ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠤᠸᠠᠩ ᠮᠢᠨ ᠠᠴᠠ ᠪᠥᠬᠦ ᠲᠣᠭᠤᠷᠢᠭ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠠᠵᠢᠯ ᠦᠢᠯᠡᠰ ᠤᠨ ᠬᠦᠷᠢᠶ᠎ᠡ ᠬᠡᠪᠴᠢᠶᠡᠨ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2019-04-11
     4 ᠰᠠᠷ᠎ᠠ ᠶᠢᠨ9᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠤᠸᠠᠩ ᠮᠢᠨ ᠠᠴᠠ ᠪᠥᠬᠦ ᠲᠣᠭᠤᠷᠢᠭ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠠᠵᠢᠯ ᠦᠢᠯᠡᠰ ᠤᠨ ᠬᠦᠷᠢᠶ᠎ᠡ ᠬᠡᠪᠴᠢᠶᠡᠨ ᠳᠤ ᠪᠠᠶᠢᠴᠠᠭᠠᠨ ᠰᠣᠳᠤᠯᠤᠯᠲᠠ ᠬᠢᠵᠦ᠂ ᠲᠤᠰᠪᠦᠷᠢ ᠲᠣᠭᠤᠷᠢᠭ ᠤᠨ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠲᠡᠮᠦᠷ ᠤᠨ ᠠᠭᠤᠷᠬᠠᠢ ᠶᠢᠨ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠵᠠᠩ ᠾᠧ ᠱᠧᠩ᠂ ᠡᠦ ᡁᠢ ᠴᠢᠶᠠᠩ᠂ ᠹᠸᠢ ᠪᠤᠣ ᠷᠥᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠦᠮᠦᠵᠢᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠤᠷᠢᠶᠠᠨ ᠤ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠣᠳᠤᠯᠤᠯᠲᠠ ᠳᠤ ᠣᠷᠤᠯᠴᠠᠪᠠ᠃
     ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ᠂ ᠬᠤᠸᠠᠩ ᠮᠢᠨ᠂ ᠴᠡᠴᠡᠷᠯᠢᠭ ᠤᠨ ᠬᠤᠭᠤᠯᠠᠨ ᠲᠠᠩᠬᠢᠮ ᠤᠨ ᠲᠣᠭᠤᠭᠠᠨ ᠭᠡᠷ᠂ ᠠᠩᠭᠢ ᠶᠢᠨ ᠭᠡᠷ ᠤᠨ ᠣᠷᠴᠢᠨ ᠲᠣᠭᠤᠷᠢᠨ᠂ ᠪᠠᠭᠰᠢ ᠨᠠᠷ ᠤᠨ ᠪᠣᠯᠪᠠᠰᠤᠷᠠᠯ ᠤᠨ ᠭᠡᠷ᠂ ᠭᠡᠷ ᠤᠨ ᠭᠠᠳᠠᠨᠠᠬᠢ ᠬᠥᠳᠡᠯᠭᠡᠭᠡᠨ ᠤ ᠭᠠᠵᠠᠷ ᠵᠡᠷᠭᠡ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠴᠡᠴᠡᠷᠯᠢᠭ ᠤᠨ ᠠᠩᠭᠢ ᠶᠢᠨ ᠲᠣᠬᠢᠷᠠᠭᠤᠯᠭ᠎ᠠ᠂ ᠪᠠᠭᠰᠢ ᠶᠢᠨ ᠡᠩᠨᠡᠭᠡ ᠶᠢᠨ ᠬᠢᠷᠢ ᠭᠡᠮ᠂ ᠪᠠᠭᠰᠢ ᠶᠢᠨ ᠣᠯᠭᠤᠮᠵᠢ ᠶᠢᠨ ᠵᠡᠷᠭᠡ ᠶᠢᠨ ᠲᠤᠬᠠᠢ ᠪᠠᠶᠢᠳᠠᠯ ᠢ ᠨᠠᠷᠢᠨ ᠣᠶᠢᠯᠠᠭᠠᠵᠤ ᠪᠠᠭᠰᠢ ᠶᠢᠨ ᠡᠩᠨᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠤᠬᠠᠢ ᠭᠦᠨᠵᠡᠭᠡᠢ ᠰᠣᠯᠢᠯᠴᠠᠪᠠ᠃ ᠬᠤᠸᠠᠩ ᠮᠢᠨ᠂ ᠴᠡᠴᠡᠷᠯᠢᠭ ᠤᠨ ᠳᠦᠷᠰᠦ ᠪᠠᠶᠢᠳᠠᠯ ᠤᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠣᠯᠠᠨ ᠬᠡᠦᠬᠡᠳ ᠢ ᠰᠢᠯᠢᠳᠡᠭ ᠰᠤᠷᠭᠠᠨ ᠬᠥᠮᠦᠵᠢᠯ ᠬᠦᠷᠲᠡᠭᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠡᠮᠦᠷ ᠤᠨ ᠠᠭᠤᠷᠬᠠᠢ ᠶᠢᠨ ᠡᠮᠨᠡᠯᠭᠡ ᠶᠢᠨ ᠬᠤᠷᠢᠶᠠᠨ ᠳᠤ᠂ ᠬᠤᠸᠠᠩ ᠮᠢᠨ᠂《 ᠭᠤᠷᠪᠠᠨ ᠬᠠᠩᠭᠠᠯᠭ᠎ᠠ ᠨᠢᠭᠡ ᠦᠢᠯᠡᠰ》᠎ ᠢ ᠰᠢᠯᠵᠢᠭᠦᠯᠦᠨ ᠲᠤᠰᠢᠶᠠᠭᠰᠠᠨ ᠤ ᠳᠠᠷᠠᠭ᠎ᠠ᠂ ᠲᠡᠮᠦᠷ ᠤᠨ ᠠᠭᠤᠷᠬᠠᠢ ᠶᠢᠨ ᠡᠮᠨᠡᠯᠭᠡ ᠶᠢᠨ ᠬᠤᠷᠢᠶ᠎ᠠ ᠨᠢ ᠣᠶᠢᠯᠠᠭᠠᠭᠳᠠᠬᠤᠨ ᠪᠠ ᠰᠡᠳᠬᠢᠮᠵᠢ ᠪᠠᠨ ᠭᠦᠢᠴᠡᠳ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠰᠢᠯᠵᠢᠭᠦᠯᠦᠨ ᠲᠤᠰᠢᠶᠠᠭᠰᠠᠨ ᠤ ᠳᠠᠷᠠᠭᠠᠬᠢ ᠡᠵᠡᠩᠨᠡᠬᠦ ᠨᠠᠷᠢᠨ ᠲᠦᠰᠦᠪ ᠢ ᠲᠣᠭᠲᠠᠭᠠᠵᠤ᠂ ᠡᠮᠨᠡᠯᠭᠡ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠪᠠᠶ᠋ᠬᠠᠣᠪᠤᠭ᠎ᠠ ᠶᠢᠨ《 ᠡᠪᠡᠳᠴᠢᠨ ᠦᠵᠡᠭᠦᠯᠦᠭᠦᠯ ᠬᠦᠴᠢᠷ ᠠᠰᠠᠭᠤᠳᠠᠯ》᠎ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠣᠳᠣᠬᠠᠨ ᠤ ᠪᠠᠶᠢᠭ᠎ᠠ ᠲᠤᠰᠬᠠᠢ ᠮᠡᠷᠭᠡᠵᠢᠯ ᠤᠨ ᠮᠡᠷᠭᠡᠵᠢᠯᠲᠡᠨ ᠤ ᠢᠳᠡᠪᠬᠢᠵᠢᠯ ᠢ ᠳᠠᠶᠢᠴᠢᠯᠠᠵᠤ᠂ ᠴᠢᠳᠠᠪᠤᠷᠢᠲᠠᠨ ᠤ ᠪᠠᠶᠠᠯᠢᠭ ᠤᠨ ᠳᠠᠪᠠᠭᠤᠯᠢᠭ ᠢ ᠬᠠᠮᠤᠭ ᠶᠡᠭᠡ ᠬᠡᠪᠴᠢᠶᠡᠨ ᠳᠤ ᠪᠠᠳᠠᠷᠠᠭᠤᠯᠵᠤ᠂ ᠮᠠᠨ ᠤ ᠲᠣᠭᠤᠷᠢᠭ ᠤᠨ ᠡᠷᠡᠭᠦᠯ ᠬᠠᠮᠠᠭᠠᠯᠠᠯ ᠡᠮᠴᠢᠯᠡᠭᠡᠨ ᠤ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠩᠭᠠᠳᠬᠠᠪᠠ᠃      ᠨᠠᠰᠤᠵᠢᠯ ᠤᠨ ᠠᠵᠤ ᠠᠬᠤᠢ ᠶᠢᠨ ᠬᠦᠷᠢᠶᠡᠯᠡᠩ ᠳᠤ᠂ ᠬᠤᠸᠠᠩ ᠮᠢᠨ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠭᠠᠷᠳᠠᠨ ᠡᠵᠡᠩᠨᠡᠬᠦ ᠠᠴᠠ ᠡᠮᠦᠨᠡᠬᠢ ᠡᠯ᠎ᠡ ᠪᠡᠯᠡᠳᠬᠡᠯ ᠤᠨ ᠠᠵᠢᠯ ᠢ ᠰᠠᠶᠢᠲᠤᠷ ᠬᠢᠵᠦ᠂ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠳᠤᠷᠬᠠᠢ ᠪᠣᠯᠭᠠᠵᠤ᠂ ᠳᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠤᠷ ᠲᠥᠪᠰᠢᠨ ᠡᠵᠡᠩᠨᠡᠬᠦ ᠤᠬᠠᠮᠰᠠᠷ ᠢ ᠴᠢᠩᠭᠠᠳᠬᠠᠬᠤ ᠬᠡᠷᠡᠭᠲᠡᠢ᠃ ᠠᠵᠤ ᠠᠬᠤᠢ ᠶᠢᠨ ᠬᠦᠷᠢᠶᠡᠯᠡᠩ ᠤᠨ ᠦᠢᠯᠡᠴᠢᠯᠡᠭᠡᠨ ᠤ ᠳᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠰᠤᠲᠠᠳ ᠤᠨ ᠬᠡᠷᠡᠭᠴᠡᠭᠡ ᠶᠢ ᠣᠨᠤᠪᠴᠢᠲᠠᠢ ᠡᠵᠡᠮᠰᠢᠵᠦ᠂ ᠮᠠᠨ ᠤ ᠲᠣᠭᠤᠷᠢᠭ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠨᠠᠰᠤᠲᠠᠳ ᠲᠤ ᠬᠥᠮᠦᠡᠯᠢᠭ᠂ ᠲᠤᠰᠬᠠᠢ ᠮᠡᠷᠭᠡᠵᠢᠭᠰᠡᠨ᠂ ᠪᠠᠷᠢᠮᠵᠢᠶᠠᠨ ᠳᠤ ᠬᠦᠷᠦᠭᠰᠡᠨ ᠦᠢᠯᠡᠴᠢᠯᠡᠭᠡ ᠬᠠᠩᠭᠠᠵᠤ᠂ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠢ ᠮᠠᠨ ᠤ ᠲᠣᠭᠤᠷᠢᠭ ᠤᠨ ᠠᠷᠠᠳ ᠤᠨ ᠠᠮᠢᠳᠤᠷᠠᠯ ᠤᠨ ᠢᠨᠵᠨᠧᠷᠢᠩ᠂ ᠵᠣᠯ ᠵᠢᠷᠭᠠᠯᠠᠩᠲᠤ ᠢᠨᠵᠧᠨᠧᠷᠢᠩ᠂ ᠰᠡᠶᠢᠯᠳᠡᠭ ᠢᠨᠵᠧᠨᠧᠷᠢᠩ ᠪᠣᠯᠭᠠᠬᠤ ᠬᠡᠷᠡᠭᠲᠡᠢ ᠭᠡᠵᠦ ᠴᠢᠩᠭᠠᠳᠬᠠᠪᠠ  ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号