ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠡᠷᠬᠢᠯᠡᠭᠴᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-10
     4ᠰᠠᠷ᠎ᠠ ᠶᠢᠨ4᠎ ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠣ ᠶᠢᠨ ᠬᠤᠸᠠ ᠠᠴᠠ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠤᠳᠠᠭᠠᠨ ᠤ ᠡᠷᠬᠢᠯᠡᠭᠴᠢ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠᠩ ᠵᠢᠶᠠᠨ ᠮᠢᠩ᠂ ᠮᠸᠡᠩ ᠪᠤᠣ ᠵᠥᠩ᠂ ᠯᠢ ᠹᠧᠩ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃
     ᠬᠤᠷᠠᠯ ᠳᠤ᠂ ᠮᠠᠨ ᠤ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠦᠷᠨᠢᠭᠦᠯᠦᠯᠲᠡ ᠶᠢᠨ ᠪᠠᠶᠢᠳᠠᠯ ᠳᠤ ᠪᠠᠶᠢᠴᠠᠭᠠᠨ ᠰᠣᠳᠤᠯᠤᠯᠲᠠ ᠬᠢᠭᠰᠡᠨ ᠪᠠ《ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ》ᠶᠣᠰᠤᠭᠠᠷ ᠬᠠᠤᠯᠢ ᠬᠡᠷᠡᠭᠵᠢᠭᠦᠯᠦᠨ ᠪᠠᠶᠢᠴᠠᠭᠠᠭᠰᠠᠨ ᠬᠤᠯᠪᠤᠭᠳᠠᠯ ᠪᠥᠬᠦᠢ ᠬᠡᠷᠡᠭ ᠶᠠᠪᠤᠳᠠᠯ ᠤᠨ ᠲᠤᠬᠠᠢ ᠲᠠᠢ ᠰᠣᠨᠤᠰᠴᠦ ᠰᠣᠳᠤᠯᠤᠨ᠂ ᠪᠠᠶᠢᠷᠢᠯᠠᠭᠤᠯᠤᠯᠲᠠ ᠬᠢᠪᠡ᠃
     ᠬᠤᠷᠠᠯ ᠳᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠡᠭᠦᠳᠦᠨ ᠪᠠᠶᠢᠭᠤᠯᠬᠤ ᠠᠵᠢᠯ ᠪᠣᠯ ᠮᠠᠨ ᠤ ᠲᠣᠭᠤᠷᠢᠭ ᠤᠨ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠨᠢᠭᠡ ᠮᠦᠨ᠂ ᠲᠣᠭᠤᠷᠢᠭ ᠤᠨ ᠠᠷᠠᠳ ᠲᠦᠮᠡᠨ ᠤ ᠬᠦᠷᠲᠡᠮᠵᠢ ᠶᠢᠨ ᠲᠥᠷᠦᠭᠳᠡᠯ᠂ ᠵᠣᠯ ᠵᠢᠷᠭᠠᠯᠠᠩᠲᠤ ᠲᠥᠷᠦᠭᠳᠡᠯ᠂ ᠠᠮᠤᠷ ᠲᠥᠪᠰᠢᠨ ᠤ ᠲᠥᠷᠦᠭᠳᠡᠯ ᠢ ᠳᠡᠭᠡᠭᠰᠢᠯᠡᠭᠦᠯᠬᠦ ᠪᠤᠲᠠᠲᠤ ᠠᠵᠢᠯᠯᠠᠭ᠎ᠠ ᠪᠠᠶᠢᠵᠤ᠂ ᠮᠦᠨ ᠴᠦ《ᠠᠷᠠᠳ ᠤᠨ ᠲᠥᠯᠥᠭᠡᠯᠡᠭᠴᠢᠳ ᠬᠥᠳᠡᠯᠵᠦ ᠪᠠᠶᠢᠨ᠎ᠠ》ᠭᠡᠬᠦ ᠭᠤᠣᠯ ᠰᠡᠳᠦᠪᠲᠦ ᠬᠥᠳᠡᠯᠭᠡᠭᠡᠨ ᠤ ᠠᠭᠤᠯᠭ᠎ᠠ ᠶᠢᠨ ᠨᠢᠭᠡ ᠮᠦᠨ᠂ ᠠᠭᠤᠯᠭ᠎ᠠ ᠨᠢ ᠣᠯᠠᠨ᠂ ᠬᠤᠯᠪᠤᠭᠳᠠᠬᠤ ᠨᠢ ᠥᠷᠭᠡᠨ ᠪᠠᠶᠢᠳᠠᠭ ᠠᠴᠠ ᠰᠤᠷᠤᠯᠴᠠᠯᠠᠭ᠎ᠠ ᠪᠣᠯᠪᠠᠰᠤᠷᠠᠯ᠂ ᠰᠣᠳᠤᠯᠤᠨ ᠪᠠᠶᠢᠴᠠᠭᠠᠯᠲᠠ᠂ ᠲᠤᠰᠬᠠᠢ ᠰᠡᠳᠤᠪᠲᠣ ᠯᠠᠪᠯᠠᠨ ᠠᠰᠠᠭᠤᠯᠲᠠ ᠵᠡᠷᠭᠡ ᠵᠠᠩᠭᠢᠯᠠᠭ᠎ᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠮᠠᠨ ᠤ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦ ᠥᠨᠳᠦᠷ ᠪᠦᠲᠦᠮᠵᠢ ᠲᠠᠢ ᠪᠠᠷ ᠳᠦᠯᠬᠢᠨ ᠠᠬᠢᠭᠤᠯᠬᠤ ᠶᠢ ᠴᠢᠩᠭᠠᠳᠬᠠᠪᠠ᠃      ᠬᠤᠷᠠᠯ ᠳᠤ᠂《ᠬᠥᠮᠥᠨ ᠢᠶᠠᠷ ᠦᠨᠳᠦᠰᠦ ᠪᠣᠯᠭᠠᠵᠤ᠂ ᠠᠶᠤᠯᠭᠦᠢ ᠬᠥᠭᠵᠢᠬᠦ》ᠣᠨᠤᠯᠵᠢᠬᠤᠨ ᠢ ᠪᠠᠲᠤ ᠪᠠᠬᠢ ᠪᠣᠢ ᠪᠣᠯᠭᠠᠵᠤ᠂《ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ》ᠶᠣᠰᠤᠭᠠᠷ ᠬᠠᠤᠯᠢ ᠬᠡᠷᠡᠭᠵᠢᠭᠦᠯᠦᠨ ᠪᠠᠶᠢᠴᠠᠭᠠᠬᠤ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯᠲᠤ ᠦᠢᠯᠡᠳᠦᠯ ᠢ ᠪᠠᠳᠠᠷᠠᠭᠤᠯᠵᠤ᠂ ᠬᠠᠤᠯᠢ ᠶᠣᠰᠤᠭᠠᠷ ᠬᠢᠨᠠᠨ ᠪᠠᠶᠢᠴᠠᠭᠠᠬᠤ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠢ ᠪᠠᠶᠢᠭᠤᠯᠭ᠎ᠠ ᠶᠢ ᠠᠶᠤᠯᠭᠦᠢ ᠦᠢᠯᠡᠳᠪᠦᠷᠢᠯᠡᠬᠦ ᠬᠠᠤᠯᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ᠂ ᠣᠢ ᠰᠢᠭᠤᠢ ᠶᠢᠨ ᠭᠠᠯ ᠤᠨᠲᠠᠷᠠᠭᠠᠵᠤ ᠭᠠᠯ ᠰᠡᠷᠭᠡᠶᠢᠯᠡᠬᠦ ᠠᠵᠢᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠲᠠᠯ᠎ᠠ ᠶᠢᠨ ᠠᠵᠢᠯ ᠢ ᠥᠷᠭᠦᠯᠵᠢᠯᠡᠨ ᠰᠠᠶᠢᠲᠤᠷ ᠬᠢᠬᠦ ᠶᠢ ᠱᠠᠭᠠᠷᠳᠠᠵᠤ᠂ ᠬᠢᠨᠠᠨ ᠱᠠᠭᠠᠷᠳᠠᠬᠤ ᠠᠵᠢᠯ ᠤᠨ ᠪᠣᠲᠠᠲᠤ ᠦᠢᠯᠡᠳᠦᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠩᠭᠠᠳᠬᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号