᠡᠳᠡᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠪᠤᠰᠤᠳ | ᠠᠰᠠᠭᠤᠳᠠᠯ ᠳᠤᠲᠠᠭᠳᠠᠯ ᠢ ᠴᠠᠭ ᠲᠤᠬᠠᠶ ᠳᠤᠨᠢ ᠰᠠᠶᠢᠲᠤᠷ ᠰᠢᠶᠳᠪᠦᠷᠢᠯᠡᠵᠦ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠳᠦᠷᠢᠮ ᠲᠣᠭᠲᠠᠭᠠᠯ ᠲᠣᠭᠲᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠶᠯ ᠤᠨ ᠠᠵᠢᠯ ᠤᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ᠂ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ᠂ ᠡᠮᠦᠨ᠎ᠡ ᠭᠤᠷᠪᠠᠨ ᠤᠯᠠᠷᠢᠯ ᠳᠤ᠂ ᠠᠵᠤ ᠠᠬᠤᠶ ᠪᠠᠭᠤᠷᠠᠬᠤ ᠳᠠᠷᠤᠯᠲᠠ ᠶᠡᠭᠡ ᠪᠠᠶᠢᠭ᠎ᠠ ᠣᠳᠣᠬᠢ | ᠪᠠᠶᠢᠳᠠᠯ ᠤᠨ ᠡᠮᠦᠨ᠎ᠡ᠂ ᠮᠠᠨ ᠤ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ《ᠲᠡᠮᠦᠷ ᠴᠡᠴᠡᠭ》 ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠶᠡᠭᠡ ᠬᠡᠮᠵᠢᠶᠡᠨ ᠤ ᠠᠵᠢᠯ ᠬᠢᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ | ᠠᠬᠢᠯᠲᠠ ᠲᠠᠢ ᠪᠣᠯᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠪᠠᠶᠢᠳᠠᠯ ᠢᠶᠠᠨ | ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠶ ᠲᠠᠨᠢᠵᠤ᠂ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ᠂ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠠᠯᠲᠠ ᠪᠠᠨ ᠰᠤᠯᠠᠷᠠᠭᠤᠯᠤᠯ | ᠥᠬᠡᠶ ᠴᠢᠩᠭ᠎ᠠ ᠠᠳᠬᠤᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠳᠠᠲᠤ ᠦᠷ᠎ᠡ ᠪᠦᠲᠦᠮᠵᠢ ᠶᠢ | ᠠᠬᠢᠭᠤᠯᠵᠤ᠂ ᠪᠥᠬᠦ ᠵᠢᠯ ᠤᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠢᠭᠤᠯᠤᠯᠲᠠ ᠨᠢ ᠭᠠᠵᠠᠷ | ᠣᠷᠣᠨ ᠤ ᠬᠥᠭᠵᠢᠯᠲᠡ ᠶᠢ ᠠᠬᠢᠭᠤᠯᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠦᠵᠡᠯ ᠰᠠᠨᠠᠭ᠎ᠠ ᠪᠠᠨ ᠤᠯᠠᠮ ᠨᠢᠭᠡ | ᠠᠯᠬᠤᠮ ᠨᠢᠭᠡᠳᠬᠡᠵᠦ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠴᠢᠨᠠᠷ | ᠰᠠᠶᠢᠲᠠᠶ ᠠᠷᠭ᠎ᠠ ᠪᠣᠳᠣᠯᠭ᠎ᠠ ᠶᠢ 2020 ᠣᠨ ᠳᠤ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ | ᠂ ᠡᠮᠦᠨᠡᠬᠢ ᠬᠤᠭᠤᠴᠠᠭᠠᠨ ᠤ ᠡᠯ᠎ᠡ ᠲᠥᠷᠥᠯ ᠤᠨ ᠭᠠᠷᠳᠠᠮ ᠢ ᠢᠳᠡᠪᠬᠢᠲᠡᠢ ᠭᠦᠶᠴᠡᠳᠬᠡᠵᠦ᠂ 2020 ᠣᠨ ᠤ ᠲᠥᠷᠥᠯ | ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠨᠳᠥᠷ ᠦᠷ᠎ᠡ ᠪᠦᠲᠦᠮᠵᠢᠲᠡᠶ ᠡᠮᠬᠢ ᠵᠢᠷᠤᠮ ᠲᠠᠢ ᠥᠷᠨᠢᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ ᠪᠠᠰᠠ ᠪᠤᠰᠤᠳ ᠵᠦᠶᠯᠡᠰ ᠢ ᠰᠤᠳᠤᠯᠪᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ | ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ | |