ᠬᠠᠤᠯᠢ ᠪᠠᠷ ᠲᠣᠭᠤᠷᠢᠭ ᠵᠠᠰᠠᠬᠤ ᠶᠢ ᠠᠬᠢᠭᠤᠯᠵᠤ ᠠᠮᠤᠷ ᠠᠮᠤᠭᠤᠯᠠᠩ ᠪᠠᠶ᠋ᠬᠠᠣᠪᠤᠭ᠎ᠠ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2019-03-25
ᠬᠠᠤᠯᠢ ᠪᠠᠷ ᠲᠣᠭᠤᠷᠢᠭ ᠵᠠᠰᠠᠬᠤ ᠶᠢ ᠠᠬᠢᠭᠤᠯᠵᠤ ᠠᠮᠤᠷ ᠠᠮᠤᠭᠤᠯᠠᠩ ᠪᠠᠶ᠋ᠬᠠᠣᠪᠤᠭ᠎ᠠ ᠶᠢ ᠪᠠᠶᠢᠭᠤᠯᠤᠨ᠎ᠠ      ᠴᠠᠭ᠄ 2019 - 03 - 25      ᠵᠣᠴᠢᠨ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠹᠠᠨ ᠶᠢᠨ ᠮᠧᠶ      ᠠᠬᠤᠢ ᠪᠠᠶᠢᠳᠠᠯ᠄ 2019 ᠣᠨ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠤᠯᠢ ᠴᠠᠭᠠᠵᠠ ᠎ ᠶᠢᠨ ᠵᠠᠰᠠᠭ ᠵᠠᠬᠢᠷᠭᠠᠨ ᠤ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠣᠭᠲᠠᠭᠤᠨ ᠢ ᠬᠠᠮᠠᠭᠠᠯᠠᠬᠤ ᠠᠵᠢᠯ ᠢᠶᠠᠷ ᠭᠤᠤᠯ ᠰᠢᠵᠢᠮ ᠪᠣᠯᠭᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠣᠯᠠᠨ ᠨᠡᠶᠢᠲᠡ ᠎ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠠᠶᠢᠭᠤᠯᠤᠯᠲᠠ ᠪᠠᠷ ᠶᠡᠷᠦᠩᠬᠡᠶ ᠭᠠᠷᠲᠠᠨ ᠪᠣᠯᠭᠠᠨ᠎ᠠ᠃《ᠠᠷᠠᠳ ᠤᠨ ᠠᠮᠢᠳᠤᠷᠠᠯ ᠤᠨ ᠬᠠᠤᠯᠢ ᠪᠠᠷᠢᠬᠤ》᠂《ᠬᠠᠤᠯᠢ ᠴᠠᠭᠠᠵᠠ ᠳᠤ ᠦᠶᠯᠡᠴᠢᠯᠡᠬᠦ》᠂《ᠠᠮᠤᠷ ᠲᠠᠶᠢᠪᠤᠩ ᠬᠠᠤᠯᠢ ᠪᠠᠷᠢᠬᠤ》᠂《ᠣᠶᠤᠨᠴᠢ ᠬᠠᠤᠯᠢ ᠪᠠᠷᠢᠬᠤ》᠂《ᠬᠦᠴᠦᠨ ᠴᠢᠳᠠᠪᠤᠷᠢ ᠲᠠᠢ ᠬᠠᠤᠯᠢ ᠪᠠᠷᠢᠬᠤ》ᠵᠡᠷᠭᠡ《ᠲᠠᠪᠤᠨ ᠬᠠᠤᠯᠢ ᠪᠠᠷᠢᠬᠤ》ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠬᠠᠤᠯᠢ ᠴᠠᠭᠠᠵᠠ ᠶᠢᠨ ᠶᠠᠮᠤᠨ ᠤ ᠲᠣᠭᠲᠠᠭᠠᠭᠰᠠᠨ《ᠨᠢᠭᠡ ᠳᠤ ᠨᠢᠭᠡᠳᠦᠯᠲᠡᠶ ᠲᠥᠯᠥᠪᠯᠡᠬᠦ᠂ ᠳᠥᠷᠪᠡᠨ ᠶᠡᠭᠡ ᠡᠭᠦᠷᠭᠡ ᠴᠢᠳᠠᠪᠤᠷᠢ》᠎ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠ ᠲᠠᠯᠪᠢᠵᠤ ᠪᠠᠶᠢᠷᠢ ᠲᠣᠭᠲᠠᠭᠠᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠡᠵᠡᠮᠳᠡᠵᠦ᠂ ᠪᠦᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠡᠭᠡᠵᠦ ᠭᠦᠶᠴᠡᠬᠦ ᠪᠠ ᠳᠠᠪᠠᠵᠤ ᠭᠠᠷᠬᠤ ᠶᠢ ᠴᠢᠷᠮᠠᠶᠢᠨ ᠲᠦᠯᠬᠢᠨ ᠠᠬᠢᠭᠤᠯᠵᠤ᠂ ᠭᠤᠤᠯᠳᠠᠭᠤ ᠲᠠᠪᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃      ᠰᠤᠷᠪᠤᠯᠵᠢᠯᠠᠭᠴᠢ᠄ ᠲᠠ ᠡᠨᠡ ᠵᠢᠯ ᠤᠨ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠰᠡᠳᠬᠢᠮᠵᠢ ᠨᠢ ᠶᠠᠭᠤ ᠪᠣᠯᠬᠤ ᠲᠤᠬᠠᠢ ᠶᠠᠷᠢᠨ᠎ᠠ ᠤᠤ︖      ᠹᠠᠨ ᠶᠢᠨ ᠮᠧᠶ᠄ 2019 ᠣᠨ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠤᠯᠢ ᠴᠠᠭᠠᠵᠠ ᠎ ᠶᠢᠨ ᠵᠠᠰᠠᠭ ᠵᠠᠬᠢᠷᠭᠠᠨ ᠤ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠬᠦ ᠲᠣᠭᠲᠠᠭᠤᠨ ᠢ ᠬᠠᠮᠠᠭᠠᠯᠠᠬᠤ ᠠᠵᠢᠯ ᠢᠶᠠᠷ ᠭᠤᠤᠯ ᠰᠢᠵᠢᠮ ᠪᠣᠯᠭᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠣᠯᠠᠨ ᠨᠡᠶᠢᠲᠡ ᠎ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠠᠶᠢᠭᠤᠯᠤᠯᠲᠠ ᠪᠠᠷ ᠶᠡᠷᠦᠩᠬᠡᠶ ᠭᠠᠷᠲᠠᠨ ᠪᠣᠯᠭᠠᠨ᠎ᠠ᠃《ᠠᠷᠠᠳ ᠤᠨ ᠠᠮᠢᠳᠤᠷᠠᠯ ᠤᠨ ᠬᠠᠤᠯᠢ ᠪᠠᠷᠢᠬᠤ 》᠂《ᠬᠠᠤᠯᠢ ᠴᠠᠭᠠᠵᠠ ᠳᠤ ᠦᠶᠯᠡᠴᠢᠯᠡᠬᠦ》᠂《ᠠᠮᠤᠷ ᠲᠠᠶᠢᠪᠤᠩ ᠬᠠᠤᠯᠢ ᠪᠠᠷᠢᠬᠤ》᠂《ᠣᠶᠤᠨᠴᠢ ᠬᠠᠤᠯᠢ ᠪᠠᠷᠢᠬᠤ》᠂《ᠬᠦᠴᠦᠨ ᠴᠢᠳᠠᠪᠤᠷᠢ ᠲᠠᠢ ᠬᠠᠤᠯᠢ ᠪᠠᠷᠢᠬᠤ》ᠵᠡᠷᠭᠡ《ᠲᠠᠪᠤᠨ ᠬᠠᠤᠯᠢ ᠪᠠᠷᠢᠬᠤ》ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠬᠠᠤᠯᠢ ᠴᠠᠭᠠᠵᠠ ᠶᠢᠨ ᠶᠠᠮᠤᠨ ᠤ ᠲᠣᠭᠲᠠᠭᠠᠭᠰᠠᠨ《ᠨᠢᠭᠡ ᠳᠤ ᠨᠢᠭᠡᠳᠦᠯᠲᠡᠶ ᠲᠥᠯᠥᠪᠯᠡᠬᠦ᠂ ᠳᠥᠷᠪᠡᠨ ᠶᠡᠭᠡ ᠡᠭᠦᠷᠭᠡ ᠴᠢᠳᠠᠪᠤᠷᠢ》᠎ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠ ᠲᠠᠯᠪᠢᠵᠤ ᠪᠠᠶᠢᠷᠢ ᠲᠣᠭᠲᠠᠭᠠᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠡᠵᠡᠮᠳᠡᠵᠦ᠂ ᠪᠦᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠡᠭᠡᠵᠦ ᠭᠦᠶᠴᠡᠬᠦ ᠪᠠ ᠳᠠᠪᠠᠵᠤ ᠭᠠᠷᠬᠤ ᠶᠢ ᠴᠢᠷᠮᠠᠶᠢᠨ ᠲᠦᠯᠬᠢᠨ ᠠᠬᠢᠭᠤᠯᠵᠤ᠂ ᠭᠤᠤᠯᠳᠠᠭᠤ ᠲᠠᠪᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃      ᠨᠢᠭᠡ ᠳᠤ᠂《ᠪᠦᠬᠦ ᠠᠵᠢᠯᠲᠠᠨ ᠢ ᠪᠠᠷᠢᠮᠵᠢᠶ᠎ᠠ ᠲᠠᠢ ᠬᠠᠷᠢᠴᠠᠭᠤᠯᠬᠤ》ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠴᠠᠭ ᠲᠤ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ ᠲᠣᠪᠴᠢᠶ᠎ᠠ ᠬᠢᠭᠡᠳ ᠬᠠᠤᠯᠢ ᠳᠦᠷᠢᠮ ᠤᠨ ᠠᠯᠪᠠᠨ ᠭᠡᠷ ᠤᠨ ᠡᠭᠦᠷᠭᠡ ᠴᠢᠳᠠᠪᠤᠷᠢ ᠶᠢ ᠳᠠᠬᠢᠨ ᠪᠠᠶᠢᠭᠤᠯᠬᠤ ᠶᠢ ᠪᠡᠶᠡᠯᠡᠭᠦᠯᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠵᠠᠰᠠᠬᠤ ᠵᠥᠪᠯᠡᠯ ᠤᠨ ᠠᠵᠢᠯᠯᠠᠭᠠᠨ ᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠪᠤᠳᠠᠲᠠᠢ ᠬᠢᠨ᠎ᠡ᠃ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠠ ᠲᠣᠬᠢᠶᠠᠯ ᠢ ᠠᠳᠬᠤᠵᠤ᠂《ᠳᠥᠷᠪᠡᠨ ᠤᠬᠠᠮᠰᠠᠷ》᠎ ᠢ ᠲᠠᠰᠤᠷᠠᠯᠲᠠ ᠥᠬᠡᠶ ᠴᠢᠩᠭᠠᠳᠬᠠᠨ᠂《ᠳᠥᠷᠪᠡᠨ ᠢᠲᠡᠭᠡᠯ》᠎ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠶᠢᠨ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠤᠨ ᠡᠭᠦᠷᠭᠡ ᠴᠢᠳᠠᠪᠬᠢ ᠶᠢᠨ ᠬᠡᠷᠡᠭᠴᠡᠭᠡ ᠳᠤ ᠰᠠᠭᠤᠷᠢᠯᠠᠨ᠂《ᠠᠭᠤᠰᠤᠯᠴᠠᠬᠤ ᠮᠠᠶ᠋ᠢᠭ ᠤᠨ ᠨᠠᠮ ᠤᠨ ᠪᠠᠶᠢᠭᠤᠯᠤᠯᠲᠠ+》ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠲᠡᠭᠡᠯ ᠵᠣᠷᠢᠭ ᠪᠠᠲᠤ ᠴᠢᠩᠭ᠎ᠠ ᠂ ᠢᠲᠡᠭᠡᠯ ᠵᠣᠷᠢᠭ ᠲᠡᠭᠦᠯᠳᠡᠷ᠂ ᠬᠠᠷᠢᠭᠤᠴᠠᠯᠭ᠎ᠠ ᠡᠭᠦᠷᠭᠡᠯᠡᠳᠡᠭ᠂ ᠬᠠᠤᠯᠢ ᠪᠠᠷᠢᠬᠤ ᠵᠠᠰᠠᠭ ᠵᠠᠬᠢᠷᠭᠠᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃      ᠬᠤᠶᠠᠷ ᠲᠤ᠂《ᠤᠶᠤᠨᠲᠤ ᠬᠠᠤᠯᠢ ᠴᠠᠭᠠᠵᠠ ᠶᠢᠨ ᠲᠣᠨᠤᠭ ᠲᠥᠬᠦᠭᠡᠷᠦᠮᠵᠢ》᠎ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠤᠶᠤᠨᠲᠤ ᠦᠵᠦᠭᠦᠷ ᠤᠨ JIPAD᠎ ᠳᠤ ᠲᠦᠰᠢᠭᠯᠡᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠠᠩᠬᠢᠮ᠂ ᠭᠠᠷ ᠤᠲᠠᠰᠤᠨ ᠤ APP ᠤᠶᠤᠨᠲᠤ ᠦᠵᠦᠭᠦᠷ᠂ ᠵᠢᠷᠭᠢᠶ᠎ᠡ ᠦᠶᠯᠡᠴᠢᠯᠡᠭᠡ᠂ 4K ᠮᠠᠰᠢᠨ ᠳᠡᠭᠡᠷᠡᠬᠢ ᠬᠠᠶᠢᠷᠴᠠᠭ ᠢ ᠣᠷᠭᠠᠨᠢᠭ ᠢᠶᠠᠷ ᠤᠶᠠᠯᠳᠤᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠡᠷᠡᠭᠦᠦ ᠶᠢᠨ ᠬᠡᠷᠡᠭ ᠤᠨ ᠬᠠᠤᠯᠢᠴᠢ ᠶᠢᠨ ᠥᠮᠥᠭᠯᠡᠯᠲᠡ ᠶᠢ ᠨᠡᠶᠢᠳᠡᠮ ᠪᠦᠷᠬᠦᠭᠦᠯᠬᠦ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠬᠠᠤᠯᠢ ᠴᠠᠭᠠᠵᠠ ᠶᠢᠨ ᠦᠶᠯᠡᠴᠢᠯᠡᠭᠡᠨ ᠤ ᠰᠡᠳᠬᠢᠮᠵᠢ ᠳᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠡᠨᠡ ᠵᠢᠯ ᠤᠨ ᠵᠢᠯ ᠤᠨ ᠰᠡᠭᠦᠯᠴᠢ ᠠᠴᠠ ᠡᠮᠦᠨ᠎ᠡ ᠲᠣᠭᠤᠷᠢᠭ ᠤᠨ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠵᠡᠭᠡᠯᠢ ᠭᠤᠳᠤᠮᠵᠢ ᠎ ᠳᠤ ᠪᠦᠬᠦᠨ ᠢᠶᠠᠷ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠠᠶᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠰᠢᠩ ᠭᠤᠸᠠᠩ ᠠᠯᠪᠠᠨ ᠭᠡᠷᠡᠴᠢᠯᠡᠭᠡ ᠶᠢᠨ ᠭᠠᠵᠠᠷ ᠬᠢᠭᠡᠳ ᠹᠠᠩ ᠵᠧᠩ ᠠᠯᠪᠠᠨ ᠭᠡᠷᠡᠴᠢᠯᠡᠭᠡ ᠶᠢᠨ ᠭᠠᠵᠠᠷ ᠤᠨ ᠬᠠᠮᠲᠤᠷᠠᠯᠴᠠᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠ᠂ ᠦᠶᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠦᠨᠡᠮᠯᠡᠯ ᠭᠦᠶᠴᠡᠳᠬᠡᠬᠦ ᠭᠠᠷᠳᠠᠮ ᠢ ᠴᠣᠮᠬᠠᠳᠬᠠᠨ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠠᠵᠢᠯ ᠤᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠭᠠᠷᠭᠠᠨ᠎ᠠ᠃      ᠭᠤᠷᠪᠠ ᠳᠤ《ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠪᠴᠠᠩ》᠎ ᠤᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠡᠷᠴᠢᠮ ᠢ ᠴᠢᠩᠭᠠᠷᠠᠭᠤᠯᠵᠤ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠠᠭᠤᠰᠤᠯᠴᠠᠬᠤ ᠶᠢ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠣᠷᠣᠨ ᠪᠦᠰᠡ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠥᠬᠦᠭᠡᠷᠦᠮᠵᠢ ᠶᠢᠨ ᠪᠠᠶᠢᠩᠭᠤᠵᠢᠭᠤᠯᠤᠨ ᠠᠵᠢᠯᠯᠠᠬᠤ ᠶᠢ ᠪᠡᠶᠡᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠨᠳᠤᠯᠭᠠᠲᠤ ᠴᠢᠨᠠᠷ᠂ ᠪᠣᠳᠠᠲᠤ ᠪᠠᠶᠢᠳᠠᠯ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ》《ᠬᠡᠨ ᠦᠶᠯᠡᠴᠢᠯᠡᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ》ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ ᠬᠢᠨᠠᠨ ᠰᠢᠯᠭᠠᠬᠤ ᠡᠷᠴᠢᠮ ᠢ ᠴᠢᠩᠭᠠᠳᠬᠠᠨ᠎ᠠ᠃      ᠳᠥᠷᠪᠡ ᠳᠤ᠂《ᠣᠨᠴᠠᠭᠠᠢ ᠬᠥᠮᠦᠰ ᠢ ᠬᠠᠮᠢᠶᠠᠷᠤᠨ ᠡᠵᠡᠮᠳᠡᠬᠦ》ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠨᠡᠶᠢᠭᠡᠮ ᠲᠣᠭᠤᠷᠢᠭ ᠤᠨ ᠣᠶᠤᠨᠴᠢ ᠬᠢᠨᠠᠨ ᠬᠠᠮᠢᠶᠠᠷᠤᠯᠲᠠ ᠶᠢᠨ APP᠎ ᠶᠢᠨ ᠬᠡᠷᠡᠭᠯᠡᠭᠡᠨ ᠤ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠣᠨᠴᠠᠭᠠᠢ ᠬᠥᠮᠦᠰ ᠢ ᠬᠠᠮᠢᠶᠠᠷᠤᠨ ᠡᠵᠡᠮᠳᠡᠬᠦ ᠵᠢᠷᠤᠮᠵᠢᠯᠲᠠ᠂ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠎ ᠤᠨ ᠨᠡᠶᠢᠭᠡᠮ ᠨᠡᠶᠢᠲᠡ ᠳᠤ ᠨᠡᠭᠡᠭᠡᠯᠲᠡ ᠬᠢᠬᠦ ᠡᠷᠴᠢᠮ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠤᠨ ᠲᠤᠬᠠᠶ ᠠᠷᠠᠳ ᠣᠯᠠᠨ ᠤ ᠣᠶᠢᠯᠠᠭᠠᠯᠲᠠ ᠪᠠ ᠳᠡᠮᠵᠢᠯᠭᠡ ᠶᠢ ᠳᠡᠭᠡᠭᠰᠢᠯᠡᠭᠦᠯᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ《ᠰᠠᠭᠤᠭᠠᠯᠢ ᠲᠣᠭᠤᠷᠢᠭ ᠤᠨ ᠲᠣᠮᠣ ᠬᠤᠲᠠ》᠎ ᠶᠢᠨ ᠣᠨᠴᠠᠯᠢᠭ ᠲᠠᠢ ᠣᠨᠴᠠᠭᠠᠢ ᠬᠥᠮᠦᠰ ᠤᠨ ᠬᠠᠮᠢᠶᠠᠷᠤᠯᠲᠠ ᠶᠢᠨ ᠵᠠᠭᠪᠤᠷ ᠢ ᠪᠤᠢ ᠪᠣᠯᠭᠠᠵᠤ᠂ ᠦᠢᠯᠡᠳᠦᠯᠭᠡᠵᠢᠭᠦᠯᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠶᠯ ᠎ ᠤᠨ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠳᠠᠩᠰᠠ ᠮᠠᠲ᠋ᠧᠷᠢᠶᠠᠯ ᠢ ᠨᠢᠭᠡᠳᠦᠯᠲᠡᠶ ᠪᠣᠯᠭᠠᠵᠤ᠂ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂《ᠣᠷᠣᠬᠤ ᠭᠡᠷ ᠦᠭᠡᠢ᠂ ᠬᠢᠬᠦ ᠠᠵᠢᠯ ᠦᠭᠡᠢ᠂ ᠣᠷᠣᠭᠤᠯᠬᠤ ᠭᠡᠷ ᠦᠭᠡᠢ》ᠣᠨᠴᠠᠭᠠᠢ ᠬᠥᠮᠦᠰ ᠲᠤ ᠲᠦᠷ ᠴᠠᠭ ᠤᠨ ᠰᠢᠯᠵᠢᠯᠲᠡ ᠎ ᠶᠢᠨ ᠲᠥᠪᠬᠢᠨᠡᠭᠦᠯᠬᠦ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠵᠦ᠂ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠲᠠᠪᠤ ᠳᠤ᠂《ᠵᠥᠷᠢᠴᠡᠯ ᠢ ᠨᠠᠮᠳᠠᠭᠤᠯᠵᠤ ᠨᠡᠶᠢᠳᠬᠡᠬᠦ》ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠮᠡᠳᠡᠭᠡ ᠵᠠᠩᠭᠢᠵᠢᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠤᠶᠤᠨᠲᠤ ᠦᠵᠦᠭᠦᠷ ᠢ ᠥᠷᠭᠡᠨ ᠢᠶᠠᠷ ᠬᠡᠷᠡᠭᠯᠡᠵᠦ᠂ ᠠᠷᠠᠳ ᠤᠨ ᠡᠶᠡᠳᠡᠭᠦᠯᠬᠦ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠦᠬᠦ ᠲᠠᠯ᠎ᠠ ᠎ ᠪᠠᠷ ᠠᠬᠢᠭᠤᠯᠤᠨ᠎ᠠ᠃ ᠵᠥᠷᠢᠴᠡᠯ ᠢ ᠡᠶᠡᠳᠡᠭᠦᠯᠬᠦ ᠶᠢ ᠳᠦᠷᠢᠮᠵᠢᠭᠦᠯᠵᠦ ᠵᠢᠷᠤᠮᠵᠢᠭᠤᠯᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠣᠯᠠᠨ ᠳᠡᠰ ᠳᠠᠪᠬᠤᠷᠭ᠎ᠠ᠂ ᠥᠷᠭᠡᠨ ᠬᠦᠷᠢᠶ᠎ᠡ ᠬᠡᠪᠴᠢᠶ᠎ᠡ᠂ ᠪᠦᠬᠦᠨ ᠢ ᠬᠠᠮᠤᠷᠤᠭᠰᠠᠨ ᠠᠷᠠᠳ ᠤᠨ ᠡᠶᠡᠳᠡᠭᠦᠯᠦᠭᠡ ᠶᠢᠨ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂《ᠹᠧᠩ ᠴᠢᠶᠣᠤ ᠎ ᠶᠢᠨ ᠲᠤᠷᠰᠢᠯᠭ᠎ᠠ》᠎ ᠶᠢ ᠰᠠᠶᠢᠲᠤᠷ ᠦᠶᠯᠡᠳᠦᠯᠭᠡᠵᠢᠭᠦᠯᠵᠦ᠂ ᠵᠥᠷᠢᠴᠡᠯ ᠦᠭᠡᠢ ᠪᠠᠶᠢᠬᠤ ᠠᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号