ᠲᠣᠭᠤᠷᠢᠨ ᠪᠠᠶᠢᠴᠠᠭᠠᠬᠤ ᠵᠠᠷ
ᠨᠡᠶᠢᠲᠡᠯᠡᠭᠰᠡᠨ ᠴᠠᠭ᠄
2019-04-10
     《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠤᠭᠠᠳᠤ ᠶᠢᠨ ᠬᠢᠨᠠᠯᠲᠠ ᠲᠠᠯᠪᠢᠬᠤ ᠳᠦᠷᠢᠮ》᠂《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ》ᠪᠠ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ 2019 ᠣᠨ ᠤ4 ᠰᠠᠷ᠎ᠠ ᠶᠢᠨ8᠎ ᠤ ᠡᠳᠦᠷ ᠠᠴᠠ6 ᠰᠠᠷ᠎ᠠ ᠶᠢᠨ15᠎ ᠤ ᠡᠳᠦᠷ ᠪᠣᠯᠲᠠᠯ᠎ᠠ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠥᠷᠨᠢᠭᠦᠯᠦᠨ᠎ᠡ᠃      ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠵᠡᠷᠭᠡ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠵᠢᠴᠢ ᠭᠡᠰᠢᠭᠦᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠂ ᠲᠣᠭᠤᠷᠢᠭ ᠤᠨ ᠳᠣᠣᠷ᠎ᠠ ᠨᠢᠭᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠤᠯᠭ᠎ᠠ ᠨᠠᠷ ᠢ ᠲᠤᠰᠬᠠᠭᠰᠠᠨ ᠵᠠᠬᠢᠳᠠᠯ᠂ ᠤᠲᠠᠰᠤ᠂ ᠰᠣᠷᠪᠤᠯᠵᠢᠯᠠᠯ ᠢ ᠬᠦᠯᠢᠶᠡᠨ ᠠᠪᠴᠤ᠂ ᠤᠯᠤᠰ ᠲᠥᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠭᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠢ ᠢᠯᠡᠴᠢᠯᠡᠨ ᠲᠤᠰᠬᠠᠬᠤ ᠶᠢ ᠭᠤᠣᠯᠳᠠᠯᠭ᠎ᠠ ᠲᠠᠢ ᠪᠠᠷ ᠬᠦᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠰᠢᠭᠤᠳ ᠬᠠᠷᠢᠴᠠᠭ᠎ᠠ ᠦᠭᠡᠢ ᠪᠣᠰᠤᠳ ᠬᠤᠪᠢ ᠬᠥᠮᠥᠨ ᠤ ᠭᠤᠮᠤᠳᠠᠯ ᠲᠣᠭᠠᠴᠢᠬᠤ᠂ ᠬᠠᠤᠯᠢ ᠴᠠᠭᠠᠵᠠ ᠵᠠᠷᠭᠤ ᠳᠤ ᠬᠤᠯᠪᠤᠭᠳᠠᠬᠤ ᠠᠰᠠᠭᠤᠳᠠᠯ ᠤᠨ ᠳᠤᠰᠬᠠᠯ ᠢ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠢ ᠦᠨᠳᠦᠰᠦᠯᠡᠨ᠂ ᠲᠣᠭᠤᠷᠢᠨ ᠪᠠᠶᠢᠴᠠᠭᠠᠭᠳᠠᠬᠤ ᠭᠠᠵᠠᠷ ᠣᠷᠤᠨ ᠤ ᠬᠠᠮᠢᠶ᠎ᠠ ᠪᠥᠬᠦᠢ ᠪᠠᠶᠢᠭᠤᠯᠭ᠎ᠠ ᠳᠤ ᠲᠤᠰᠢᠶᠠᠨ ᠰᠢᠢᠳᠪᠦᠷᠢᠯᠡᠭᠦᠯᠦᠨ᠎ᠡ᠃      ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ ᠳᠣᠬᠢᠷᠠᠭᠤᠯᠤᠨ᠎ᠠ᠄ 0472-6219335 ︵ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ ᠶᠢᠨ8᠄30᠎ ᠠᠴᠠ ᠦᠳᠡ ᠶᠢᠨ ᠬᠤᠶᠢᠨ᠎ᠠ ᠶᠢᠨ18᠄00 ᠴᠠᠭ︶      ᠲᠣᠭᠤᠷᠢᠨ ᠪᠠᠶᠢᠴᠠᠭᠠᠬᠤ ᠳᠤᠭᠤᠶᠢᠯᠠᠩ ᠶᠢᠨ ᠰᠣᠷᠪᠤᠯᠵᠢᠯᠠᠯ ᠬᠦᠯᠢᠶᠡᠬᠦ ᠭᠠᠵᠠᠷ᠄ ᠪᠠᠶ᠋ᠬᠠᠣᠪᠤᠭ᠎ᠠ ᠪᠠᠭᠤᠳᠠᠯ ᠤᠨ A ᠲᠣᠭᠤᠷᠢᠭ ᠤᠨ6103 ᠥᠷᠦᠭᠡ᠃      ᠰᠢᠤᠳᠠᠨ ᠵᠠᠬᠢᠳᠠᠯ ᠤᠨ ᠬᠠᠶᠢᠷᠴᠠᠭ᠄ ᠥᠪᠦᠷ ᠮᠣᠩᠭᠤᠯ ᠤᠨ ᠪᠣᠭᠤᠲᠤ ᠬᠤᠲᠠ ᠶᠢᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠶ᠋ᠬᠠᠣᠪᠤᠭ᠎ᠠ ᠪᠠᠭᠤᠳᠠᠯ ᠤᠨ B ᠲᠣᠭᠤᠷᠢᠭ ᠤᠨ A 0005 ᠳ᠋ᠤᠭᠠᠷ ᠰᠢᠤᠳᠠᠨ ᠬᠠᠶᠢᠷᠴᠠᠭ᠃      ᠡᠯᠧᠺᠲᠷᠣᠨ ᠰᠢᠤᠳᠠᠨ ᠬᠠᠶᠢᠷᠴᠠᠭ᠄ nmgdwxsbykqdexsz@163.com      ᠬᠠᠷᠢᠯᠴᠠᠬᠤ ᠰᠢᠤᠳᠠᠨ ᠬᠠᠶᠢᠷᠴᠠᠭ᠄1. ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠲᠠᠩᠬᠢᠮ ᠤᠨ ᠵᠡᠭᠦᠨ ᠲᠠᠯ᠎ᠠ᠃2. ᠬᠤᠪᠤᠷ ᠰᠢᠷᠤᠢ ᠲᠠᠯᠠᠪᠠᠢ ᠶᠢᠨ ᠬᠠᠤᠯᠢ ᠳᠦᠷᠢᠮ ᠤᠨ ᠤᠷᠲᠤ ᠬᠤᠩᠬᠢᠯ ᠤᠨ ᠡᠮᠦᠨ᠎ᠡ ᠲᠠᠯ᠎ᠠ᠃3. ᠶᠥᠩ ᠱᠧᠩ ᠴᠧᠩ ᠬᠡᠲᠦ ᠳᠡᠯᠭᠡᠭᠦᠷ ᠤᠨ ᠡᠭᠦᠳᠡᠨ ᠵᠡᠭᠦᠨ ᠲᠠᠯ᠎ᠠ᠃4. ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠯᠪᠠᠨ ᠠᠰᠠᠷ ᠤᠨ ᠡᠰᠡᠷᠭᠦ ᠲᠠᠯ᠎ᠠ᠃5. ᠲᠥᠩ ᠶᠠᠩ ᠳ᠋ᠤᠤ ᠳᠠᠬᠢᠨ ᠠᠵᠢᠯ ᠣᠯᠭᠤᠬᠤ ᠵᠠᠬ᠎ᠠ ᠳᠡᠯᠭᠡᠭᠦᠷ ᠤᠨ ᠡᠰᠡᠷᠭᠦ ᠲᠠᠯ᠎ᠠ᠃6.ᠪᠠᠶ᠋ᠬᠠᠣᠪᠤᠭ᠎ᠠ ᠪᠠᠭᠤᠳᠠᠯ ᠤᠨ ᠭᠤᠣᠯ ᠡᠭᠦᠳᠡ ᠶᠢᠨ ᠵᠡᠭᠦᠨ ᠲᠠᠯ᠎ᠠ᠃      6 ᠰᠠᠷ᠎ᠠ ᠶᠢᠨ10᠎ ᠤ ᠡᠳᠦᠷ ᠠᠴᠠ ᠪᠣᠯᠲᠠᠯ᠎ᠠ᠂ ᠥᠷᠭᠡᠨ ᠣᠯᠠᠨ ᠲᠦᠮᠡᠨ ᠤ ᠵᠠᠬᠢᠳᠠᠯ ᠢᠷᠡᠬᠦ᠂ ᠤᠲᠠᠰᠤᠳᠠᠬᠤ ᠂ ᠰᠣᠷᠪᠤᠯᠵᠢᠯᠠᠯ ᠬᠢᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠤᠲᠠᠲᠠᠢ ᠪᠠᠷ ᠪᠠᠶᠢᠳᠠᠯ ᠢ ᠳᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号